| ᠦᠪᠦᠷ ᠵᠠᠰᠠᠭ ᠲᠠᠷᠬᠠᠭᠠᠨᠨᠰᠠᠨ ︹2020︺ 13 ᠳ᠋ᠤᠭᠠᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠬᠡᠴᠢ ᠳᠤ᠄ | ᠪᠦᠬᠦ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ ᠴᠢᠳᠠᠪᠤᠷᠢ ᠶᠢ ᠤᠯᠠᠮ ᠨᠢᠭᠡ ᠠᠯᠬᠤᠮ | ᠲᠡᠬᠡᠭᠰᠢᠯᠡᠬᠦᠯᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠵᠢᠴᠢ ᠲᠤᠰᠬᠠᠶ ᠮᠡᠷᠭᠡᠵᠢᠯ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ | ᠤᠶᠠᠯᠳᠤᠭᠤᠯᠤᠨ᠂ ᠡᠳᠦᠭᠡ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠳᠣᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠡᠷᠡᠭᠦᠯ | ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠠᠵᠢᠯ ᠤᠨ ᠲᠤᠬᠠᠢ ᠨᠠᠮ ᠤᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠳᠠᠯᠠᠨ᠂ ᠴᠢᠳᠠᠪᠤᠷᠢᠲᠠᠨ ᠢ | ᠲᠡᠷᠢᠭᠦᠨ ᠳᠤ ᠲᠠᠯᠪᠢᠬᠤ ᠶᠢ ᠳᠣᠪᠤᠶᠢᠯᠭᠠᠵᠤ᠂ ᠬᠤᠯᠤᠭᠠᠨ᠎ᠠ ᠶᠢᠨ ᠬᠢᠵᠢᠭ ᠤᠨ ᠬᠢᠨᠠᠨ ᠰᠢᠨᠵᠢᠬᠦ ᠰᠢᠰᠲ᠋ᠧᠮᠵᠢ ᠶᠢ | ᠲᠡᠭᠦᠯᠳᠡᠷᠵᠢᠭᠦᠯᠬᠦ ᠪᠠ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠵᠢᠴᠢ ᠲᠤᠰᠬᠠᠶ | ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠤᠯᠳᠠᠯᠭ᠎ᠠ ᠪᠤᠯᠭᠠᠨ᠂ ᠰᠤᠯᠠᠷᠠᠰᠢ ᠦᠬᠡᠢ | ᠪᠠᠶᠢᠩᠭᠤ ᠪᠡᠯᠡᠳᠬᠡᠯ ᠲᠠᠢ ᠪᠠᠶᠢᠬᠤ ᠶᠢ ᠪᠠᠷᠢᠮᠲᠠᠯᠠᠵᠤ᠂ ᠴᠢᠩᠳᠠᠯᠠᠨ ᠬᠠᠮᠢᠶᠠᠷᠬᠤ ᠶᠢ ᠤᠷᠤᠭᠰᠢ ᠪᠠᠶᠢᠷᠢᠯᠠᠭᠤᠯᠬᠤ ᠶᠢ | ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠳᠠᠷᠤᠬᠤ ᠶᠢᠨ ᠬᠢᠨᠠᠨ ᠰᠢᠨᠵᠢᠬᠦ ᠥᠷᠲᠡᠭᠡ ᠴᠡᠭ ᠢ | ᠪᠠᠷᠢᠮᠵᠢᠶᠠᠵᠢᠭᠤᠯᠤᠨ ᠵᠢᠷᠤᠮᠵᠢᠭᠤᠯᠵᠦ ᠪᠦᠳᠦᠬᠡᠨ ᠪᠠᠶᠢᠭᠤᠯᠬᠤ ᠶᠢ ᠭᠦᠴᠦᠳᠡᠢ ᠠᠬᠢᠭᠤᠯᠤᠨ᠂ ᠬᠤᠯᠤᠭᠠᠨ᠎ᠠ ᠶᠢᠨ | ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠢ ᠬᠥᠮᠦᠵᠢᠭᠦᠯᠬᠦ ᠪᠠ ᠤᠷᠤᠭᠤᠯᠤᠨ ᠠᠪᠴᠢᠷᠠᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠂ ᠮᠠᠨ ᠤ ᠣᠷᠣᠨ ᠤ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠵᠦ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠ | ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠳᠤ ᠪᠠᠲᠤ ᠪᠠᠬᠢ | ᠪᠠᠲᠤᠯᠠᠭ᠎ᠠ ᠬᠠᠩᠭᠠᠨ᠎ᠠ᠃ | ︵ᠬᠤᠶᠠᠷ︶ ᠠᠵᠢᠯ ᠤᠨ ᠬᠠᠷᠠᠯᠲᠠ᠃ 2021 ᠣᠨ ᠤ ᠰᠡᠭᠦᠯᠴᠢ ᠪᠣᠯᠬᠤ ᠳᠤ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ ᠪᠠ ᠬᠢᠵᠢᠭ ᠤᠨ ᠢᠷᠡᠯᠲᠡ ᠶᠢᠨ ᠪᠣᠢ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ | ︶ ᠤ ᠡᠪᠡᠳᠴᠢᠨ ᠡᠮᠭᠡᠭ ︵ᠣᠷᠣᠨ ᠨᠤᠲᠤᠭ ᠤᠨ ᠡᠪᠡᠳᠴᠢᠨ︶ ᠢ ᠰᠡᠷᠭᠡᠶᠢᠯᠡᠨ ᠬᠤᠷᠢᠨᠨᠯᠠᠬᠤ ᠲᠥᠪ ᠲᠤ ᠴᠥᠮ | ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠢ ᠡᠭᠦᠷᠭᠡᠯᠡᠬᠦ ᠳᠣᠲᠣᠭᠠᠳᠤ ᠪᠠᠶᠢᠭᠤᠯᠤᠮᠵᠢ ᠲᠠᠢ ᠪᠤᠯᠭᠠᠵᠦ᠂ | ᠬᠢᠵᠢᠭ ᠤᠨ ᠢᠷᠡᠯᠲᠡ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠪᠦᠬᠦᠨ ᠳᠤ ᠬᠤᠯᠤᠭᠠᠨ᠎ᠠ ᠶᠢᠨ ᠬᠢᠵᠢᠭ ᠢ | ᠬᠡᠭᠡᠷ᠎ᠡ ᠭᠠᠳᠠᠭ᠎ᠠ ᠬᠢᠨᠠᠨ ᠰᠢᠨᠵᠢᠬᠦ ᠠᠵᠢᠯ ᠦᠷᠨᠢᠬᠦᠯᠬᠦ ᠨᠥᠬᠦᠴᠡᠯ ᠢ ᠪᠦᠷᠢᠯᠳᠦᠬᠦᠯᠦᠨ᠂ ᠬᠤᠯᠤᠭᠠᠨ᠎ᠠ ᠶᠢᠨ ᠬᠢᠵᠢᠭ ᠢ | ᠬᠢᠨᠠᠨ ᠰᠢᠨᠵᠢᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠎ᠠ︔ ᠪᠥᠬᠦ ᠣᠷᠣᠨ ᠤ ᠬᠤᠯᠤᠭᠠᠨ᠎ᠠ ᠶᠢᠨ | ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠤ ᠪᠦᠭᠦ ᠲᠤᠭ᠎ᠠ ᠶᠢ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ | ᠲᠠᠷᠤᠬᠤ ᠠᠵᠢᠯ ᠤᠨ ᠬᠡᠷᠡᠭᠴᠡᠭᠡ ᠱᠠᠭᠠᠷᠳᠠᠯᠭ᠎ᠠ ᠲᠠᠢ ᠦᠨᠳᠦᠰᠦᠨ ᠳᠤ ᠪᠠᠨ ᠲᠤᠬᠢᠷᠠᠯᠴᠠᠭᠤᠯᠵᠦ᠂ ᠬᠤᠯᠤᠭᠠᠨ᠎ᠠ ᠶᠢᠨ | ᠬᠢᠵᠢᠭ ᠢ ᠰᠡᠷᠬᠡᠶᠢᠯᠡᠨ ᠲᠠᠷᠤᠬᠤ ᠠᠵᠢᠯᠲᠠᠨ ᠳᠤᠲᠠᠭᠳᠠᠵᠤ ᠪᠠᠶᠢᠭ᠎ᠠ ᠪᠠᠶᠢᠳᠠᠯ ᠢ ᠢᠯᠡᠳᠲᠡ ᠰᠠᠶᠢᠵᠢᠷᠠᠭᠤᠯᠤᠨ᠎ᠠ︔ | ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠰᠠᠭᠤᠷᠢ ᠪᠡᠯᠡᠳᠬᠡᠮᠵᠢ᠂ ᠲᠤᠷᠰᠢᠯᠲᠠ ᠶᠢᠨ ᠲᠠᠰᠤᠭ ᠤᠨ | ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ | ᠲᠠᠷᠤᠬᠤ ᠲᠥᠬᠦᠭᠡᠷᠦᠮᠵᠢ᠂ ᠲᠣᠨᠤᠭ ᠲᠥᠬᠦᠭᠡᠷᠦᠮᠵᠢ᠂ ᠲᠡᠷᠭᠡ ᠬᠥᠰᠬᠡ ᠵᠡᠷᠭᠡ ᠠᠵᠢᠯ ᠤᠨ ᠬᠡᠷᠡᠭᠴᠡᠭᠡ ᠶᠢ ᠬᠠᠩᠭᠠᠨ᠂ | ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠵᠦ ᠪᠠᠶᠢᠴᠠᠭᠠᠨ ᠰᠢᠯᠭᠠᠬᠤ ᠴᠢᠳᠠᠪᠤᠷᠢ ᠪᠠ ᠪᠠᠴᠢᠮ ᠪᠠᠶᠢᠳᠠᠯ ᠢ | ᠠᠷᠭᠠᠴᠠᠭᠠᠨ ᠰᠶᠢᠳᠪᠦᠷᠢᠯᠡᠬᠦ ᠬᠢᠷᠢ ᠲᠦᠪᠰᠢᠨ ᠢ ᠢᠯᠡᠳᠳᠡ ᠲᠡᠬᠡᠭᠰᠢᠯᠡᠬᠦᠯᠵᠦ᠂ ᠪᠦᠲᠦᠴᠡ ᠨᠢ ᠵᠦᠶ ᠵᠣᠬᠢᠰᠲᠠᠶ᠂ | ᠴᠢᠳᠠᠮᠵᠢ ᠨᠢ ᠪᠦᠷᠢᠨ ᠲᠡᠭᠦᠯᠳᠡᠷ᠂ ᠲᠤᠰᠬᠠᠯ ᠢᠶᠠᠷ ᠴᠠᠭ ᠲᠤᠬᠠᠶᠢᠴᠢ᠂ ᠰᠶᠢᠳᠪᠦᠷᠢᠯᠡᠯᠳᠡ ᠨᠢ ᠥᠨᠳᠥᠷ ᠦᠷ᠎ᠡ | ᠪᠦᠲᠦᠮᠵᠢᠲᠡᠶ ᠪᠤᠯᠬᠤᠶᠢᠴᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠭᠤᠷᠪᠠᠨ ᠱᠠᠲᠤᠨ ᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠳᠠᠷᠤᠬᠤ ᠪᠠᠴᠢᠮ ᠪᠠᠶᠢᠳᠠᠯ ᠤᠨ | ᠠᠷᠭᠠᠴᠠᠭᠠᠬᠤ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠬᠦᠯᠦᠨ᠎ᠠ᠃ | ᠬᠤᠶᠠᠷ᠂ ᠠᠵᠢᠯ ᠤᠨ ᠡᠭᠦᠷᠭᠡ | ︵ᠨᠢᠭᠡ︶ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠰᠢᠰᠲ᠋ᠧᠮᠵᠢ ᠶᠢ ᠲᠡᠭᠦᠯᠳᠡᠷᠵᠢᠬᠦᠯᠦᠨ᠎ᠠ᠃ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠤᠶᠤ ᠲᠣᠬᠢᠷᠠᠭᠤᠯᠬᠤ ᠵᠡᠷᠭᠡ | ᠠᠷᠭ᠎ᠠ ᠵᠠᠮ ᠢᠶᠠᠷ ᠳᠠᠮᠵᠢᠭᠤᠯᠤᠨ᠂ ᠪᠦᠬᠦ ᠣᠷᠣᠨ ᠤ 12 ᠠᠶᠢᠮᠠᠭ ᠬᠤᠲᠠ ᠳᠤ ᠬᠤᠯᠤᠭᠠᠨ᠎ᠠ ᠶᠢᠨ ᠬᠢᠵᠢᠭ ᠢ ᠬᠢᠨᠠᠨ | ᠰᠢᠨᠵᠢᠬᠦ ᠬᠢᠬᠡᠳ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠲᠠᠢ | ᠪᠤᠯᠭᠠᠵᠦ᠂ ᠬᠢᠵᠢᠭ ᠤᠨ ᠢᠷᠡᠯᠳᠡ ᠶᠢᠨ ᠭᠠᠵᠠᠷ ᠣᠷᠣᠨ ᠠᠴᠠ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ᠂ ᠡᠷᠢᠶᠡᠨ | ᠬᠤᠲᠠ᠂ ᠬᠤᠤᠯᠢᠩᠭᠤᠤᠯ ᠬᠤᠲᠠ ᠶᠢ ᠭᠠᠷᠭᠠᠪᠠᠯ᠂ ᠪᠤᠰᠤᠳ ᠬᠢᠵᠢᠭ ᠤᠨ ᠢᠷᠡᠯᠳᠡ ᠶᠢᠨ ᠪᠤᠶ ᠪᠦᠬᠦᠢ ᠬᠤᠰᠢᠭᠤ | ᠰᠢᠶᠠᠨ ︵ᠬᠤᠲᠠ᠂ ᠲᠣᠭᠤᠷᠢᠭ︶ ᠳᠤ ᠴᠥᠮ ᠬᠤᠯᠤᠭᠠᠨ᠎ᠠ ᠶᠢᠨ ᠬᠢᠵᠢᠭ ᠢ ᠬᠡᠬᠡᠷ᠎ᠡ ᠭᠠᠳᠠᠭ᠎ᠠ ᠬᠢᠨᠠᠨ ᠰᠢᠨᠵᠢᠬᠦ | ᠪᠠᠷᠢᠮᠵᠢᠶᠠᠳᠤ ᠥᠷᠲᠡᠭᠡ ᠪᠠᠶᠢᠭᠤᠯᠬᠤ ᠶᠢᠨ ᠬᠠᠮᠳᠤ᠂ ᠱᠠᠭᠠᠷᠳᠠᠯᠭ᠎ᠠ ᠶᠣᠰᠣᠭᠠᠷ ᠲᠤᠷᠰᠢᠯᠲᠠ ᠶᠢᠨ ᠲᠠᠰᠤᠭ ᠤᠨ | ᠪᠠᠶᠢᠴᠠᠭᠠᠨ ᠰᠢᠨᠵᠢᠬᠦ ᠲᠥᠬᠦᠭᠡᠷᠦᠮᠵᠢ᠂ ᠠᠬᠤᠢ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ | ᠲᠥᠬᠦᠭᠡᠷᠦᠮᠵᠢ ᠪᠠ ᠲᠣᠨᠤᠭ ᠲᠦᠭᠦᠬᠡᠷᠦᠮᠵᠢ ᠵᠢᠴᠢ ᠠᠯᠪᠠᠯᠠᠵᠦ ᠠᠮᠢᠳᠤᠷᠠᠬᠤ ᠶᠢᠨ ᠴᠢᠬᠤᠯᠠ ᠪᠦᠬᠦᠢ ᠪᠡᠯᠡᠳᠬᠡᠮᠵᠢ ᠪᠠ | ᠵᠠᠮ ᠬᠠᠷᠢᠯᠴᠠᠭᠠᠨ ᠤ ᠪᠠᠭᠠᠵᠢ ᠵᠡᠷᠬᠡ ᠶᠢ ᠬᠤᠳᠠᠯᠳᠤᠨ ᠠᠪᠴᠤ ᠲᠦᠭᠦᠬᠡᠷᠴᠤ ᠪᠦᠷᠢᠯᠳᠦᠬᠦᠯᠦᠨ᠂ ᠡᠳᠦᠷ | ᠲᠤᠲᠤᠮ ᠤᠨ ᠬᠢᠨᠠᠨ ᠰᠢᠨᠵᠢᠬᠦ ᠠᠵᠢᠯ ᠤᠨ ᠬᠡᠷᠡᠭᠴᠡᠭᠡ ᠶᠢ ᠦᠨᠡᠨ ᠬᠦ ᠬᠠᠩᠭᠠᠨ ᠪᠠᠲᠤᠯᠠᠬᠤ ᠬᠡᠷᠡᠭᠲᠡᠢ᠃ | ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠥᠷᠲᠡᠭᠡ ᠪᠦᠭᠦᠨ ᠢ ᠴᠥᠮ ᠪᠦᠲᠦᠭᠡᠨ ᠪᠠᠶᠢᠭᠤᠯᠬᠤ ᠪᠠᠷᠢᠮᠵᠢᠶ᠎ᠠ ᠳᠤ | ᠨᠡᠶᠢᠴᠡᠬᠦᠯᠬᠦ ᠶᠢᠨ ᠲᠠᠭᠠᠤ ᠪᠦᠭᠦᠯᠢ ᠵᠢᠯ ᠢᠶᠠᠷ ᠲᠤᠷᠰᠢᠯᠲᠠ ᠶᠢᠨ ᠲᠠᠰᠤᠭ ᠲᠤ ᠪᠠᠶᠢᠴᠠᠭᠠᠨ ᠰᠢᠨᠵᠢᠵᠦ ᠪᠤᠯᠬᠤ | ᠨᠥᠬᠦᠴᠡᠯ ᠲᠠᠢ ᠪᠤᠯᠭᠠᠨ᠎ᠠ᠃ | ︵ᠬᠤᠶᠠᠷ︶ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠪᠠᠶᠢᠭᠤᠯᠤᠮᠵᠢ ᠶᠢ | ᠪᠦᠷᠢᠨᠰᠢᠬᠦᠯᠦᠨ᠎ᠠ᠃ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ᠨᠢ ᠠᠵᠢᠯ | ᠶᠠᠪᠤᠳᠠᠯ ᠢᠶᠠᠷ ᠠᠵᠢᠯ ᠤᠨ ᠪᠠᠶᠢᠷᠢ ᠲᠤᠬᠢᠷᠠᠭᠤᠯᠬᠤ᠂ ᠠᠵᠢᠯ ᠤᠨ ᠪᠠᠶᠢᠷᠢ ᠪᠠᠷ ᠠᠵᠢᠯᠳᠠᠳ ᠲᠤᠨᠨᠳᠠᠭᠠᠬᠤ ᠵᠠᠷᠴᠢᠮ | ᠶᠣᠰᠣᠭᠠᠷ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠤᠨ ᠬᠡᠷᠡᠭᠴᠡᠭᠡ ᠶᠢ ᠦᠨᠳᠦᠰᠦᠯᠡᠵᠦ | ᠠᠵᠢᠯ ᠤᠨ ᠪᠠᠶᠢᠷᠢ ᠶᠢ ᠵᠤᠬᠢᠰᠳᠠᠢ ᠲᠤᠬᠢᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ | ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠨᠢ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠳᠣᠲᠣᠭᠠᠳᠤ | ᠪᠠᠶᠢᠭᠤᠯᠤᠮᠵᠢ ᠶᠢ ᠲᠤᠬᠢᠷᠠᠭᠤᠯᠵᠦ᠂ ᠠᠶᠢᠮᠠᠭ ᠬᠤᠲᠠ ᠶᠢᠨ ᠡᠪᠡᠳᠴᠢᠨ ᠡᠮᠭᠡᠭ ︵ᠣᠷᠣᠨ ᠨᠤᠲᠤᠭ ᠤᠨ ᠡᠪᠡᠳᠴᠢᠨ︶ | ᠢ ᠰᠡᠷᠭᠡᠶᠢᠯᠡᠨ ᠬᠤᠷᠢᠨᠨᠯᠠᠬᠤ ᠲᠥᠪ ᠪᠠ ᠬᠢᠵᠢᠭ ᠤᠨ ᠢᠷᠡᠯᠲᠡ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ | ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠲᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ | ᠳᠣᠲᠣᠭᠠᠳᠤ ᠪᠠᠶᠢᠭᠤᠯᠤᠮᠵᠢ ᠲᠠᠢ ᠪᠣᠯᠭᠠᠵᠤ᠂ ᠬᠢᠵᠢᠭ ᠤᠨ ᠢᠷᠡᠯᠳᠡ ᠶᠢᠨ ᠪᠤᠰᠤ ᠪᠤᠰᠤᠳ ᠬᠤᠰᠢᠭᠤ ᠰᠢᠶᠠᠨ ︵ | ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠥᠪ ᠤᠨ ᠵᠤᠬᠢᠬᠤ ᠳᠣᠲᠣᠭᠠᠳᠤ | ᠰᠠᠯᠠᠭ᠎ᠠ ᠲᠠᠰᠤᠭ ᠲᠤ ᠪᠠᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠤᠨ ᠡᠭᠦᠷᠭᠡ ᠴᠢᠳᠠᠪᠤᠷᠢ ᠪᠠᠨ | ᠲᠤᠳᠤᠷᠬᠠᠶᠢᠯᠠᠬᠤ ᠬᠡᠷᠡᠭᠲᠡᠢ᠃ 2020 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠦᠬᠦ ᠣᠷᠣᠨ ᠤ | 12 ᠠᠶᠢᠮᠠᠭ ᠬᠤᠲᠠ ᠶᠢᠨ ᠡᠪᠡᠳᠴᠢᠨ ᠡᠮᠭᠡᠭ ︵ᠣᠷᠣᠨ ᠨᠤᠲᠤᠭ ᠤᠨ ᠡᠪᠡᠳᠴᠢᠨ︶ ᠢ ᠰᠡᠷᠬᠡᠶᠢᠯᠡᠨ ᠬᠤᠷᠢᠨᠨᠯᠠᠬᠤ | ᠲᠥᠪ ᠪᠠ ᠬᠢᠵᠢᠭ ᠤᠨ ᠢᠷᠡᠯᠲᠡ ᠶᠢᠨ 57 ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ | ᠰᠡᠷᠬᠡᠶᠢᠯᠡᠨ ᠬᠤᠷᠢᠨᠨᠯᠠᠬᠤ ᠲᠥᠪ ᠲᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠰᠠᠯᠠᠭ᠎ᠠ ᠲᠠᠰᠤᠭ | ᠪᠠ ᠲᠤᠰᠬᠠᠶ ᠲᠤᠰᠢᠶᠠᠯᠲᠤ ᠠᠵᠢᠯᠲᠠᠨ ᠲᠠᠢ ᠪᠤᠯᠭᠠᠬᠤ ᠶᠢ ᠦᠨᠡᠨ ᠬᠦ ᠪᠠᠲᠤᠯᠠᠵᠤ᠂ ᠬᠢᠵᠢᠭ ᠤᠨ ᠢᠷᠡᠯᠳᠡ ᠶᠢᠨ ᠪᠤᠰᠤ | ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ | ᠲᠥᠪ ᠤᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠳᠤ ᠵᠤᠬᠢᠬᠤ ᠰᠠᠯᠠᠭ᠎ᠠ ᠲᠠᠰᠤᠭ ᠪᠠ | ᠬᠠᠷᠢᠭᠤᠴᠠᠬᠤ ᠠᠵᠢᠯᠲᠠᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠭᠤᠷᠪᠠ︶ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠡᠩᠨᠡᠭᠡ ᠶᠢ ᠪᠠᠶᠢᠭᠤᠯᠤᠨ᠎ᠠ᠃ | ᠡᠯ᠎ᠡ ᠭᠠᠵᠠᠷ ᠣᠷᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ | ᠰᠡᠷᠬᠡᠶᠢᠯᠡᠨ ᠬᠤᠷᠢᠨᠨᠯᠠᠬᠤ ᠲᠥᠪ ᠤᠨ ᠪᠠᠶᠢᠭᠤᠯᠤᠮᠵᠢ ᠶᠢᠨ ᠣᠷᠣᠨ ᠲᠤᠭᠠᠨ ᠤ ᠬᠠᠮᠢᠶᠠᠷᠤᠯᠲᠠ ᠶᠢᠨ ᠠᠷᠭ᠎ᠠ︾ ︵ | ᠦᠪᠦᠷ ᠪᠠᠶᠢᠭᠤᠯᠤᠮᠵᠢ ᠤᠷᠤᠨ ᠲᠤᠭ᠎ᠠ ᠠᠯᠪᠠᠨ ᠲᠠᠷᠬᠠᠭᠠᠭᠰᠠᠨ ︹2017︺ 241 ᠳ᠋ᠤᠬᠡᠷ ᠲᠣᠭᠠᠲᠤ︶ ᠶᠢᠨ | ᠱᠠᠭᠠᠷᠳᠠᠯᠭ᠎ᠠ ᠶᠣᠰᠣᠭᠠᠷ᠂ ᠤᠳᠤᠬᠢ ᠣᠷᠣᠨ ᠲᠤᠭ᠎ᠠ ᠳᠤ ᠪᠠᠶᠢᠭ᠎ᠠ ᠠᠵᠢᠯᠳᠠᠨ ᠤ ᠲᠤᠭ᠎ᠠ ᠨᠢ ᠬᠠᠷᠭᠤᠭᠤᠯᠵᠦ | ᠲᠣᠭᠲᠠᠭᠠᠭᠰᠠᠨ ᠣᠷᠣᠨ ᠲᠤᠭ᠎ᠠ ᠳᠤ ᠭᠦᠷᠦᠬᠡᠳᠦᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠦᠪ ᠤᠳ ᠨᠢ 2020 ᠣᠨ ᠤ ᠰᠡᠭᠦᠯᠴᠢ ᠠᠴᠠ ᠡᠮᠦᠨ᠎ᠡ᠂ | ᠬᠤᠭᠤᠰᠣᠨ ᠣᠷᠣᠨ ᠲᠤᠭᠠᠨ ᠤ 60% ᠪᠠᠷ ᠠᠵᠢᠯᠳᠠᠨ ᠨᠦᠬᠦᠪᠦᠷᠢᠯᠡᠬᠦ ᠬᠡᠷᠡᠭᠲᠡᠢ︔ 2021 ᠣᠨ ᠤ 6 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠠᠷᠭᠤᠭᠤᠯᠵᠦ ᠲᠣᠭᠲᠠᠭᠠᠭᠰᠠᠨ ᠣᠷᠣᠨ ᠲᠤᠭ᠎ᠠ ᠪᠠ ᠠᠵᠢᠯ ᠤᠨ ᠪᠠᠶᠢᠷᠢ ᠪᠠᠷ | ᠪᠥᠬᠦ ᠠᠵᠢᠯᠳᠠᠨ ᠢᠶᠠᠨ ᠭᠦᠢᠴᠡᠳ ᠨᠦᠭᠦᠪᠦᠷᠢᠯᠡᠵᠦ ᠲᠣᠬᠢᠷᠠᠭᠤᠯᠬᠤ ᠬᠡᠷᠡᠭᠲᠡᠢ᠃ ᠢᠯᠡ ᠪᠠᠷ ᠤᠷᠢᠬᠤ᠂ ᠰᠠᠭᠠᠳ | ᠦᠭᠡᠢ ᠨᠡᠪᠳᠡᠷᠡᠯ ᠵᠠᠮ ᠢᠶᠠᠷ ᠤᠷᠤᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠡᠯ᠎ᠡ ᠱᠠᠲᠤᠨ ᠤ ᠡᠪᠡᠳᠴᠢᠨ | ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ︵ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠮᠨᠡᠬᠦ ᠪᠠᠶᠢᠭᠤᠯᠤᠮᠵᠢ | ︶ ᠳᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠮᠡᠷᠭᠡᠵᠢᠯ ᠤᠨ ᠠᠵᠢᠯᠲᠠᠨ ᠢ ᠲᠦᠷᠭᠡᠬᠡᠨ | ᠨᠥᠬᠦᠪᠥᠷᠢᠯᠡᠵᠦ᠂ 12 ᠠᠶᠢᠮᠠᠭ ᠬᠤᠲᠠ ᠶᠢᠨ ᠡᠪᠡᠳᠴᠢᠨ ᠡᠮᠭᠡᠭ ︵ᠣᠷᠣᠨ ᠨᠤᠳᠤᠭ ᠤᠨ ᠡᠪᠡᠳᠴᠢᠨ︶ ᠢ | ᠰᠡᠷᠭᠡᠶᠢᠯᠡᠨ ᠬᠤᠷᠢᠨᠨᠯᠠᠬᠤ ᠲᠥᠪ ᠪᠠ ᠬᠢᠵᠢᠭ ᠤᠨ ᠢᠷᠡᠯᠲᠡ ᠶᠢᠨ 57 ᠬᠤᠰᠢᠭᠤ ᠰᠢᠶᠠᠨ ︵ᠬᠤᠲᠠ᠂ ᠲᠣᠭᠤᠷᠢᠭ︶ | ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠤᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ | ᠰᠠᠯᠠᠭ᠎ᠠ ᠲᠠᠰᠤᠭ ᠲᠤ ᠨᠠᠭᠠᠳᠤ ᠵᠠᠬ᠎ᠠ ᠳᠤ ᠪᠠᠨ 5 ᠲᠤᠰᠬᠠᠶ ᠲᠤᠰᠢᠶᠠᠯᠲᠤ ᠠᠵᠢᠯᠲᠠᠨ ᠲᠤᠬᠢᠷᠠᠭᠤᠯᠤᠨ᠎ᠠ᠂ ᠡᠭᠦᠨ ᠳᠤ | ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ 2 ᠠᠵᠢᠯᠳᠠᠨ ᠪᠠ ᠬᠡᠭᠡᠷ᠎ᠡ ᠭᠠᠳᠠᠭ᠎ᠠ ᠬᠢᠨᠠᠨ ᠰᠢᠨᠵᠢᠬᠦ 3 | ᠠᠵᠢᠯᠳᠠᠨ ᠪᠠᠭᠳᠠᠨ᠎ᠠ︔ ᠬᠢᠵᠢᠭ ᠤᠨ ᠢᠷᠡᠯᠳᠡ ᠶᠢᠨ ᠪᠤᠰᠤ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ | ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠲᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ | ᠲᠤᠰᠬᠠᠶ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠢ 2 — 3 ᠲᠣᠬᠢᠷᠠᠭᠤᠯᠵᠤ᠂ ᠬᠤᠯᠤᠭᠠᠨ᠎ᠠ ᠶᠢᠨ ᠬᠢᠵᠢᠭ ᠢ | ᠰᠡᠷᠬᠡᠶᠢᠯᠡᠨ ᠲᠠᠷᠤᠬᠤ ᠠᠵᠢᠯ ᠤᠨ ᠬᠡᠷᠡᠭᠴᠡᠭᠡ ᠶᠢ ᠦᠨᠡᠨ ᠬᠦ ᠬᠠᠩᠭᠠᠨ ᠪᠠᠲᠤᠯᠠᠬᠤ ᠬᠡᠷᠡᠭᠲᠡᠢ᠃ | ︵ᠳᠥᠷᠪᠡ︶ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠦᠨ᠎ᠠ᠃ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠤᠨ ᠰᠠᠯᠠᠭ᠎ᠠ ᠮᠦᠴᠢᠷ ᠨᠢ ᠬᠤᠯᠤᠭᠠᠨ᠎ᠠ ᠶᠢᠨ | ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠢ ᠤᠷᠲᠤ ᠬᠤᠭᠤᠴᠠᠭ᠎ᠠ ᠪᠠᠷ ᠬᠥᠮᠦᠵᠢᠭᠦᠯᠬᠦ ᠳᠦᠷᠢᠮ ᠢ ᠬᠠᠮᠲᠤ ᠪᠠᠷ | ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠳᠠᠬᠢ ᠠᠨᠠᠭᠠᠬᠤ ᠤᠬᠠᠭᠠᠨ ᠤ ᠶᠡᠭᠡ ᠲᠡᠬᠡᠳᠦ | ᠰᠤᠷᠭᠠᠭᠤᠯᠢ ᠶᠢᠨ ᠰᠡᠷᠬᠡᠶᠢᠯᠡᠯᠳᠡ ᠶᠢᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠳᠤ ᠬᠤᠯᠤᠭᠠᠨ᠎ᠠ ᠶᠢᠨ ᠬᠢᠵᠢᠭ ᠢ | ᠰᠡᠷᠬᠡᠶᠢᠯᠡᠨ ᠲᠠᠷᠤᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠵᠠᠬᠢᠶᠠᠯᠠᠭ᠎ᠠ ᠲᠠᠢ ᠬᠠᠨᠳᠤᠯᠭ᠎ᠠ ᠲᠠᠢ ᠪᠠᠷ | ᠭᠦᠮᠦᠵᠢᠬᠦᠯᠵᠦ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ᠳᠤ | ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠠᠯ᠎ᠠ ᠪᠠᠷ ᠦᠯᠡᠳᠡᠭᠡᠵᠦ ᠠᠵᠢᠯᠯᠠᠭᠤᠯᠵᠦ ᠳᠡᠶᠢᠯᠬᠦ᠂ ᠬᠡᠷᠡᠭᠯᠡᠵᠦ | ᠪᠤᠯᠤᠮᠠᠷ᠂ ᠰᠠᠶᠢᠨ ᠠᠵᠢᠯᠯᠠᠳᠠᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠭᠦᠮᠦᠵᠢᠬᠦᠯᠦᠨᠠ᠃ ᠵᠠᠬᠢᠶᠠᠯᠠᠭ᠎ᠠ ᠲᠠᠢ | ᠬᠠᠨᠳᠤᠯᠭ᠎ᠠ ᠲᠤᠨᠨᠳᠠᠭᠠᠯᠭᠠᠨᠨᠰᠠᠨ ᠰᠤᠷᠤᠭᠴᠢᠳ ᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠰᠤᠷᠤᠯᠭ᠎ᠠ ᠪᠠ | ᠪᠠᠶᠢᠷᠢ ᠶᠢᠨ ᠰᠦᠢᠳᠬᠡᠯ ᠲᠤᠰᠢᠶᠠᠬᠤ ᠠᠴᠠ ᠬᠡᠯᠲᠦᠷᠢᠭᠦᠯᠦᠨ᠎ᠡ᠂ ᠲᠡᠳᠡ ᠨᠠᠷ ᠤᠨ ᠬᠡᠷᠡᠭᠰᠡᠬᠦ ᠵᠠᠷᠤᠳᠠᠯ ᠢ ᠨᠢ ᠨᠠᠶᠢᠳᠠᠨ | ᠭᠦᠮᠦᠵᠢᠬᠦᠯᠬᠦ ᠨᠢᠬᠡᠴᠢ ᠠᠴᠠ ᠡᠭᠦᠷᠬᠡᠯᠡᠨ᠎ᠡ᠃ ᠡᠯ᠎ᠡ ᠭᠠᠵᠠᠷ ᠣᠷᠣᠨ ᠨᠢ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ | ᠲᠠᠷᠤᠬᠤ ᠪᠦᠬᠦ ᠠᠵᠢᠯᠳᠠᠳ ᠢᠶᠠᠨ ᠪᠣᠯᠪᠠᠰᠤᠷᠠᠭᠤᠯᠬᠤ ᠲᠦᠯᠦᠪᠯᠡᠭᠡ ᠶᠢ ᠬᠡᠷᠡᠭᠵᠢᠭᠦᠯᠵᠦ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ᠶᠢᠨ | ᠠᠵᠢᠯ ᠤᠨ ᠪᠠᠶᠢᠷᠢ ᠪᠠ ᠲᠤᠰᠢᠶᠠᠯ ᠳᠤ ᠪᠠᠶᠢᠬᠤ ᠠᠵᠢᠯᠳᠠᠳ ᠲᠤ ᠪᠠᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ | ᠲᠠᠷᠤᠬᠤ ᠮᠡᠳᠡᠯᠭᠡ ᠶᠢᠨ ᠲᠠᠯ᠎ᠠ ᠪᠠᠷ ᠬᠢ ᠪᠦᠬᠦ ᠠᠵᠢᠯᠳᠠᠳ ᠤᠨ ᠪᠣᠯᠪᠠᠰᠤᠷᠠᠭᠤᠯᠤᠯ ᠢ ᠵᠢᠯ ᠪᠦᠷᠢ ᠨᠠᠭᠠᠳᠤ | ᠵᠠᠬ᠎ᠠ ᠳᠤ ᠪᠠᠨ ᠨᠢᠭᠡ ᠤᠳᠠᠭ᠎ᠠ ᠦᠷᠨᠢᠬᠦᠯᠬᠦ ᠶᠢᠨ ᠬᠠᠮᠳᠤ᠂ ᠪᠤᠯᠪᠠᠰᠤᠷᠠᠭᠤᠯᠤᠯ ᠭᠦᠷᠳᠡᠬᠡᠭᠰᠡᠨ ᠦᠷ᠎ᠡ ᠳ᠋ᠦᠩ ᠢ ᠨᠢ | ᠠᠵᠢᠯ ᠤᠨ ᠪᠠᠶᠢᠷᠢ ᠳᠤ ᠤᠷᠢᠨ ᠲᠣᠮᠢᠯᠠᠬᠤ᠂ ᠣᠨ ᠤ ᠰᠢᠯᠭᠠᠨ ᠬᠢᠨᠠᠬᠤ᠂ ᠮᠡᠷᠭᠡᠵᠢᠯ ᠤᠨ ᠴᠣᠯᠠ ᠳᠡᠪᠰᠢᠭᠦᠯᠬᠦ | ᠴᠢᠬᠤᠯᠠ ᠦᠨᠳᠦᠰᠦᠯᠡᠯ ᠪᠣᠯᠭᠠᠵᠤ᠂ ᠦᠨᠳᠦᠰᠦᠨ ᠱᠠᠲᠤᠨ ᠤ ᠲᠤᠰᠬᠠᠶ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ | ᠠᠵᠢᠯ ᠤᠨ ᠬᠢᠷᠢ ᠲᠦᠪᠰᠢᠨ ᠢ ᠦᠨᠡᠨ ᠬᠦ ᠲᠡᠬᠡᠭᠰᠢᠯᠡᠬᠦᠯᠦᠨ᠎ᠠ︔ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ | ᠠᠵᠢᠯᠳᠠᠳ ᠢ ᠳᠠᠪᠲᠠᠨ ᠪᠤᠯᠪᠠᠰᠤᠷᠠᠭᠤᠯᠬᠤ ᠰᠤᠷᠤᠯᠴᠠᠯᠭ᠎ᠠ ᠶᠢᠨ ᠳᠦᠷᠢᠮ ᠢ ᠪᠠᠶᠢᠭᠤᠯᠵᠤ᠂ ᠠᠵᠢᠯ ᠤᠨ | ᠬᠡᠷᠡᠭᠴᠡᠭᠡ ᠪᠠᠨ ᠦᠨᠳᠦᠰᠦᠯᠡᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ | ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ᠨᠢ ᠵᠢᠯ ᠪᠦᠷᠢ 5 — 10 ᠬᠥᠮᠦᠨ ᠢ ᠤᠯᠤᠰ᠂ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠥᠬᠦᠶ ᠪᠠᠶᠢᠭᠤᠯᠤᠮᠵᠢ ᠳᠤ ᠰᠣᠩᠭᠤᠨ ᠭᠦᠷᠬᠡᠬᠦ ᠪᠤᠶᠤ ᠪᠤᠰᠤᠳ ᠲᠡᠷᠢᠭᠦᠨ ᠤ ᠮᠤᠵᠢ ︵ | ᠦᠪᠡᠷᠳᠡᠬᠡᠨ ᠵᠠᠰᠠᠬᠤ ᠣᠷᠣᠨ᠂ ᠬᠤᠲᠠ︶ ᠳᠤ 3 — 6 ᠰᠠᠷ᠎ᠠ ᠪᠠᠷ ᠠᠵᠢᠯ ᠤᠨ ᠪᠠᠶᠢᠷᠢ ᠠᠴᠠ ᠨᠢ ᠰᠠᠯᠭᠠᠵᠤ | ᠲᠤᠬᠠᠶᠢᠯᠠᠭᠰᠠᠨ ᠠᠵᠢᠯ ᠤᠨ ᠳᠠᠪᠲᠠᠨ ᠪᠤᠯᠪᠠᠰᠤᠷᠠᠭᠤᠯᠬᠤ ᠰᠤᠷᠤᠯᠴᠠᠯᠭ᠎ᠠ ᠳᠤ ᠤᠷᠤᠯᠴᠠᠭᠤᠯᠵᠦ᠂ ᠬᠤᠯᠤᠭᠠᠨ᠎ᠠ ᠶᠢᠨ | ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠮᠡᠷᠭᠡᠵᠢᠯ ᠤᠨ ᠡᠩᠨᠡᠭᠡᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠨᠢ | ᠲᠠᠰᠤᠷᠠᠯᠲᠠ ᠦᠭᠡᠢ ᠲᠡᠬᠡᠭᠰᠢᠯᠡᠬᠦᠯᠦᠨ᠎ᠠ᠃ | ︵ᠲᠠᠪᠤ︶ ᠠᠵᠢᠯ ᠤᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠨᠢ | ᠡᠷᠡᠭᠦᠯ ᠢ ᠬᠠᠮᠠᠭᠠᠯᠠᠵᠦ ᠬᠢᠵᠢᠭ ᠢ ᠰᠡᠷᠭᠡᠶᠢᠯᠡᠬᠦ ᠨᠡᠮᠡᠯᠬᠡ ᠪᠠ ᠠᠵᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ | ᠡᠳ᠋ ᠤᠨ ᠵᠠᠰᠠᠭ ᠤᠨ ᠶᠠᠮᠤᠨ ᠤ ︽ᠡᠷᠡᠭᠦᠯ ᠢ ᠬᠠᠮᠠᠭᠠᠯᠠᠵᠦ ᠬᠢᠵᠢᠭ ᠢ ᠰᠡᠷᠭᠡᠶᠢᠯᠡᠬᠦ ᠨᠡᠮᠡᠯᠬᠡ ᠶᠢᠨ ᠪᠠᠷᠢᠮᠵᠢᠶ᠎ᠠ ᠳᠤ | ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ ᠲᠠᠷᠬᠠᠭᠠᠨᠨᠰᠠᠨ ︹2020︺ 13 | ᠳ᠋ᠤᠭᠠᠷ ᠲᠣᠭᠠᠲᠤ︶ ᠪᠠ ︽ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠮᠨᠡᠬᠦ ᠠᠵᠢᠯᠲᠠᠨ ᠤ | ᠲᠦᠷ ᠴᠠᠭ ᠤᠨ ᠴᠢᠨᠠᠷᠲᠠᠶ ᠠᠵᠢᠯ ᠤᠨ ᠨᠥᠬᠦᠪᠥᠷᠢ ᠶᠢᠨ ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ | ᠲᠣᠭᠲᠠᠭᠠᠯ ︹2016︺ 4 ᠳ᠋ᠤᠬᠡᠷ ᠲᠣᠭᠠᠲᠤ︶ ᠤᠨ ᠲᠣᠭᠲᠠᠭᠠᠯ ᠶᠣᠰᠣᠭᠠᠷ᠂ ᠬᠤᠯᠪᠤᠨᠨᠳᠠᠯ ᠪᠥᠬᠦᠶ ᠨᠡᠮᠡᠯᠬᠡ | ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤ ᠨᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠵᠦ᠂ | ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠳ ᠲᠤ ᠨᠠᠮ ᠪᠠ ᠤᠯᠤᠰ ᠤᠨ ᠬᠠᠯᠠᠮᠵᠢᠯᠠᠨ | ᠴᠢᠬᠤᠯᠠᠴᠢᠯᠠᠵᠦ ᠪᠠᠶᠢᠭ᠎ᠠ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ | ᠠᠵᠢᠯᠳᠠᠳ ᠢ ᠬᠠᠶᠢᠷᠠᠯᠠᠨ ᠬᠠᠯᠠᠮᠵᠢᠯᠠᠬᠤ ᠪᠠᠨ ᠴᠢᠬᠤᠯᠠᠴᠢᠯᠠᠨ᠂ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ | ᠦᠷᠳᠡᠬᠡᠨ ᠤ ᠠᠵᠢᠯ ᠤᠨ ᠣᠷᠴᠢᠨ ᠢ ᠭᠦᠴᠦᠯᠡᠨ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ᠂ ᠦᠷ᠎ᠡ ᠪᠦᠲᠦᠭᠡᠯ ᠤᠨ ᠱᠠᠩᠨᠠᠯ᠂ ᠥᠭᠦᠯᠡᠯ ᠤᠨ ᠨᠡᠮᠡᠯᠬᠡ ᠵᠡᠷᠭᠡ ᠲᠠᠯ᠎ᠠ ᠪᠠᠷ ᠳᠡᠮᠵᠢᠯᠭᠡ ᠦᠵᠡᠬᠦᠯᠬᠦ ᠶᠢᠨ | ᠬᠠᠮᠳᠤ᠂ ᠮᠡᠷᠭᠡᠵᠢᠯ ᠤᠨ ᠴᠣᠯᠠ ᠲᠡᠪᠰᠢᠬᠦᠯᠬᠦ ᠬᠢᠬᠡᠳ ᠤᠷᠢᠵᠤ ᠲᠣᠮᠢᠯᠠᠬᠤ ᠵᠡᠷᠭᠡ ᠲᠠᠯ᠎ᠠ ᠪᠠᠷ ᠢᠯᠡᠬᠦᠬᠡᠨ | ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ ᠬᠤᠯᠤᠭᠠᠨ᠎ᠠ ᠶᠢᠨ | ᠬᠢᠵᠢᠭ ᠢ ᠰᠡᠷᠬᠡᠶᠢᠯᠡᠨ ᠲᠠᠷᠤᠬᠤ ᠡᠮᠦᠨ᠎ᠡ ᠹᠷᠣᠨᠲ ᠲᠤ ᠤᠷᠲᠤ ᠬᠤᠭᠤᠴᠠᠭ᠎ᠠ ᠪᠠᠷ ᠠᠵᠢᠯᠯᠠᠵᠤ ᠪᠠᠶᠢᠭ᠎ᠠ ᠪᠤᠶᠤ | ᠲᠤᠪᠤᠶᠢᠮ᠎ᠠ ᠢᠯᠡᠷᠡᠯ ᠲᠠᠢ ᠰᠢᠯᠢᠳᠡᠭ ᠬᠥᠮᠦᠰ ᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠵᠤ᠂ ᠬᠤᠯᠤᠭᠠᠨ᠎ᠠ ᠶᠢᠨ | ᠬᠢᠵᠢᠭ ᠢ ᠰᠡᠷᠬᠡᠶᠢᠯᠡᠨ ᠲᠠᠷᠤᠬᠤ ᠠᠵᠢᠯᠳᠠᠳ ᠤᠨ ᠢᠷᠠᠭᠤ ᠠᠯᠳᠠᠷᠲᠤ ᠰᠡᠳᠬᠢᠯᠭᠡ᠂ ᠬᠠᠷᠢᠶᠠᠯᠬᠠᠳᠠᠨ ᠤᠷᠤᠰᠢᠬᠤ | ᠰᠡᠳᠬᠢᠯᠭᠡ ᠪᠠ ᠠᠮᠵᠢᠯᠲᠠ ᠪᠦᠳᠦᠮᠵᠢᠳᠦ ᠰᠡᠳᠬᠢᠯᠬᠡ ᠶᠢ ᠨᠢ ᠨᠡᠮᠡᠭᠳᠡᠭᠦᠯᠬᠦ ᠬᠡᠷᠡᠭᠲᠡᠢ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ ᠠᠵᠢᠯ ᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠤᠷᠤᠭᠤᠯᠤᠨ᠂ ᠤᠳᠤᠷᠢᠳᠤᠯᠭ᠎ᠠ ᠪᠠᠨ ᠦᠨᠡᠨ ᠬᠦ | ᠴᠢᠩᠭᠠᠳᠬᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ | ᠵᠣᠬᠢᠶᠠᠨ ᠪᠠᠶᠢᠭᠤᠯᠬᠤ᠂ ᠣᠷᠣᠨ ᠲᠤᠭ᠎ᠠ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠬᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ | ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠨᠢᠭᠲᠠ ᠬᠠᠮᠵᠢᠯᠴᠠᠵᠦ᠂ ᠬᠤᠯᠤᠭᠠᠨ᠎ᠠ ᠶᠢᠨ ᠬᠢᠵᠢᠭ ᠢ | ᠰᠡᠷᠬᠡᠶᠢᠯᠡᠨ ᠲᠠᠷᠤᠬᠤ ᠴᠢᠳᠠᠪᠤᠷᠢᠲᠠᠨ ᠪᠠ ᠲᠤᠰᠬᠠᠶ ᠮᠡᠷᠭᠡᠵᠢᠯ ᠤᠨ ᠡᠩᠨᠡᠭᠡᠨ ᠤ ᠬᠥᠭᠵᠢᠯᠲᠡ ᠶᠢ ᠭᠦᠯᠢᠶᠡᠰᠦᠯᠡᠵᠦ | ᠪᠠᠶᠢᠭ᠎ᠠ ᠪᠣᠭᠤᠮᠢ ᠠᠰᠠᠭᠤᠳᠠᠯ ᠢ ᠬᠠᠮᠲᠤ ᠪᠠᠷ ᠰᠤᠳᠤᠯᠤᠨ ᠰᠶᠢᠳᠪᠦᠷᠢᠯᠡᠵᠦ᠂ ᠬᠤᠯᠤᠭᠠᠨ᠎ᠠ ᠶᠢᠨ ᠬᠢᠵᠢᠭ ᠢ | ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠡᠯ᠎ᠡ ᠵᠦᠢᠯ ᠤᠨ ᠠᠵᠢᠯ ᠢ ᠬᠠᠮᠵᠢᠯᠴᠠᠵᠦ | ᠪᠠᠶᠢᠭᠠᠳ ᠠᠬᠢᠭᠤᠯᠤᠨ ᠨᠠᠶᠢᠳᠠᠪᠤᠷᠢᠵᠢᠭᠤᠯᠤᠨ᠎ᠠ᠃ | ︵ᠬᠤᠶᠠᠷ︶ ᠵᠠᠷᠤᠳᠠᠯ ᠤᠷᠤᠭᠤᠯᠤᠯᠳᠠ ᠪᠠᠨ ᠨᠡᠮᠡᠭᠳᠡᠬᠦᠯᠦᠨ᠎ᠠ᠃ ᠡᠯ᠎ᠡ ᠭᠠᠵᠠᠷ ᠣᠷᠣᠨ ᠨᠢ ︽ᠡᠮᠴᠢᠯᠡᠭᠡ | ᠡᠷᠡᠭᠦᠯ ᠬᠠᠮᠠᠭᠠᠯᠠᠯ ᠤᠨ ᠭᠦᠷᠢᠶᠡᠨ ᠳᠠᠬᠢ ᠲᠥᠪ ᠬᠢᠬᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ | ᠲᠥᠷᠥ ᠠᠯᠪᠠᠨ ᠲᠠᠷᠬᠠᠭᠠᠭᠰᠠᠨ ︹2018︺ 67 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠳᠠᠬᠢ | ᠵᠠᠷᠤᠳᠠᠯ ᠤᠷᠤᠭᠤᠯᠤᠯᠳᠠ ᠶᠢᠨ ᠲᠠᠯ᠎ᠠ ᠪᠠᠷ ᠬᠢ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠡᠷᠡᠭᠦᠯ ᠢ ᠬᠠᠮᠠᠭᠠᠯᠠᠵᠦ ᠬᠢᠵᠢᠭ ᠢ ᠰᠡᠷᠭᠡᠶᠢᠯᠡᠬᠦ ᠨᠡᠮᠡᠯᠬᠡ ᠪᠠ ᠲᠦᠷ ᠴᠠᠭ ᠤᠨ ᠴᠢᠨᠠᠷᠲᠠᠶ | ᠠᠵᠢᠯ ᠤᠨ ᠨᠦᠭᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠤᠨ᠂ | ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠨ ᠳᠤ ᠤᠯᠭᠤᠬᠤ ᠤᠯᠭᠤᠮᠵᠢ ᠶᠢᠨ ᠲᠦᠪᠰᠢᠨ ᠢ ᠨᠢ | ᠲᠡᠬᠡᠭᠰᠢᠯᠡᠬᠦᠯᠦᠨ᠎ᠠ᠃ | ︵ᠭᠤᠷᠪᠠ︶ ᠰᠢᠮᠳᠠᠭᠤᠯᠤᠨ ᠵᠢᠯᠣᠭᠤᠳᠬᠤ ᠪᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠢ ᠲᠤᠰ | ᠰᠠᠨᠠᠯ ᠤᠨ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠣᠷᠣᠨ ᠤ ᠪᠤᠳᠠᠳᠠᠢ ᠲᠠᠢ ᠪᠠᠨ ᠤᠶᠠᠯᠳᠤᠭᠤᠯᠤᠨ | ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢᠨ ᠪᠣᠳᠠᠲᠠᠶ ᠬᠡᠷᠡᠭᠵᠢᠭᠦᠯᠬᠦ | ᠲᠥᠰᠦᠯ ᠢ ᠲᠣᠭᠲᠠᠭᠠᠬᠤ ᠶᠢᠨ ᠳᠠᠭᠠᠤ ᠳᠤ ᠳᠠᠷᠦ᠋ᠢᠬᠠᠨ ᠵᠣᠬᠢᠶᠠᠨ ᠪᠠᠶᠢᠭᠤᠯᠵᠦ ᠬᠡᠷᠡᠭᠵᠢᠬᠦᠯᠬᠦ ᠶᠢᠨ ᠬᠠᠮᠳᠤ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ ᠠᠵᠢᠯ ᠪᠠ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ | ᠴᠢᠳᠠᠪᠤᠷᠢ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠬᠠᠷᠠᠯᠳᠠ ᠲᠠᠢ ᠬᠠᠷᠢᠭᠤᠴᠠᠯᠭ᠎ᠠ ᠶᠢᠨ ᠬᠠᠮᠢᠶᠠᠷᠤᠯᠲᠠ ᠶᠢᠨ | ᠰᠢᠯᠭᠠᠨ ᠬᠢᠨᠠᠬᠤ ᠠᠢ ᠳᠤ ᠤᠷᠤᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠭᠠᠵᠠᠷ ᠣᠷᠣᠨ ᠤ | ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ | ᠪᠠᠶᠢᠳᠠᠯ ᠢ ᠵᠢᠯᠣᠭᠤᠳᠴᠤ᠂ ᠬᠢᠨᠠᠯᠲᠠ ᠲᠠᠯᠪᠢᠬᠤ ᠪᠠ ᠰᠢᠯᠭᠠᠨ ᠬᠢᠨᠠᠨ᠎ᠠ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠤᠨ ᠬᠢᠨᠠᠨ | ᠰᠢᠨᠵᠢᠬᠦ ᠥᠷᠲᠡᠭᠡ ᠶᠢ ᠪᠥᠲᠥᠭᠡᠨ ᠪᠠᠶᠢᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ | 2020 ᠣᠨ ᠤ 8 ᠳ᠋ᠤᠭᠠᠷ ᠰᠠᠷ᠎ᠠ ᠶᠢᠨ 6 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠲᠠᠭᠠᠯᠳᠤᠭᠤᠯᠤᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠯᠤᠭᠠᠨ᠎ᠠ ᠶᠢᠨ ᠬᠢᠵᠢᠭ ᠤᠨ ᠬᠢᠨᠠᠨ ᠰᠢᠨᠵᠢᠬᠦ ᠥᠷᠲᠡᠭᠡ ᠶᠢ ᠪᠦᠳᠦᠬᠡᠨ | ᠪᠠᠶᠢᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠦᠨ᠎ᠡ︶ | ᠪᠦᠬᠦ ᠣᠷᠣᠨ ᠤ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠠᠵᠢᠯ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠬᠤᠯᠤᠭᠠᠨ᠎ᠠ ᠶᠢᠨ ᠬᠢᠵᠢᠭ ᠤᠨ ᠬᠡᠭᠡᠷ᠎ᠡ ᠭᠠᠳᠠᠭ᠎ᠠ ᠬᠢᠨᠠᠨ ᠰᠢᠨᠵᠢᠬᠦ | ᠨᠥᠬᠦᠴᠡᠯ ᠢ ᠰᠠᠶᠢᠵᠢᠷᠠᠭᠤᠯᠤᠨ᠂ ᠬᠤᠯᠤᠭᠠᠨ᠎ᠠ ᠶᠢᠨ ᠬᠢᠵᠢᠭ ᠤᠨ ᠬᠢᠨᠠᠨ ᠰᠢᠨᠵᠢᠬᠦ ᠴᠢᠳᠠᠪᠤᠷᠢ ᠪᠠ ᠲᠦᠪᠰᠢᠨ ᠢ | ᠲᠡᠬᠡᠭᠰᠢᠯᠡᠬᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠤᠶᠠᠯᠳᠤᠭᠤᠯᠤᠨ᠂ ᠲᠣᠰ | ᠪᠠᠷᠢᠮᠵᠢᠶ᠎ᠠ ᠶᠢ ᠲᠣᠭᠲᠠᠭᠠᠪᠠ᠃ | ᠨᠢᠭᠡ᠂ ᠭᠠᠵᠠᠷ ᠰᠣᠩᠭᠤᠬᠤ ᠱᠠᠭᠠᠷᠳᠠᠯᠭ᠎ᠠ | ︵ᠨᠢᠭᠡ︶ ᠥᠷᠲᠡᠭᠡ ᠪᠠᠶᠢᠭᠤᠯᠬᠤ ᠪᠠᠷ ᠭᠠᠵᠠᠷ ᠰᠣᠩᠭᠤᠬᠤ ᠳᠤ ᠪᠠᠨ ᠠᠮᠢᠳᠤ ᠪᠣᠳᠠᠰ ᠤᠨ ᠠᠮᠤᠷ | ᠲᠦᠪᠰᠢᠨ ᠤ ᠬᠡᠷᠡᠭᠴᠡᠭᠡ ᠶᠢ ᠬᠠᠩᠭᠠᠬᠤ ᠬᠡᠷᠡᠭᠲᠡᠶ᠃ ᠲᠤᠷᠰᠢᠯᠲᠠ ᠶᠢᠨ ᠲᠠᠰᠤᠭ ᠤᠨ ᠡᠷᠭᠢᠨ ᠲᠣᠭᠤᠷᠢᠨ ᠳᠤ | ᠰᠠᠭᠤᠭᠠᠯᠢ ᠠᠷᠠᠳ ᠤᠨ ᠲᠣᠭᠤᠷᠢᠭ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠣᠭᠤᠷᠢᠭ᠂ ᠬᠠᠭᠠᠯᠪᠤᠷᠢᠯᠠᠵᠦ | ᠲᠠᠷᠢᠶᠠᠯᠠᠬᠤ ᠭᠠᠵᠠᠷ ᠵᠡᠷᠭᠡ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠵᠢᠯᠯᠠᠭ᠎ᠠ ᠲᠥᠪᠯᠡᠷᠡᠭᠰᠡᠨ | ᠣᠷᠣᠨ ᠢ ᠴᠢᠳᠠᠬᠤ ᠶᠢᠨ ᠲᠤᠳᠤᠷ᠎ᠠ ᠲᠥᠯᠥᠪᠵᠢᠭᠦᠯᠦᠨ ᠪᠠᠶᠢᠭᠤᠯᠬᠤ ᠦᠬᠡᠢ ᠪᠠᠶᠢᠬᠤ ᠬᠡᠷᠡᠭᠳᠡᠢ᠃ | ︵ᠬᠤᠶᠠᠷ︶ ᠥᠷᠲᠡᠭᠡ ᠪᠠᠶᠢᠭᠤᠯᠬᠤ ᠭᠠᠵᠠᠷ ᠢ ᠬᠠᠮᠤᠭ ᠤᠨ ᠰᠠᠶᠢᠨ ᠳᠤ ᠪᠠᠨ ᠬᠤᠯᠤᠭᠠᠨ᠎ᠠ ᠶᠢᠨ ᠬᠢᠵᠢᠭ ᠢ | ᠬᠢᠨᠠᠨ ᠰᠢᠨᠵᠢᠬᠦ ᠣᠷᠣᠨ ᠤ ᠳᠣᠲᠣᠷ᠎ᠠ ᠪᠠᠶᠢᠯᠭᠠᠬᠤ ᠨᠢ ᠬᠠᠮᠤᠭ ᠠᠴᠠ ᠲᠤᠬᠢᠷᠠᠮᠵᠢᠳᠠᠢ ᠪᠠᠶᠢᠵᠦ᠂ ᠬᠢᠨᠠᠨ ᠰᠢᠨᠵᠢᠬᠦ | ᠠᠵᠢᠯ ᠤᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠳᠤ ᠳᠥᠭᠦᠮ ᠪᠤᠯᠭᠠᠬᠤ ᠬᠡᠷᠡᠭᠲᠡᠶ᠃ ᠬᠡᠷᠪᠡ | ᠬᠢᠨᠠᠨ ᠰᠢᠨᠵᠢᠬᠦ ᠣᠷᠣᠨ ᠪᠦᠰᠡ ᠶᠢᠨ ᠳᠣᠲᠣᠷ᠎ᠠ ᠥᠷᠲᠡᠭᠡ ᠪᠠᠶᠢᠭᠤᠯᠬᠤ ᠳᠤ ᠠᠵᠢᠯ ᠠᠮᠢᠳᠤᠷᠠᠯ ᠤᠨ ᠬᠡᠷᠡᠭᠴᠡᠭᠡ ᠶᠢ | ᠪᠠᠲᠤᠯᠠᠬᠤ ᠶᠢᠨ ᠠᠷᠭ᠎ᠠ ᠦᠭᠡᠶ ᠪᠣᠯ ᠥᠷᠲᠡᠭᠡ ᠪᠠᠶᠢᠭᠤᠯᠵᠦ ᠭᠠᠵᠠᠷ ᠰᠣᠩᠭᠤᠬᠤ ᠳᠤ ᠪᠠᠨ ᠬᠢᠨᠠᠨ ᠰᠢᠨᠵᠢᠬᠦ | ᠠᠵᠢᠯ ᠤᠨ ᠣᠷᠣᠨ ᠪᠦᠰᠡ ᠳᠤ ᠠᠯᠢ ᠪᠣᠯᠬᠤ ᠪᠠᠷ ᠣᠶᠢᠷᠠᠲᠤᠭᠤᠯᠬᠤ ᠬᠡᠷᠡᠭᠲᠡᠶ᠃ | ︵ᠭᠤᠷᠪᠠ︶ ᠥᠷᠲᠡᠭᠡ ᠪᠠᠶᠢᠭᠤᠯᠬᠤ ᠪᠠᠷ ᠭᠠᠵᠠᠷ ᠰᠣᠩᠭᠤᠬᠤ ᠳᠤ ᠪᠠᠨ ᠠᠵᠢᠯ ᠠᠮᠢᠳᠤᠷᠠᠯ ᠤᠨ ᠲᠠᠯ᠎ᠠ ᠪᠠᠷ | ᠨᠠᠶᠢᠳᠠᠪᠤᠷᠢᠲᠠᠶ ᠠᠷᠤ ᠲᠠᠯ᠎ᠠ ᠶᠢᠨ ᠦᠢᠯᠡᠴᠢᠯᠡᠬᠡᠨ ᠤ ᠪᠠᠲᠤᠯᠠᠭ᠎ᠠ ᠪᠠ ᠠᠮᠤᠷ ᠲᠦᠪᠰᠢᠨ ᠤ ᠪᠠᠲᠤᠯᠠᠭ᠎ᠠ ᠬᠠᠩᠭᠠᠵᠦ᠂ | ᠵᠠᠮ ᠬᠠᠷᠢᠯᠴᠠᠭ᠎ᠠ ᠪᠠ ᠴᠢᠮᠡᠭᠡ ᠨᠡᠪᠲᠡᠷᠡᠯᠭᠡ ᠶᠢᠨ ᠪᠠᠲᠤᠯᠠᠭ᠎ᠠ ᠶᠢᠨ ᠨᠥᠬᠦᠴᠡᠯ ᠢ ᠪᠦᠷᠢᠯᠳᠦᠬᠦᠯᠬᠦ ᠬᠡᠷᠡᠭᠳᠡᠢ᠂ | ᠵᠢᠱᠢᠶᠡᠯᠡᠪᠡᠯ ᠴᠠᠬᠢᠯᠭᠠᠨ ︵220v︶ ᠨᠡᠪᠲᠡᠷᠡᠭᠦᠯᠬᠦ᠂ ᠤᠰᠤ ᠨᠡᠪᠲᠡᠷᠡᠭᠦᠯᠬᠦ᠂ ᠰᠦᠯᠵᠢᠶ᠎ᠡ ᠨᠡᠪᠲᠡᠷᠡᠭᠦᠯᠬᠦ ᠵᠡᠷᠭᠡ᠃ | ︵ᠲᠦᠷᠪᠡ︶ ᠪᠦᠬᠦ᠋ᠢᠯᠡ ᠬᠢᠨᠠᠨ ᠰᠢᠨᠵᠢᠬᠦ ᠥᠷᠲᠡᠭᠡ ᠳᠤ ᠰᠡᠷᠭᠡᠶᠢᠯᠡᠨ ᠬᠠᠮᠠᠭᠠᠯᠠᠬᠤ ᠬᠦᠷᠢᠶ᠎ᠡ ᠬᠠᠰᠢᠶ᠎ᠠ | ᠪᠠᠶᠢᠭᠤᠯᠵᠦ ᠲᠡᠭᠦᠨ ᠢ ᠭᠠᠳᠠᠷ ᠤᠷᠴᠢᠨ ᠠᠴᠠ ᠲᠤᠰᠠᠭᠠᠷᠯᠠᠬᠤ ᠬᠡᠷᠡᠭᠲᠡᠶ᠃ | ᠬᠤᠶᠠᠷ᠂ ᠰᠠᠭᠤᠷᠢ ᠪᠡᠯᠡᠳᠬᠡᠮᠵᠢ | ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠃ | 1. ᠠᠶᠢᠮᠠᠭ ᠬᠤᠲᠠ ᠶᠢᠨ ᠱᠠᠲᠤᠨ ᠤ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠬᠤ ᠲᠠᠯᠠᠪᠠᠶ ᠶᠢ 650 m² ᠠᠴᠠ ᠪᠠᠭ᠎ᠠ | ᠪᠠᠶᠢᠯᠭᠠᠵᠦ ᠪᠣᠯᠬᠤ ᠦᠭᠡᠶ᠃ | 2. ᠪᠠᠶᠢᠷᠢ᠄ 30 ᠭᠠᠷᠤᠢ ᠭᠦᠮᠦᠨ ᠤ ᠬᠤᠨᠣᠭᠯᠠᠬᠤ ᠶᠢ ᠬᠠᠩᠭᠠᠬᠤ᠂ ᠠᠷᠢᠭᠤᠨ ᠴᠡᠪᠡᠷ ᠤᠨ ᠲᠠᠰᠤᠯᠭ᠎ᠠ᠂ | ᠰᠦᠷᠴᠢᠮᠡᠯ ᠤᠬᠢᠶᠠᠯᠭ᠎ᠠ ᠶᠢᠨ ᠪᠡᠯᠡᠳᠬᠡᠮᠵᠢ ᠵᠡᠷᠭᠡ ᠠᠮᠢᠳᠤᠷᠠᠯ ᠤᠨ ᠦᠨᠳᠦᠰᠦᠨ ᠪᠡᠯᠡᠳᠬᠡᠮᠵᠢ ᠶᠢ ᠪᠦᠷᠢᠯᠳᠦᠬᠦᠯᠬᠦ | ᠬᠡᠷᠡᠭᠳᠡᠢ᠃ | 3. ᠲᠣᠭᠤᠭᠠᠨ ᠭᠡᠷ᠂ ᠬᠤᠭᠤᠯᠠᠯᠠᠬᠤ ᠲᠢᠩᠬᠢᠮ᠄ 40 m² ᠠᠴᠠ ᠶᠡᠭᠡ ᠪᠠᠶᠢᠭᠤᠯᠵᠤ᠂ 50 ᠬᠥᠮᠦᠨ | ᠬᠠᠮᠲᠤ ᠬᠤᠭᠤᠯᠠᠯᠠᠬᠤ ᠨᠥᠬᠦᠴᠡᠯ ᠢ ᠪᠦᠷᠢᠯᠳᠦᠬᠦᠯᠬᠦ ᠬᠡᠷᠡᠭᠳᠡᠢ᠃ | 4. ᠠᠯᠪᠠᠯᠠᠬᠤ ᠲᠤᠭᠤᠷᠢᠭ᠄ ᠨᠠᠭᠠᠳᠤ ᠵᠠᠬ᠎ᠠ ᠳᠤ ᠪᠠᠨ 30 m² ᠠᠴᠠ ᠶᠡᠭᠡ ᠪᠠᠶᠢᠯᠭᠠᠵᠦ᠂ 6 ᠬᠥᠮᠦᠨ | ᠠᠯᠪᠠᠯᠠᠬᠤ ᠨᠦᠭᠦᠴᠡᠯ ᠢ ᠪᠦᠷᠢᠯᠳᠦᠬᠦᠯᠦᠨ᠂ ᠰᠦᠯᠵᠢᠶ᠎ᠡ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠲᠠᠢ ᠪᠠᠶᠢᠯᠭᠠᠬᠤ | ᠬᠡᠷᠡᠭᠳᠡᠢ᠃ | 5. ᠬᠤᠷᠠᠯ ᠤᠨ ᠭᠡᠷ᠄ 100 m² ᠠᠴᠠ ᠳᠡᠭᠡᠭᠰᠢ ᠪᠦᠲᠦᠭᠡᠨ ᠪᠠᠶᠢᠭᠤᠯᠵᠤ᠂ ᠨᠠᠭᠠᠳᠤ ᠵᠠᠬ᠎ᠠ ᠳᠤ ᠪᠠᠨ | 50 ᠬᠥᠮᠦᠨ ᠬᠤᠷᠠᠯᠳᠤᠬᠤ ᠨᠦᠭᠦᠴᠡᠯ ᠢ ᠬᠠᠩᠭᠠᠵᠦ᠂ ᠬᠠᠮ ᠵᠠᠭᠤᠴᠢᠯᠠᠭᠤᠷ ᠲᠠᠢ ᠪᠠᠶᠢᠯᠭᠠᠬᠤ ᠵᠡᠷᠭᠡ ᠨᠥᠬᠦᠴᠡᠯ ᠢ | ᠪᠦᠷᠢᠯᠳᠦᠬᠦᠯᠬᠦ ᠬᠡᠷᠡᠭᠳᠡᠢ᠃ | 6. ᠡᠳ᠋ ᠪᠠᠷᠠᠭ᠎ᠠ ᠨᠥᠭᠡᠴᠡᠯᠡᠬᠦ ᠲᠠᠰᠤᠭ᠄ ᠨᠠᠭᠠᠳᠤ ᠵᠠᠬ᠎ᠠ ᠳᠤ ᠪᠠᠨ 30 m² ᠪᠠᠶᠢᠯᠭᠠᠵᠦ᠂ | ᠬᠤᠯᠤᠭᠠᠨ᠎ᠠ ᠶᠢᠨ ᠬᠠᠪᠬ᠎ᠠ᠂ ᠬᠤᠯᠤᠭᠠᠨ᠎ᠠ ᠶᠢᠨ ᠡᠮ ᠵᠡᠷᠭᠡ ᠡᠳ᠋ ᠪᠠᠷᠠᠭ᠎ᠠ ᠶᠢ ᠬᠠᠳᠠᠭᠠᠯᠠᠨ᠎ᠠ᠃ | 7. ᠪᠣᠬᠢᠷ ᠤᠰᠤ ᠶᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠲᠤᠷᠰᠢᠯᠲᠠ ᠶᠢᠨ ᠲᠠᠰᠤᠭ ᠤᠨ | ᠣᠶᠢᠷᠠᠯᠴᠠᠭ᠎ᠠ ᠭᠠᠵᠠᠷ ᠲᠤ ᠪᠤᠬᠢᠷᠳᠤᠯ ᠭᠠᠳ᠋ᠬᠠᠰᠢᠯᠠᠭᠤᠯᠬᠤ ᠲᠤᠰᠬᠠᠶ ᠨᠡᠪᠴᠢᠯ ᠬᠤᠳᠳᠤᠭ ᠭᠠᠷᠭᠠᠵᠦ᠂ | ᠲᠤᠷᠰᠢᠯᠲᠠ ᠶᠢᠨ ᠲᠠᠰᠤᠭ ᠤᠨ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠭᠰᠡᠨ ᠤ ᠳᠠᠷᠠᠭ᠎ᠠ ᠭᠠᠳ᠋ᠬᠠᠰᠢᠯᠠᠭᠤᠯᠵᠦ | ᠪᠤᠯᠬᠤ ᠪᠤᠯᠭᠠᠨ᠎ᠠ᠂ ᠲᠡᠳᠡᠬᠡᠷ ᠤᠰᠤ ᠶᠢ ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠭᠤᠤᠷᠰᠤ ᠪᠠᠷ ᠤᠷᠤᠰᠬᠠᠵᠦ | ᠪᠣᠯᠬᠤ ᠦᠭᠡᠢ᠃ | 8. ᠬᠤᠭ ᠨᠣᠪᠰᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠰᠢᠲᠠᠭᠠᠬᠤ ᠵᠤᠤᠬ᠎ᠠ᠂ ᠰᠢᠲᠠᠭᠠᠬᠤ | ᠨᠦᠭᠡ᠂ ᠪᠤᠯᠠᠬᠤ ᠨᠦᠬᠡ ᠶᠢ ᠰᠤᠩᠭᠤᠨ ᠪᠠᠶᠢᠭᠤᠯᠬᠤ ᠬᠡᠷᠡᠭᠳᠡᠢ᠃ | 9. ᠲᠤᠷᠰᠢᠯᠲᠠ ᠶᠢᠨ ᠲᠠᠰᠤᠭ᠄ 200 m² ᠠᠴᠠ ᠪᠠᠭ᠎ᠠ ᠪᠠᠶᠢᠯᠭᠠᠵᠦ ᠪᠣᠯᠬᠤ ᠥᠬᠡᠶ᠂ ᠠᠮᠢᠳᠤ | ᠪᠣᠳᠠᠰ ᠤᠨ ᠠᠮᠤᠷ ᠲᠦᠪᠰᠢᠨ ᠤ ᠬᠤᠶᠠᠳᠤᠭᠠᠷ ᠳᠡᠰ ᠤᠨ ᠲᠤᠷᠰᠢᠯᠲᠠ ᠶᠢᠨ ᠲᠠᠰᠤᠭ ᠭᠠᠷᠭᠠᠨ᠎ᠠ᠂ ᠡᠭᠦᠨ ᠳᠤ | ᠨᠣᠬᠠᠶ ᠶᠢᠨ ᠪᠥᠭᠡᠰᠦ ᠲᠡᠭᠦᠬᠦ ᠲᠠᠰᠤᠭ᠂ ᠪᠠᠺᠲ᠋ᠧᠷᠢ ᠦᠷᠡᠵᠢᠬᠦᠯᠬᠦ ᠲᠠᠰᠤᠭ᠂ ᠴᠢᠰᠤᠨ ᠴᠡᠶᠢᠪᠠᠨᠭ᠌ ᠤᠨ ᠲᠠᠰᠤᠭ᠂ | ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠳᠠ ᠶᠢᠨ ᠲᠠᠰᠤᠭ᠂ ᠡᠩ ᠤᠨ ᠲᠤᠷᠰᠢᠯᠲᠠ ᠶᠢᠨ ᠲᠠᠰᠤᠭ᠂ | ᠪᠠᠺᠲ᠋ᠧᠷᠢ ᠶᠢ ᠥᠨᠳᠥᠷ ᠲᠠᠷᠤᠯᠳᠠ ᠪᠠᠷ ᠤᠰᠠᠳᠬᠠᠬᠤ ᠲᠠᠰᠤᠭ᠂ ᠬᠡᠪ ᠵᠠᠭᠪᠤᠷ ᠤᠨ ᠲᠠᠰᠤᠭ ᠵᠡᠷᠭᠡ ᠶᠢ ᠪᠠᠭᠳᠠᠭᠠᠬᠤ | ᠬᠡᠷᠡᠭᠳᠡᠢ᠃ ᠲᠤᠷᠰᠢᠯᠲᠠ ᠶᠢᠨ ᠲᠠᠰᠤᠭ ᠤᠨ ᠳᠣᠲᠣᠭᠠᠳᠤ ᠪᠦᠲᠦᠴᠡ ᠶᠢᠨ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ︽ᠲᠤᠷᠰᠢᠯᠳᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠨᠡᠶᠢᠳᠡᠮ ᠬᠡᠷᠡᠭᠯᠡᠬᠦ | ᠱᠠᠭᠠᠷᠳᠠᠯᠭ᠎ᠠ︾ ︵GB19489 — 2008︶ ᠶᠢᠨ ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠳᠡᠢ᠃ | ︵ᠬᠤᠶᠠᠷ︶ ᠬᠡᠭᠡᠷ᠎ᠡ ᠭᠠᠳᠠᠭ᠎ᠠ ᠬᠢᠨᠠᠨ ᠰᠢᠨᠵᠢᠬᠦ ᠥᠷᠲᠡᠭᠡ᠃ | 1. ᠬᠤᠯᠤᠭᠠᠨ᠎ᠠ ᠶᠢᠨ ᠬᠢᠵᠢᠭ ᠢ ᠬᠡᠭᠡᠷ᠎ᠡ ᠭᠠᠳᠠᠭ᠎ᠠ ᠬᠢᠨᠠᠨ ᠰᠢᠨᠵᠢᠬᠦ ᠥᠷᠲᠡᠭᠡ ᠶᠢ ᠪᠠᠶᠢᠭᠤᠯᠬᠤ ᠳᠤ | ᠲᠠᠯᠠᠪᠠᠶ ᠶᠢ ᠨᠢ 350 m² ᠠᠴᠠ ᠪᠠᠭ᠎ᠠ ᠪᠠᠶᠢᠯᠭᠠᠵᠤ ᠪᠣᠯᠬᠤ ᠦᠭᠡᠶ᠃ | 2. ᠪᠠᠶᠢᠷᠢ᠄ 10 ᠭᠠᠷᠤᠢ ᠭᠦᠮᠦᠨ ᠤ ᠬᠤᠨᠣᠭᠯᠠᠬᠤ ᠶᠢ ᠬᠠᠩᠭᠠᠵᠤ᠂ ᠠᠷᠢᠭᠤᠨ ᠴᠡᠪᠡᠷ ᠤᠨ ᠲᠠᠰᠤᠯᠭ᠎ᠠ᠂ | ᠰᠦᠷᠴᠢᠮᠡᠯ ᠤᠬᠢᠶᠠᠯᠭ᠎ᠠ ᠶᠢᠨ ᠪᠡᠯᠡᠳᠬᠡᠮᠵᠢ ᠵᠡᠷᠭᠡ ᠠᠮᠢᠳᠤᠷᠠᠯ ᠤᠨ ᠦᠨᠳᠦᠰᠦᠨ ᠪᠡᠯᠡᠳᠬᠡᠮᠵᠢ ᠶᠢ ᠪᠦᠷᠢᠯᠳᠦᠬᠦᠯᠬᠦ | ᠬᠡᠷᠡᠭᠳᠡᠢ᠃ | 3. ᠲᠣᠭᠤᠭᠠᠨ ᠭᠡᠷ᠂ ᠬᠤᠭᠤᠯᠠᠯᠠᠬᠤ ᠲᠢᠩᠬᠢᠮ᠄ 20 m² ᠠᠴᠠ ᠶᠡᠭᠡ ᠪᠦᠲᠦᠭᠡᠨ ᠪᠠᠶᠢᠭᠤᠯᠵᠤ᠂ | 10 ᠬᠥᠮᠦᠨ ᠬᠠᠮᠲᠤ ᠬᠤᠭᠤᠯᠠᠯᠠᠬᠤ ᠨᠥᠬᠦᠴᠡᠯ ᠢ ᠪᠦᠷᠢᠯᠳᠦᠬᠦᠯᠬᠦ ᠬᠡᠷᠡᠭᠳᠡᠢ᠃ | 4. ᠠᠯᠪᠠᠯᠠᠬᠤ ᠲᠤᠭᠤᠷᠢᠭ᠄ ᠨᠠᠭᠠᠳᠤ ᠵᠠᠬ᠎ᠠ ᠳᠤ ᠪᠠᠨ 30 m² ᠠᠴᠠ ᠶᠡᠭᠡ ᠪᠠᠶᠢᠯᠭᠠᠵᠤ᠂ 6 ᠬᠥᠮᠦᠨ | ᠠᠯᠪᠠᠯᠠᠬᠤ ᠨᠦᠭᠦᠴᠡᠯ ᠢ ᠪᠦᠷᠢᠯᠳᠦᠬᠦᠯᠦᠨ᠂ ᠰᠦᠯᠵᠢᠶ᠎ᠡ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠲᠠᠢ ᠪᠠᠶᠢᠯᠭᠠᠬᠤ | ᠬᠡᠷᠡᠭᠳᠡᠢ᠃ | 5. ᠡᠳ᠋ ᠪᠠᠷᠠᠭ᠎ᠠ ᠨᠥᠭᠡᠴᠡᠯᠡᠬᠦ ᠲᠠᠰᠤᠭ᠄ ᠨᠠᠭᠠᠳᠤ ᠵᠠᠬ᠎ᠠ ᠳᠤ ᠪᠠᠨ 30 m² ᠪᠠᠶᠢᠯᠭᠠᠵᠤ᠂ | ᠬᠤᠯᠤᠭᠠᠨ᠎ᠠ ᠶᠢᠨ ᠬᠠᠪᠬ᠎ᠠ᠂ ᠬᠤᠯᠤᠭᠠᠨ᠎ᠠ ᠶᠢᠨ ᠡᠮ ᠵᠡᠷᠭᠡ ᠡᠳ᠋ ᠪᠠᠷᠠᠭ᠎ᠠ ᠶᠢ ᠬᠠᠳᠠᠭᠠᠯᠠᠨ᠎ᠠ᠃ | 6. ᠪᠣᠬᠢᠷ ᠤᠰᠤ ᠶᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠲᠤᠷᠰᠢᠯᠲᠠ ᠶᠢᠨ ᠲᠠᠰᠤᠭ ᠤᠨ | ᠣᠶᠢᠷᠠᠯᠴᠠᠭ᠎ᠠ ᠭᠠᠵᠠᠷ ᠲᠤ ᠪᠤᠬᠢᠷᠳᠤᠯ ᠭᠠᠳ᠋ᠬᠠᠰᠢᠯᠠᠭᠤᠯᠬᠤ ᠲᠤᠰᠬᠠᠶ ᠨᠡᠪᠴᠢᠯ ᠬᠤᠳᠳᠤᠭ ᠭᠠᠷᠭᠠᠵᠦ᠂ | ᠲᠤᠷᠰᠢᠯᠲᠠ ᠶᠢᠨ ᠲᠠᠰᠤᠭ ᠤᠨ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠭᠰᠡᠨ ᠤ ᠳᠠᠷᠠᠭ᠎ᠠ ᠭᠠᠳ᠋ᠬᠠᠰᠢᠯᠠᠭᠤᠯᠵᠦ | ᠪᠤᠯᠬᠤ ᠪᠤᠯᠭᠠᠨ᠎ᠠ᠂ ᠲᠡᠳᠡᠬᠡᠷ ᠤᠰᠤ ᠶᠢ ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠭᠤᠤᠷᠰᠤ ᠪᠠᠷ ᠤᠷᠤᠰᠬᠠᠵᠦ | ᠪᠣᠯᠬᠤ ᠦᠭᠡᠢ᠃ | 7. ᠬᠤᠭ ᠨᠣᠪᠰᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠰᠢᠲᠠᠭᠠᠬᠤ ᠵᠤᠤᠬ᠎ᠠ᠂ ᠰᠢᠲᠠᠭᠠᠬᠤ | ᠨᠦᠭᠡ᠂ ᠪᠤᠯᠠᠬᠤ ᠨᠦᠬᠡ ᠶᠢ ᠰᠤᠩᠭᠤᠨ ᠪᠠᠶᠢᠭᠤᠯᠬᠤ ᠬᠡᠷᠡᠭᠳᠡᠢ᠃ | 8. ᠲᠤᠷᠰᠢᠯᠲᠠ ᠶᠢᠨ ᠲᠠᠰᠤᠭ᠄ 150 m² ᠠᠴᠠ ᠪᠠᠭ᠎ᠠ ᠪᠠᠶᠢᠯᠭᠠᠵᠦ ᠪᠣᠯᠬᠤ ᠥᠬᠡᠶ᠂ ᠠᠮᠢᠳᠤ | ᠪᠣᠳᠠᠰ ᠤᠨ ᠠᠮᠤᠷ ᠲᠦᠪᠰᠢᠨ ᠤ ᠬᠤᠶᠠᠳᠤᠭᠠᠷ ᠳᠡᠰ ᠤᠨ ᠲᠤᠷᠰᠢᠯᠲᠠ ᠶᠢᠨ ᠲᠠᠰᠤᠭ ᠭᠠᠷᠭᠠᠨ᠎ᠠ᠂ ᠡᠭᠦᠨ ᠳᠤ | ᠨᠣᠬᠠᠶ ᠶᠢᠨ ᠪᠥᠭᠡᠰᠦ ᠲᠡᠭᠦᠬᠦ ᠲᠠᠰᠤᠭ᠂ ᠪᠠᠺᠲ᠋ᠧᠷᠢ ᠦᠷᠡᠵᠢᠬᠦᠯᠬᠦ ᠲᠠᠰᠤᠭ᠂ ᠴᠢᠰᠤᠨ ᠴᠡᠶᠢᠪᠠᠨᠭ᠌ ᠤᠨ ᠲᠠᠰᠤᠭ᠂ | ᠡᠩ ᠤᠨ ᠲᠤᠷᠰᠢᠯᠲᠠ ᠶᠢᠨ ᠲᠠᠰᠤᠭ᠂ ᠪᠠᠺᠲ᠋ᠧᠷᠢ ᠶᠢ ᠥᠨᠳᠥᠷ ᠲᠠᠷᠤᠯᠳᠠ ᠪᠠᠷ ᠤᠰᠠᠳᠬᠠᠬᠤ ᠲᠠᠰᠤᠭ ᠵᠡᠷᠭᠡ ᠶᠢ | ᠪᠠᠭᠳᠠᠭᠠᠬᠤ ᠬᠡᠷᠡᠭᠳᠡᠢ᠃ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠢ ᠬᠠᠷᠢᠶᠠᠳᠤ | ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ | ᠲᠤᠷᠰᠢᠯᠲᠠ ᠶᠢᠨ ᠲᠠᠰᠤᠭ ᠲᠠᠢ ᠨᠢᠬᠡᠳᠦᠯᠳᠡᠢ ᠲᠦᠯᠦᠪᠵᠢᠬᠦᠯᠦᠨ ᠬᠡᠷᠡᠭᠯᠡᠨ᠎ᠠ᠃ ᠲᠤᠷᠰᠢᠯᠲᠠ ᠶᠢᠨ ᠲᠠᠰᠤᠭ ᠤᠨ | ᠳᠣᠲᠣᠭᠠᠳᠤ ᠪᠦᠲᠦᠴᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ︽ᠲᠤᠷᠰᠢᠯᠳᠠ ᠶᠢᠨ ᠲᠠᠰᠤᠭ ᠤᠨ | ᠠᠮᠢᠳᠤ ᠪᠣᠳᠠᠰ ᠤᠨ ᠠᠮᠤᠷ ᠲᠦᠪᠰᠢᠨ ᠤ ᠨᠡᠶᠢᠳᠡᠮ ᠬᠡᠷᠡᠭᠯᠡᠬᠦ ᠱᠠᠭᠠᠷᠳᠠᠯᠭ᠎ᠠ︾ ︵GB19489 — 2008︶ | ᠶᠢᠨ ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠳᠡᠢ᠃ | ᠭᠤᠷᠪᠠ᠂ ᠰᠠᠭᠤᠷᠢᠨ ᠭᠠᠵᠠᠷ ᠤᠨ ᠬᠢᠨᠠᠨ ᠰᠢᠨᠵᠢᠬᠦ ᠥᠷᠲᠡᠭᠡ ᠶᠢᠨ ᠲᠣᠨᠤᠭ ᠲᠥᠬᠦᠭᠡᠷᠦᠮᠵᠢ | ︵ᠨᠢᠭᠡ︶ ᠬᠢᠨᠠᠨ ᠰᠢᠨᠵᠢᠬᠦ ᠲᠣᠨᠤᠭ ᠲᠥᠬᠦᠭᠡᠷᠦᠮᠵᠢ᠄ ᠵᠢᠯᠣᠭᠤᠴᠢ ᠦᠭᠡᠢ ᠨᠢᠰᠬᠡᠯ 1᠂ | ᠬᠤᠯᠤᠭᠠᠨ᠎ᠠ ᠶᠢᠨ ᠲᠥᠷᠥᠯ ᠪᠠ ᠬᠤᠯᠤᠭᠠᠨ᠎ᠠ ᠶᠢᠨ ᠨᠦᠬᠡ ᠶᠢ ᠵᠢᠯᠣᠭᠤᠴᠢ ᠥᠬᠡᠶ ᠨᠢᠰᠬᠡᠯ ᠢᠶᠠᠷ ᠠᠦ᠋ᠲ᠋ᠣ᠋ ᠢᠯᠭᠠᠨ | ᠲᠠᠨᠢᠬᠤ ᠰᠢᠰᠲ᠋ᠧᠮ᠂ GPS ᠪᠠᠶᠢᠷᠢ ᠲᠣᠭᠲᠠᠭᠠᠬᠤ ᠬᠡᠮᠵᠢᠭᠦᠷᠯᠢᠭ 2᠂ ᠪᠠᠴᠢᠮ ᠪᠠᠶᠢᠳᠠᠯ ᠳᠠᠬᠢ | ᠭᠡᠷᠡᠯᠲᠦᠭᠦᠯᠭᠡ ᠶᠢᠨ ᠰᠢᠰᠲ᠋ᠧᠮ 1 ᠢᠵᠢ᠂ ᠬᠤᠯᠤᠭᠠᠨ᠎ᠠ ᠶᠢᠨ ᠬᠠᠪᠬ᠎ᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ᠄ ᠤᠳᠤᠭᠤᠷ᠂ ᠬᠤᠯᠤᠭᠠᠨ᠎ᠠ | ᠤᠰᠠᠳᠬᠠᠬᠤ ᠡᠮ᠂ ᠨᠤᠬᠠᠢ ᠶᠢᠨ ᠪᠦᠬᠡᠰᠦ ᠠᠷᠢᠯᠭᠠᠬᠤ ᠡᠮ᠂ ᠴᠠᠬᠢᠯᠭᠠᠨ ᠭᠠᠷᠭᠠᠭᠤᠷ᠃ | ︵ᠭᠤᠷᠪᠠ︶ ᠲᠡᠷᠭᠡ ᠭᠦᠰᠬᠡ᠄ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠮᠠᠰᠢᠨ ᠲᠡᠷᠬᠡ ᠶᠢ ᠨᠠᠭᠠᠳᠤ | ᠵᠠᠬ᠎ᠠ ᠳᠤ ᠪᠠᠨ 1 ᠲᠣᠬᠢᠷᠠᠭᠤᠯᠬᠤ ᠶᠢᠨ ᠬᠠᠮᠲᠤ᠂ ᠲᠡᠷᠭᠡ ᠭᠦᠰᠬᠡ ᠶᠢ ᠬᠡᠷᠡᠭᠯᠡᠵᠦ ᠡᠯᠡᠭᠡᠭᠰᠡᠨ ᠪᠠᠶᠢᠳᠠᠯ ᠢᠶᠠᠨ | ᠦᠨᠳᠦᠰᠦᠯᠡᠨ ᠲᠤᠨᠨᠳᠠᠮᠠᠯ ᠬᠤᠭᠤᠴᠠᠭ᠎ᠠ ᠲᠠᠢ ᠰᠣᠯᠢᠬᠤ ᠬᠡᠷᠡᠭᠲᠡᠶ᠃ | ᠳᠥᠷᠪᠡ᠂ ᠰᠠᠭᠤᠷᠢᠨ ᠭᠠᠵᠠᠷ ᠤᠨ ᠬᠢᠨᠠᠨ ᠰᠢᠨᠵᠢᠬᠦ ᠥᠷᠲᠡᠭᠡ ᠶᠢᠨ ᠲᠤᠷᠰᠢᠯᠲᠠ ᠶᠢᠨ ᠲᠥᠬᠦᠭᠡᠷᠦᠮᠵᠢ | ︵ᠨᠢᠭᠡ︶ ᠪᠠᠺᠲ᠋ᠧᠷᠢ ᠦᠷᠡᠵᠢᠬᠦᠯᠬᠦ ᠲᠤᠷᠰᠢᠯᠲᠠ ᠶᠢᠨ ᠲᠠᠰᠤᠭ᠃ ᠠᠮᠢᠳᠤ ᠪᠣᠳᠠᠰ ᠤᠨ ᠠᠮᠤᠷ | ᠲᠦᠪᠰᠢᠨ ᠤ ᠠᠪᠳᠠᠷ᠎ᠠ ︵2︶᠂ ᠮᠢᠺᠷᠣᠰᠺᠣᠫ ︵2︶᠂ ᠪᠠᠺᠲ᠋ᠧᠷᠢ ᠤᠰᠠᠳᠬᠠᠬᠤ ᠳᠠᠷᠤᠯᠲᠠᠲᠤ ᠠᠭᠤᠷ ᠤᠨ | ᠪᠣᠰᠤᠭ᠎ᠠ ᠬᠡᠯᠪᠡᠷᠢᠳᠤ ᠪᠠᠭᠠᠵᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠠᠺᠲ᠋ᠧᠷᠢ ᠦᠷᠡᠵᠢᠬᠦᠯᠬᠦ ᠠᠪᠳᠠᠷ᠎ᠠ | ᠂ ᠪᠠᠺᠲ᠋ᠧᠷᠢ ᠤᠰᠠᠳᠬᠠᠬᠤ ᠪᠤᠰᠤᠭ᠎ᠠ ᠬᠡᠯᠪᠡᠷᠢᠳᠦ ᠪᠠᠭᠠᠵᠢ᠂ ᠪᠣᠰᠤᠭ᠎ᠠ ᠬᠡᠯᠪᠡᠷᠢ ᠶᠢᠨ ᠭᠦᠯᠳᠡᠬᠡᠭᠦᠷ᠂ PCR | ᠪᠦᠬᠡᠮ ᠬᠦᠴᠢᠯ ᠤᠨ ᠥᠷᠭᠡᠳᠬᠡᠯ ᠬᠡᠮᠵᠢᠭᠦᠷᠯᠢᠭ᠂ ᠳᠣᠤᠷ᠎ᠠ ᠲᠣᠭᠲᠠᠮᠠᠯ ᠲᠤᠯᠠᠭᠠᠨ ᠢᠶᠠᠷ ᠦᠷᠡᠵᠢᠬᠦᠯᠬᠦ ᠠᠪᠳᠠᠷ᠎ᠠ᠂ | ᠬᠠᠭᠰᠠᠭᠠᠭᠤᠷ᠂ ᠲᠣᠭᠲᠠᠮᠠᠯ ᠳᠤᠯᠠᠠᠭᠠᠨᠲᠤ ᠬᠡᠯᠪᠡᠯᠵᠡᠬᠦᠯᠦᠭᠴᠢ᠂ ᠴᠠᠬᠢᠯᠭᠠᠨ ᠱᠤᠮᠪᠠᠯᠳᠠ ᠬᠡᠮᠵᠢᠭᠦᠷᠯᠢᠭ᠂ ᠴᠠᠬᠢᠯᠭᠠᠨ | ᠱᠤᠮᠪᠠᠯᠳᠠ ᠰᠠᠪᠠ᠂ ᠪᠦᠷᠢᠨ ᠠᠦ᠋ᠲ᠋ᠣ᠋ ᠴᠠᠬᠢᠯᠭᠠᠨ ᠬᠠᠯᠠᠭᠤᠨ ᠠᠭᠤᠷ ᠤᠨ ᠪᠠᠺᠲ᠋ᠧᠷᠢ ᠤᠰᠠᠳᠬᠠᠭᠤᠷ ︵2︶᠂ ᠴᠡᠭᠡᠨ | ᠬᠡᠷᠡᠯᠳᠦ ᠮᠢᠺᠷᠣᠰᠺᠣᠫ᠂ ᠠᠮᠢᠳᠤ ᠪᠣᠳᠠᠰ ᠤᠨ ᠲᠣᠩᠭᠤᠷᠠᠭᠤ ᠮᠢᠺᠷᠣᠰᠺᠣᠫ᠂ ᠢᠰᠬᠡᠭᠦᠷ ᠬᠡᠮᠵᠢᠭᠦᠷᠯᠢᠭ᠂ ᠭᠡᠳᠦ | ᠳᠣᠣᠷ᠎ᠠ ᠡᠨᠧᠷᠭᠢᠲᠦ ᠰᠠᠭᠠᠬᠢᠭᠤᠷ᠂ ᠬᠡᠳᠦ ᠬᠦᠷᠢᠨ ᠤ ᠬᠡᠷᠡᠯ ᠵᠠᠳᠠᠯᠬᠤ ᠬᠡᠷᠡᠯᠳᠦᠴᠡ ᠶᠢᠨ ᠬᠡᠮᠵᠢᠭᠦᠷ᠂ ᠬᠡᠷᠡᠯᠯᠢᠭ | ᠵᠠᠳᠠᠯᠤᠯᠲᠠ ᠶᠢᠨ ᠲᠡᠩᠨᠡᠭᠦᠷ᠃ | ︵ᠬᠤᠶᠠᠷ︶ PCR ᠲᠤᠷᠰᠢᠯᠲᠠ ᠶᠢᠨ ᠲᠠᠰᠤᠭ᠃ ᠠᠮᠢᠳᠤ ᠪᠣᠳᠠᠰ ᠤᠨ ᠠᠮᠤᠷ ᠲᠦᠪᠰᠢᠨ ᠤ ᠠᠪᠳᠠᠷ᠎ᠠ | ︵2︶᠂ ᠥᠨᠳᠥᠷ ᠬᠤᠷᠳᠤᠴᠠᠲᠤ ᠵᠢᠭᠤᠲᠠᠩᠭᠤᠶ ᠲᠠᠯᠪᠢᠭᠤᠷᠲᠤ ᠮᠠᠰᠢᠨ ︵2︶᠂ ᠪᠥᠭᠡᠮ ᠬᠦᠴᠢᠯ ᠤᠨ | ᠪᠤᠯᠪᠠᠰᠤᠷᠠᠭᠤᠯᠬᠤ ᠬᠡᠮᠵᠢᠭᠦᠷᠯᠢᠭ ︵1︶᠂ ᠲᠤᠨᠨᠳᠠᠮᠠᠯ ᠬᠡᠮᠵᠢᠶᠡᠨ ᠤ ᠴᠡᠭᠡᠨ ᠬᠡᠷᠡᠯᠳᠦ PCR ᠬᠡᠮᠵᠢᠭᠦᠷᠯᠢᠭ ︵1︶ | ᠂ ᠡᠩ ᠤᠨ ᠭᠦᠯᠳᠡᠬᠡᠭᠦᠷ ︵2︶᠂ ᠲᠡᠮᠦᠷᠯᠢᠭ ᠤᠬᠢᠶᠠᠯᠭ᠎ᠠ ︵1︶᠂ ᠪᠢᠴᠢᠯ ᠲᠡᠯᠬᠡᠴᠡᠳᠦ ᠵᠢᠭᠤᠲᠠᠩᠭᠤᠶ ᠮᠠᠰᠢᠨ | ︵1︶᠂ ᠵᠠᠶ ᠬᠡᠮᠵᠢᠶ᠎ᠡ ᠶᠢ ᠲᠤᠬᠢᠷᠠᠭᠤᠯᠵᠦ ᠪᠤᠯᠬᠤ ᠰᠢᠩᠭᠡᠨ ᠤ ᠲᠠᠩ ᠭᠤᠤᠯᠳᠤ ᠶᠡᠭᠦᠯᠡᠭᠦᠷ ︵3︶᠃ | ᠲᠠᠪᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ | ︵ᠨᠢᠭᠡ︶ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ᠃ ᠨᠣᠬᠠᠶ ᠶᠢᠨ | ᠪᠥᠭᠡᠰᠦ ᠰᠡᠷᠭᠡᠶᠢᠯᠡᠬᠦ ᠳᠤ ᠨᠢᠬᠡ ᠤᠳᠠᠭ᠎ᠠ ᠡᠮᠦᠰᠬᠦ ᠣᠶᠢᠮᠣᠰᠤ᠂ ᠨᠣᠬᠠᠶ ᠶᠢᠨ ᠪᠥᠭᠡᠰᠦ ᠰᠡᠷᠬᠡᠶᠢᠯᠡᠬᠦ ᠪᠡᠭᠡᠯᠡᠶ᠂ | ᠪᠠᠷᠢᠯᠭ᠎ᠠ ᠶᠢᠨ ᠴᠡᠷᠢᠭ ᠤᠨ ᠬᠤᠰᠤᠭᠤᠷ᠂ ᠨᠢᠳᠦ ᠬᠠᠮᠠᠭᠠᠯᠠᠬᠤ ᠰᠢᠯ᠂ ᠬᠠᠮᠠᠭᠠᠯᠠᠯᠲᠠ ᠶᠢᠨ ᠬᠤᠪᠴᠠᠰᠤ᠂ N95 | ᠠᠮᠠᠪᠴᠢ᠂ ᠪᠡᠭᠡᠯᠡᠶ᠂ ᠰᠡᠷᠭᠡᠶᠢᠯᠡᠬᠦ ᠴᠢᠨᠠᠷᠲᠠᠶ ᠡᠮ ᠤᠨ ᠵᠦᠢᠯ᠂ ᠬᠤᠷᠤᠬᠠᠢ ᠲᠠᠭᠤᠵᠦ ᠵᠠᠶᠢᠯᠠᠭᠤᠯᠬᠤ ᠡᠮ᠃ | ︵ᠬᠤᠶᠠᠷ︶ ᠬᠤᠪᠢ ᠬᠥᠮᠦᠨ ᠤ ᠠᠵᠢᠯ ᠤᠨ ᠲᠣᠨᠤᠭ ᠲᠥᠬᠦᠭᠡᠷᠦᠮᠵᠢ᠃ | ᠵᠣᠨ ᠤ ᠤᠯᠠᠷᠢᠯ᠄ ᠤᠬᠤᠷ ᠬᠠᠨᠴᠤᠶ ᠲᠠᠢ ᠬᠠᠨᠳᠠᠭᠠᠰᠤ ︵2︶᠂ ᠣᠷᠳᠣ ᠬᠠᠨᠴᠤᠶ ᠲᠠᠢ ᠬᠠᠨᠳᠠᠭᠠᠰᠤ ︵ | 1︶᠂ ᠰᠢᠷᠠᠭᠳᠠᠬᠤ ᠠᠴᠠ ᠰᠡᠷᠭᠡᠶᠢᠯᠡᠬᠦ ᠬᠤᠪᠴᠠᠰᠤ ︵1︶᠂ ᠲᠦᠷᠭᠡᠨ ᠬᠠᠳᠠᠬᠤ ᠬᠤᠪᠴᠠᠰᠤ ︵1︶᠂ ᠵᠤᠨ ᠤ | ᠤᠯᠠᠷᠢᠯ ᠳᠤ ᠭᠠᠳᠠᠭᠤᠷ ᠡᠮᠦᠰᠬᠦ ᠱᠠᠬᠠᠶ᠂ ᠨᠡᠷᠡᠨ ᠰᠢᠯ᠂ ᠰᠢᠷᠬᠠᠳᠠᠬᠤ ᠠᠴᠠ ᠰᠡᠷᠭᠡᠶᠢᠯᠡᠬᠦ ᠮᠠᠯᠠᠭᠠᠶ᠂ ᠳᠤᠯᠠᠭᠠᠨ ᠢ | ᠬᠠᠳᠠᠭᠠᠯᠠᠬᠤ ᠴᠣᠮᠣ᠃ | ᠡᠪᠦᠯ ᠤᠨ ᠤᠯᠠᠷᠢᠯ᠄ ᠨᠤᠤᠰᠤᠨ ᠴᠤᠪᠠᠨᠴᠢᠷ ︵1︶᠂ ᠳᠤᠯᠠᠭᠠᠯᠠᠬᠤ ᠥᠪᠴᠢ ᠬᠤᠪᠴᠠᠰᠤ ︵1︶᠂ | ᠴᠡᠷᠢᠭ ᠤᠨ ᠳ᠋ᠠᠴᠠᠩ ︵1︶᠂ ᠡᠪᠦᠯ ᠤᠨ ᠤᠯᠠᠷᠢᠯ ᠳᠤ ᠭᠠᠳᠠᠭᠤᠷ ᠡᠮᠦᠰᠬᠦ ᠱᠠᠬᠠᠶ᠂ ᠬᠥᠪᠥᠩ ᠮᠠᠯᠠᠭᠠᠶ᠂ ᠬᠥᠪᠥᠩ | ᠪᠡᠭᠡᠯᠡᠶ᠃ | |