2020 ᠤᠨ ᠤ ᠤᠯᠠᠭᠠᠨᠬᠠᠳᠠ ᠬᠤᠲᠠ ᠶᠢᠨ ᠰᠢᠶᠠᠩ ᠪᠠᠯᠭᠠᠰᠤᠨ ︵ᠰᠣᠮᠤ︶ ᠤ | ᠠᠵᠢᠯ ᠦᠢᠯᠡᠰ ᠤᠨ | ᠨᠢᠭᠡᠴᠡ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠲᠤᠪᠴᠢ ᠳᠦᠷᠢᠮ | ᠰᠢᠶᠠᠩ ᠪᠠᠯᠭᠠᠰᠤᠨ ︵ᠰᠣᠮᠤ︶ ᠤ ᠠᠵᠢᠯ ᠦᠢᠯᠡᠰ ᠤᠨ ᠨᠢᠭᠡᠴᠡ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠲᠤᠰᠬᠤᠨ ᠤ ᠱᠠᠲᠤᠨ ᠤ ᠺᠠᠳ᠋ᠷ ᠴᠢᠳᠠᠪᠤᠷᠢᠲᠠᠨ ᠬᠤᠮᠰᠠ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠨ᠂ ᠲᠤᠰᠬᠤᠨ ᠤ ᠱᠠᠲᠤᠨ ᠤ ᠵᠠᠰᠠᠭ ᠤᠨ ᠡᠷᠬᠡ ᠶᠢᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ | ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂ ᠦᠪᠡᠷᠲᠡᠭᠡᠨ ᠵᠠᠰᠠᠬᠤ ᠣᠷᠤᠨ ᠤ ᠵᠦᠪᠰᠢᠶᠡᠷᠡᠯ ᠪᠦᠬᠦᠢ ︽2020 | ᠤᠨ ᠤ ᠤᠯᠠᠭᠠᠨᠬᠠᠳᠠ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠤᠷᠢᠵᠤ ᠡᠯᠰᠡᠬᠦ | ᠠᠵᠢᠯ ᠤᠨ ᠲᠦᠰᠦᠯ︾ ᠪᠠ ︽2020 ᠤᠨ ᠤ ᠤᠯᠠᠭᠠᠨᠬᠠᠳᠠ ᠬᠤᠲᠠ ᠶᠢᠨ ᠰᠢᠶᠠᠩ ᠪᠠᠯᠭᠠᠰᠤᠨ ︵ᠰᠤᠮᠤ︶ ᠤ | ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠲᠦᠰᠦᠯ︾ ᠤᠨ ᠶᠤᠰᠤᠭᠠᠷ᠂ ᠪᠦᠬᠦ | ᠬᠤᠲᠠ ᠶᠢᠨ ᠬᠡᠪᠴᠢᠶᠡᠨ ᠳᠤ ᠢᠯᠡ ᠪᠠᠷ ᠰᠢᠶᠠᠩ ᠪᠠᠯᠭᠠᠰᠤᠨ ︵ᠰᠣᠮᠤ︶ ᠤ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠢ ᠤᠷᠢᠵᠤ ᠡᠯᠰᠡᠬᠦ ᠪᠠᠷ ᠰᠤᠳᠤᠯᠤᠨ ᠲᠤᠭᠲᠠᠭᠠᠪᠠ᠃ ᠨᠠᠷᠢᠨ ᠪᠠᠶᠢᠳᠠᠯ ᠨᠢ ᠳᠤᠤᠷᠠᠬᠢ ᠮᠡᠲᠦ᠄ | ᠨᠢᠭᠡ᠂ ᠤᠷᠢᠵᠤ ᠡᠯᠰᠡᠬᠦ ᠲᠦᠯᠦᠪᠯᠡᠭᠡ | ᠨᠡᠶᠢᠭᠡᠮ ᠨᠡᠶᠢᠲᠡ ᠠᠴᠠ 1127 ᠰᠢᠶᠠᠩ ᠪᠠᠯᠭᠠᠰᠤᠨ ︵ᠰᠣᠮᠤ︶ ᠤ ᠠᠵᠢᠯ ᠦᠢᠯᠡᠰ ᠤᠨ ᠨᠢᠭᠡᠴᠡ ᠶᠢᠨ | ᠣᠷᠤᠨ ᠲᠤᠭ᠎ᠠ ᠪᠦᠬᠦᠢ ᠠᠵᠢᠯᠲᠠᠨ ᠤᠷᠢᠵᠤ ᠡᠯᠰᠡᠨ᠎ᠡ᠃ ᠲᠤᠰ ᠤᠳᠠᠭᠠᠨ ᠤ ᠤᠷᠢᠵᠤ ᠡᠯᠰᠡᠯᠲᠡ ᠨᠢ ᠰᠢᠶᠠᠩ | ᠤᠷᠢᠵᠤ ᠲᠤᠰᠬᠤᠨ ᠬᠡᠷᠡᠭᠯᠡᠨ᠎ᠡ᠂ ᠤᠷᠢᠵᠤ ᠬᠡᠷᠡᠭᠯᠡᠭᠰᠡᠨ ᠤ ᠳᠠᠷᠠᠭ᠎ᠠ ᠭᠠᠴᠠᠭ᠎ᠠ ᠲᠤᠰᠬᠤᠨ ᠤ ︽ᠬᠤᠶᠠᠷ ᠵᠦᠪᠯᠡᠯ︾ | ᠳᠤ ᠠᠳᠠᠭ ᠲᠤ ᠪᠠᠨ 5 ᠵᠢᠯ ︵ᠲᠤᠷᠰᠢᠵᠤ ᠬᠡᠷᠡᠭᠯᠡᠬᠦ ᠬᠤᠭᠤᠴᠠᠭ᠎ᠠ ᠶᠢ ᠪᠠᠭᠲᠠᠭᠠᠨ᠎ᠠ︶ ᠠᠵᠢᠯᠯᠠᠭᠰᠠᠨ ᠪᠠᠶᠢᠬᠤ | ᠬᠡᠷᠡᠭᠲᠡᠢ᠃ | ᠬᠤᠶᠠᠷ᠂ ᠤᠷᠢᠵᠤ ᠡᠯᠰᠡᠬᠦ ᠠᠵᠢᠯ ᠤᠨ ᠪᠠᠶᠢᠷᠢ ᠶᠢᠨ ᠲᠣᠬᠢᠷᠠᠭᠤᠯᠤᠯᠲᠠ | ︵ᠨᠢᠭᠡ︶ ᠤᠷᠢᠵᠤ ᠡᠯᠰᠡᠬᠦ ᠲᠦᠯᠦᠪᠯᠡᠭᠡ ᠳᠤ 40% ᠶᠢᠨ ᠠᠵᠢᠯ ᠤᠨ ᠪᠠᠶᠢᠷᠢ ᠳᠤ ᠦᠢᠯᠡᠴᠢᠯᠡᠭᠡᠨ ᠤ | ᠬᠤᠭᠤᠴᠠᠭ᠎ᠠ ᠨᠢ ᠳᠠᠭᠤᠰᠤᠭᠰᠠᠨ ︵2020 ᠤᠨ ᠳᠤ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠬᠤ ᠬᠦᠮᠦᠰ ᠢ | ᠪᠠᠭᠲᠠᠭᠠᠨ᠎ᠠ︶ ᠮᠦᠷᠲᠡᠭᠡᠨ ᠬᠢᠨᠠᠨ ᠲᠤᠭᠲᠠᠭᠠᠯᠲᠠ ᠨᠢ ᠬᠢᠷᠢ ᠲᠡᠩᠴᠡᠭᠰᠡᠨ ᠶᠡᠭᠡ ᠳᠡᠭᠡᠳᠦ ᠰᠤᠷᠭᠠᠭᠤᠯᠢ ᠶᠢᠨ | ᠤᠶᠤᠲᠠᠨ᠂ ᠦᠨᠳᠦᠰᠦᠨ ᠱᠠᠲᠤᠨ ᠳᠤ ᠦᠢᠯᠡᠴᠢᠯᠡᠬᠦ ᠲᠦᠷᠦᠯ ᠵᠦᠢᠯ ᠤᠨ ᠠᠵᠢᠯᠲᠠᠨ ᠪᠠ ᠦᠨᠳᠦᠰᠦᠨ ᠱᠠᠲᠤᠨ ᠤ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠦᠢᠯᠡᠴᠢᠯᠡᠬᠦ ᠠᠵᠢᠯᠲᠠᠨ ᠵᠢᠴᠢ ᠴᠡᠷᠢᠭ ᠠᠴᠠ | ᠬᠠᠯᠠᠭᠳᠠᠭᠰᠠᠨ ᠶᠡᠭᠡ ᠰᠤᠷᠭᠠᠭᠤᠯᠢ ᠶᠢᠨ ᠤᠶᠤᠲᠠᠨ ᠢ ᠤᠷᠢᠵᠤ ᠡᠯᠰᠡᠨ᠎ᠡ ︵ᠡᠳᠡᠭᠡᠷ ᠭᠤᠷᠪᠠᠨ ᠲᠦᠷᠦᠯ ᠤᠨ | ᠬᠦᠮᠦᠰ ᠢ ᠳᠤᠤᠷ᠎ᠠ ᠬᠠᠮᠲᠤ ᠳᠤᠨᠢ ︽ᠲᠦᠷᠦᠯ ᠵᠦᠢᠯ ᠤᠨ ᠠᠵᠢᠯᠲᠠᠨ︾ ᠭᠡᠵᠦ ᠨᠡᠷᠡᠯᠡᠨ᠎ᠡ︶᠃ ᠪᠤᠰᠤᠳ | ᠲᠦᠯᠦᠪᠯᠡᠭᠡ ᠨᠢ 2020 ᠤᠨ ᠤ ᠳᠡᠭᠦᠰᠬᠦ ᠤᠶᠤᠲᠠᠳ ᠪᠠ ᠠᠵᠢᠯ ᠰᠤᠩᠭᠤᠬᠤ ᠬᠤᠭᠤᠴᠠᠭᠠᠨ ᠤ ᠠᠵᠢᠯ ᠤᠨ | ᠪᠠᠶᠢᠷᠢᠨ ᠳᠤ ᠭᠠᠷᠤᠭ᠎ᠠ ᠦᠭᠡᠢ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ | ᠠᠩᠭᠢ ᠪᠠ ᠲᠡᠭᠦᠨ ᠠᠴᠠ ᠳᠡᠭᠡᠭᠰᠢᠬᠢ ᠲᠡᠭᠦᠰᠦᠭᠰᠡᠨ ᠤᠶᠤᠲᠠᠳ ᠢ ᠤᠷᠢᠵᠤ ᠡᠯᠰᠡᠨ᠎ᠡ᠃ | ︵ᠬᠤᠶᠠᠷ︶ ᠮᠤᠩᠭᠤᠯ ᠬᠢᠲᠠᠳ ᠬᠤᠤᠰ ᠬᠡᠯᠡᠨ ᠳᠤ ᠨᠡᠪᠲᠡᠷᠬᠡᠢ ᠠᠵᠢᠯᠲᠠᠨ ᠪᠠ ᠮᠤᠩᠭᠤᠯ ᠬᠡᠯᠡ ᠪᠠᠷ | ᠬᠢᠴᠢᠶᠡᠯᠯᠡᠭᠰᠡᠨ ᠤᠶᠤᠲᠠᠨ ᠤ ᠠᠵᠢᠯ ᠤᠨ ᠪᠠᠶᠢᠷᠢ ᠪᠦᠬᠦ ᠲᠦᠯᠦᠪᠯᠡᠭᠡ ᠶᠢᠨ ᠲᠣᠭᠠᠨ ᠤ 15% ᠠᠴᠠ ᠳᠤᠤᠷ᠎ᠠ | ᠪᠠᠶᠢᠵᠤ ᠪᠣᠯᠬᠤ ᠦᠭᠡᠢ ︵ᠮᠤᠩᠭᠤᠯ ᠦᠨᠳᠦᠰᠦᠲᠡᠨ ᠤ ᠬᠦᠮᠦᠨ ᠠᠮᠠ ᠲᠦᠪᠯᠡᠷᠡᠭᠰᠡᠨ ᠣᠷᠤᠨ ᠳᠤ 20% ᠠᠴᠠ | ᠳᠤᠤᠷ᠎ᠠ ᠪᠠᠶᠢᠵᠤ ᠪᠣᠯᠬᠤ ᠦᠭᠡᠢ︶᠃ | ︵ᠭᠤᠷᠪᠠ︶ ᠨᠡᠷ᠎ᠡ ᠦᠭᠡ ᠶᠢᠨ ᠲᠠᠶᠢᠯᠪᠤᠷᠢ | ︽ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠲᠠᠨ ᠤ ᠦᠨᠳᠦᠰᠦᠨ ᠱᠠᠲᠤᠨ ᠳᠤ ᠦᠢᠯᠡᠴᠢᠯᠡᠬᠦ | ᠲᠦᠷᠦᠯ ᠵᠦᠢᠯ︾ ᠭᠡᠵᠦ ᠦᠪᠡᠷᠲᠡᠭᠡᠨ ᠵᠠᠰᠠᠬᠤ ᠣᠷᠤᠨ ᠤ ᠬᠦᠳᠡᠯᠮᠦᠷᠢ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠤᠯᠤᠭᠠᠶᠢᠯᠠᠨ ᠵᠤᠬᠢᠶᠠᠨ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠨ ᠤᠶᠤᠲᠠᠨ ᠤ ︽ᠭᠤᠷᠪᠠ ᠶᠢ ᠳᠡᠮᠵᠢᠵᠦ ᠨᠢᠭᠡ ᠶᠢ ᠳᠡᠳᠬᠦᠬᠦ︾ ᠲᠦᠯᠦᠪᠯᠡᠭᠡ᠂ ᠨᠡᠶᠢᠭᠡᠮ ᠲᠣᠭᠤᠷᠢᠭ | ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠣᠷᠠᠴᠣᠳ ᠤᠨ ᠦᠢᠯᠡᠴᠢᠯᠡᠭᠡᠨ ᠤ ᠲᠦᠯᠦᠪᠯᠡᠭᠡ᠂ ᠳᠤᠮᠳᠠ ᠪᠠᠭ᠎ᠠ | ᠠᠵᠤ ᠠᠬᠤᠶᠢᠯᠠᠯ ᠤᠨ ᠴᠢᠳᠠᠪᠤᠷᠢᠲᠠᠨ ᠤ ᠨᠦᠭᠡᠴᠡ ᠶᠢᠨ ᠲᠦᠯᠦᠪᠯᠡᠭᠡ᠂ ᠦᠪᠡᠷᠲᠡᠭᠡᠨ ᠵᠠᠰᠠᠬᠤ ᠣᠷᠤᠨ ᠤ ᠰᠤᠷᠭᠠᠨ | ᠬᠦᠮᠦᠵᠢᠯ ᠤᠨ ᠲᠢᠩᠬᠢᠮ ᠲᠤᠯᠤᠭᠠᠶᠢᠯᠠᠨ ᠵᠤᠬᠢᠶᠠᠨ ᠪᠠᠶᠢᠭᠤᠯᠤᠭᠰᠠᠨ ᠬᠦᠳᠡᠭᠡ ᠲᠤᠰᠬᠤᠨ ᠮᠠᠯᠵᠢᠬᠤ ᠣᠷᠤᠨ ᠤ | ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠱᠠᠲᠤᠨ ᠤ ᠰᠣᠷᠭᠠᠭᠤᠯᠢ ᠶᠢᠨ ᠪᠠᠭᠰᠢ ᠨᠠᠷ ᠤᠨ ᠤᠨᠴᠠ | ᠲᠤᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠦᠯᠦᠪᠯᠡᠭᠡ᠂ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ | ᠲᠤᠯᠤᠭᠠᠶᠢᠯᠠᠨ ᠵᠤᠬᠢᠶᠠᠨ ᠪᠠᠶᠢᠭᠤᠯᠤᠭᠰᠠᠨ ᠤᠶᠤᠲᠠᠳ ᠤᠨ ᠰᠠᠶᠢᠨ ᠳᠤᠷᠠᠴᠤᠳ ᠤᠨ ᠪᠠᠷᠠᠭᠤᠨ ᠣᠷᠤᠨ ᠳᠤ | ᠦᠢᠯᠡᠴᠢᠯᠡᠬᠦ ᠲᠦᠯᠦᠪᠯᠡᠭᠡ ︵ᠡᠷᠬᠡᠪᠰᠢ ᠬᠤᠶᠠᠷ ᠵᠢᠯ ᠠᠴᠠ ᠳᠡᠭᠡᠭᠰᠢ ᠦᠢᠯᠡᠴᠢᠯᠡᠬᠦ ᠬᠡᠷᠡᠭᠲᠡᠢ︶ ᠶᠢ ᠵᠢᠭᠠᠨ᠎ᠠ᠃ | ︽ᠦᠨᠳᠦᠰᠦᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠦᠢᠯᠡᠴᠢᠯᠡᠬᠦ | ᠠᠵᠢᠯᠲᠠᠨ︾ ᠭᠡᠵᠦ ᠦᠪᠡᠷᠲᠡᠭᠡᠨ ᠵᠠᠰᠠᠬᠤ ᠣᠷᠤᠨ ᠤ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠲᠤᠯᠤᠭᠠᠶᠢᠯᠠᠨ ᠵᠤᠬᠢᠶᠠᠨ ᠪᠠᠶᠢᠭᠤᠯᠤᠭᠰᠠᠨ ᠶᠠᠳᠠᠭᠤ ᠬᠦᠴᠢᠷᠲᠡᠢ ᠭᠡᠷ ᠪᠦᠯᠢ ᠶᠢᠨ ᠶᠡᠭᠡ | ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠨ ᠪᠠ ᠮᠤᠩᠭᠤᠯ ᠢᠶᠠᠷ ᠬᠢᠴᠢᠶᠡᠯᠯᠡᠭᠰᠡᠨ ᠤᠶᠤᠲᠠᠨ ᠢ ᠡᠯᠰᠡᠵᠦ᠂ | ᠬᠤᠲᠠ ᠪᠠᠯᠭᠠᠰᠤ ᠨᠡᠶᠢᠭᠡᠮ ᠲᠣᠭᠤᠷᠢᠭ᠂ ᠰᠤᠮᠤᠨ ᠳᠤ ︵ᠰᠢᠶᠠᠩ ᠪᠠᠯᠭᠠᠰᠤ︶ ᠭᠤᠤᠯᠳᠠᠭᠤ ᠬᠦᠳᠡᠯᠮᠦᠷᠢ ᠬᠦᠴᠦᠨ | ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠬᠦᠳᠡᠯᠮᠦᠷᠢ ᠬᠦᠴᠦᠨ ᠤ ᠬᠠᠷᠢᠴᠠᠭ᠎ᠠ ᠶᠢ ᠵᠣᠬᠢᠴᠠᠭᠤᠯᠬᠤ ᠵᠢᠴᠢ | ᠨᠡᠶᠢᠭᠡᠮ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡᠨ ᠵᠡᠷᠭᠡ ᠠᠵᠢᠯ ᠢ ᠡᠷᠬᠢᠯᠡᠬᠦ ᠠᠵᠢᠯᠲᠠᠨ ᠢ ᠵᠢᠭᠠᠨ᠎ᠠ᠃ | ︽ᠴᠡᠷᠢᠭ ᠠᠴᠠ ᠬᠠᠯᠠᠭᠳᠠᠭᠰᠠᠨ ᠶᠡᠭᠡ ᠰᠣᠷᠭᠠᠭᠤᠯᠢ ᠶᠢᠨ ᠤᠶᠤᠲᠠᠨ︾ ᠭᠡᠵᠦ ᠤᠯᠤᠰ ᠤᠨ ᠬᠠᠮᠢᠶ᠎ᠠ | ᠪᠦᠬᠦᠢ ᠲᠤᠭᠲᠠᠭᠠᠯ ᠶᠤᠰᠤᠭᠠᠷ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ | ᠲᠡᠭᠦᠰᠦᠭᠰᠡᠨ ᠲᠤᠰᠬᠠᠢ ᠮᠡᠷᠭᠡᠵᠢᠯ ᠤᠨ ᠪᠠ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠦᠭᠡᠳ ᠨᠡᠷ᠎ᠡ | ᠮᠡᠳᠡᠭᠦᠯᠬᠦ ᠡᠳᠦᠷ ᠠᠴᠠ ᠡᠮᠦᠨ᠎ᠡ ᠴᠡᠷᠢᠭ ᠠᠴᠠ ᠬᠠᠯᠠᠭᠳᠠᠭᠰᠠᠳ ᠢ ᠵᠢᠭᠠᠨ᠎ᠠ᠃ | ︽ᠮᠤᠩᠭᠤᠯ ᠬᠢᠲᠠᠳ ᠬᠤᠤᠰ ᠬᠡᠯᠡᠨ ᠳᠤ ᠨᠡᠪᠲᠡᠷᠬᠡᠢ ᠠᠵᠢᠯᠲᠠᠨ︾ ᠭᠡᠵᠦ ᠮᠤᠩᠭᠤᠯ ᠦᠭᠡ ᠬᠡᠯᠡ | ᠦᠰᠦᠭ ᠪᠢᠴᠢᠭ ᠪᠠ ᠬᠢᠲᠠᠳ ᠦᠭᠡ ᠬᠡᠯᠡ ᠦᠰᠦᠭ ᠪᠢᠴᠢᠭ ᠢ ᠪᠤᠯᠪᠠᠰᠤᠷᠠᠩᠭᠤᠢ ᠶᠠᠷᠢᠵᠦ ᠪᠢᠴᠢᠵᠦ ᠢᠯᠡᠳᠬᠡᠵᠦ | ᠴᠢᠳᠠᠬᠤ ᠠᠵᠢᠯᠲᠠᠨ ᠢ ᠵᠢᠭᠠᠨ᠎ᠠ᠃ | ︽ᠮᠤᠩᠭᠤᠯ ᠢᠶᠠᠷ ᠬᠢᠴᠢᠶᠡᠯᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠤᠶᠤᠲᠠᠨ︾ ᠭᠡᠵᠦ ᠦᠪᠡᠷᠲᠡᠭᠡᠨ | ᠵᠠᠰᠠᠬᠤ ᠣᠷᠤᠨ ᠤ ᠵᠠᠰᠠᠭ ᠵᠠᠬᠢᠷᠭᠠᠨ ᠤ ᠣᠷᠤᠨ ᠬᠡᠪᠴᠢᠶᠡᠨ ᠳᠤ ᠳᠡᠭᠡᠳᠦ ᠳᠤᠮᠳᠠᠳᠤ ᠶᠢᠨ ᠱᠠᠲᠤ ᠦᠶ᠎ᠡ ᠪᠠᠨ | ᠮᠤᠩᠭᠤᠯ ᠬᠡᠯᠡ ᠪᠠᠷ ᠭᠤᠤᠯᠯᠠᠨ ᠬᠢᠴᠢᠶᠡᠯᠯᠡᠭᠰᠡᠨ ᠮᠦᠷᠲᠡᠭᠡᠨ ᠳᠡᠭᠡᠳᠦ ᠰᠢᠯᠭᠠᠯᠲᠠ ᠳᠤ ᠮᠤᠩᠭᠤᠯ ᠬᠡᠯᠡ ᠪᠠᠷ | ᠰᠢᠯᠭᠠᠭᠰᠠᠨ᠂ ᠣᠷᠤᠨ ᠤ ᠲᠤᠲᠤᠷᠠᠬᠢ ᠡᠩ ᠤᠨ ᠶᠡᠭᠡ ᠳᠡᠭᠡᠳᠦ ᠰᠤᠷᠭᠠᠭᠤᠯᠢ ᠶᠢᠨ ᠮᠤᠩᠭᠤᠯ ᠬᠡᠯᠡ ᠪᠠᠷ ᠬᠢᠴᠢᠶᠡᠯᠯᠡᠬᠦ | ᠲᠤᠰᠬᠠᠢ ᠮᠡᠷᠭᠡᠵᠢᠯ᠂ ᠦᠨᠳᠦᠰᠦᠲᠡᠨ ᠤ ᠠᠩᠭᠢ᠂ ᠴᠦᠭᠡᠨ ᠲᠤᠭᠠᠲᠤ ᠦᠨᠳᠦᠰᠦᠲᠡᠨ ᠤ ᠪᠡᠯᠡᠳᠬᠡᠯ ᠠᠩᠭᠢ ᠪᠠ | ᠤᠷᠤᠨ ᠤ ᠭᠠᠳᠠᠨᠠᠬᠢ ᠡᠩ ᠤᠨ ᠶᠡᠭᠡ ᠳᠡᠭᠡᠳᠦ ᠰᠤᠷᠭᠠᠭᠤᠯᠢ ᠶᠢᠨ ᠮᠤᠩᠭᠤᠯ ᠢᠶᠠᠷ ᠬᠢᠴᠢᠶᠡᠯᠯᠡᠬᠦ ᠲᠤᠰᠬᠠᠢ | ᠮᠡᠷᠭᠡᠵᠢᠯ ᠳᠤ ᠡᠯᠰᠡᠭᠳᠡᠵᠦ ᠲᠡᠭᠦᠰᠦᠭᠰᠡᠨ ᠤᠶᠤᠲᠠᠨ ᠢ ᠵᠢᠭᠠᠨ᠎ᠠ᠃ | ︽ᠠᠵᠢᠯ ᠰᠤᠩᠭᠤᠬᠤ ᠬᠤᠭᠤᠴᠠᠭᠠᠨ ᠤ ᠠᠵᠢᠯ ᠤᠨ ᠪᠠᠶᠢᠷᠢᠨ ᠳᠤ ᠭᠠᠷᠤᠭ᠎ᠠ ᠦᠭᠡᠢ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠤᠶᠤᠲᠠᠨ︾ ᠭᠡᠵᠦ ᠤᠯᠤᠰ ᠤᠨ ᠨᠢᠭᠡᠲᠦᠯᠲᠡᠢ ᠡᠯᠰᠡᠭᠰᠡᠨ ᠡᠩ ᠤᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠤᠶᠤᠲᠠᠨ ᠲᠡᠭᠦᠰᠬᠦ ᠦᠶᠡᠰ ᠤᠯᠤᠰ ᠤᠨ ᠲᠤᠭᠲᠠᠭᠠᠭᠰᠠᠨ ᠠᠵᠢᠯ ᠰᠤᠩᠭᠤᠬᠤ | ᠬᠤᠭᠤᠴᠠᠭᠠᠨ ︵ᠠᠵᠢᠯ ᠰᠤᠩᠭᠤᠬᠤ ᠬᠤᠭᠤᠴᠠᠭ᠎ᠠ 2 ᠵᠢᠯ᠂ 2018᠂ 2019 ᠤᠨ ᠳᠤ ᠲᠡᠭᠦᠰᠦᠭᠰᠡᠨ | ᠤᠶᠤᠲᠠᠨ︶ ᠳᠤ ᠠᠵᠢᠯ ᠤᠨ ᠪᠠᠶᠢᠷᠢᠨ ᠳᠤ ᠭᠠᠷᠤᠭ᠎ᠠ ᠦᠭᠡᠢ᠂ ᠡᠷᠦᠬᠡ ᠠᠮᠠ᠂ ᠨᠠᠮᠲᠠᠷ᠂ ᠵᠤᠬᠢᠶᠠᠨ | ᠪᠠᠶᠢᠭᠤᠯᠤᠯᠲᠠ ᠶᠢᠨ ᠬᠠᠷᠢᠴᠠᠭ᠎ᠠ ᠨᠢ ᠮᠦᠨ ᠤᠤᠯ ᠤᠨ ᠲᠡᠭᠦᠰᠦᠭᠰᠡᠨ ᠰᠤᠷᠭᠠᠭᠤᠯᠢ ᠳᠤ ᠪᠠᠨ ᠪᠠᠶᠢᠭ᠎ᠠ ᠪᠤᠶᠤ ᠡᠯ᠎ᠡ | ᠱᠠᠲᠤᠨ ᠤ ᠲᠡᠭᠦᠰᠦᠭᠰᠡᠨ ᠤᠶᠤᠲᠠᠨ ᠤ ᠠᠵᠢᠯ ᠣᠯᠭᠤᠯᠲᠠ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ︵ | ᠤᠶᠤᠲᠠᠳ ᠤᠨ ᠠᠵᠢᠯ ᠤᠯᠭᠤᠯᠲᠠ ᠶᠢᠨ ᠵᠢᠯᠤᠭᠤᠳᠤᠯᠭ᠎ᠠ ᠦᠢᠯᠡᠴᠢᠯᠡᠭᠡᠨ ᠤ ᠲᠦᠪ︶᠂ ᠡᠯ᠎ᠡ ᠱᠠᠲᠤᠨ ᠤ | ᠴᠢᠳᠠᠪᠤᠷᠢᠲᠠᠨ ᠤ ᠰᠤᠯᠢᠯᠴᠠᠭᠠᠨ ᠤ ᠦᠢᠯᠡᠴᠢᠯᠡᠭᠡᠨ ᠤ ᠪᠠᠶᠢᠭᠤᠯᠤᠮᠵᠢ ᠪᠠ ᠡᠯ᠎ᠡ ᠱᠠᠲᠤᠨ ᠤ ᠤᠯᠠᠨ ᠨᠡᠶᠢᠲᠡ ᠶᠢᠨ | ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠪᠠᠶᠢᠭ᠎ᠠ ᠲᠡᠭᠦᠰᠦᠭᠰᠡᠨ ᠤᠶᠤᠲᠠᠨ ᠢ ᠵᠢᠭᠠᠨ᠎ᠠ᠃ | ︵ᠳᠦᠷᠪᠡ︶ ᠲᠤᠰ ᠤᠳᠠᠭᠠᠨ ᠤ ᠢᠯᠡ ᠪᠠᠷ ᠤᠷᠢᠵᠤ ᠡᠯᠰᠡᠯᠲᠡ ᠨᠢ ᠰᠢᠯᠭᠠᠯᠲᠠ ᠳᠤ ᠤᠷᠤᠯᠴᠠᠬᠤ | ᠬᠦᠮᠦᠨ ᠤ ᠲᠣᠭᠠᠨ ᠤ ᠬᠠᠷᠢᠴᠠᠯ ᠲᠤᠭᠲᠠᠭᠠᠬᠤ ᠦᠭᠡᠢ᠃ | ᠭᠤᠷᠪᠠ᠂ ᠤᠷᠢᠵᠤ ᠡᠯᠰᠡᠬᠦ ᠠᠵᠢᠯᠲᠠᠨ ᠤ ᠨᠦᠬᠦᠴᠡᠯ | ︵ᠨᠢᠭᠡ︶ ᠲᠤᠰ ᠤᠳᠠᠭᠠᠨ ᠤ ᠢᠯᠡ ᠪᠠᠷ ᠤᠷᠢᠵᠤ ᠡᠯᠰᠡᠬᠦ ᠠᠵᠢᠯ ᠦᠢᠯᠡᠰ ᠤᠨ ᠨᠢᠭᠡᠴᠡ ᠶᠢᠨ ᠠᠵᠢᠯᠲᠠᠨ | ᠨᠢ ᠡᠷᠬᠡᠪᠰᠢ ᠳᠤᠤᠷᠠᠬᠢ ᠨᠦᠬᠦᠴᠡᠯ ᠢ ᠪᠦᠷᠢᠯᠳᠦᠭᠦᠯᠬᠦ ᠬᠡᠷᠡᠭᠲᠡᠢ᠄ | 1. ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ | ᠴᠠᠭᠠᠵᠠ ᠶᠢ ᠵᠢᠷᠤᠮᠯᠠᠬᠤ ᠬᠡᠷᠡᠭᠲᠡᠢ᠃ | 2. ᠰᠢᠯᠢᠳᠡᠭ ᠰᠠᠶᠢᠨ ᠬᠦᠮᠦᠨ ᠮᠦᠰᠦ ᠬᠡᠪ ᠪᠤᠯᠪᠠᠰᠤᠷᠠᠯ ᠲᠠᠢ ᠪᠠᠶᠢᠬᠤ ᠬᠡᠷᠡᠭᠲᠡᠢ᠃ | 3. ᠡᠷᠦᠬᠡ ᠠᠮᠠ ᠶᠢᠨ ᠨᠦᠬᠦᠴᠡᠯ᠄ | ︵ᠨᠢᠭᠡ︶ ︽ᠲᠦᠷᠦᠯ ᠵᠦᠢᠯ ᠤᠨ ᠠᠵᠢᠯᠲᠠᠨ︾ ᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ | ᠰᠢᠯᠭᠠᠭᠰᠠᠳ ᠡᠷᠬᠡᠪᠰᠢ ᠤᠷᠢᠵᠤ ᠡᠯᠰᠡᠬᠦ ᠠᠵᠢᠯ ᠤᠨ ᠪᠠᠶᠢᠷᠢ ᠶᠢᠨ ᠤᠷᠤᠰᠢᠵᠤ ᠪᠠᠶᠢᠭ᠎ᠠ ᠬᠤᠰᠢᠭᠤ ᠰᠢᠶᠠᠨ | ᠲᠣᠭᠤᠷᠢᠭ ᠤᠨ ᠡᠷᠦᠬᠡ ᠠᠮᠠ ︵ᠰᠤᠷᠭᠠᠭᠤᠯᠢ ᠳᠤ ᠤᠷᠤᠬᠤ ᠠᠴᠠ ᠡᠮᠦᠨ᠎ᠡ ᠤᠷᠢᠵᠤ ᠡᠯᠰᠡᠬᠦ ᠠᠵᠢᠯ ᠤᠨ | ᠪᠠᠶᠢᠷᠢ ᠶᠢᠨ ᠤᠷᠤᠰᠢᠵᠤ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠡᠷᠦᠬᠡ ᠠᠮᠠ ᠲᠠᠢ︶ ᠪᠦᠬᠦᠢ ᠪᠤᠶᠤ ᠤᠷᠢᠵᠤ | ᠡᠯᠰᠡᠬᠦ ᠠᠵᠢᠯ ᠤᠨ ᠪᠠᠶᠢᠷᠢ ᠶᠢᠨ ᠤᠷᠤᠰᠢᠵᠤ ᠪᠠᠶᠢᠭ᠎ᠠ ᠬᠤᠰᠢᠭᠤ ᠰᠢᠶᠠᠨ ᠲᠣᠭᠤᠷᠢᠭ ᠲᠤ ᠦᠢᠯᠡᠴᠢᠯᠡᠵᠦ ᠪᠠᠶᠢᠭᠰᠠᠨ | ᠮᠦᠷᠲᠡᠭᠡᠨ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠴᠤ ᠬᠢᠨᠠᠨ ᠲᠤᠭᠲᠠᠭᠠᠯᠲᠠ ᠨᠢ ᠬᠢᠷᠢ ᠲᠡᠩᠴᠡᠭᠰᠡᠨ ︽ | ᠲᠦᠷᠦᠯ ᠵᠦᠢᠯ ᠤᠨ ᠠᠵᠢᠯᠲᠠᠨ︾ ᠪᠠ ᠲᠤᠰ ᠬᠤᠰᠢᠭᠤ ᠰᠢᠶᠠᠨ ᠲᠣᠭᠤᠷᠢᠭ ᠤᠨ ᠡᠷᠦᠬᠡ ᠠᠮᠠ ᠪᠦᠬᠦᠢ | ᠴᠡᠷᠢᠭ ᠠᠴᠠ ᠬᠠᠯᠠᠭᠳᠠᠭᠰᠠᠨ ᠶᠡᠭᠡ ᠳᠡᠭᠡᠳᠦ ᠰᠤᠷᠭᠠᠭᠤᠯᠢ ᠶᠢᠨ ᠤᠶᠤᠲᠠᠨ ᠪᠠᠶᠢᠬᠤ ᠬᠡᠷᠡᠭᠲᠡᠢ᠃ | ︵ᠬᠤᠶᠠᠷ︶ ᠪᠤᠰᠤᠳ ᠠᠵᠢᠯ ᠤᠨ ᠪᠠᠶᠢᠷᠢᠨ ᠳᠤ ᠨᠡᠷ᠎ᠡ ᠮᠡᠳᠡᠭᠦᠯᠦᠨ ᠰᠢᠯᠭᠠᠭᠰᠠᠳ ᠡᠷᠬᠡᠪᠰᠢ ᠤᠷᠢᠵᠤ | ᠡᠯᠰᠡᠬᠦ ᠠᠵᠢᠯ ᠤᠨ ᠪᠠᠶᠢᠷᠢ ᠶᠢᠨ ᠤᠷᠤᠰᠢᠵᠤ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠡᠷᠦᠬᠡ ᠠᠮᠠ ᠲᠠᠢ ᠪᠤᠶᠤ | ᠰᠤᠷᠭᠠᠭᠤᠯᠢ ᠳᠤ ᠤᠷᠤᠬᠤ ᠠᠴᠠ ᠡᠮᠦᠨ᠎ᠡ ᠤᠷᠢᠵᠤ ᠡᠯᠰᠡᠬᠦ ᠠᠵᠢᠯ ᠤᠨ ᠪᠠᠶᠢᠷᠢ ᠶᠢᠨ ᠤᠷᠤᠰᠢᠵᠤ ᠪᠠᠶᠢᠭ᠎ᠠ ᠬᠤᠰᠢᠭᠤ | ᠰᠢᠶᠠᠨ ᠲᠣᠭᠤᠷᠢᠭ ᠤᠨ ᠡᠷᠦᠬᠡ ᠠᠮᠠ ᠲᠠᠢ ᠪᠠᠶᠢᠭᠰᠠᠨ ᠪᠠᠶᠢᠬᠤ ᠬᠡᠷᠡᠭᠲᠡᠢ᠃ | ︵ᠭᠤᠷᠪᠠ︶ ᠡᠷᠦᠬᠡ ᠠᠮᠠ ᠨᠢ ᠡᠷᠬᠡᠪᠰᠢ ᠲᠤᠰ ᠤᠷᠢᠵᠤ ᠡᠯᠰᠡᠬᠦ ᠠᠯᠪᠠᠨ ᠵᠠᠷᠯᠠᠯ ᠤᠨ ᠨᠡᠶᠢᠲᠡᠯᠡᠭᠰᠡᠨ | ᠬᠤᠭᠤᠴᠠᠭᠠᠨ ᠠᠴᠠ ᠡᠮᠦᠨᠡᠬᠢ ᠡᠷᠦᠬᠡ ᠠᠮᠠ ᠪᠠᠶᠢᠬᠤ ᠬᠡᠷᠡᠭᠲᠡᠢ᠃ | 4. ᠰᠤᠷᠤᠯᠭ᠎ᠠ ᠶᠢᠨ ᠨᠠᠮᠲᠠᠷ ᠤᠨ ᠨᠦᠬᠦᠴᠡᠯ᠄ | ︵1︶ ︽ᠲᠦᠷᠦᠯ ᠵᠦᠢᠯ ᠤᠨ ᠠᠵᠢᠯᠲᠠᠨ︾ ᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ ᠰᠢᠯᠭᠠᠭᠰᠠᠳ | ᠨᠢ ᠡᠷᠬᠡᠪᠰᠢ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠴᠤ ᠬᠢᠨᠠᠨ ᠲᠤᠭᠲᠠᠭᠠᠯᠲᠠ ᠨᠢ ᠬᠢᠷᠢ ᠲᠡᠩᠴᠡᠭᠰᠡᠨ ᠶᠡᠭᠡ | ᠳᠡᠭᠡᠳᠦ ᠰᠤᠷᠭᠠᠭᠤᠯᠢ ᠶᠢᠨ ᠤᠶᠤᠲᠠᠨ᠂ ᠦᠨᠳᠦᠰᠦᠨ ᠱᠠᠲᠤᠨ ᠳᠤ ᠦᠢᠯᠡᠴᠢᠯᠡᠭᠰᠡᠨ ᠲᠦᠷᠦᠯ ᠵᠦᠢᠯ ᠤᠨ ᠠᠵᠢᠯᠲᠠᠨ | ᠂ ᠦᠨᠳᠦᠰᠦᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢᠨ ᠳᠤ ᠦᠢᠯᠡᠴᠢᠯᠡᠭᠰᠡᠨ | ᠬᠦᠮᠦᠰ ᠪᠠ ᠴᠡᠷᠢᠭ ᠠᠴᠠ ᠬᠠᠯᠠᠭᠳᠠᠭᠰᠠᠨ ᠶᠡᠭᠡ ᠳᠡᠭᠡᠳᠦ ᠰᠤᠷᠭᠠᠭᠤᠯᠢ ᠶᠢᠨ ᠤᠶᠤᠲᠠᠨ ᠪᠠᠶᠢᠵᠤ᠂ ᠪᠦᠬᠦᠯᠢ | ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠪᠠ | ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠬᠡᠷᠡᠭᠲᠡᠢ᠃ | ︵2︶ ᠲᠦᠷᠦᠯ ᠵᠦᠢᠯ ᠤᠨ ᠪᠤᠰᠤ ᠠᠵᠢᠯᠲᠠᠨ ᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ | ᠰᠢᠯᠭᠠᠭᠰᠠᠳ ᠨᠢ 2020 ᠤᠨ ᠤ ᠰᠢᠨ᠎ᠡ ᠲᠡᠭᠦᠰᠬᠦ ᠤᠶᠤᠲᠠᠨ ᠪᠤᠶᠤ ᠠᠵᠢᠯ ᠰᠤᠩᠭᠤᠬᠤ ᠬᠤᠭᠤᠴᠠᠭᠠᠨ ᠤ | ᠠᠵᠢᠯ ᠤᠨ ᠪᠠᠶᠢᠷᠢᠨ ᠳᠤ ᠭᠠᠷᠤᠭ᠎ᠠ ᠦᠭᠡᠢ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ | ᠰᠤᠷᠭᠠᠭᠤᠯᠢ ᠶᠢᠨ ᠵᠢᠩᠬᠢᠨᠢ ᠠᠩᠭᠢ ᠪᠠ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠨ | ᠤᠶᠤᠲᠠᠨ ᠪᠠᠶᠢᠵᠤ᠂ ᠡᠭᠦᠨ ᠳᠤ ᠮᠤᠩᠭᠤᠯ ᠬᠢᠲᠠᠳ ᠬᠤᠤᠰ ᠬᠡᠯᠡᠨ ᠳᠤ ᠨᠡᠪᠲᠡᠷᠬᠡᠢ ᠠᠵᠢᠯᠲᠠᠨ ᠪᠠ ᠮᠤᠩᠭᠤᠯ ᠢᠶᠠᠷ | ᠬᠢᠴᠢᠶᠡᠯᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠤᠶᠤᠲᠠᠨ ᠤ ᠠᠵᠢᠯ ᠤᠨ ᠪᠠᠶᠢᠷᠢ ᠳᠤ ᠮᠡᠳᠡᠭᠦᠯᠦᠨ | ᠰᠢᠯᠭᠠᠭᠰᠠᠳ ᠤᠨ ᠰᠤᠷᠤᠯᠭ᠎ᠠ ᠶᠢᠨ ᠨᠠᠮᠲᠠᠷ ᠢ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ | ᠰᠤᠷᠭᠠᠭᠤᠯᠢ ᠶᠢᠨ ᠲᠤᠰᠬᠠᠢ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠪᠣᠯᠭᠠᠨ | ᠰᠤᠯᠠᠷᠠᠭᠤᠯᠤᠨ᠎ᠠ᠃ | ︵3︶ ᠵᠢᠭᠠᠬᠤ ᠶᠢ ᠰᠤᠳᠤᠯᠬᠤ ᠲᠢᠩᠬᠢᠮ ᠤᠨ ᠵᠠᠬᠢᠲᠠᠯ ﹇2019﹈ 1 ᠨᠤᠮᠧᠷᠲᠤ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠦᠨᠳᠦᠰᠦᠯᠡᠨ᠂ 2017 ᠤᠨ ᠳᠤ ᠰᠤᠷᠭᠠᠭᠤᠯᠢ ᠳᠤ ᠣᠷᠤᠵᠤ ᠤᠯᠤᠰ ᠤᠨ ᠨᠢᠭᠡᠲᠦᠯᠲᠡᠢ | ᠰᠤᠳᠤᠯᠬᠤ ᠰᠤᠷᠤᠭᠴᠢ ᠡᠯᠰᠡᠬᠦ ᠲᠦᠯᠦᠪᠯᠡᠭᠡ ᠶᠤᠰᠤᠭᠠᠷ᠂ ᠰᠤᠷᠤᠯᠭ᠎ᠠ ᠪᠠᠨ ᠲᠡᠭᠦᠰᠬᠡᠵᠦ ᠨᠢᠭᠡᠨᠲᠡ ᠲᠡᠭᠦᠰᠦᠭᠰᠡᠨ | ᠪᠦᠬᠦᠯᠢ ᠡᠳᠦᠷ ᠤᠨ ᠪᠤᠰᠤ ᠳᠦᠷᠢᠮᠲᠦ ᠰᠤᠳᠤᠯᠬᠤ ᠰᠤᠷᠤᠭᠴᠢ ᠨᠢ ᠪᠦᠬᠦᠯᠢ ᠡᠳᠦᠷ ᠤᠨ ᠳᠦᠷᠢᠮᠲᠦ ᠰᠤᠳᠤᠯᠬᠤ | ᠰᠤᠷᠤᠭᠴᠢ ᠲᠠᠢ ᠠᠳᠠᠯᠢ ᠬᠠᠷᠠᠭᠠᠯᠵᠠᠯ ᠲᠠᠢ᠃ | ︵4︶ ᠠᠯᠢᠪᠠ ᠤᠷᠢᠵᠤ ᠡᠯᠰᠡᠬᠦ ᠠᠵᠢᠯ ᠤᠨ ᠪᠠᠶᠢᠷᠢ ᠨᠢ ᠪᠦᠷ ᠲᠤᠰᠬᠠᠢ ᠮᠡᠷᠭᠡᠵᠢᠯ ᠬᠢᠵᠠᠭᠠᠷᠯᠠᠬᠤ ᠦᠭᠡᠢ | ᠃ | 5. ᠨᠠᠰᠤ ᠵᠢᠯ ᠤᠨ ᠬᠢᠵᠠᠭᠠᠷᠯᠠᠯ ᠨᠢ 18 ᠪᠦᠬᠦᠯᠢ ᠨᠠᠰᠤᠨ ᠠᠴᠠ 35 ᠪᠦᠬᠦᠯᠢ ᠨᠠᠰᠤᠨ ᠤ ᠬᠤᠭᠤᠷᠤᠨᠳᠤ | ︵1984 ᠤᠨ ᠤ 6 ᠰᠠᠷ᠎ᠠ ᠶᠢᠨ 19 ᠤ ᠡᠳᠦᠷ ᠠᠴᠠ 2002 ᠤᠨ ᠤ 6 ᠰᠠᠷ᠎ᠠ ᠶᠢᠨ 19 ᠤ ᠡᠳᠦᠷ ᠤᠨ | ᠬᠤᠭᠤᠷᠤᠨᠳᠤ ᠲᠦᠷᠦᠭᠰᠡᠨ︶ ᠪᠠᠶᠢᠬᠤ ᠬᠡᠷᠡᠭᠲᠡᠢ᠃ | 6. ᠬᠡᠪ ᠤᠨ ᠶᠤᠰᠤᠭᠠᠷ ᠡᠭᠦᠷᠭᠡ ᠲᠤᠰᠢᠶᠠᠯ ᠢᠶᠠᠨ ᠪᠡᠶᠡᠯᠡᠭᠦᠯᠬᠦ ᠪᠡᠶ᠎ᠡ ᠮᠠᠬᠠᠪᠤᠳ ᠤᠨ ᠨᠦᠬᠦᠴᠡᠯ ᠲᠠᠢ | ᠪᠠᠶᠢᠬᠤ ᠬᠡᠷᠡᠭᠲᠡᠢ᠃ | 7. ᠤᠷᠢᠵᠤ ᠡᠯᠰᠡᠬᠦ ᠠᠵᠢᠯ ᠤᠨ ᠪᠠᠶᠢᠷᠢ ᠶᠢᠨ ᠱᠠᠭᠠᠷᠳᠠᠭᠰᠠᠨ ᠪᠤᠰᠤᠳ ᠬᠢᠷᠢ ᠬᠡᠮ᠂ ᠨᠦᠬᠦᠴᠡᠯ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃ | ︵ᠬᠤᠶᠠᠷ︶ ᠳᠤᠤᠷᠠᠬᠢ ᠬᠦᠮᠦᠰ ᠨᠡᠷ᠎ᠡ ᠮᠡᠳᠡᠭᠦᠯᠦᠨ ᠰᠢᠯᠭᠠᠵᠤ ᠪᠣᠯᠬᠤ ᠦᠭᠡᠢ᠄ | 1. ᠴᠡᠷᠢᠭ ᠤᠨ ᠠᠯᠪᠠᠨ ᠳᠤ ᠪᠠᠶᠢᠭ᠎ᠠ ᠬᠦᠮᠦᠰ᠃ | 2. ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠤᠶᠤᠲᠠᠨ ︵2021 ᠤᠨ ᠵᠢᠴᠢ | ᠲᠡᠭᠦᠨ ᠠᠴᠠ ᠬᠤᠶᠢᠰᠢ ᠲᠡᠭᠦᠰᠬᠦ ᠤᠶᠤᠲᠠᠨ︶᠃ | 3. ᠲᠤᠰ ᠤᠷᠢᠵᠤ ᠡᠯᠰᠡᠬᠦ ᠠᠯᠪᠠᠨ ᠵᠠᠷᠯᠠᠯ ᠢ ᠨᠡᠶᠢᠲᠡᠯᠡᠬᠦ ᠠᠴᠠ ᠡᠮᠦᠨ᠎ᠡ ᠨᠢᠭᠡᠨᠲᠡ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠣᠷᠤᠨ ᠲᠤᠭ᠎ᠠ ᠪᠦᠬᠦᠢ ᠠᠵᠢᠯᠲᠠᠨ ︵ᠲᠤᠷᠰᠢᠨ ᠬᠡᠷᠡᠭᠯᠡᠬᠦ ᠬᠤᠭᠤᠴᠠᠭᠠᠨ ᠳᠠᠬᠢ ᠬᠢ ᠶᠢ | ᠪᠠᠭᠲᠠᠭᠠᠨ᠎ᠠ︶ ᠪᠤᠯᠤᠭᠰᠠᠨ᠃ | 4. ᠶᠠᠯ᠎ᠠ ᠬᠢᠵᠦ ᠡᠷᠡᠭᠦᠦ ᠶᠢᠨ ᠰᠢᠢᠳᠬᠡᠯ ᠤᠯᠵᠤ ᠦᠩᠭᠡᠷᠡᠭᠰᠡᠨ ᠪᠠ ᠠᠯᠪᠠᠨ ᠲᠤᠰᠢᠶᠠᠯ ᠠᠴᠠ | ᠬᠦᠭᠡᠭᠡᠭᠳᠡᠭᠰᠡᠨ ᠬᠦᠮᠦᠰ᠃ | 5. ᠠᠯᠪᠠᠲᠠᠨ ᠤ ᠰᠢᠯᠭᠠᠯᠲᠠ ᠪᠠ ᠠᠵᠢᠯ ᠦᠢᠯᠡᠰ ᠤᠨ ᠨᠢᠭᠡᠴᠡ ᠶᠢᠨ ᠤᠷᠢᠨ ᠡᠯᠰᠡᠯᠲᠡ ᠳᠤ ᠭᠡᠮ ᠬᠢᠬᠦ | ᠮᠡᠲᠦ ᠶᠢᠨ ᠰᠠᠬᠢᠯᠭ᠎ᠠ ᠪᠠᠲᠤ ᠠᠴᠠ ᠬᠦᠨᠳᠦ ᠨᠤᠴᠢᠲᠠᠢ ᠵᠦᠷᠢᠴᠡᠭᠰᠡᠨ ᠠᠵᠢᠯᠯᠠᠭ᠎ᠠ ᠲᠠᠢ ᠮᠦᠷᠲᠡᠭᠡᠨ ᠢᠲᠡᠭᠡᠮᠵᠢ ᠶᠢᠨ | ᠳᠠᠩᠰᠠ ᠡᠪᠬᠡᠮᠡᠯ ᠤᠨ ᠲᠡᠮᠳᠡᠭᠯᠡᠯ ᠪᠦᠬᠦᠢ ᠬᠤᠭᠤᠴᠠᠭᠠᠨ ᠳᠤ ᠪᠠᠶᠢᠭ᠎ᠠ ᠬᠦᠮᠦᠰ᠃ | 6. ᠬᠠᠤᠯᠢ ᠴᠠᠭᠠᠵᠠ ᠬᠠᠤᠯᠢ ᠲᠤᠭᠲᠠᠭᠠᠯ ᠳᠤ ᠲᠤᠭᠲᠠᠭᠠᠭᠰᠠᠨ ᠠᠵᠢᠯ ᠦᠢᠯᠡᠰ ᠤᠨ ᠨᠢᠭᠡᠴᠡ ᠳᠤ | ᠤᠷᠢᠵᠤ ᠬᠡᠷᠡᠭᠯᠡᠵᠦ ᠪᠣᠯᠬᠤ ᠦᠭᠡᠢ ᠪᠤᠰᠤᠳ ᠪᠠᠶᠢᠳᠠᠯ ᠪᠦᠬᠦᠢ ᠬᠦᠮᠦᠰ᠃ | ᠳᠦᠷᠪᠡ᠂ ᠨᠡᠷ᠎ᠡ ᠮᠡᠳᠡᠭᠦᠯᠬᠦ ᠪᠠ ᠬᠢᠷᠢ ᠬᠡᠮ ᠢ ᠬᠢᠨᠠᠬᠤ | ︵ᠨᠢᠭᠡ︶ ᠲᠤᠰ ᠤᠳᠠᠭᠠᠨ ᠤ ᠰᠢᠯᠭᠠᠯᠲᠠ ᠨᠢ ᠰᠦᠯᠵᠢᠶᠡᠨ ᠳᠤ ᠨᠡᠷ᠎ᠡ ᠮᠡᠳᠡᠭᠦᠯᠵᠦ᠂ ᠬᠢᠨᠠᠨ᠂ ᠰᠦᠢᠳᠬᠡᠯ | ᠲᠤᠰᠢᠶᠠᠬᠤ ᠠᠷᠭ᠎ᠠ ᠮᠠᠶ᠋ᠢᠭ ᠢᠶᠠᠷ ᠶᠠᠪᠤᠭᠳᠠᠨ᠎ᠠ᠃ ᠨᠡᠷ᠎ᠡ ᠮᠡᠳᠡᠭᠦᠯᠦᠨ ᠰᠢᠯᠭᠠᠭᠰᠠᠳ ᠰᠦᠯᠵᠢᠶᠡᠨ ᠳᠤ ᠨᠡᠷ᠎ᠡ | ᠮᠡᠳᠡᠭᠦᠯᠵᠦ᠂ ᠰᠦᠯᠵᠢᠶᠡᠨ ᠤ ᠬᠢᠨᠠᠯᠲᠠ ᠳᠠᠭᠤᠰᠤᠭᠰᠠᠨ ᠤ ᠳᠠᠷᠠᠭ᠎ᠠ ᠰᠦᠢᠳᠬᠡᠯ ᠢᠶᠠᠨ ᠲᠤᠰᠢᠶᠠᠨ᠎ᠠ᠃ ᠨᠡᠷ᠎ᠡ | ᠮᠡᠳᠡᠭᠦᠯᠦᠭᠰᠡᠳ ᠰᠦᠢᠳᠬᠡᠯ ᠢᠶᠠᠨ ᠲᠤᠰᠢᠶᠠᠪᠠᠯ ᠰᠠᠶ᠋ᠢ ᠠᠮᠵᠢᠯᠲᠠ ᠲᠠᠢ ᠨᠡᠷ᠎ᠡ ᠮᠡᠳᠡᠭᠦᠯᠦᠭᠰᠡᠨ ᠳᠤ ᠲᠤᠭᠠᠴᠠᠭᠳᠠᠨ᠎ᠠ᠃ | | ︵ᠬᠤᠶᠠᠷ︶ ᠤᠯᠠᠭᠠᠨᠬᠠᠳᠠ ᠬᠤᠲᠠ ᠶᠢᠨ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠤᠪᠴᠢᠶᠠᠨ ᠤ ᠠᠯᠪᠠᠨ ᠰᠦᠯᠵᠢᠶᠡᠨ ︵ᠰᠦᠯᠵᠢᠶᠡᠨ ᠬᠠᠶ᠋ᠢᠭ᠄ http://rsj.chifeng.gov. | cn/ ︶ ᠳᠤ ᠭᠠᠷᠴᠤ᠂ ︽2020 ᠤᠨ ᠤ ᠤᠯᠠᠭᠠᠨᠬᠠᠳᠠ ᠬᠤᠲᠠ ᠶᠢᠨ ᠰᠢᠶᠠᠩ ᠪᠠᠯᠭᠠᠰᠤᠨ ︵ᠰᠣᠮᠤ︶ ᠤ | ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠲᠤᠰᠬᠠᠢ ᠪᠣᠯᠤᠩ︾ ᠭᠡᠬᠦ ᠬᠦᠳᠡᠯᠭᠡᠨᠲᠦ | ᠴᠤᠩᠬᠤᠪᠴᠢ ᠶᠢ ᠳᠠᠷᠤᠵᠤ ᠨᠡᠷ᠎ᠡ ᠮᠡᠳᠡᠭᠦᠯᠦᠨ᠎ᠡ᠃ | ᠰᠦᠯᠵᠢᠶᠡᠨ ᠳᠤ ᠨᠡᠷ᠎ᠡ ᠮᠡᠳᠡᠭᠦᠯᠬᠦ ᠬᠤᠭᠤᠴᠠᠭ᠎ᠠ᠄ 2020 ᠤᠨ ᠤ 6 ᠰᠠᠷ᠎ᠠ ᠶᠢᠨ 19 ᠤ ᠡᠳᠦᠷ ᠤᠨ | 9᠄ 00 - 6 ᠰᠠᠷ᠎ᠠ ᠶᠢᠨ 23 ᠤ ᠡᠳᠦᠷ ᠤᠨ 17᠄ 00 | ᠰᠦᠯᠵᠢᠶᠡᠨ ᠬᠢᠨᠠᠯᠲᠠ ᠶᠢᠨ ᠬᠤᠭᠤᠴᠠᠭ᠎ᠠ᠄ 2020 ᠤᠨ ᠤ 6 ᠰᠠᠷ᠎ᠠ ᠶᠢᠨ19 ᠤ ᠡᠳᠦᠷ ᠤᠨ 9᠄ | 00-6 ᠰᠠᠷ᠎ᠠ ᠶᠢᠨ 25 ᠤ ᠡᠳᠦᠷ ᠤᠨ 17᠄ 00 | ᠰᠦᠯᠵᠢᠶᠡᠨ ᠳᠤ ᠰᠦᠢᠳᠬᠡᠯ ᠲᠤᠰᠢᠶᠠᠬᠤ ᠬᠤᠭᠤᠴᠠᠭ᠎ᠠ᠄ 2020 ᠤᠨ ᠤ 6 ᠰᠠᠷ᠎ᠠ ᠶᠢᠨ 19 ᠤ | ᠡᠳᠦᠷ ᠤᠨ 9᠄ 00-6 ᠰᠠᠷ᠎ᠠ ᠶᠢᠨ 26 ᠤ ᠡᠳᠦᠷ ᠤᠨ 24᠄00 | ︵ᠭᠤᠷᠪᠠ︶ ᠡᠯᠰᠡᠭᠦᠯᠦᠭᠴᠢ ᠪᠦᠷᠢ ᠨᠢ ᠵᠦᠪᠬᠡᠨ ᠨᠢᠭᠡ ᠯᠡ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ | ᠪᠣᠯᠤᠨ᠎ᠠ᠃ ᠡᠯᠰᠡᠭᠦᠯᠦᠭᠴᠢ ᠨᠢ ᠱᠠᠭᠠᠷᠳᠠᠯᠭ᠎ᠠ ᠶᠤᠰᠤᠭᠠᠷ ᠰᠦᠯᠵᠢᠶᠡᠨ ᠳᠤ ︽ᠨᠡᠷ᠎ᠡ ᠮᠡᠳᠡᠭᠦᠯᠬᠦ ᠳᠠᠩᠰᠠᠯᠠᠯᠲᠠ ᠶᠢᠨ | ᠬᠦᠰᠦᠨᠦᠭᠲᠦ︾ ᠶᠢ ᠲᠠᠭᠯᠠᠨ᠎ᠠ᠃ | ᠰᠤᠷᠤᠯᠴᠠᠯᠭ᠎ᠠ ᠶᠢᠨ ᠦᠩᠭᠡᠷᠡᠯᠲᠡ ᠳᠤ ᠰᠤᠷᠭᠠᠭᠤᠯᠢ ᠶᠢᠨ ᠨᠡᠷ᠎ᠡ᠂ ᠰᠤᠷᠭᠠᠭᠤᠯᠢ ᠳᠤ ᠤᠷᠤᠭᠰᠠᠨ ᠪᠠ | ᠲᠡᠭᠦᠰᠦᠭᠰᠡᠨ ᠴᠠᠭ ᠬᠤᠭᠤᠴᠠᠭ᠎ᠠ᠂ ᠬᠠᠷᠢᠶᠠᠯᠠᠭᠳᠠᠬᠤ ᠳᠡᠭᠡᠳᠦ ᠰᠤᠷᠭᠠᠭᠤᠯᠢ ᠰᠠᠯᠪᠤᠷᠢ᠂ ᠲᠤᠰᠬᠠᠢ ᠮᠡᠷᠭᠡᠵᠢᠯ ᠢᠶᠠᠨ | ᠪᠢᠴᠢᠨ᠎ᠡ᠃ | ᠠᠵᠢᠯ ᠤᠨ ᠦᠩᠭᠡᠷᠡᠯᠲᠡ ᠳᠤ ᠠᠵᠢᠯᠯᠠᠵᠤ ᠪᠠᠶᠢᠭ᠎ᠠ ᠨᠢᠭᠡᠴᠡ᠂ ᠠᠵᠢᠯᠠᠯᠭᠰᠠᠨ ᠬᠤᠭᠤᠴᠠᠭ᠎ᠠ᠂ ᠭᠤᠤᠯ | ᠡᠷᠬᠢᠯᠡᠭᠰᠡᠨ ᠠᠵᠢᠯ ᠵᠡᠷᠭᠡ ᠪᠠᠨ ᠪᠢᠴᠢᠨ᠎ᠡ᠃ | ︵ᠳᠦᠷᠪᠡ︶ ᠡᠯᠰᠡᠭᠦᠯᠦᠭᠴᠢ ᠨᠢ ᠨᠡᠷ᠎ᠡ ᠮᠡᠳᠡᠭᠦᠯᠬᠦ ᠦᠶ᠎ᠡ ᠳᠡᠭᠡᠨ ᠳᠤᠤᠷᠠᠬᠢ ᠮᠠᠲ᠋ᠧᠷᠢᠶᠠᠯ ᠢ ᠬᠠᠩᠭᠠᠬᠤ | ᠬᠡᠷᠡᠭᠲᠡᠢ᠄ | 1. ᠡᠯᠰᠡᠭᠦᠯᠦᠭᠴᠢ ᠶᠢᠨ ᠡᠷᠦᠬᠡ ᠠᠮᠠ ᠶᠢᠨ ᠲᠡᠷᠢᠭᠦᠨ ᠬᠠᠭᠤᠳᠠᠰᠤ᠂ ᠬᠡᠯᠬᠢᠶᠡᠰᠦᠨ ᠬᠠᠭᠤᠳᠠᠰᠤ᠂ ᠲᠤᠰ | ᠬᠦᠮᠦᠨ ᠤ ᠡᠷᠦᠬᠡ ᠠᠮᠠ ᠶᠢᠨ ᠬᠠᠭᠤᠳᠠᠰᠤ᠂ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ︵ᠳᠦᠷ ᠴᠠᠭ ᠤᠨ | ᠪᠡᠶ᠎ᠡ ᠶᠢᠨ ᠦᠨᠡᠮᠯᠡᠯ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠫᠠᠰᠫᠤᠷᠲ︶᠂ ᠲᠡᠭᠦᠰᠬᠦ ᠦᠨᠡᠮᠯᠡᠯ ︵2020 | ᠤᠨ ᠤ ᠲᠡᠭᠦᠰᠬᠦ ᠤᠶᠤᠲᠠᠨ ᠲᠡᠭᠦᠰᠬᠦ ᠦᠨᠡᠮᠯᠡᠯ ᠢᠶᠠᠨ ᠠᠪᠤᠭ᠎ᠠ ᠦᠭᠡᠢ ᠪᠣᠯ ᠰᠤᠷᠭᠠᠭᠤᠯᠢ ᠳᠤ ᠪᠠᠶᠢᠭ᠎ᠠ ᠭᠡᠷᠡᠴᠢᠯᠡᠯ | ᠬᠠᠩᠭᠠᠨ᠎ᠠ︶ | 2. ᠠᠵᠢᠯ ᠰᠤᠩᠭᠤᠬᠤ ᠬᠤᠭᠤᠴᠠᠭᠠᠨ ᠤ ᠠᠵᠢᠯ ᠤᠨ ᠪᠠᠶᠢᠷᠢᠨ ᠳᠤ ᠭᠠᠷᠤᠭ᠎ᠠ ᠦᠭᠡᠢ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠤᠶᠤᠲᠠᠨ ᠳᠠᠩᠰᠠ ᠡᠪᠬᠡᠮᠡᠯ ᠢᠶᠠᠨ ᠬᠠᠳᠠᠭᠠᠯᠠᠵᠤ ᠪᠠᠶᠢᠭ᠎ᠠ ᠪᠠᠶᠢᠭᠤᠯᠭ᠎ᠠ ᠨᠢᠭᠡᠴᠡ ᠶᠢᠨ | ᠳᠠᠩᠰᠠ ᠡᠪᠬᠡᠮᠡᠯ ᠬᠠᠳᠠᠭᠠᠯᠠᠵᠤ ᠪᠠᠶᠢᠭ᠎ᠠ ᠭᠡᠷᠡᠴᠢᠯᠡᠯ ᠢ ᠬᠠᠩᠭᠠᠬᠤ ᠬᠡᠷᠡᠭᠲᠡᠢ᠃ | 3. ︽ᠲᠦᠷᠦᠯ ᠵᠦᠢᠯ ᠤᠨ ᠠᠵᠢᠯᠲᠠᠨ︾ ᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠰᠡᠳ | ᠦᠢᠯᠡᠴᠢᠯᠡᠭᠡᠨ ᠤ ᠬᠤᠭᠤᠴᠠᠭ᠎ᠠ ᠳᠠᠭᠤᠰᠴᠤ ᠬᠢᠨᠠᠨ ᠲᠤᠭᠲᠠᠭᠠᠯᠲᠠ ᠳᠤ ᠬᠢᠷᠢ ᠲᠡᠩᠴᠡᠭᠰᠡᠨ ᠭᠡᠷᠡᠴᠢᠯᠡᠯ ︵2020 | ᠤᠨ ᠳᠤ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠬᠤ ᠬᠦᠮᠦᠰ ︽ᠠᠵᠢᠯ ᠤᠨ ᠦᠩᠭᠡᠷᠡᠯᠲᠡ︾ ᠳᠡᠭᠡᠨ | ᠦᠢᠯᠡᠴᠢᠯᠡᠬᠦ ᠲᠦᠷᠦᠯ ᠵᠦᠢᠯ ᠤᠨ ᠡᠬᠢᠯᠡᠵᠦ ᠳᠠᠭᠤᠰᠬᠤ ᠬᠤᠭᠤᠴᠠᠭ᠎ᠠ ᠪᠠᠨ ᠲᠤᠳᠤᠷᠬᠠᠢ ᠪᠢᠴᠢᠬᠦ ᠬᠡᠷᠡᠭᠲᠡᠢ︶ ᠪᠠ | ᠴᠡᠷᠢᠭ ᠠᠴᠠ ᠬᠠᠯᠠᠭᠳᠠᠭᠰᠠᠨ ᠭᠡᠷᠡᠴᠢᠯᠡᠯ ᠢᠶᠠᠨ ᠬᠠᠩᠭᠠᠬᠤ ᠬᠡᠷᠡᠭᠲᠡᠢ᠃ | ᠵᠢᠷᠤᠭ ᠤᠨ ᠬᠡᠯᠪᠡᠷᠢ ᠨᠢ ᠡᠷᠬᠡᠪᠰᠢ ︽.jpg︾ ᠪᠠᠶᠢᠵᠤ᠂ ᠵᠢᠷᠤᠭ ᠪᠦᠷᠢ ᠨᠢ1000kb ᠠᠴᠠ ᠪᠠᠭ᠎ᠠ | ᠪᠠᠶᠢᠬᠤ ᠬᠡᠷᠡᠭᠲᠡᠢ᠃ | ︵ᠲᠠᠪᠤ︶ ᠨᠡᠷ᠎ᠡ ᠮᠡᠳᠡᠭᠦᠯᠬᠦ ᠰᠤᠷᠠᠭ ᠵᠠᠩᠭᠢ ᠪᠠᠨ ᠲᠤᠰᠢᠶᠠᠭᠰᠠᠨ ᠤ ᠳᠠᠷᠠᠭ᠎ᠠ ᠬᠢᠷᠢ ᠬᠡᠮ ᠤᠨ ᠬᠢᠨᠠᠯᠲᠠ | ᠬᠢᠨ᠎ᠡ᠂ ᠬᠢᠷᠢ ᠬᠡᠮ ᠤᠨ ᠬᠢᠨᠠᠯᠲᠠ ᠶᠢᠨ ᠠᠵᠢᠯ ᠢ ᠡᠯ᠎ᠡ ᠬᠤᠰᠢᠭᠤ ᠰᠢᠶᠠᠨ ᠲᠣᠭᠤᠷᠢᠭ ᠤᠨ ᠬᠦᠳᠡᠯᠮᠦᠷᠢ ᠬᠦᠴᠦᠨ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠬᠠᠷᠢᠭᠤᠴᠠᠵᠤ᠂ ᠡᠯᠰᠡᠭᠦᠯᠦᠭᠴᠢ ᠰᠦᠯᠵᠢᠶᠡᠨ ᠳᠤ ᠨᠡᠷ᠎ᠡ | ᠮᠡᠳᠡᠭᠦᠯᠦᠭᠰᠡᠨ ᠤ ᠳᠠᠷᠠᠭᠠᠬᠢ 2 ᠡᠳᠦᠷ ᠤᠨ ᠲᠤᠲᠤᠷ᠎ᠠ ᠬᠢᠨᠠᠯᠲᠠ ᠶᠢᠨ ᠰᠠᠨᠠᠯ ᠳᠤᠷᠠᠳᠤᠨ᠎ᠠ᠃ ᠤᠷᠢᠵᠤ ᠡᠯᠰᠡᠬᠦ | ᠨᠦᠬᠦᠴᠡᠯ ᠳᠤ ᠨᠡᠶᠢᠴᠡᠭᠰᠡᠨ ᠪᠣᠯ ᠬᠢᠨᠠᠯᠲᠠ ᠶᠢ ᠦᠩᠭᠡᠷᠡᠭᠦᠯᠦᠨ᠎ᠡ᠃ ᠤᠷᠢᠵᠤ ᠡᠯᠰᠡᠬᠦ ᠨᠦᠬᠦᠴᠡᠯ ᠳᠤ ᠨᠡᠶᠢᠴᠡᠬᠦ | ᠦᠭᠡᠢ ᠪᠣᠯ ᠬᠢᠨᠠᠯᠲᠠ ᠶᠢ ᠦᠩᠭᠡᠷᠡᠭᠡᠬᠦ ᠦᠭᠡᠢ ᠪᠠᠶᠢᠵᠤ᠂ ᠰᠢᠯᠲᠠᠭᠠᠨ ᠢ ᠨᠢ ᠲᠤᠳᠤᠷᠬᠠᠶᠢᠯᠠᠨ᠎ᠠ᠃ | ᠬᠢᠨᠠᠯᠲᠠ ᠬᠢᠬᠦ ᠠᠴᠠ ᠡᠮᠦᠨ᠎ᠡ ᠡᠯᠰᠡᠭᠦᠯᠦᠭᠴᠢ ᠰᠤᠷᠠᠭ ᠵᠠᠩᠭᠢ ᠪᠠᠨ ᠵᠠᠰᠠᠵᠤ ᠪᠣᠯᠤᠨ᠎ᠠ᠃ ᠬᠢᠨᠠᠯᠲᠠ ᠶᠢ | ᠦᠩᠭᠡᠷᠡᠭᠦᠯᠦᠭᠰᠡᠨ ᠦᠭᠡᠢ ᠪᠣᠯ ᠡᠯᠰᠡᠭᠦᠯᠦᠭᠴᠢ ᠰᠤᠷᠠᠭ ᠵᠠᠩᠭᠢ ᠪᠠᠨ ᠵᠠᠰᠠᠬᠤ ᠪᠣᠶᠤ ᠨᠡᠷ᠎ᠡ ᠮᠡᠳᠡᠭᠦᠯᠬᠦ ᠠᠵᠢᠯ ᠤᠨ | ᠪᠠᠶᠢᠷᠢ ᠪᠠᠨ ᠰᠤᠯᠢᠵᠤ ᠲᠠᠬᠢᠵᠤ ᠮᠡᠳᠡᠭᠦᠯᠵᠦ ᠪᠣᠯᠤᠨ᠎ᠠ᠃ ᠬᠢᠨᠠᠯᠲᠠ ᠶᠢ ᠦᠩᠭᠡᠷᠡᠭᠦᠯᠦᠭᠰᠡᠨ ᠪᠣᠯ ᠡᠯᠰᠡᠭᠦᠯᠦᠭᠴᠢ ᠴᠠᠭ | ᠲᠤᠬᠠᠢ ᠳᠤᠨᠢ ︽ᠨᠡᠷ᠎ᠡ ᠮᠡᠳᠡᠭᠦᠯᠬᠦ ᠳᠠᠩᠰᠠᠯᠠᠯᠲᠠ ᠶᠢᠨ ᠬᠦᠰᠦᠨᠦᠭᠲᠦ︾ ᠪᠠᠨ ᠳᠠᠷᠤᠮᠠᠯᠯᠠᠵᠤ᠂ ᠠᠯᠢᠪᠠ ᠰᠤᠷᠠᠭ | ᠵᠠᠩᠭᠢ ᠪᠠᠨ ᠵᠠᠰᠠᠵᠤ ᠪᠣᠯᠬᠤ ᠦᠭᠡᠢ᠃ | ︵ᠵᠢᠷᠭᠤᠭ᠎ᠠ︶ ᠮᠡᠳᠡᠭᠳᠡᠬᠦ ᠠᠮᠠᠯᠠᠯᠲᠠ ᠶᠢᠨ ᠳᠦᠷᠢᠮ ᠢ ᠲᠤᠷᠰᠢᠨ ᠬᠡᠷᠡᠭᠵᠢᠭᠦᠯᠦᠨ᠎ᠡ᠃ ᠲᠤᠰ ᠤᠳᠠᠭᠠᠨ ᠤ | ᠤᠷᠢᠨ ᠡᠯᠰᠡᠯᠲᠡ ᠶᠢᠨ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ ᠨᠢᠭᠤᠷᠳᠠᠬᠤ ᠰᠢᠯᠭᠠᠯᠲᠠ ᠳᠤ ᠤᠷᠤᠯᠴᠠᠬᠤ | ᠬᠦᠮᠦᠰ ᠲᠤ ᠲᠠᠬᠢᠨ ᠬᠢᠷᠢ ᠬᠡᠮ ᠤᠨ ᠬᠢᠨᠠᠯᠲᠠ ᠬᠢᠬᠦ ᠦᠭᠡᠢ᠃ ᠡᠯᠰᠡᠭᠦᠯᠦᠭᠴᠢ ᠡᠷᠬᠡᠪᠰᠢ ᠲᠠᠭᠯᠠᠭᠰᠠᠨ ᠰᠤᠷᠠᠭ | ᠵᠠᠩᠭᠢ ᠶᠢᠨ ᠢᠶᠠᠨ ᠦᠨᠡᠨ ᠪᠤᠳᠠᠲᠤ ᠴᠢᠨᠠᠷ᠂ ᠤᠨᠤᠪᠴᠢᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠵᠤ᠂ | ︽ᠰᠢᠯᠭᠠᠯᠲᠠ ᠶᠢᠨ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠵᠤ᠂ ᠬᠠᠭᠤᠷᠮᠠᠭ ᠠᠮᠠᠯᠠᠯᠲᠠ ᠶᠢᠨ | ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠤᠷᠤᠭᠤ ᠰᠤᠷᠠᠭ ᠵᠠᠩᠭᠢ᠂ ᠬᠤᠳᠠᠯ ᠬᠠᠭᠤᠷᠮᠠᠭ ᠰᠤᠷᠠᠭ ᠵᠠᠩᠭᠢ | ᠪᠤᠶᠤ ᠴᠢᠬᠤᠯᠠ ᠰᠤᠷᠠᠭ ᠵᠠᠩᠭᠢ ᠶᠢ ᠨᠢᠭᠤᠵᠤ ᠳᠠᠯᠳᠠᠯᠠᠭᠰᠠᠨ ᠪᠣᠯ ᠬᠢᠨᠠᠵᠤ ᠢᠯᠡᠷᠡᠭᠦᠯᠦᠭᠰᠡᠨ ᠤ ᠳᠠᠷᠠᠭ᠎ᠠ ᠤᠷᠢᠵᠤ | ᠡᠯᠰᠡᠬᠦ ᠡᠷᠬᠡ ᠶᠢ ᠦᠭᠡᠶᠢᠰᠬᠡᠵᠦ᠂ ᠢᠲᠡᠭᠡᠮᠵᠢ ᠶᠢᠨ ᠳᠠᠩᠰᠠ ᠡᠪᠬᠡᠮᠡᠯ ᠳᠤ ᠤᠷᠤᠭᠤᠯᠤᠨ᠎ᠠ᠃ | ︵ᠳᠤᠯᠤᠭ᠎ᠠ︶ ᠡᠯᠰᠡᠭᠦᠯᠦᠭᠴᠢ ᠰᠢᠯᠭᠠᠬᠤ ᠬᠡᠯᠡ ᠪᠠᠨ ᠦᠪᠡᠷᠲᠡᠭᠡᠨ ᠰᠤᠩᠭᠤᠨ᠎ᠠ᠃ ︽ᠮᠤᠩᠭᠤᠯ ᠢᠶᠠᠷ | ᠬᠢᠴᠢᠶᠡᠯᠯᠡᠭᠰᠡᠨ ᠤᠶᠤᠲᠠᠨ︾ ᠪᠠ ︽ᠮᠤᠩᠭᠤᠯ ᠬᠢᠲᠠᠳ ᠬᠤᠤᠰ ᠬᠡᠯᠡᠨ ᠳᠤ ᠨᠡᠪᠲᠡᠷᠬᠡᠢ︾ ᠠᠵᠢᠯ ᠤᠨ ᠪᠠᠶᠢᠷᠢ ᠳᠤ | ᠰᠢᠯᠭᠠᠪᠠᠯ᠂ ᠪᠢᠷ ᠤᠨ ᠰᠢᠯᠭᠠᠯᠲᠠ ᠪᠠᠨ ᠡᠷᠬᠡᠪᠰᠢ ᠮᠤᠩᠭᠤᠯ ᠬᠡᠯᠡ ᠪᠢᠴᠢᠭ ᠤᠨ ᠰᠢᠯᠭᠠᠯᠲᠠ ᠬᠢᠬᠦ ᠬᠡᠷᠡᠭᠲᠡᠢ᠃ ᠨᠡᠷ᠎ᠡ | ᠮᠡᠳᠡᠭᠦᠯᠬᠦ ᠦᠶᠡᠰ ᠵᠥᠪ ᠤᠨᠤᠪᠴᠢᠲᠠᠢ ᠰᠤᠩᠭᠤᠭᠠᠷᠠᠢ᠂ ᠰᠢᠯᠭᠠᠯᠲᠠ ᠳᠤ ᠤᠷᠤᠯᠴᠠᠬᠤ ᠦᠭᠡ ᠬᠡᠯᠡ ᠦᠰᠦᠭ | ᠪᠢᠴᠢᠭ ᠢᠶᠠᠨ ᠰᠤᠩᠭᠤᠭᠰᠠᠨ ᠤ ᠳᠠᠷᠠᠭ᠎ᠠ ᠦᠭᠡᠷᠡᠴᠢᠯᠡᠵᠦ ᠳᠡᠶᠢᠯᠬᠦ ᠦᠭᠡᠢ᠃ | ︵ᠨᠠᠢᠮᠠ︶ ᠡᠯᠰᠡᠭᠦᠯᠦᠭᠴᠢ ᠨᠡᠷ᠎ᠡ ᠮᠡᠳᠡᠭᠦᠯᠵᠦ ᠬᠢᠷᠢ ᠬᠡᠮ ᠤᠨ ᠬᠢᠨᠠᠯᠲᠠ ᠳᠠᠭᠤᠰᠤᠭᠰᠠᠨ ᠤ ᠳᠠᠷᠠᠭ᠎ᠠ | ᠰᠦᠯᠵᠢᠶᠡᠨ ᠤ ᠪᠠᠩᠬᠢ ᠪᠠᠷ ᠳᠠᠮᠵᠢᠵᠦ ᠰᠦᠢᠳᠬᠡᠯ ᠢᠶᠠᠨ ᠲᠤᠰᠢᠶᠠᠨ᠎ᠠ᠃ ᠦᠪᠥᠷ ᠮᠤᠩᠭᠤᠯ ᠤᠨ ᠦᠪᠡᠷᠲᠡᠭᠡᠨ | ᠵᠠᠰᠠᠬᠤ ᠣᠷᠤᠨ ᠤ ᠲᠦᠯᠦᠪᠯᠡᠭᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠤᠨ ︽ᠡᠯ᠎ᠡ ᠲᠦᠷᠦᠯ ᠤᠨ | ᠲᠤᠰᠬᠠᠢ ᠮᠡᠷᠭᠡᠵᠢᠯ ᠤᠨ ᠬᠢᠷᠢ ᠬᠡᠮ᠂ ᠠᠵᠢᠯ ᠡᠷᠬᠢᠯᠡᠬᠦ ᠬᠢᠷᠢ ᠬᠡᠮ ᠤᠨ ᠰᠢᠯᠭᠠᠯᠲᠠ ᠵᠡᠷᠭᠡ ᠶᠢᠨ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠲᠤᠭᠲᠠᠭᠠᠬᠤ ᠲᠤᠬᠠᠢ ᠴᠤᠬᠤᠯᠠᠪᠤᠷᠢ︾ ︵ᠦᠪᠦᠷ ᠲᠦᠯᠦᠪᠯᠡᠭᠡ ᠰᠦᠢᠳᠬᠡᠯ ᠦᠰᠦᠭ ﹇ | 2002﹈︶ ᠶᠢᠨ ᠲᠤᠭᠲᠠᠭᠠᠯ ᠢ ᠦᠨᠳᠦᠰᠦᠯᠡᠨ᠂ ᠬᠦᠮᠦᠨ ᠪᠦᠷᠢ 20 ᠲᠦᠭᠦᠷᠢᠭ ᠤᠨ ᠨᠡᠷ᠎ᠡ ᠮᠡᠳᠡᠭᠦᠯᠬᠦ | ᠰᠦᠢᠳᠬᠡᠯ᠂ ᠪᠢᠷ ᠤᠨ ᠰᠢᠯᠭᠠᠯᠲᠠ ᠶᠢᠨ ᠰᠢᠯᠭᠠᠯᠲᠠ ᠶᠢᠨ ᠶᠠᠪᠤᠳᠠᠯ ᠤᠨ ᠰᠦᠢᠳᠬᠡᠯ 50 ᠲᠦᠭᠦᠷᠢᠭ ᠬᠤᠷᠢᠶᠠᠨ᠎ᠠ᠃ | ᠲᠤᠭᠲᠠᠭᠠᠭᠰᠠᠨ ᠬᠤᠭᠤᠴᠠᠭᠠᠨ ᠤ ᠲᠤᠲᠤᠷ᠎ᠠ ᠰᠦᠢᠳᠬᠡᠯ ᠢᠶᠠᠨ ᠲᠤᠰᠢᠶᠠᠬᠤ ᠦᠭᠡᠢ ᠪᠣᠯ ᠨᠡᠷ᠎ᠡ ᠮᠡᠳᠡᠭᠦᠯᠬᠦ ᠪᠠᠨ | ᠲᠠᠶᠠᠭᠳᠠᠭᠰᠠᠨ ᠳᠤ ᠲᠤᠭᠠᠴᠠᠨ᠎ᠠ᠃ ᠡᠰᠡᠷᠭᠦᠴᠡᠰᠢ ᠦᠭᠡᠢ ᠬᠦᠴᠦᠨ ᠵᠦᠢᠯ ᠠᠴᠠ ᠪᠣᠯᠵᠤ ᠰᠢᠯᠭᠠᠯᠲᠠ ᠳᠤ | ᠤᠷᠤᠯᠴᠠᠭᠰᠠᠨ ᠦᠭᠡᠢ ᠪᠢᠰᠢ ᠪᠣᠯ ᠪᠦᠷ ᠨᠡᠷ᠎ᠡ ᠮᠡᠳᠡᠭᠦᠯᠬᠦ ᠰᠦᠢᠳᠬᠡᠯ᠂ ᠰᠢᠯᠭᠠᠯᠲᠠ ᠶᠢᠨ ᠰᠦᠢᠳᠬᠡᠯ ᠢ ᠪᠤᠴᠠᠭᠠᠬᠤ | ᠦᠭᠡᠢ᠃ | ︵ᠶᠢᠰᠦ︶ ᠰᠢᠯᠭᠠᠯᠲᠠ ᠶᠢᠨ ᠶᠠᠪᠤᠳᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠬᠦ᠃ 2019 ᠤᠨ ᠳᠤ | ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠲᠠᠨ ᠤ ᠨᠡᠷ᠎ᠡ | ᠮᠡᠳᠡᠭᠦᠯᠬᠦ ᠰᠦᠢᠳᠭᠡᠯ᠂ ᠰᠢᠯᠭᠠᠯᠲᠠ ᠶᠢᠨ ᠶᠠᠪᠤᠳᠠᠯ ᠤᠨ ᠰᠦᠢᠳᠬᠡᠯ ᠢ ᠬᠠᠭᠠᠰ ᠢᠶᠠᠷ ᠬᠤᠷᠢᠶᠠᠨ᠎ᠠ᠃ 2020 | ᠤᠨ ᠳᠤ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠬᠦ ᠤᠶᠤᠲᠠᠨ᠂ | ᠬᠦᠳᠡᠭᠡ ᠲᠤᠰᠬᠤᠨ ᠮᠠᠯᠵᠢᠬᠤ ᠣᠷᠤᠨ ᠤ ᠶᠠᠳᠠᠭᠤ ᠬᠦᠴᠢᠷᠲᠡᠯᠲᠡᠢ ᠡᠷᠦᠬᠡ ᠪᠠ ᠬᠤᠲᠠ ᠪᠠᠯᠭᠠᠰᠤᠨ ᠤ ᠳᠤᠤᠷ᠎ᠠ | ᠪᠠᠲᠤᠯᠠᠭ᠎ᠠ ᠪᠦᠬᠦᠢ ᠭᠡᠷ ᠪᠦᠯᠢ ᠶᠢᠨ ᠡᠯᠰᠡᠭᠦᠯᠦᠭᠴᠢ ᠶᠢᠨ ᠨᠡᠷ᠎ᠡ ᠮᠡᠳᠡᠭᠦᠯᠬᠦ ᠰᠦᠢᠳᠬᠡᠯ᠂ ᠰᠢᠯᠭᠠᠯᠲᠠ ᠶᠢᠨ | ᠶᠠᠪᠤᠳᠠᠯ ᠤᠨ ᠰᠦᠢᠳᠬᠡᠯ ᠢ ᠬᠡᠯᠲᠦᠷᠢᠭᠦᠯᠦᠨ᠎ᠡ᠃ ᠰᠦᠯᠵᠢᠶ᠎ᠡ ᠪᠠᠷ ᠰᠦᠢᠳᠬᠡᠯ ᠲᠤᠰᠢᠶᠠᠨ᠎ᠠ᠃ | ᠲᠠᠪᠤ᠂ ᠪᠢᠷ ᠤᠨ ᠰᠢᠯᠭᠠᠯᠲᠠ | ᠪᠢᠷ ᠤᠨ ᠰᠢᠯᠭᠠᠯᠲᠠ ᠶᠢ ᠬᠤᠰᠢᠭᠤ ᠰᠢᠶᠠᠨ ᠲᠣᠭᠤᠷᠢᠭ ᠲᠤ ᠰᠢᠯᠭᠠᠯᠲᠠ ᠶᠢᠨ ᠲᠠᠯᠠᠪᠠᠢ ᠲᠣᠬᠢᠷᠠᠭᠤᠯᠵᠤ᠂ | ᠬᠤᠰᠢᠭᠤ ᠰᠢᠶᠠᠨ ᠲᠣᠭᠤᠷᠢᠭ ᠤᠨ ᠬᠦᠳᠡᠯᠮᠦᠷᠢ ᠬᠦᠴᠦᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠲᠤᠰ | ᠭᠠᠵᠠᠷ ᠣᠷᠤᠨ ᠤ ᠪᠠᠨ ᠪᠢᠷ ᠤᠨ ᠰᠢᠯᠭᠠᠯᠲᠠ ᠶᠢᠨ ᠰᠢᠯᠭᠠᠯᠲᠠ ᠶᠢᠨ ᠶᠠᠪᠤᠳᠠᠯ ᠤᠨ ᠠᠵᠢᠯ ᠢ ᠬᠠᠷᠢᠭᠤᠴᠠᠨ᠎ᠠ᠃ | ᠡᠯᠰᠡᠭᠦᠯᠦᠭᠴᠢ ᠨᠡᠷ᠎ᠡ ᠮᠡᠳᠡᠭᠦᠯᠵᠦ ᠰᠢᠯᠭᠠᠬᠤ ᠠᠵᠢᠯ ᠤᠨ ᠪᠠᠶᠢᠷᠢ ᠶᠢᠨ ᠢᠶᠠᠨ ᠪᠠᠶᠢᠭ᠎ᠠ ᠬᠤᠰᠢᠭᠤ ᠰᠢᠶᠠᠨ | ᠲᠣᠭᠤᠷᠢᠭ ᠲᠤ ᠪᠢᠷ ᠤᠨ ᠰᠢᠯᠭᠠᠯᠲᠠ ᠳᠤ ᠤᠷᠤᠯᠴᠠᠨ᠎ᠠ᠃ | ︵ᠨᠢᠭᠡ︶ ᠪᠢᠷ ᠤᠨ ᠰᠢᠯᠭᠠᠯᠲᠠ ᠶᠢᠨ ᠠᠭᠤᠯᠭ᠎ᠠ | ᠭᠤᠤᠯᠳᠠᠭᠤ ᠡᠯᠰᠡᠭᠦᠯᠦᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠢ ᠰᠢᠯᠭᠠᠨ᠎ᠠ᠂ ᠠᠭᠤᠯᠭ᠎ᠠ ᠨᠢ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ᠤ ᠡᠷᠬᠡᠪᠰᠢ ᠪᠦᠷᠢᠯᠳᠦᠭᠦᠯᠬᠦ ᠨᠡᠶᠢᠲᠡ ᠶᠢᠨ ᠰᠠᠭᠤᠷᠢ ᠮᠡᠳᠡᠯᠭᠡ ᠪᠠ | ᠦᠨᠳᠦᠰᠦᠨ ᠴᠢᠳᠠᠪᠤᠷᠢ ᠪᠠᠶᠢᠵᠤ᠂ ᠪᠦᠷᠢᠨ ᠬᠤᠪᠢ ᠨᠢ 100 ᠬᠤᠪᠢ ᠶᠢᠨ ᠰᠢᠯᠭᠠᠯᠲᠠ ᠪᠣᠯᠤᠨ᠎ᠠ᠃ | ︵ᠬᠤᠶᠠᠷ︶ ᠪᠢᠷ ᠤᠨ ᠰᠢᠯᠭᠠᠯᠲᠠ ᠶᠢᠨ ᠬᠠᠭᠤᠳᠠᠰᠤ ᠶᠢᠨ ᠲᠦᠷᠦᠯ ᠵᠦᠢᠯ ᠪᠠ ᠱᠠᠭᠠᠷᠳᠠᠯᠭ᠎ᠠ | ᠪᠢᠷ ᠤᠨ ᠰᠢᠯᠭᠠᠯᠲᠠ ᠳᠤ ᠮᠤᠩᠭᠤᠯ ᠬᠢᠲᠠᠳ ᠬᠤᠶᠠᠷ ᠬᠡᠯᠡᠨ ᠤ ᠰᠢᠯᠭᠠᠯᠲᠠ ᠶᠢᠨ ᠬᠠᠭᠤᠳᠠᠰᠤ ᠪᠠᠶᠢᠵᠤ᠂ ︽ | ᠮᠤᠩᠭᠤᠯ ᠢᠶᠠᠷ ᠬᠢᠴᠢᠶᠡᠯᠯᠡᠭᠰᠡᠨ ᠤᠶᠤᠲᠠᠨ︾᠂ ︽ᠮᠤᠩᠭᠤᠯ ᠬᠢᠲᠠᠳ ᠬᠤᠤᠰ ᠬᠡᠯᠡᠨ ᠳᠤ ᠨᠡᠪᠲᠡᠷᠬᠡᠢ︾ ᠠᠵᠢᠯ ᠤᠨ | ᠪᠠᠶᠢᠷᠢ ᠳᠤ ᠡᠯᠰᠡᠭᠦᠯᠦᠭᠴᠢ ᠡᠷᠬᠡᠪᠰᠢ ᠮᠤᠩᠭᠤᠯ ᠬᠡᠯᠡᠨ ᠤ ᠰᠢᠯᠭᠠᠯᠲᠠ ᠶᠢᠨ ᠬᠠᠭᠤᠳᠠᠰᠤ ᠶᠢ ᠰᠤᠩᠭᠤᠵᠤ᠂ ᠪᠤᠰᠤᠳ | ᠰᠢᠯᠭᠠᠭᠤᠯᠤᠭᠴᠢ ᠰᠢᠯᠭᠠᠯᠲᠠ ᠶᠢᠨ ᠬᠠᠭᠤᠳᠠᠰᠤᠨ ᠤ ᠦᠰᠦᠭ ᠪᠢᠴᠢᠭ ᠢᠶᠠᠨ ᠦᠪᠡᠷᠲᠡᠭᠡᠨ ᠰᠤᠩᠭᠤᠨ᠎ᠠ᠃ | ︵ᠭᠤᠷᠪᠠ︶ ᠰᠢᠯᠭᠠᠭᠤᠯᠬᠤ ᠲᠡᠮᠳᠡᠭ ᠢᠶᠠᠨ ᠳᠠᠷᠤᠮᠠᠯᠯᠠᠬᠤ ᠬᠤᠭᠤᠴᠠᠭ᠎ᠠ | ᠡᠯᠰᠡᠭᠦᠯᠦᠭᠴᠢ ᠡᠷᠬᠡᠪᠰᠢ ᠪᠢᠷ ᠤᠨ ᠰᠢᠯᠭᠠᠯᠲᠠ ᠠᠴᠠ ᠡᠮᠦᠨ᠎ᠡ 5 ᠡᠳᠦᠷ ᠤᠨ ᠲᠤᠲᠤᠷ᠎ᠠ ᠤᠯᠠᠭᠠᠨᠬᠠᠳᠠ | ᠬᠤᠲᠠ ᠶᠢᠨ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠠᠯᠪᠠᠨ | ᠰᠦᠯᠵᠢᠶᠡᠨ ᠳᠤ ᠤᠷᠤᠵᠤ ᠪᠢᠷ ᠤᠨ ᠰᠢᠯᠭᠠᠯᠲᠠ ᠶᠢᠨ ᠰᠢᠯᠭᠠᠭᠤᠯᠬᠤ ᠲᠡᠮᠳᠡᠭ ᠢᠶᠠᠨ ᠦᠪᠡᠷᠲᠡᠭᠡᠨ ᠳᠠᠷᠤᠮᠠᠯᠯᠠᠨ᠎ᠠ᠃ | ᠴᠠᠭ ᠬᠤᠭᠤᠴᠠᠭ᠎ᠠ ᠨᠢ ᠬᠡᠷᠪᠡ ᠬᠤᠪᠢᠷᠠᠯᠲᠠ ᠲᠠᠢ ᠪᠣᠯ ᠲᠠᠬᠢᠨ ᠮᠡᠳᠡᠭᠳᠡᠨ᠎ᠡ᠂ ᠡᠯᠰᠡᠭᠦᠯᠦᠭᠴᠢ ᠴᠠᠭ | ᠢᠮᠠᠭᠲᠠ ᠠᠩᠬᠠᠷᠤᠭᠠᠷᠠᠢ᠃ | ︵ᠲᠠᠪᠤ︶ ᠪᠢᠷ ᠤᠨ ᠰᠢᠯᠭᠠᠯᠲᠠ ᠶᠢᠨ ᠭᠠᠵᠠᠷ | ᠨᠠᠷᠢᠨ ᠪᠠᠶᠢᠳᠠᠯ ᠢ ︽ᠰᠢᠯᠭᠠᠭᠤᠯᠬᠤ ᠲᠡᠮᠳᠡᠭ︾ ᠳᠡᠭᠡᠷᠡᠬᠢ ᠰᠢᠯᠭᠠᠯᠲᠠ ᠶᠢᠨ ᠭᠠᠵᠠᠷ ᠢ ᠦᠵᠡᠭᠡᠷᠡᠢ᠃ | ᠡᠯᠰᠡᠭᠦᠯᠦᠭᠴᠢ ᠪᠢᠷ ᠤᠨ ᠰᠢᠯᠭᠠᠯᠲᠠ ᠳᠤ ᠣᠷᠤᠯᠴᠠᠬᠤ ᠳᠠᠭᠠᠨ ᠡᠷᠬᠡᠪᠰᠢ ᠲᠤᠰ ᠬᠦᠮᠦᠨ ᠤ ᠬᠦᠴᠦᠨ | ᠪᠦᠬᠦᠢ ᠬᠤᠭᠤᠴᠠᠭᠠᠨ ᠳᠠᠬᠢ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ︵ᠲᠦᠷ ᠴᠠᠭ ᠤᠨ ᠪᠡᠶ᠎ᠡ ᠶᠢᠨ ᠦᠨᠡᠮᠯᠡᠯ | ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠫᠠᠰᠫᠤᠷᠲ︶᠂ ᠰᠢᠯᠭᠠᠭᠤᠯᠬᠤ ᠲᠡᠮᠳᠡᠭ ᠢᠶᠠᠨ ᠠᠪᠴᠤ ᠤᠴᠢᠬᠤ ᠬᠡᠷᠡᠭᠲᠡᠢ᠂ | ᠡᠰᠡᠪᠡᠯ ᠰᠢᠯᠭᠠᠯᠲᠠ ᠳᠤ ᠣᠷᠤᠯᠴᠠᠭᠤᠯᠬᠤ ᠦᠭᠡᠢ᠃ | ︵ᠵᠢᠷᠭᠤᠭ᠎ᠠ︶ ᠪᠢᠷ ᠤᠨ ᠰᠢᠯᠭᠠᠯᠲᠠ ᠳᠤ ᠬᠤᠪᠢ ᠨᠡᠮᠡᠬᠦ | ᠮᠤᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠣᠷᠴᠤᠨ ᠦᠨᠳᠦᠰᠦᠲᠡᠨ᠂ ᠡᠸᠡᠩᠬᠢ | ᠦᠨᠳᠦᠰᠦᠲᠡᠨ ᠤ ᠡᠯᠰᠡᠭᠦᠯᠦᠭᠴᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠳᠡᠭᠡᠷ᠎ᠡ 2.5 ᠬᠤᠪᠢ ᠨᠡᠮᠡᠨ᠎ᠡ᠃ | | ︵ᠳᠤᠯᠤᠭ᠎ᠠ︶ ᠪᠢᠷ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢ ᠪᠣᠳᠤᠬᠤ ᠠᠷᠭ᠎ᠠ | ᠪᠢᠷ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ = ᠪᠢᠷ ᠤᠨ ᠰᠢᠯᠭᠠᠯᠲᠠ ᠶᠢᠨ ᠬᠢᠷᠢ ᠪᠦᠲᠦᠮᠵᠢ + | ᠲᠦᠷᠦ ᠶᠢᠨ ᠪᠣᠳᠤᠯᠭ᠎ᠠ ᠶᠢᠨ ᠬᠠᠷᠠᠭᠠᠯᠵᠠᠯ ᠤᠨ ᠬᠤᠪᠢ | ︵ᠨᠠᠢᠮᠠ︶ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ | ᠪᠢᠷ ᠤᠨ ᠰᠢᠯᠭᠠᠯᠲᠠ ᠶᠢᠨ ᠬᠠᠭᠤᠳᠠᠰᠤ ᠶᠢ ᠬᠢᠨᠠᠵᠤ ᠳᠠᠭᠤᠰᠤᠭᠰᠠᠨ ᠤ ᠳᠠᠷᠠᠭ᠎ᠠ᠂ ᠤᠯᠠᠭᠠᠨᠬᠠᠳᠠ | ᠬᠤᠲᠠ ᠶᠢᠨ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠠᠯᠪᠠᠨ | ᠰᠦᠯᠵᠢᠶᠡᠨ ᠳᠤ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠨ᠎ᠡ᠃ | ︵ᠶᠢᠰᠦ︶ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠢ ᠪᠠᠶᠢᠳᠠᠯ ᠢ ᠦᠨᠳᠦᠰᠦᠯᠡᠨ᠂ | ᠪᠢᠷ ᠤᠨ ᠰᠢᠯᠭᠠᠯᠲᠠ ᠶᠢᠨ ᠬᠠᠮᠤᠭ ᠳᠤᠤᠷ᠎ᠠ ᠬᠢᠷᠢ ᠲᠡᠩᠴᠡᠬᠦ ᠬᠤᠪᠢ ᠶᠢᠨ ᠪᠠᠷᠢᠮᠵᠢᠶ᠎ᠠ ᠶᠢ ᠲᠤᠭᠲᠠᠭᠠᠨ᠎ᠠ᠃ | ︵ᠠᠷᠪᠠ︶ ᠪᠢᠷ ᠤᠨ ᠰᠢᠯᠭᠠᠯᠲᠠ ᠶᠢᠨ ᠬᠠᠭᠤᠳᠠᠰᠤ ᠶᠢ ᠬᠢᠨᠠᠬᠤ ᠠᠵᠢᠯ ᠢ ᠠᠦ᠋ᠲ᠋ᠤᠴᠢᠯᠠᠭᠰᠠᠨ | ᠰᠢᠰᠲ᠋ᠧᠮ ᠢᠶᠠᠷ ᠭᠦᠢᠴᠡᠳᠬᠡᠵᠦ᠂ ᠬᠦᠮᠦᠨ ᠤ ᠬᠦᠴᠦ ᠪᠠᠷ ᠬᠤᠪᠢ ᠳᠠᠩᠰᠠᠯᠠᠬᠤ᠂ ᠬᠤᠪᠢ ᠬᠠᠷᠭᠤᠭᠤᠯᠬᠤ ᠶᠠᠪᠤᠴᠠ | ᠪᠠᠶᠢᠬᠤ ᠦᠭᠡᠢ᠂ ᠰᠢᠯᠭᠠᠯᠲᠠ ᠳᠤ ᠣᠷᠤᠯᠴᠠᠬᠤ ᠦᠭᠡᠢ᠂ ᠰᠠᠬᠢᠯᠭ᠎ᠠ ᠪᠠᠲᠤ ᠶᠢ ᠵᠦᠷᠢᠴᠡᠬᠦ᠂ ᠲᠡᠭ ᠬᠤᠪᠢ ᠵᠡᠷᠭᠡ | ᠤᠨᠴᠠᠭᠠᠢ ᠪᠠᠶᠢᠳᠠᠯ ᠦᠭᠡᠢ ᠪᠣᠯ ᠡᠯᠰᠡᠭᠦᠯᠦᠭᠴᠢ ᠬᠤᠪᠢ ᠪᠠᠨ ᠪᠠᠶᠢᠴᠠᠭᠠᠬᠤ ᠡᠷᠡᠮᠡᠯᠵᠡᠯ ᠢ ᠬᠦᠯᠢᠶᠡᠨ ᠰᠢᠢᠳᠪᠦᠷᠢᠯᠡᠬᠦ | ᠦᠭᠡᠢ᠃ | ᠵᠢᠷᠭᠤᠭ᠎ᠠ᠂ ᠨᠢᠭᠤᠷᠲᠠᠬᠤ ᠰᠢᠯᠭᠠᠯᠲᠠ ᠳᠤ ᠤᠷᠤᠯᠴᠠᠬᠤ ᠬᠦᠮᠦᠨ ᠤ ᠲᠤᠭ᠎ᠠ ᠶᠢ ᠲᠤᠭᠲᠠᠭᠠᠬᠤ | ᠤᠷᠢᠵᠤ ᠡᠯᠰᠡᠬᠦ ᠠᠵᠢᠯ ᠤᠨ ᠪᠠᠶᠢᠷᠢ ᠶᠢᠨ ᠲᠦᠯᠦᠪᠯᠡᠭᠡ ᠶᠢᠨ ᠤᠷᠢᠵᠤ ᠡᠯᠰᠡᠬᠦ ᠬᠦᠮᠦᠨ ᠤ ᠲᠤᠭ᠎ᠠ ᠪᠠ | ᠨᠢᠭᠤᠷᠲᠠᠬᠤ ᠰᠢᠯᠭᠠᠯᠲᠠ ᠳᠤ ᠤᠷᠤᠯᠴᠠᠬᠤ ᠬᠦᠮᠦᠨ ᠤ ᠲᠣᠭᠠᠨ ᠤ ᠬᠠᠷᠢᠴᠠᠯ ᠨᠢ 1᠄ 3 ᠪᠠᠶᠢᠵᠤ᠂ ᠪᠢᠷ ᠤᠨ | ᠰᠢᠯᠭᠠᠯᠲᠠ ᠶᠢᠨ ᠬᠢᠷᠢ ᠪᠦᠲᠦᠮᠵᠢ ᠨᠢ ᠬᠠᠮᠤᠭ ᠳᠤᠤᠷ᠎ᠠ ᠬᠢᠷᠢ ᠲᠡᠩᠴᠡᠬᠦ ᠪᠠᠷᠢᠮᠵᠢᠶ᠎ᠠ ᠬᠤᠪᠢ ᠳᠤ ᠬᠦᠷᠦᠭᠰᠡᠳ | ᠲᠤᠲᠤᠷ᠎ᠠ ᠠᠴᠠ ᠨᠢᠭᠤᠷᠲᠠᠨ ᠰᠢᠯᠭᠠᠬᠤ ᠬᠦᠮᠦᠰ ᠢ ᠲᠤᠭᠲᠠᠭᠠᠨ᠎ᠠ᠃ ᠠᠵᠢᠯ ᠤᠨ ᠪᠠᠶᠢᠷᠢ ᠶᠢᠨ ᠤᠷᠢᠵᠤ ᠡᠯᠰᠡᠬᠦ | ᠬᠦᠮᠦᠨ ᠤ ᠲᠤᠭ᠎ᠠ ᠨᠢ 1 ᠦᠶᠡᠰ᠂ ᠬᠠᠮᠤᠭ ᠳᠤᠤᠷ᠎ᠠ ᠬᠤᠪᠢ ᠶᠢᠨ ᠪᠠᠷᠢᠮᠵᠢᠶ᠎ᠡ ᠳᠤ ᠬᠦᠷᠦᠭᠰᠡᠳ 3 ᠲᠠᠢ | ᠲᠡᠩᠴᠡᠭᠦᠦ ᠪᠤᠶᠤ ᠪᠠᠭ᠎ᠠ ᠪᠣᠯ᠂ ᠪᠤᠳᠠᠲᠤ ᠬᠦᠮᠦᠨ ᠤ ᠲᠤᠭ᠎ᠠ ᠪᠠᠷ ᠨᠢᠭᠤᠷᠲᠠᠬᠤ ᠰᠢᠯᠭᠠᠯᠲᠠ ᠳᠤ ᠤᠷᠤᠯᠴᠠᠨ᠎ᠠ᠃ | ᠬᠠᠮᠤᠭ ᠳᠤᠤᠷ᠎ᠠ ᠬᠤᠪᠢ ᠶᠢᠨ ᠪᠠᠷᠢᠮᠵᠢᠶ᠎ᠠ ᠳᠤ ᠬᠦᠷᠦᠭᠰᠡᠳ 3 ᠬᠦᠮᠦᠨ ᠠᠴᠠ ᠤᠯᠠᠨ ᠪᠣᠯ ᠡᠮᠦᠨ᠎ᠡ 3 ᠨᠡᠷ᠎ᠡ ᠨᠢ | ᠨᠢᠭᠤᠷᠲᠠᠬᠤ ᠰᠢᠯᠭᠠᠯᠲᠠ ᠳᠤ ᠤᠷᠤᠯᠴᠠᠨ᠎ᠠ᠃ ᠠᠵᠢᠯ ᠤᠨ ᠪᠠᠶᠢᠷᠢ ᠶᠢᠨ ᠤᠷᠢᠵᠤ ᠡᠯᠰᠡᠬᠦ ᠬᠦᠮᠦᠨ ᠤ ᠲᠤᠭ᠎ᠠ ᠨᠢ 1 | ᠬᠦᠮᠦᠨ ᠠᠴᠠ ᠤᠯᠠᠨ ᠪᠣᠯ᠂ ᠲᠠᠬᠢᠨ ᠲᠣᠭᠠᠨ ᠤ ᠬᠠᠷᠢᠴᠠᠯ ᠢᠶᠠᠷ ᠨᠢᠭᠤᠷᠲᠠᠬᠤ ᠬᠦᠮᠦᠨ ᠤ ᠲᠤᠭ᠎ᠠ ᠶᠢ ᠲᠤᠭᠲᠠᠭᠠᠨ᠎ᠠ᠃ | ᠬᠠᠷᠢᠴᠠᠯ ᠶᠤᠰᠤᠭᠠᠷ ᠨᠢᠭᠤᠷᠲᠠᠬᠤ ᠬᠡᠪᠴᠢᠶᠡᠨ ᠳᠤ ᠣᠷᠤᠭᠰᠠᠳ ᠲᠤ ᠬᠡᠷᠪᠡ ᠠᠳᠠᠯᠢ ᠬᠤᠪᠢ ᠢᠯᠡᠷᠡᠭᠰᠡᠨ ᠪᠣᠯ | ᠮᠦᠨ ᠨᠢᠭᠤᠷᠲᠠᠬᠤ ᠰᠢᠯᠭᠠᠯᠲᠠ ᠶᠢᠨ ᠬᠡᠪᠴᠢᠶᠡᠨ ᠳᠤ ᠪᠠᠭᠲᠠᠭᠠᠨ᠎ᠠ᠃ ᠨᠢᠭᠤᠷᠲᠠᠬᠤ ᠰᠢᠯᠭᠠᠯᠲᠠ ᠳᠤ ᠤᠷᠤᠭᠰᠠᠳ | ᠬᠡᠷᠪᠡ ᠶᠠᠮᠠᠷ ᠨᠢᠭᠡᠨ ᠰᠢᠯᠲᠠᠭᠠᠨ ᠠᠴᠠ ᠨᠢᠭᠤᠷᠲᠠᠬᠤ ᠶᠢ ᠲᠠᠶᠠᠭᠳᠠᠪᠠᠯ ᠪᠢᠷ ᠤᠨ ᠰᠢᠯᠭᠠᠯᠲᠠ ᠶᠢᠨ ᠶᠡᠷᠦᠩᠬᠡᠢ ᠬᠢᠷᠢ | ᠪᠦᠲᠦᠮᠵᠢ ᠶᠢᠨ ᠬᠤᠪᠢ ᠶᠢᠨ ᠳᠠᠷᠠᠭᠠᠯᠠᠯ ᠢᠶᠠᠷ ᠲᠠᠷᠠᠭᠠᠴᠢ ᠶᠢᠨ ᠬᠦᠮᠦᠰ ᠠᠴᠠ ᠨᠦᠬᠦᠵᠦ ᠡᠯᠰᠡᠨ᠎ᠡ᠃ | ᠨᠢᠭᠤᠷᠲᠠᠬᠤ ᠰᠢᠯᠭᠠᠯᠲᠠ ᠶᠢᠨ ᠬᠡᠪᠴᠢᠶᠡᠨ ᠳᠤ ᠣᠷᠤᠭᠰᠠᠳ ᠨᠢᠭᠤᠷᠲᠠᠬᠤ ᠰᠢᠯᠭᠠᠯᠲᠠ ᠠᠴᠠ 7 ᠡᠳᠦᠷ ᠤᠨ | ᠡᠮᠦᠨ᠎ᠡ ︵ᠪᠤᠳᠠᠲᠠᠢ ᠴᠠᠭ ᠢ ᠲᠠᠬᠢᠨ ᠮᠡᠳᠡᠭᠳᠡᠨ᠎ᠡ︶ ᠨᠡᠷ᠎ᠡ ᠮᠡᠳᠡᠭᠦᠯᠦᠭᠰᠡᠨ ᠰᠦᠯᠵᠢᠶᠡᠨ ᠳᠤ ᠨᠢᠭᠤᠷᠲᠠᠬᠤ | ᠰᠢᠯᠭᠠᠯᠲᠠ ᠳᠤ ᠤᠷᠤᠯᠴᠠᠬᠤ ᠨᠤᠲᠠᠯᠠᠭ᠎ᠠ ᠬᠢᠬᠦ ᠶᠢᠨ ᠬᠠᠮᠲᠤ ᠨᠢᠭᠤᠷᠲᠠᠬᠤ ᠰᠢᠯᠭᠠᠯᠲᠠ ᠶᠢᠨ ᠦᠭᠡ ᠬᠡᠯᠡ ᠪᠠᠨ | ᠰᠤᠩᠭᠤᠨ᠎ᠠ᠃ | ᠳᠤᠯᠤᠭ᠎ᠠ᠂ ᠨᠢᠭᠤᠷᠲᠠᠬᠤ ᠰᠢᠯᠭᠠᠯᠲᠠ | ︵ᠨᠢᠭᠡ︶ ᠨᠢᠭᠤᠷᠲᠠᠬᠤ ᠰᠢᠯᠭᠠᠯᠲᠠ ᠶᠢᠨ ᠠᠵᠢᠯ ᠢ ᠡᠯ᠎ᠡ ᠬᠤᠰᠢᠭᠤ ᠰᠢᠶᠠᠨ ᠲᠣᠭᠤᠷᠢᠭ ᠤᠨ ᠬᠦᠳᠡᠯᠮᠦᠷᠢ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠬᠠᠷᠢᠭᠤᠴᠠᠵᠤ ᠵᠤᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ | ︵ᠬᠤᠶᠠᠷ︶ ᠪᠦᠲᠦᠴᠡᠵᠢᠭᠰᠡᠨ ᠨᠢᠭᠤᠷᠲᠠᠬᠤ ᠰᠢᠯᠭᠠᠯᠲᠠ ᠶᠢᠨ ᠠᠷᠭ᠎ᠠ ᠬᠡᠯᠪᠡᠷᠢ ᠶᠢ ᠠᠪᠴᠤ᠂ ᠪᠦᠷᠢᠨ | ᠬᠤᠪᠢ ᠨᠢ 100 ᠬᠤᠪᠢ᠃ | ︵ᠭᠤᠷᠪᠠ︶ ᠨᠢᠭᠤᠷᠲᠠᠬᠤ ᠰᠢᠯᠭᠠᠯᠲᠠ ᠶᠢᠨ ᠴᠠᠭ᠂ ᠭᠠᠵᠠᠷ ᠵᠡᠷᠭᠡ ᠶᠢ ᠡᠯ᠎ᠡ ᠬᠤᠰᠢᠭᠤ ᠰᠢᠶᠠᠨ | ᠲᠣᠭᠤᠷᠢᠭ ᠦᠪᠡᠷᠲᠡᠭᠡᠨ ᠲᠤᠭᠲᠠᠭᠠᠨ᠎ᠠ᠃ | ︵ᠳᠦᠷᠪᠡ︶ ︽ᠮᠤᠩᠭᠤᠯ ᠢᠶᠠᠷ ᠬᠢᠴᠢᠶᠡᠯᠯᠡᠭᠰᠡᠨ ᠤᠶᠤᠲᠠᠨ︾ ᠤ ᠠᠵᠢᠯ ᠤᠨ ᠪᠠᠶᠢᠷᠢ ᠳᠤ ᠡᠯᠰᠡᠭᠦᠯᠦᠭᠴᠢ | ᠨᠢᠭᠤᠷᠲᠠᠬᠤ ᠰᠢᠯᠭᠠᠯᠲᠠ ᠶᠢ ᠡᠷᠬᠡᠪᠰᠢ ᠮᠤᠩᠭᠤᠯ ᠬᠡᠯᠡ ᠪᠠᠷ ᠰᠢᠯᠭᠠᠬᠤ ᠬᠡᠷᠡᠭᠲᠡᠢ᠃ ︽ᠮᠤᠩᠭᠤᠯ ᠬᠢᠲᠠᠳ ᠬᠤᠤᠰ | ᠬᠡᠯᠡᠨ ᠳᠤ ᠨᠡᠪᠲᠡᠷᠬᠡᠢ︾ ᠠᠵᠢᠯ ᠤᠨ ᠪᠠᠶᠢᠷᠢ ᠳᠤ ᠡᠯᠰᠡᠭᠦᠯᠦᠭᠴᠢ ᠨᠢᠭᠤᠷᠲᠠᠬᠤ ᠰᠢᠯᠭᠠᠯᠲᠠ ᠶᠢ ᠡᠷᠬᠡᠪᠰᠢ ᠬᠢᠲᠠᠳ | ᠬᠡᠯᠡ ᠪᠠᠷ ᠰᠢᠯᠭᠠᠬᠤ ᠬᠡᠷᠡᠭᠲᠡᠢ᠃ ᠪᠤᠰᠤᠳ ᠠᠵᠢᠯ ᠤᠨ ᠪᠠᠶᠢᠷᠢ ᠳᠤ ᠡᠯᠰᠡᠭᠦᠯᠦᠭᠴᠢ ᠨᠢᠭᠤᠷᠲᠠᠬᠤ ᠰᠢᠯᠭᠠᠯᠲᠠ ᠶᠢᠨ | ᠬᠡᠯᠡ ᠪᠠᠨ ᠦᠪᠡᠷᠲᠡᠭᠡᠨ ᠰᠤᠩᠭᠤᠨ᠎ᠠ᠂ ᠭᠡᠪᠡᠴᠦ ᠵᠦᠪᠬᠡᠨ ᠨᠢᠭᠡ ᠯᠡ ᠲᠦᠷᠦᠯ ᠤᠨ ᠦᠭᠡ ᠬᠡᠯᠡ ᠶᠢ ᠬᠡᠷᠡᠭᠯᠡᠨ᠎ᠡ᠂ | ᠬᠤᠯᠢᠵᠤ ᠬᠡᠷᠡᠭᠯᠡᠵᠦ ᠪᠣᠯᠬᠤ ᠦᠭᠡᠢ᠃ ᠱᠠᠭᠠᠷᠳᠠᠯᠭ᠎ᠠ ᠶᠤᠰᠤᠭᠠᠷ ᠬᠠᠷᠢᠭᠤᠯᠬᠤ ᠦᠭᠡᠢ ᠪᠣᠯ ᠨᠢᠭᠤᠷᠲᠠᠬᠤ | ᠰᠢᠯᠭᠠᠯᠲᠠ ᠶᠢᠨ ᠪᠦᠲᠦᠮᠵᠢ ᠶᠢ ᠳᠡᠭ ᠬᠤᠪᠢ ᠪᠠᠷ ᠰᠢᠢᠳᠪᠦᠷᠢᠯᠡᠨ᠎ᠡ᠃ | ︵ᠲᠠᠪᠤ︶ ᠪᠤᠳᠠᠲᠠᠢ ᠨᠢᠭᠤᠷᠲᠠᠬᠤ ᠰᠢᠯᠭᠠᠯᠲᠠ ᠳᠤ ᠤᠷᠤᠯᠴᠠᠭᠰᠠᠨ ᠬᠦᠮᠦᠨ ᠤ ᠲᠤᠭ᠎ᠠ ᠨᠢ ᠲᠤᠰ | ᠠᠵᠢᠯ ᠤᠨ ᠪᠠᠶᠢᠷᠢ ᠶᠢᠨ ᠤᠷᠢᠵᠤ ᠡᠯᠰᠡᠬᠦ ᠲᠦᠯᠦᠪᠯᠡᠭᠡ ᠶᠢᠨ ᠲᠣᠭᠠᠨ ᠠᠴᠠ ᠪᠠᠭ᠎ᠠ ᠪᠤᠶᠤ ᠲᠡᠩᠴᠡᠭᠦᠦ ᠪᠣᠯ ᠲᠤᠰ | ᠪᠠᠶᠢᠷᠢᠨ ᠳᠤ ᠡᠯᠰᠡᠭᠦᠯᠦᠭᠴᠢ ᠶᠢᠨ ᠨᠢᠭᠤᠷᠲᠠᠬᠤ ᠰᠢᠯᠭᠠᠯᠲᠠ ᠶᠢᠨ ᠬᠢᠷᠢ ᠪᠦᠲᠦᠮᠵᠢ ᠡᠷᠬᠡᠪᠰᠢ 60 ᠬᠤᠪᠢ ᠠᠴᠠ | ᠳᠡᠭᠡᠭᠰᠢ ᠪᠠᠶᠢᠪᠠᠯ ᠰᠠᠶ᠋ᠢ ᠳᠠᠷᠠᠭ᠎ᠠ ᠨᠢᠭᠡ ᠭᠤᠭᠴᠤᠭ᠎ᠠ ᠳᠤ ᠤᠷᠤᠵᠤ ᠲᠡᠶᠢᠯᠦᠨ᠎ᠡ᠃ | ︵ᠵᠢᠷᠭᠤᠭ᠎ᠠ︶ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢ ᠪᠣᠳᠤᠬᠤ | ᠪᠢᠷ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ᠂ ᠨᠢᠭᠤᠷᠲᠠᠬᠤ ᠰᠢᠯᠭᠠᠯᠲᠠ ᠶᠢᠨ ᠬᠢᠷᠢ | ᠪᠦᠲᠦᠮᠵᠢ ᠶᠢ ᠲᠤᠰᠪᠤᠷᠢ 50% ᠶᠢᠨ ᠬᠠᠷᠢᠴᠠᠯ ᠢᠶᠠᠷ ᠪᠤᠳᠤᠵᠤ ᠡᠯᠰᠡᠭᠦᠯᠦᠭᠴᠢ ᠶᠢᠨ ᠰᠢᠯᠭᠠᠯᠲᠠ ᠶᠢᠨ ᠶᠡᠷᠦᠩᠬᠡᠢ | ᠬᠢᠷᠢ ᠪᠦᠲᠦᠮᠵᠢ ᠶᠢ ᠪᠤᠳᠤᠨ᠎ᠠ᠃ | ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ = ︵ᠪᠢᠷ ᠤᠨ ᠰᠢᠯᠭᠠᠯᠲᠠ ᠶᠢᠨ ᠬᠢᠷᠢ ᠪᠦᠲᠦᠮᠵᠢ + | ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠤᠨ ᠬᠤᠪᠢ︶×50% + ᠨᠢᠭᠤᠷᠲᠠᠬᠤ ᠰᠢᠯᠭᠠᠯᠲᠠ ᠶᠢᠨ ᠬᠢᠷᠢ | ᠪᠦᠲᠦᠮᠵᠢ×50% | ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢ ᠡᠩ ᠤᠨ ᠪᠠᠶᠢᠳᠠᠯ ᠳᠤ ᠪᠤᠲᠠᠷᠬᠠᠢ ᠶᠢᠨ ᠴᠡᠭ ᠤᠨ | ᠬᠤᠶᠢᠨ᠎ᠠ ᠬᠤᠶᠠᠷ ᠤᠷᠤᠨ ᠦᠯᠡᠲᠡᠭᠡᠨᠡ᠃ ᠢᠵᠢᠯ ᠨᠢᠭᠡ ᠠᠵᠢᠯ ᠤᠨ ᠪᠠᠶᠢᠷᠢ ᠶᠢᠨ ᠤᠷᠢᠵᠤ ᠡᠯᠰᠡᠬᠦ | ᠲᠦᠯᠦᠪᠯᠡᠭᠡ ᠳᠤ ᠶᠡᠷᠦᠩᠬᠡᠢ ᠬᠢᠷᠢ ᠪᠦᠲᠦᠮᠵᠢ ᠨᠢ ᠠᠳᠠᠯᠢ ᠬᠤᠪᠢ ᠢᠯᠡᠷᠡᠪᠡᠯ ᠬᠤᠪᠢ ᠲᠠᠪᠬᠤᠴᠠᠭᠰᠠᠨ ᠬᠦᠮᠦᠰ ᠢ | ᠪᠢᠷ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢᠨ ᠦᠨᠳᠦᠷ ᠳᠤᠤᠷ᠎ᠠ ᠪᠠᠷ ᠵᠢᠭᠰᠠᠭᠠᠵᠤ᠂ ᠪᠢᠷ ᠤᠨ | ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠨᠢ ᠪᠠᠰᠠ ᠠᠳᠠᠯᠢ ᠪᠣᠯ ᠲᠠᠬᠢᠨ ᠰᠢᠯᠭᠠᠨ᠎ᠠ᠃ | ᠡᠯᠰᠡᠭᠦᠯᠦᠭᠴᠢ ᠶᠢᠨ ᠪᠢᠷ ᠤᠨ ᠰᠢᠯᠭᠠᠯᠲᠠ᠂ ᠨᠢᠭᠤᠷᠲᠠᠬᠤ ᠰᠢᠯᠭᠠᠯᠲᠠ ᠶᠢᠨ ᠬᠢᠷᠢ ᠪᠦᠲᠦᠮᠵᠢ ᠪᠠ | ᠶᠡᠷᠦᠩᠬᠡᠢ ᠬᠢᠷᠢ ᠪᠦᠲᠦᠮᠵᠢ ᠶᠢ ᠤᠯᠠᠭᠠᠨᠬᠠᠳᠠ ᠬᠤᠲᠠ ᠶᠢᠨ ᠬᠦᠳᠡᠯᠮᠦᠷᠢ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠠᠯᠪᠠᠨ ᠰᠦᠯᠵᠢᠶᠡᠨ ᠳᠤ ᠨᠡᠶᠢᠲᠡᠯᠡᠨ᠎ᠡ᠃ | ᠨᠠᠢᠮᠠ᠂ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠨ ᠬᠢᠨᠠᠯᠲᠠ | ︵ᠨᠢᠭᠡ︶ ᠠᠵᠢᠯ ᠤᠨ ᠪᠠᠶᠢᠷᠢ ᠪᠦᠷᠢ ᠶᠢᠨ ᠰᠢᠯᠭᠠᠭᠤᠯᠤᠭᠴᠢ ᠶᠢᠨ ᠰᠢᠯᠭᠠᠯᠲᠠ ᠶᠢᠨ ᠶᠡᠷᠦᠩᠬᠡᠢ ᠬᠢᠷᠢ | ᠪᠦᠲᠦᠮᠵᠢ ᠶᠢᠨ ᠬᠤᠪᠢ ᠶᠢᠨ ᠵᠢᠭᠰᠠᠭᠠᠯᠲᠠ ᠪᠠ ᠲᠤᠰ ᠠᠵᠢᠯ ᠤᠨ ᠪᠠᠶᠢᠷᠢ ᠶᠢᠨ ᠲᠦᠯᠦᠪᠯᠡᠭᠡ ᠶᠢᠨ ᠤᠷᠢᠵᠤ ᠡᠯᠰᠡᠬᠦ | ᠬᠦᠮᠦᠨ ᠤ ᠲᠤᠭ᠎ᠠ ᠶᠤᠰᠤᠭᠠᠷ᠂ ᠲᠡᠩᠴᠡᠭᠦᠦ ᠲᠣᠭᠠᠨ ᠤ ᠬᠦᠮᠦᠨ ᠢ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠨ | ᠬᠢᠨᠠᠯᠲᠠ ᠶᠢᠨ ᠵᠢᠱᠢᠭᠰᠡᠳ ᠲᠤ ᠣᠷᠤᠭᠤᠯᠤᠨ᠎ᠠ᠃ ᠪᠡᠶ᠎ᠡ ᠶᠢᠨ ᠪᠠᠶᠢᠴᠠᠭᠠᠯᠲᠠ ᠶᠢᠨ ᠴᠠᠭ ᠪᠠ ᠭᠠᠵᠠᠷ ᠢ ᠬᠤᠰᠢᠭᠤ | ᠰᠢᠶᠠᠨ ᠲᠣᠭᠤᠷᠢᠭ ᠲᠠᠬᠢᠨ ᠮᠡᠳᠡᠭᠳᠡᠨ᠎ᠡ᠃ ᠪᠡᠶ᠎ᠡ ᠶᠢᠨ ᠪᠠᠶᠢᠴᠠᠭᠠᠯᠲᠠ ᠶᠢᠨ ᠰᠦᠢᠳᠬᠡᠯ ᠢ ᠡᠯᠰᠡᠭᠦᠯᠦᠭᠴᠢ | ᠦᠪᠡᠷᠲᠡᠭᠡᠨ ᠬᠠᠷᠢᠭᠤᠴᠠᠨ᠎ᠠ᠃ | ︵ᠬᠤᠶᠠᠷ︶ ᠪᠡᠶ᠎ᠡ ᠶᠢᠨ ᠪᠠᠶᠢᠴᠠᠭᠠᠯᠲᠠ ᠶᠢ ᠠᠯᠪᠠᠲᠠᠨ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠬᠠᠮᠢᠶ᠎ᠠ | ᠪᠦᠬᠦᠢ ᠲᠤᠭᠲᠠᠭᠠᠯ ᠢ ᠮᠦᠷᠲᠡᠨ ᠶᠠᠪᠤᠭᠳᠠᠭᠤᠯᠤᠨ᠎ᠠ᠃ ᠬᠤᠰᠢᠭᠤ ᠰᠢᠶᠠᠨ ᠲᠣᠭᠤᠷᠢᠭ ᠤᠨ ᠬᠦᠳᠡᠯᠮᠦᠷᠢ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠵᠤᠬᠢᠶᠠᠨ ᠪᠠᠶᠢᠭᠤᠯᠵᠤ᠂ ᠲᠤᠭᠲᠠᠭᠰᠠᠨ ᠡᠮᠨᠡᠯᠭᠡ ᠳᠤ | ᠶᠠᠪᠤᠭᠳᠠᠭᠤᠯᠤᠨ᠎ᠠ᠃ ᠡᠯᠰᠡᠭᠦᠯᠦᠭᠴᠢ ᠪᠡᠶ᠎ᠡ ᠶᠢᠨ ᠪᠠᠶᠢᠴᠠᠭᠠᠯᠲᠠ ᠳᠤ ᠬᠤᠳᠠᠯ ᠬᠠᠭᠤᠷᠮᠠᠭ ᠵᠦᠢᠯ ᠵᠤᠬᠢᠶᠠᠬᠤ ᠪᠣᠶᠤ | ᠦᠨᠡᠨ ᠪᠠᠶᠢᠳᠠᠯ ᠢᠶᠠᠨ ᠨᠢᠭᠤᠵᠤ ᠪᠡᠶ᠎ᠡ ᠶᠢᠨ ᠪᠠᠶᠢᠴᠠᠭᠠᠯᠲᠠ ᠶᠢᠨ ᠦᠨᠡᠨ ᠪᠤᠳᠠᠲᠤ ᠴᠢᠨᠠᠷ ᠢ ᠨᠦᠯᠦᠭᠡᠯᠡᠪᠡᠯ ᠤᠷᠢᠵᠤ | ᠡᠯᠰᠡᠬᠦ ᠬᠢᠷᠢ ᠬᠡᠮ ᠢ ᠦᠭᠡᠶᠢᠰᠬᠡᠨ᠎ᠡ᠃ ᠪᠡᠶ᠎ᠡ ᠶᠢᠨ ᠪᠠᠶᠢᠴᠠᠭᠠᠯᠲᠠ ᠶᠢᠨ ᠳᠠᠷᠠᠭ᠎ᠠ ᠬᠤᠭᠤᠰᠤᠨ ᠠᠵᠢᠯ ᠤᠨ ᠪᠠᠶᠢᠷᠢ | ᠢᠯᠡᠷᠡᠪᠡᠯ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢᠨ ᠵᠢᠭᠰᠠᠭᠠᠯᠲᠠ ᠶᠢᠨ ᠦᠨᠳᠦᠷ ᠠᠴᠠ ᠳᠠᠷᠠᠭᠠᠯᠠᠨ | ᠨᠦᠬᠦᠵᠦ ᠡᠯᠰᠡᠨ᠎ᠡ᠃ | ︵ᠭᠤᠷᠪᠠ︶ ᠪᠠᠶᠢᠴᠠᠭᠠᠨ ᠬᠢᠨᠠᠬᠤ ᠠᠵᠢᠯ ᠨᠢ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ | ᠨᠡᠶᠢᠲᠡᠯᠡᠭᠰᠡᠨ ᠤ ᠳᠠᠷᠠᠭ᠎ᠠ ᠶᠠᠪᠤᠭᠳᠠᠨ᠎ᠠ᠃ ᠲᠤᠰ ᠭᠠᠵᠠᠷ ᠣᠷᠤᠨ ᠤ ᠬᠤᠰᠢᠭᠤ ᠰᠢᠶᠠᠨ ᠲᠣᠭᠤᠷᠢᠭ ᠤᠨ ᠬᠦᠳᠡᠯᠮᠦᠷᠢ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠭᠤᠤᠯᠯᠠᠨ ᠬᠠᠮᠢᠶᠠᠷᠴᠤ ᠪᠠᠶᠢᠭ᠎ᠠ | ᠰᠠᠯᠠᠭ᠎ᠠ ᠮᠦᠴᠢᠷ ᠲᠠᠢ ᠬᠠᠮᠲᠤᠷᠠᠨ ᠬᠠᠷᠢᠭᠤᠴᠠᠨ᠎ᠠ᠃ ᠮᠣᠷᠠᠯ ᠴᠢᠳᠠᠪᠤᠷᠢ ᠬᠤᠤᠰᠯᠠᠭᠰᠠᠨ ᠪᠠᠷᠢᠮᠵᠢᠶ᠎ᠠ ᠶᠤᠰᠤᠭᠠᠷ | ᠤᠷᠢᠵᠤ ᠡᠯᠰᠡᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠤᠯᠠᠨ ᠲᠦᠷᠦᠯ ᠤᠨ ᠠᠷᠭ᠎ᠠ | ᠬᠡᠯᠪᠡᠷᠢ ᠶᠢ ᠠᠪᠴᠤ ᠪᠠᠶᠢᠴᠠᠭᠠᠨ ᠬᠢᠨᠠᠵᠤ᠂ ᠪᠠᠶᠢᠴᠠᠭᠠᠭᠳᠠᠭᠴᠢ ᠶᠢᠨ ᠤᠯᠤᠰ ᠲᠦᠷᠦ ᠶᠢᠨ ᠦᠵᠡᠯ ᠰᠠᠨᠠᠭ᠎ᠠ᠂ ᠶᠤᠰᠤ | ᠰᠤᠷᠲᠠᠬᠤᠨ ᠬᠡᠪ ᠴᠢᠨᠠᠷ᠂ ᠬᠠᠤᠯᠢ ᠶᠢ ᠳᠠᠭᠠᠵᠤ ᠰᠠᠬᠢᠯᠭ᠎ᠠ ᠶᠢ ᠵᠢᠷᠤᠮᠯᠠᠬᠤ᠂ ᠪᠡᠶ᠎ᠡ ᠪᠠᠨ ᠪᠠᠷᠢᠬᠤ ᠤᠬᠠᠮᠰᠠᠷ᠂ | ᠴᠢᠳᠠᠪᠤᠷᠢ ᠬᠡᠪ ᠪᠣᠯᠪᠠᠰᠤᠷᠠᠯ᠂ ᠠᠵᠢᠯ ᠤᠨ ᠤᠪᠤᠷ᠂ ᠠᠵᠢᠯ ᠤᠨ ᠢᠯᠡᠷᠡᠯ ᠵᠢᠴᠢ ᠵᠠᠶᠢᠯᠠᠰᠬᠢᠬᠤ ᠴᠢᠬᠤᠯᠠᠲᠠᠢ ᠵᠦᠢᠯᠡᠰ | ᠵᠡᠷᠭᠡ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠬᠤ ᠶᠢᠨ ᠬᠠᠮᠲᠤ ᠪᠠᠶᠢᠴᠠᠭᠠᠨ ᠬᠢᠨᠠᠭᠰᠠᠨ ᠮᠠᠲ᠋ᠧᠷᠢᠶᠠᠯ ᠪᠢᠴᠢᠬᠦ ᠬᠡᠷᠡᠭᠲᠡᠢ᠃ | ᠪᠠᠶᠢᠴᠠᠭᠠᠨ ᠬᠢᠨᠠᠯᠲᠠ ᠳᠤ ᠬᠢᠷᠢ ᠲᠡᠩᠴᠡᠭᠰᠡᠨ ᠦᠭᠡᠢ ᠪᠣᠯ ᠤᠷᠢᠵᠤ ᠡᠯᠰᠡᠬᠦ ᠬᠢᠷᠢ ᠭᠡᠮ ᠢ ᠦᠭᠡᠶᠢᠰᠬᠡᠨ᠎ᠡ᠃ | ᠪᠠᠶᠢᠴᠠᠭᠠᠨ ᠬᠢᠨᠠᠯᠲᠠ ᠶᠢᠨ ᠳᠠᠷᠠᠭ᠎ᠠ ᠬᠤᠭᠤᠰᠤᠨ ᠠᠵᠢᠯ ᠤᠨ ᠪᠠᠶᠢᠷᠢ ᠭᠠᠷᠪᠠᠯ ᠰᠢᠯᠭᠠᠯᠲᠠ ᠶᠢᠨ ᠶᠡᠷᠦᠩᠬᠡᠢ ᠬᠢᠷᠢ | ᠪᠦᠲᠦᠮᠵᠢ ᠶᠢᠨ ᠵᠢᠭᠰᠠᠭᠠᠯᠲᠠ ᠶᠢᠨ ᠳᠠᠷᠠᠭᠠᠯᠠᠯ ᠢᠶᠠᠷ ᠳᠠᠷᠠᠭᠠᠴᠢ ᠶᠢᠨ ᠬᠦᠮᠦᠰ ᠠᠴᠠ ᠨᠦᠬᠦᠵᠦ ᠡᠯᠰᠡᠨ᠎ᠡ᠃ | ᠶᠢᠰᠦ᠂ ᠢᠯᠡ ᠨᠡᠶᠢᠲᠡᠯᠡᠬᠦ | ᠬᠢᠷᠢ ᠪᠦᠲᠦᠮᠵᠢ ᠪᠠ ᠪᠠᠶᠢᠴᠠᠭᠠᠨ ᠬᠢᠨᠠᠯᠲᠠ ᠶᠢᠨ ᠦᠷ᠎ᠡ ᠳ᠋ᠦᠩ ᠢ ᠦᠨᠳᠦᠰᠦᠯᠡᠨ ᠣᠷᠢᠵᠤ ᠡᠯᠰᠡᠬᠦ | ᠵᠢᠱᠢᠭᠰᠡᠳ ᠢ ᠲᠤᠭᠲᠠᠭᠠᠬᠤ ᠶᠢᠨ ᠬᠠᠮᠲᠤ ᠤᠯᠠᠭᠠᠨᠬᠠᠳᠠ ᠬᠤᠲᠠ ᠶᠢᠨ ᠬᠦᠳᠡᠯᠮᠦᠷᠢ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠠᠯᠪᠠᠨ ᠰᠦᠯᠵᠢᠶᠡᠨ ᠳᠤ ᠢᠯᠡ ᠨᠡᠶᠢᠲᠡᠯᠡᠬᠦ ᠶᠢᠨ ᠬᠠᠮᠲᠤ ᠢᠯᠡᠴᠢᠯᠡᠨ | ᠮᠡᠳᠡᠭᠦᠯᠬᠦ ᠤᠲᠠᠰᠤ ᠶᠢ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ | 7 ᠠᠵᠢᠯᠯᠠᠬᠤ ᠡᠳᠦᠷ᠃ | ︵ᠬᠤᠶᠠᠷ︶ ᠢᠯᠡ ᠨᠡᠶᠢᠲᠡᠯᠡᠯᠲᠡ ᠳᠠᠭᠤᠰᠤᠭᠰᠠᠨ ᠤ ᠳᠠᠷᠠᠭ᠎ᠠ ᠠᠰᠠᠭᠤᠳᠠᠯ ᠦᠭᠡᠢ ᠪᠣᠶᠤ ᠲᠤᠰᠬᠠᠭᠰᠠᠨ | ᠠᠰᠠᠭᠤᠳᠠᠯ ᠨᠢ ᠤᠷᠢᠵᠤ ᠡᠯᠰᠡᠬᠦ ᠶᠢ ᠨᠦᠯᠦᠭᠡᠯᠡᠬᠦ ᠦᠭᠡᠢ ᠪᠣᠯ ᠤᠷᠢᠵᠤ ᠡᠯᠰᠡᠬᠦ ᠭᠠᠷ ᠭᠦᠢᠴᠡᠳᠬᠡᠯ ᠢ ᠬᠢᠨ᠎ᠡ᠃ | ᠲᠤᠰᠬᠠᠭᠰᠠᠨ ᠤᠷᠢᠵᠤ ᠡᠯᠰᠡᠬᠦ ᠳᠤ ᠨᠦᠯᠦᠭᠡ ᠪᠦᠬᠦᠢ ᠠᠰᠠᠭᠤᠳᠠᠯ ᠢ ᠪᠠᠶᠢᠴᠠᠭᠠᠨ ᠲᠤᠳᠤᠯᠠᠪᠠᠯ᠂ ᠤᠷᠢᠵᠤ ᠡᠯᠰᠡᠬᠦ | ᠦᠭᠡᠢ᠃ ᠲᠤᠰᠬᠠᠭᠰᠠᠨ ᠠᠰᠠᠭᠤᠳᠠᠯ ᠢ ᠪᠠᠷᠢᠨ ᠳᠤᠤᠷ᠎ᠠ ᠨᠢ ᠪᠠᠶᠢᠴᠠᠭᠠᠨ ᠲᠤᠳᠤᠯᠠᠵᠤ ᠳᠡᠶᠢᠯᠬᠦ ᠦᠭᠡᠢ ᠪᠣᠯ ᠤᠷᠢᠵᠤ | ᠡᠯᠰᠡᠬᠦ ᠶᠢ ᠠᠯᠭᠤᠷᠯᠠᠵᠤ᠂ ᠠᠰᠠᠭᠤᠳᠠᠯ ᠢ ᠪᠠᠶᠢᠴᠠᠭᠠᠨ ᠲᠤᠳᠤᠯᠠᠭᠰᠠᠨ ᠤ ᠳᠠᠷᠠᠭ᠎ᠠ ᠤᠷᠢᠵᠤ ᠡᠯᠰᠡᠬᠦ ᠡᠰᠡᠬᠦ ᠶᠢ | ᠲᠤᠭᠲᠠᠭᠠᠨ᠎ᠠ᠃ ᠤᠷᠢᠵᠤ ᠡᠯᠰᠡᠬᠦ ᠳᠤ ᠨᠦᠯᠦᠭᠡ ᠪᠦᠬᠦᠢ ᠠᠰᠠᠭᠤᠳᠠᠯ ᠠᠴᠠ ᠪᠣᠯᠵᠤ ᠤᠷᠢᠵᠤ ᠡᠯᠰᠡᠬᠦ ᠬᠢᠷᠢ ᠬᠡᠮ ᠢ | ᠦᠭᠡᠶᠢᠰᠬᠡᠭᠰᠡᠨ ᠬᠤᠭᠤᠰᠤᠨ ᠠᠵᠢᠯ ᠤᠨ ᠪᠠᠶᠢᠷᠢ ᠳᠤ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢᠨ | ᠬᠤᠪᠢ ᠶᠢᠨ ᠵᠢᠭᠰᠠᠭᠠᠯᠲᠠ ᠶᠢᠨ ᠳᠠᠷᠠᠭᠠᠯᠠᠯ ᠢᠶᠠᠷ ᠨᠦᠬᠦᠵᠦ ᠡᠯᠰᠡᠨ᠎ᠡ᠃ | ᠠᠷᠪᠠ᠂ ᠤᠷᠢᠵᠤ ᠡᠯᠰᠡᠬᠦ | ︵ᠨᠢᠭᠡ︶ ᠢᠯᠡ ᠨᠡᠶᠢᠲᠡᠯᠡᠬᠦ ᠬᠤᠭᠤᠴᠠᠭ᠎ᠠ ᠳᠠᠭᠤᠰᠪᠠᠯ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ | ᠬᠡᠪᠴᠢᠶ᠎ᠡ ᠶᠤᠰᠤᠭᠠᠷ᠂ ᠬᠤᠰᠢᠭᠤ ᠰᠢᠶᠠᠨ ᠲᠣᠭᠤᠷᠢᠭ ᠤᠨ ᠵᠤᠬᠢᠶᠠᠨ ᠪᠠᠶᠢᠭᠤᠯᠤᠯᠲᠠ᠂ ᠬᠦᠳᠡᠯᠮᠦᠷᠢ ᠬᠦᠴᠦᠨ ᠤ | ᠰᠠᠯᠠᠭ᠎ᠠ ᠮᠦᠴᠢᠷ ᠤᠷᠢᠵᠤ ᠡᠯᠰᠡᠬᠦ ᠵᠦᠪᠰᠢᠶᠡᠷᠡᠯ ᠤᠨ ᠭᠠᠷ ᠭᠦᠢᠴᠡᠳᠬᠡᠯ ᠢ ᠭᠦᠢᠴᠡᠳᠬᠡᠨ᠎ᠡ᠃ ᠠᠯᠢᠪᠠ ᠬᠦᠮᠦᠰ | ᠪᠦᠷ ᠭᠡᠷ᠎ᠡ ᠶᠢᠨ ᠬᠤᠭᠤᠴᠠᠭ᠎ᠠ ᠨᠢ 5 ᠵᠢᠯ ᠤᠨ ︽ᠠᠵᠢᠯ ᠦᠢᠯᠡᠰ ᠤᠨ ᠨᠢᠭᠡᠴᠡ ᠶᠢᠨ ᠤᠷᠢᠵᠤ ᠡᠯᠰᠡᠬᠦ ᠭᠡᠷ᠎ᠡ︾ ᠶᠢ | ᠲᠤᠭᠲᠠᠨ᠎ᠠ᠃ ᠰᠢᠨ᠎ᠡ ᠪᠠᠷ ᠡᠯᠰᠡᠭᠳᠡᠭᠰᠡᠳ ᠨᠢ ᠲᠤᠷᠰᠢᠨ ᠬᠡᠷᠡᠭᠯᠡᠬᠦ ᠬᠤᠭᠤᠴᠠᠭ᠎ᠠ ᠶᠢ ᠬᠡᠷᠡᠭᠵᠢᠭᠦᠯᠵᠦ᠂ ᠲᠤᠷᠰᠢᠨ | ᠬᠡᠷᠡᠭᠯᠡᠬᠦ ᠬᠤᠭᠤᠴᠠᠭ᠎ᠠ ᠨᠢ 12 ᠰᠠᠷ᠎ᠠ ᠪᠣᠯᠤᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ | ᠬᠢᠨᠠᠨ ᠲᠤᠭᠲᠠᠭᠠᠯᠲᠠ ᠨᠢ ᠬᠢᠷᠢ ᠲᠡᠩᠴᠡᠬᠦ ᠦᠭᠡᠢ ᠪᠣᠯ ᠤᠷᠢᠵᠤ ᠡᠯᠰᠡᠯᠲᠡ ᠶᠢ ᠬᠦᠴᠦᠨ ᠦᠭᠡᠢ ᠪᠣᠯᠭᠠᠨ᠎ᠠ᠃ | ︵ᠬᠤᠶᠠᠷ︶ ᠡᠯᠰᠡᠭᠦᠯᠦᠭᠴᠢ ᠨᠢ ᠲᠤᠭᠲᠠᠭᠠᠭᠰᠠᠨ ᠬᠤᠭᠤᠴᠠᠭᠠᠨ ᠤ ᠲᠤᠲᠤᠷ᠎ᠠ ᠨᠡᠷ᠎ᠡ ᠮᠡᠳᠡᠭᠦᠯᠬᠦ ᠬᠡᠷᠡᠭᠲᠡᠢ | ᠂ ᠡᠰᠡᠪᠡᠯ ᠲᠠᠶᠠᠭᠳᠠᠭᠰᠠᠨ ᠳᠤ ᠲᠤᠭᠠᠴᠠᠵᠤ᠂ ᠤᠷᠢᠵᠤ ᠡᠯᠰᠡᠯᠲᠡ ᠶᠢᠨ ᠬᠢᠷᠢ ᠬᠡᠮ ᠢ ᠦᠭᠡᠶᠢᠰᠬᠡᠨ᠎ᠡ᠃ | ︵ᠭᠤᠷᠪᠠ︶ ᠤᠷᠢᠵᠤ ᠡᠯᠰᠡᠬᠦ ᠭᠠᠷ ᠭᠦᠢᠴᠡᠳᠬᠡᠯ ᠢ ᠬᠢᠬᠦ ᠠᠴᠠ ᠡᠮᠦᠨ᠎ᠡ ᠪᠦᠬᠦᠯᠢ ᠡᠳᠦᠷ ᠤᠨ ᠳᠦᠷᠢᠮᠲᠦ | ᠰᠤᠳᠤᠯᠬᠤ ᠰᠤᠷᠤᠭᠴᠢ᠂ ᠵᠢᠩᠬᠢᠨᠢ ᠠᠩᠭᠢ ᠳᠤ ᠡᠯᠰᠡᠭᠳᠡᠵᠦ᠂ ᠨᠡᠷ᠎ᠡ ᠮᠡᠳᠡᠭᠦᠯᠵᠦ ᠳᠠᠩᠰᠠᠯᠠᠭᠰᠠᠨ ᠪᠠᠶᠢᠪᠠᠯ | ᠵᠢᠱᠢᠭᠳᠡᠭᠰᠡᠳ ᠤᠨ ᠤᠷᠢᠵᠤ ᠡᠯᠰᠡᠯᠲᠡ ᠶᠢᠨ ᠬᠢᠷᠢ ᠬᠡᠮ ᠢ ᠦᠭᠡᠶᠢᠰᠬᠡᠨ᠎ᠡ᠃ | ︵ᠳᠦᠷᠪᠡ︶ ᠡᠯᠰᠡᠭᠳᠡᠭᠴᠢ ᠦᠪᠡᠷᠲᠡᠭᠡᠨ ᠲᠠᠶᠠᠭᠳᠠᠬᠤ ᠪᠤᠶᠤ ᠤᠷᠢᠵᠤ ᠡᠯᠰᠡᠬᠦ ᠬᠢᠷᠢ ᠬᠡᠮ ᠢ | ᠦᠭᠡᠶᠢᠰᠬᠡᠭᠰᠡᠨ ᠠᠴᠠ ᠪᠣᠯᠵᠤ ᠬᠤᠭᠤᠰᠤᠨ ᠠᠵᠢᠯ ᠤᠨ ᠪᠠᠶᠢᠷᠢ ᠭᠠᠷᠪᠠᠯ ᠬᠤᠰᠢᠭᠤ ᠰᠢᠶᠠᠨ ᠲᠣᠭᠤᠷᠢᠭ ᠤᠨ | ᠵᠤᠬᠢᠶᠠᠨ ᠪᠠᠶᠢᠭᠤᠯᠤᠯᠲᠠ᠂ ᠬᠦᠳᠡᠯᠮᠦᠷᠢ ᠬᠦᠴᠦᠨ ᠤ ᠰᠠᠯᠠᠭ᠎ᠠ ᠮᠦᠴᠢᠷ ᠤᠨ ᠵᠦᠪᠰᠢᠶᠡᠷᠡᠯ ᠢᠶᠠᠷ ᠶᠡᠷᠦᠩᠬᠡᠢ ᠬᠢᠷᠢ | ᠪᠦᠲᠦᠮᠵᠢ ᠶᠢᠨ ᠵᠢᠭᠰᠠᠭᠠᠯᠲᠠ ᠶᠢᠨ ᠳᠠᠷᠠᠭᠠᠯᠠᠯ ᠢᠶᠠᠷ ᠨᠦᠬᠦᠵᠦ ᠡᠯᠰᠡᠵᠦ ᠪᠣᠯᠤᠨ᠎ᠠ᠃ | ︵ᠲᠠᠪᠤ︶ ᠠᠵᠤ ᠠᠬᠤᠶᠢᠯᠠᠯ ᠲᠠᠢ ᠬᠦᠳᠡᠯᠮᠦᠷᠢ ᠶᠢᠨ ᠭᠡᠷ᠎ᠡ ᠲᠤᠭᠲᠠᠭᠰᠠᠨ ᠭᠡᠷ᠎ᠡ ᠶᠢᠨ ᠬᠤᠭᠤᠴᠠᠭᠠᠨ ᠳᠤ | ᠪᠠᠶᠢᠭ᠎ᠠ ᠵᠢᠱᠢᠭᠳᠡᠭᠰᠡᠳ ᠤᠨ ᠤᠤᠯ ᠤᠨ ᠪᠠᠶᠢᠭᠤᠯᠭ᠎ᠠ ᠨᠢ ᠬᠦᠳᠡᠯᠮᠦᠷᠢ ᠶᠢᠨ ᠭᠡᠷ᠎ᠡ ᠪᠠᠨ ᠬᠦᠴᠦᠨ ᠦᠭᠡᠢ | ᠪᠣᠯᠭᠠᠬᠤ ᠶᠢ ᠵᠦᠪᠰᠢᠶᠡᠷᠡᠬᠦ ᠦᠭᠡᠢ ᠪᠣᠯ ᠤᠷᠢᠵᠤ ᠡᠯᠰᠡᠬᠦ ᠦᠭᠡᠢ᠃ | ᠠᠷᠪᠠᠨ ᠨᠢᠭᠡ᠂ ᠰᠠᠬᠢᠯᠭ᠎ᠠ ᠪᠠᠲᠤ ᠪᠠ ᠬᠢᠨᠠᠯᠲᠠ | ︵ᠨᠢᠭᠡ︶ ᠢᠯᠡ ᠪᠠᠷ ᠤᠷᠢᠵᠤ ᠡᠯᠰᠡᠯᠲᠡ ᠶᠢᠨ ᠠᠵᠢᠯ ᠨᠢ ᠵᠠᠶᠢᠯᠠᠰᠬᠢᠬᠤ ᠳᠦᠷᠢᠮ ᠢ ᠬᠡᠷᠡᠭᠵᠢᠭᠦᠯᠦᠨ᠎ᠡ᠃ | ᠤᠷᠢᠵᠤ ᠡᠯᠰᠡᠬᠦ ᠠᠵᠢᠯ ᠤᠨ ᠬᠤᠭᠤᠴᠠᠭᠠᠨ ᠳᠤ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ | ᠮᠦᠴᠢᠷ ᠪᠦᠬᠦ ᠶᠠᠪᠤᠴᠠ ᠳᠤ ᠬᠢᠨᠠᠯᠲᠠ ᠬᠢᠬᠦ ᠶᠢ ᠬᠠᠷᠢᠭᠤᠴᠠᠨ᠎ᠠ᠃ ᠠᠵᠢᠯᠲᠠᠳ ᠪᠠ ᠡᠯᠰᠡᠭᠦᠯᠦᠭᠴᠢ ᠶᠢᠨ ᠲᠤᠰ | ᠤᠳᠠᠭᠠᠨ ᠤ ᠢᠯᠡ ᠪᠠᠷ ᠤᠷᠢᠵᠤ ᠡᠯᠰᠡᠬᠦ ᠠᠵᠢᠯ ᠤᠨ ᠳᠤᠮᠳᠠᠬᠢ ᠰᠠᠬᠢᠯᠭ᠎ᠠ ᠳᠦᠷᠢᠮ ᠵᠦᠷᠢᠴᠡᠭᠰᠡᠨ ᠠᠵᠢᠯᠯᠠᠭ᠎ᠠ ᠶᠢ | ᠲᠤᠳᠤᠯᠠᠵᠤ ᠰᠢᠢᠳᠪᠦᠷᠢᠯᠡᠬᠦ ᠶᠢ ︽ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠵᠤ ᠡᠯᠰᠡᠯᠲᠡ ᠶᠢᠨ ᠰᠠᠬᠢᠯᠭ᠎ᠠ | ᠳᠦᠷᠢᠮ ᠵᠦᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠲᠤᠭᠲᠠᠭᠠᠯ︾ ︵ᠬᠦᠳᠡᠯᠮᠦᠷᠢ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠬᠡᠯᠲᠡᠰ ᠤᠨ ᠵᠠᠷᠯᠢᠭ 35 ᠳ᠋ᠤᠭᠠᠷ ᠨᠤᠮᠧᠷᠲᠤ︶ ᠶᠤᠰᠤᠭᠠᠷ ᠬᠡᠷᠡᠭᠵᠢᠭᠦᠯᠦᠨ᠎ᠡ᠃ | ︵ᠬᠤᠶᠠᠷ︶ ︽ᠬᠡᠨ ᠪᠠᠶᠢᠴᠠᠭᠠᠨ ᠬᠢᠨᠠᠪᠠᠯ ᠬᠡᠨ ᠬᠠᠷᠢᠭᠤᠴᠠᠬᠤ︾ ᠱᠠᠭᠠᠷᠳᠠᠯᠭ᠎ᠠ ᠶᠤᠰᠤᠭᠠᠷ᠂ ᠬᠤᠰᠢᠭᠤ | ᠰᠢᠶᠠᠨ ᠲᠣᠭᠤᠷᠢᠭ ᠤᠨ ᠬᠥᠳᠡᠯᠮᠦᠷᠢ ᠬᠦᠴᠦᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠨᠡᠷ᠎ᠡ ᠮᠡᠳᠡᠭᠦᠯᠬᠦ | ᠬᠢᠷᠢ ᠬᠡᠮ ᠢ ᠬᠢᠨᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠷᠢ ᠬᠡᠮ ᠢ ᠬᠢᠨᠠᠨ | ᠪᠠᠶᠢᠴᠠᠭᠠᠭᠰᠠᠨ ᠰᠠᠯᠠᠭ᠎ᠠ ᠮᠦᠴᠢᠷ ᠬᠢᠷᠢ ᠬᠡᠮ ᠤᠨ ᠬᠢᠨᠠᠯᠲᠠ ᠨᠢ ᠴᠢᠩᠭ᠎ᠠ ᠪᠢᠰᠢ ᠠᠴᠠ ᠪᠣᠯᠤᠭᠰᠠᠨ ᠠᠰᠠᠭᠤᠳᠠᠯ ᠤᠨ | ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠭᠤᠷᠪᠠ︶ ᠡᠯᠰᠡᠭᠦᠯᠦᠭᠴᠢ ᠶᠢᠨ ᠰᠢᠯᠭᠠᠯᠲᠠ ᠶᠢᠨ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ᠎ᠠ᠃ | ᠡᠯᠰᠡᠭᠦᠯᠦᠭᠴᠢ ᠶᠢᠨ ᠢᠲᠡᠭᠡᠮᠵᠢ ᠶᠢᠨ ᠤᠬᠠᠮᠰᠠᠷ ᠢ ᠴᠢᠩᠭᠠᠳᠬᠠᠬᠤ ᠶᠢᠨ ᠲᠦᠯᠦᠭᠡ᠂ ᠰᠢᠯᠭᠠᠯᠲᠠ ᠶᠢ ᠤᠷᠤᠯᠠᠨ | ᠰᠢᠯᠭᠠᠬᠤ᠂ ᠰᠢᠯᠭᠠᠯᠲᠠ ᠳᠤ ᠭᠡᠮ ᠬᠢᠬᠦ ᠵᠡᠷᠭᠡ ᠰᠢᠯᠭᠠᠯᠲᠠ ᠶᠢᠨ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ ᠶᠢ ᠡᠷᠡᠰ | ᠬᠤᠷᠢᠭᠯᠠᠵᠤ᠂ ᠲᠤᠰ ᠤᠳᠠᠭᠠᠨ ᠤ ᠢᠯᠡ ᠪᠠᠷ ᠤᠷᠢᠵᠤ ᠡᠯᠰᠡᠬᠦ ᠠᠵᠢᠯ ᠤᠨ ᠲᠦᠪ ᠭᠤᠤᠯᠴᠢ᠂ ᠡᠷᠬᠡ ᠲᠡᠭᠰᠢ | ᠶᠠᠪᠤᠭᠳᠠᠬᠤ ᠶᠢ ᠪᠠᠲᠤᠯᠠᠵᠤ᠂ ᠡᠯᠰᠡᠭᠦᠯᠦᠭᠴᠢ ᠶᠢᠨ ᠰᠢᠯᠭᠠᠯᠲᠠ ᠶᠢᠨ ᠬᠤᠪᠢ ᠬᠦᠮᠦᠨ ᠤ ᠢᠲᠡᠭᠡᠮᠵᠢ ᠶᠢᠨ ᠳᠠᠩᠰᠠ | ᠡᠪᠬᠡᠮᠡᠯ ᠢ ᠪᠠᠶᠢᠭᠤᠯᠤᠨ᠎ᠠ᠃ | ᠡᠯᠰᠡᠭᠦᠯᠦᠭᠴᠢ ᠬᠡᠷᠪᠡ ︽ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠵᠤ ᠡᠯᠰᠡᠯᠲᠡ ᠶᠢᠨ | ᠰᠠᠬᠢᠯᠭ᠎ᠠ ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠲᠤᠭᠲᠠᠭᠠᠯ︾ ᠤᠨ ᠳᠤᠯᠤᠳᠤᠭᠠᠷ ᠵᠤᠷᠪᠤᠰ᠂ | ᠨᠠᠢᠮᠠᠳᠤᠭᠠᠷ ᠵᠤᠷᠪᠤᠰ ᠤᠨ ᠲᠤᠭᠲᠠᠭᠠᠯ ᠳᠠᠬᠢ ᠰᠠᠬᠢᠯᠭ᠎ᠠ ᠳᠦᠷᠢᠮ ᠢ ᠵᠦᠷᠢᠴᠡᠭᠰᠡᠨ ᠠᠵᠢᠯᠯᠠᠭ᠎ᠠ ᠪᠠᠶᠢᠪᠠᠯ ᠤᠷᠢᠵᠤ | ᠡᠯᠰᠡᠯᠲᠡ ᠶᠢᠨ ᠬᠢᠷᠢ ᠬᠡᠮ ᠢ ᠦᠭᠡᠶᠢᠰᠬᠡᠵᠦ᠂ ᠬᠤᠪᠢ ᠬᠦᠮᠦᠨ ᠤ ᠢᠲᠡᠭᠡᠮᠵᠢ ᠶᠢᠨ ᠳᠠᠩᠰᠠ ᠡᠪᠬᠡᠮᠡᠯ ᠳᠤ | ᠤᠷᠤᠭᠤᠯᠤᠨ᠎ᠠ᠃ | ︵ᠳᠦᠷᠪᠡ︶ ᠤᠷᠢᠵᠤ ᠡᠯᠰᠡᠯᠲᠡ ᠶᠢᠨ ᠪᠦᠬᠦ ᠱᠠᠲᠤ ᠥᠶ᠎ᠡ ᠪᠠ ᠲᠤᠷᠰᠢᠨ ᠬᠡᠷᠡᠭᠯᠡᠬᠦ ᠬᠤᠭᠤᠴᠠᠭᠠᠨ ᠳᠤ | ᠡᠯᠰᠡᠭᠦᠯᠦᠭᠴᠢ ᠶᠢᠨ ᠤᠷᠢᠵᠤ ᠡᠯᠰᠡᠬᠦ ᠨᠦᠬᠦᠴᠡᠯ ᠳᠤ ᠨᠡᠶᠢᠴᠡᠬᠦ ᠦᠭᠡᠢ ᠪᠣᠶᠤ ᠬᠤᠳᠠᠯ ᠬᠠᠭᠤᠷᠮᠠᠭ ᠵᠦᠢᠯ ᠬᠢᠭᠰᠡᠨ | ᠪᠠᠶᠢᠪᠠᠯ ᠤᠷᠢᠵᠤ ᠡᠯᠰᠡᠯᠲᠡ ᠶᠢᠨ ᠬᠢᠷᠢ ᠬᠡᠮ ᠢ ᠦᠭᠡᠶᠢᠰᠬᠡᠵᠦ᠂ ᠬᠤᠪᠢ ᠬᠦᠮᠦᠨ ᠤ ᠢᠲᠡᠭᠡᠮᠵᠢ ᠶᠢᠨ ᠳᠠᠩᠰᠠ | ᠡᠪᠬᠡᠮᠡᠯ ᠳᠤ ᠤᠷᠤᠭᠤᠯᠤᠨ᠎ᠠ᠃ | ︵ᠲᠠᠪᠤ︶ ᠲᠤᠰ ᠤᠳᠠᠭᠠᠨ ᠤ ᠢᠯᠡ ᠪᠠᠷ ᠤᠷᠢᠵᠤ ᠡᠯᠰᠡᠬᠦ ᠰᠢᠯᠭᠠᠯᠲᠠ ᠳᠤ ᠰᠢᠯᠭᠠᠯᠲᠠ ᠶᠢᠨ | ᠵᠢᠯᠤᠭᠤᠳᠤᠯᠭ᠎ᠠ ᠶᠢᠨ ᠨᠣᠮ ᠲᠤᠭᠲᠠᠭᠠᠬᠤ ᠦᠭᠡᠢ᠂ ᠶᠠᠮᠠᠷᠪᠠ ᠪᠠᠶᠢᠭᠤᠯᠭ᠎ᠠ ᠨᠢᠭᠡᠴᠡ ᠳᠤ ᠨᠠᠶᠢᠳᠠᠵᠤ ᠰᠢᠯᠭᠠᠯᠲᠠ ᠶᠢᠨ | ᠵᠢᠯᠤᠭᠤᠳᠤᠯᠭ᠎ᠠ ᠶᠢᠨ ᠠᠩᠭᠢ ᠡᠷᠬᠢᠯᠡᠬᠦ ᠦᠭᠡᠢ᠃ | ︵ᠵᠢᠷᠭᠤᠭ᠎ᠠ︶ ᠲᠤᠰ ︽ᠲᠤᠪᠴᠢ ᠳᠦᠷᠢᠮ︾ ᠳᠤ ᠲᠤᠳᠤᠷᠬᠠᠶᠢᠯᠠᠭᠰᠠᠨ ᠦᠭᠡᠢ ᠤᠴᠢᠷ ᠵᠢᠴᠢ ᠬᠠᠮᠢᠶ᠎ᠠ | ᠪᠦᠬᠦᠢ ᠰᠤᠷᠠᠭ ᠵᠠᠩᠭᠢ ᠶᠢ ᠤᠯᠠᠭᠠᠨᠬᠠᠳᠠ ᠬᠤᠲᠠ ᠶᠢᠨ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠤᠪᠴᠢᠶᠠᠨ ᠤ ᠠᠯᠪᠠᠨ ᠰᠦᠯᠵᠢᠶᠡᠨ ᠳᠤ ᠨᠡᠶᠢᠲᠡᠯᠡᠨ᠎ᠡ᠂ ᠠᠩᠬᠠᠷᠤᠯ ᠢᠶᠠᠨ ᠬᠠᠨᠳᠤᠭᠤᠯᠤᠭᠠᠷᠠᠢ᠃ | ᠲᠤᠰ ᠲᠤᠪᠴᠢ ᠳᠦᠷᠢᠮ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ | ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠤᠯᠠᠭᠠᠨᠬᠠᠳᠠ ᠬᠤᠲᠠ ᠶᠢᠨ ᠬᠦᠳᠡᠯᠮᠦᠷᠢ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠬᠠᠷᠢᠭᠤᠴᠠᠵᠤ ᠲᠠᠶᠢᠯᠪᠤᠷᠢᠯᠠᠨ᠎ᠠ᠃ | ᠲᠦᠷᠦ ᠶᠢᠨ ᠪᠤᠳᠤᠯᠭ᠎ᠠ ᠶᠢ ᠠᠰᠠᠭᠤᠨ ᠯᠠᠪᠯᠠᠬᠤ ᠤᠲᠠᠰᠤ᠄ | ᠤᠯᠠᠭᠠᠨᠬᠠᠳᠠ ᠬᠤᠲᠠ ᠶᠢᠨ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠤᠪᠴᠢᠶ᠎ᠠ 0476-833174 | ᠮᠡᠷᠭᠡᠵᠢᠯ ᠤᠨ ᠠᠰᠠᠭᠤᠨ ᠯᠠᠪᠯᠠᠬᠤ ᠤᠲᠠᠰᠤ᠄ | ᠤᠯᠠᠭᠠᠨᠬᠠᠳᠠ ᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠲᠦᠪ | 0476-8332636 | ᠡᠯ᠎ᠡ ᠬᠤᠰᠢᠭᠤ ᠰᠢᠶᠠᠨ ᠲᠤᠭᠤᠷᠢᠭ ᠤᠨ ᠨᠡᠷ᠎ᠡ ᠮᠡᠳᠡᠭᠦᠯᠬᠦ ᠠᠰᠠᠭᠤᠨ ᠯᠠᠪᠯᠠᠯᠲᠠ ᠶᠢᠨ ᠤᠲᠠᠰᠤ᠄ | ︽ᠲᠦᠯᠦᠪᠯᠡᠭᠡ ᠶᠢᠨ ᠬᠦᠰᠦᠨᠦᠭᠲᠦ︾ ᠳᠤ ᠦᠵᠡᠭᠡᠷᠡᠢ | ᠳᠠᠭᠠᠯᠳᠤᠭᠤᠯᠤᠯ᠄ | 1. ︽2020 ᠤᠨ ᠤ ᠤᠯᠠᠭᠠᠨᠬᠠᠳᠠ ᠬᠤᠲᠠ ᠶᠢᠨ ᠰᠢᠶᠠᠩ ᠪᠠᠯᠭᠠᠰᠤᠨ ︵ᠰᠤᠮᠤ︶ ᠤ ᠠᠵᠢᠯ | ᠦᠢᠯᠡᠰ ᠤᠨ ᠨᠢᠭᠡᠴᠡ ᠶᠢᠨ ᠢᠯᠡ ᠪᠠᠷ ᠤᠷᠢᠵᠤ ᠡᠯᠰᠡᠬᠦ ᠠᠵᠢᠯ ᠤᠨ ᠠᠵᠢᠯᠲᠠᠨ ᠤ ᠲᠦᠯᠦᠪᠯᠡᠭᠡ ᠶᠢᠨ ᠬᠦᠰᠦᠨᠦᠭᠲᠦ︾ | | 2. ᠰᠢᠯᠭᠠᠯᠲᠠ ᠶᠢᠨ ᠶᠠᠪᠤᠳᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠬᠦ ᠬᠦᠰᠦᠨᠦᠭᠲᠦ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ | ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ | ᠤᠯᠠᠭᠠᠨᠬᠠᠳᠠ ᠬᠤᠲᠠ ᠶᠢᠨ ᠬᠦᠳᠡᠯᠮᠦᠷᠢ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ | 2020 ᠤᠨ ᠤ 6 ᠰᠠᠷ᠎ᠠ ᠶᠢᠨ 3 ᠤ ᠡᠳᠦᠷ | |