| ᠥᠪᠥᠷ ᠵᠠᠰᠠᠭ ᠠᠯᠪᠠᠨ ᠲᠠᠷᠬᠠᠭᠠᠭᠰᠠᠨ ︹2020︺ 21 ᠳ᠋ᠦ᠋ᠭᠡᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭ ᠪᠣᠯᠬᠤ ᠠᠴᠠ ᠰᠡᠷᠭᠡᠶᠢᠯᠡᠬᠦ ᠪᠠ | ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠵᠤ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | 2020 ᠣᠨ ᠤ 7 ᠳ᠋ᠤᠭᠠᠷ ᠰᠠᠷ᠎ᠠ ᠶᠢᠨ 31 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭ ᠪᠣᠯᠬᠤ ᠠᠴᠠ | ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠵᠡᠮᠳᠡᠭ ᠪᠤᠯᠬᠤ ᠠᠴᠠ ᠪᠦᠲᠦᠮᠵᠢᠲᠡᠶ ᠰᠡᠷᠭᠡᠶᠢᠯᠡᠵᠦ᠂ ᠵᠡᠮᠳᠡᠭ ᠪᠣᠯᠬᠤ ᠪᠠᠶᠢᠳᠠᠯ ᠢ | ᠪᠠᠭᠠᠰᠬᠠᠬᠤ ᠶᠢᠨ ᠲᠤᠰᠠᠳᠠ᠂ ᠵᠡᠮᠳᠡᠭᠴᠦᠳ ᠢ ᠬᠠᠪᠰᠤᠷᠴᠤ ᠬᠦᠴᠦᠨ ᠴᠢᠳᠠᠮᠵᠢ ᠶᠢ ᠨᠢ ᠰᠡᠷᠭᠦᠭᠡᠬᠦ ᠪᠤᠶᠤ | ᠨᠥᠬᠦᠪᠦᠷᠢᠯᠡᠨ᠂ ᠵᠡᠮᠳᠡᠭᠴᠦᠳ ᠤᠨ ᠡᠷᠬᠡ ᠲᠡᠭᠰᠢ ᠪᠠᠷ ᠨᠡᠶᠢᠭᠡᠮ ᠤᠨ ᠠᠮᠢᠳᠤᠷᠠᠯ ᠳᠤ ᠭᠦᠢᠴᠡᠳ ᠣᠷᠣᠯᠴᠠᠬᠤ ᠶᠢ | ᠠᠬᠢᠭᠤᠯᠵᠤ᠂ ᠮᠠᠨ ᠤ ᠣᠷᠣᠨ ᠤ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ | ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾᠂ ︽ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠳᠤ ᠲᠤᠰ ᠠᠷᠭ᠎ᠠ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠵᠡᠮᠳᠡᠭ ᠪᠣᠯᠬᠤ ᠠᠴᠠ ᠰᠡᠷᠭᠡᠶᠢᠯᠡᠬᠦ | ᠭᠡᠳᠡᠭ ᠨᠢ ᠡᠯ᠎ᠡ ᠵᠦᠢᠯ ᠤᠨ ᠵᠡᠮᠳᠡᠭ ᠡᠭᠦᠰᠭᠡᠬᠦ ᠡᠯᠧᠮᠧᠨ᠋ᠲ ᠲᠤ ᠴᠢᠭᠯᠡᠭᠦᠯᠦᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ | ᠂ ᠬᠤᠪᠢ ᠪᠡᠶ᠎ᠡ ᠶᠢᠨ ᠬᠢᠨᠢ ᠰᠡᠳᠬᠢᠴᠡ᠂ ᠮᠠᠬᠠᠪᠣᠳ᠂ ᠪᠡᠶ᠎ᠡ ᠮᠠᠬᠠᠪᠤᠳ ᠤᠨ ᠪᠦᠲᠦᠴᠡ ᠶᠢᠨ ᠲᠠᠯ᠎ᠠ ᠪᠠᠷ ᠬᠢ ᠶᠠᠮᠠᠷ | ᠨᠢᠭᠡᠨ ᠨᠡᠬᠡᠳᠡᠰᠦ᠂ ᠬᠦᠴᠦᠨ ᠴᠢᠳᠠᠮᠵᠢ ᠨᠢ ᠮᠠᠭᠤᠳᠠᠬᠤ ᠪᠤᠶᠤ ᠬᠡᠪ ᠤᠨ ᠪᠤᠰᠤ ᠪᠠᠶᠢᠳᠠᠯ ᠭᠠᠷᠬᠤ ᠠᠴᠠ | ᠵᠠᠶᠢᠳᠠᠭᠤᠯᠵᠤ᠂ ᠨᠡᠶᠢᠭᠡᠮ ᠤᠨ ᠠᠵᠢᠯᠯᠠᠭ᠎ᠠ ᠳᠤ ᠬᠡᠪ ᠤᠨ ᠪᠠᠶᠢᠳᠠᠯ ᠢᠶᠠᠷ ᠣᠷᠣᠯᠴᠠᠬᠤ ᠴᠢᠳᠠᠪᠤᠷᠢ ᠪᠠᠨ ᠪᠦᠬᠦᠨ ᠢ | ᠪᠤᠶᠤ ᠬᠡᠰᠡᠭ ᠲᠠᠯ᠎ᠠ ᠪᠠᠷ ᠠᠯᠳᠠᠬᠤ ᠠᠴᠠ ᠰᠡᠷᠭᠡᠶᠢᠯᠡᠬᠦ ᠶᠢ ᠵᠢᠭᠠᠵᠤ ᠪᠣᠢ᠃ | ᠲᠤᠰ ᠠᠷᠭ᠎ᠠ ᠳᠤ ᠬᠡᠯᠡᠵᠦ ᠪᠠᠶᠢᠭ᠎ᠠ ᠵᠡᠮᠳᠡᠭᠴᠦᠳ ᠢ ᠡᠷᠡᠭᠦᠯᠵᠢᠭᠦᠯᠬᠦ ᠭᠡᠳᠡᠭ ᠨᠢ ᠵᠡᠮᠳᠡᠭ ᠪᠣᠯᠤᠭᠰᠠᠨ ᠤ | ᠳᠠᠷᠠᠭ᠎ᠠ ᠠᠨᠠᠭᠠᠬᠤ ᠤᠬᠠᠭᠠᠨ᠂ ᠰᠤᠷᠭᠠᠨ ᠬᠥᠮᠦᠵᠢᠯ᠂ ᠠᠵᠢᠯ ᠮᠡᠷᠭᠡᠵᠢᠯ᠂ ᠨᠡᠶᠢᠭᠡᠮ᠂ ᠰᠡᠳᠬᠢᠴᠡ ᠪᠠ ᠲᠤᠰᠠᠯᠠᠬᠤ | ᠪᠠᠭᠠᠵᠢ ᠬᠡᠷᠡᠭᠰᠡᠯ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠵᠡᠮᠳᠡᠭᠴᠦᠳ ᠢ ᠬᠠᠪᠰᠤᠷᠴᠤ ᠬᠦᠴᠦᠨ | ᠴᠢᠳᠠᠮᠵᠢ ᠶᠢ ᠨᠢ ᠰᠡᠷᠭᠦᠭᠡᠬᠦ ᠪᠤᠶᠤ ᠨᠥᠬᠦᠪᠥᠷᠢᠯᠡᠵᠤ᠂ ᠬᠦᠴᠦᠨ ᠴᠢᠳᠠᠮᠵᠢ ᠶᠢᠨ ᠲᠠᠯ᠎ᠠ ᠪᠠᠷ ᠬᠢ ᠰᠠᠭᠠᠲᠠᠯ ᠢ ᠨᠢ | ᠬᠦᠩᠭᠡᠷᠡᠭᠦᠯᠦᠨ᠂ ᠠᠮᠢᠳᠤᠷᠠᠯ ᠢᠶᠠᠨ ᠥᠪᠡᠰᠦᠪᠡᠨ ᠠᠷᠭᠠᠴᠠᠭᠠᠬᠤ ᠪᠠ ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ | ᠴᠢᠳᠠᠪᠤᠷᠢ ᠶᠢ ᠨᠢ ᠨᠡᠮᠡᠭᠳᠡᠭᠦᠯᠬᠦ ᠶᠢ ᠵᠢᠭᠠᠵᠤ ᠪᠣᠢ᠃ | ᠳᠥᠷᠪᠡᠳᠦᠭᠡᠷ ᠵᠦᠢᠯ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ | ᠠᠵᠢᠯ ᠳᠤ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠪᠣᠳᠠᠲᠠᠶ ᠠᠴᠠ ᠡᠭᠦᠰᠴᠦ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠲᠠᠢ ᠲᠣᠬᠢᠷᠠᠯᠴᠠᠭᠤᠯᠤᠨ᠂ | ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠬᠦ ᠪᠠ ᠡᠷᠡᠭᠦᠯᠵᠢᠭᠦᠯᠬᠦ ᠶᠢ ᠤᠶᠠᠯᠳᠤᠭᠤᠯᠬᠤ ᠴᠢᠭᠯᠡᠯᠲᠡ ᠶᠢ | ᠬᠡᠷᠡᠭᠵᠢᠭᠦᠯᠬᠦ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠪᠠᠶᠢᠭᠠᠳ ᠵᠡᠮᠳᠡᠭᠴᠦᠳ ᠲᠤ | ᠡᠷᠡᠭᠦᠯᠵᠢᠭᠦᠯᠬᠦ ᠦᠨᠳᠦᠰᠦᠨ ᠦᠢᠯᠡᠴᠢᠯᠡᠭᠡ ᠬᠠᠩᠭᠠᠵᠤ᠂ ᠥᠷᠭᠡᠨ ᠶᠡᠭᠡ ᠪᠠᠷ ᠠᠰᠢᠭ ᠬᠥᠷᠲᠡᠭᠡᠬᠦ ᠵᠠᠷᠴᠢᠮ ᠢ | ᠵᠢᠷᠤᠮᠯᠠᠨ᠂ ᠵᠡᠮᠳᠡᠭᠴᠦᠳ ᠢ ᠳᠡᠮᠵᠢᠵᠦ ᠬᠠᠪᠰᠤᠷᠴᠤ ᠪᠠᠶᠢᠭᠠᠳ ᠨᠡᠶᠢᠭᠡᠮ ᠳᠤ ᠠᠭᠤᠰᠤᠯᠴᠠᠭᠤᠯᠤᠨ ᠨᠡᠶᠢᠴᠡᠭᠦᠯᠬᠦ | ᠬᠡᠷᠡᠭᠲᠡᠶ᠃ ᠵᠡᠮᠳᠡᠭ ᠬᠡᠮᠡᠨ ᠭᠠᠳᠠᠭᠤᠷᠴᠢᠯᠠᠬᠤ ᠶᠢ ᠡᠷᠡᠰ ᠬᠤᠷᠢᠭᠯᠠᠬᠤ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠤᠳᠤᠷᠢᠳᠴᠤ᠂ | ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠤᠯᠤᠰ ᠠᠷᠠᠳ ᠤᠨ ᠠᠵᠤ ᠠᠬᠤᠶ | ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠂ ᠵᠡᠮᠳᠡᠭ ᠪᠣᠯᠬᠤ ᠠᠴᠠ ᠰᠡᠷᠭᠡᠶᠢᠯᠡᠬᠦ ᠪᠠ | ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡᠨ ᠤ ᠪᠠᠳᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠠᠰᠠᠭ ᠤᠨ | ᠣᠷᠳᠣᠨ ᠭᠤᠣᠯᠯᠠᠨ ᠤᠳᠤᠷᠢᠳᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ | ᠣᠷᠣᠯᠴᠠᠭᠰᠠᠨ ᠠᠵᠢᠯ ᠤᠨ ᠲᠣᠭᠲᠠᠴᠠ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ | ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠡᠭᠦᠷᠭᠡᠯᠡᠵᠦ ᠪᠦᠬᠦᠢ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠳᠤ | ᠰᠢᠯᠭᠠᠨ ᠬᠢᠨᠠᠬᠤ ᠪᠠ ᠬᠢᠨᠠᠯᠲᠠ ᠲᠠᠯᠪᠢᠬᠤ ᠬᠡᠷᠡᠭᠲᠡᠶ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠭᠠᠵᠠᠷ ᠣᠷᠣᠨ ᠤ ᠪᠣᠳᠠᠲᠠᠶ ᠲᠠᠢ ᠪᠠᠨ | ᠤᠶᠠᠯᠳᠤᠭᠤᠯᠤᠨ᠂ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠵᠣᠬᠢᠶᠠᠨ | ᠪᠠᠶᠢᠭᠤᠯᠵᠤ ᠥᠷᠨᠢᠭᠦᠯᠬᠦ ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠡᠮᠳᠡᠭᠴᠦᠳ ᠤᠨ ᠠᠵᠢᠯ ᠢ ᠬᠠᠷᠢᠭᠤᠴᠠᠬᠤ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ | ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠤᠨ ᠵᠣᠬᠢᠶᠠᠨ ᠪᠠᠶᠢᠭᠤᠯᠵᠤ | ᠬᠡᠷᠡᠭᠵᠢᠭᠦᠯᠬᠦ ᠬᠢᠭᠡᠳ ᠬᠢᠨᠠᠯᠲᠠ ᠲᠠᠯᠪᠢᠬᠤ ᠶᠢ ᠬᠠᠷᠢᠭᠤᠴᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ | ᠬᠡᠷᠡᠭᠲᠡᠶ᠃ | ᠳᠣᠯᠣᠳᠤᠭᠠᠷ ᠵᠦᠢᠯ ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠬᠠᠤᠯᠢ ᠴᠠᠭᠠᠵᠠ᠂ | ᠬᠠᠤᠯᠢ ᠲᠣᠭᠲᠠᠭᠠᠯ᠂ ᠳᠦᠷᠢᠮ ᠤᠨ ᠶᠣᠰᠣᠭᠠᠷ ᠪᠤᠶᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠵᠡᠮᠳᠡᠭ ᠪᠣᠯᠬᠤ ᠠᠴᠠ | ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠥᠷᠨᠢᠭᠦᠯᠬᠦ ᠬᠡᠷᠡᠭᠲᠡᠢ᠃ | ᠡᠯ᠎ᠡ ᠱᠠᠲᠤᠨ ᠤ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠨᠢ ᠵᠡᠮᠳᠡᠭ ᠪᠣᠯᠬᠤ ᠠᠴᠠ ᠰᠡᠷᠭᠡᠶᠢᠯᠡᠬᠦ ᠪᠠ | ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ | ᠨᠠᠢᠮᠠᠳᠤᠭᠠᠷ ᠵᠦᠢᠯ ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨᠴᠢ | ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠨᠢ ᠬᠠᠷᠢᠶᠠᠯᠠᠭᠳᠠᠬᠤ ᠬᠡᠪᠴᠢᠶᠡᠨ ᠳᠠᠬᠢ ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠬᠢᠵᠦ ᠪᠠᠶᠢᠭ᠎ᠠ ᠬᠥᠮᠦᠰ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ | ᠶᠢᠰᠦᠳᠦᠭᠡᠷ ᠵᠦᠢᠯ ᠨᠡᠶᠢᠭᠡᠮ ᠤᠨ ᠡᠯ᠎ᠡ ᠡᠲᠡᠭᠡᠳ ᠤᠨ ᠬᠢᠨ ᠵᠡᠮᠳᠡᠭ ᠪᠣᠯᠬᠤ ᠠᠴᠠ ᠰᠡᠷᠭᠡᠶᠢᠯᠡᠬᠦ ᠪᠠ | ᠵᠡᠮᠳᠡᠭᠴᠦᠳ ᠢ ᠡᠷᠡᠭᠦᠯᠵᠢᠭᠦᠯᠬᠦ ᠦᠢᠯᠡᠰ ᠢ ᠬᠠᠯᠠᠮᠵᠢᠯᠠᠨ ᠳᠡᠮᠵᠢᠬᠦ ᠪᠠ ᠲᠡᠭᠦᠨ ᠳᠤ ᠣᠷᠣᠯᠴᠠᠬᠤ ᠬᠡᠷᠡᠭᠲᠡᠶ᠃ | ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ | ᠡᠷᠡᠭᠦᠯᠵᠢᠭᠦᠯᠬᠦ ᠠᠵᠢᠯ ᠤᠨ ᠤᠬᠠᠭᠤᠯᠬᠤ ᠲᠥᠯᠥᠪᠯᠡᠭᠡ ᠭᠠᠷᠭᠠᠵᠤ᠂ ᠵᠡᠮᠳᠡᠭ ᠪᠣᠯᠬᠤ ᠠᠴᠠ ᠰᠡᠷᠭᠡᠶᠢᠯᠡᠬᠦ ᠪᠠ | ᠵᠡᠮᠳᠡᠭᠴᠦᠳ ᠢ ᠡᠷᠡᠭᠦᠯᠵᠢᠭᠦᠯᠬᠦ ᠲᠠᠯ᠎ᠠ ᠪᠠᠷ ᠬᠢ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠢᠳᠡᠪᠬᠢᠲᠡᠢ | ᠥᠷᠨᠢᠭᠦᠯᠦᠨ᠂ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠲᠠᠯ᠎ᠠ ᠶᠢᠨ ᠮᠡᠳᠡᠯᠭᠡ ᠶᠢ | ᠲᠦᠭᠡᠮᠡᠯᠵᠢᠭᠦᠯᠬᠦ ᠶᠢ ᠠᠬᠢᠭᠤᠯᠬᠤ ᠬᠡᠷᠡᠭᠲᠡᠶ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠣᠬᠢᠶᠠᠨ ᠪᠠᠶᠢᠭᠤᠯᠤᠯᠲᠠ᠂ ᠬᠤᠪᠢ ᠬᠥᠮᠦᠨ | ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠤᠨ ᠳᠠᠮᠵᠢᠵᠤ ᠪᠠᠶᠢᠭᠠᠳ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ | ᠨᠡᠶᠢᠲᠡ ᠶᠢᠨ ᠠᠰᠠᠷᠠᠮᠵᠢ ᠶᠢᠨ ᠪᠡᠯᠡᠳᠬᠡᠮᠵᠢ ᠬᠠᠨᠳᠢᠪᠯᠠᠨ ᠳᠡᠮᠵᠢᠭᠦᠯᠬᠦ ᠪᠠ ᠪᠠᠶᠢᠭᠤᠯᠬᠤ ᠬᠡᠷᠡᠭᠲᠡᠢ᠃ | ᠠᠷᠪᠠᠳᠤᠭᠠᠷ ᠵᠦᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ᠂ ᠶᠡᠭᠡ ᠳᠡᠭᠡᠳᠦ | ᠰᠤᠷᠭᠠᠭᠤᠯᠢ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠷᠳᠡᠮ ᠰᠢᠨᠵᠢᠯᠡᠭᠡᠨ ᠤ ᠵᠣᠬᠢᠶᠠᠨ | ᠪᠠᠶᠢᠭᠤᠯᠤᠯᠲᠠ ᠵᠡᠷᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠵᠡᠮᠳᠡᠭ ᠪᠣᠯᠬᠤ ᠠᠴᠠ ᠰᠡᠷᠭᠡᠶᠢᠯᠡᠬᠦ ᠪᠠ | ᠵᠡᠮᠳᠡᠭᠴᠦᠳ ᠢ ᠡᠷᠡᠭᠦᠯᠵᠢᠭᠦᠯᠬᠦ ᠰᠢᠨᠵᠢᠯᠡᠬᠦ ᠤᠬᠠᠭ᠎ᠠ ᠤ ᠰᠤᠳᠤᠯᠭᠠᠨ ᠪᠠ ᠬᠡᠷᠡᠭᠯᠡᠭᠡᠨ ᠢ ᠥᠷᠨᠢᠭᠦᠯᠦᠨ᠂ ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠤᠨ ᠲᠤᠰᠬᠠᠶᠢᠵᠢᠬᠤ᠂ ᠮᠡᠳᠡᠭᠡ ᠵᠠᠩᠭᠢᠴᠢᠯᠠᠬᠤ | ᠂ ᠤᠶᠤᠨᠴᠢᠯᠠᠬᠤ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | | ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠬᠦᠷᠢᠶᠡᠨ ᠳᠠᠬᠢ ᠰᠣᠯᠢᠯᠴᠠᠭ᠎ᠠ | ᠬᠢᠬᠡᠳ ᠬᠠᠮᠲᠤᠷᠠᠯᠴᠠᠭ᠎ᠠ ᠶᠢᠨ ᠠᠵᠢᠯ ᠥᠷᠨᠢᠭᠦᠯᠬᠦ ᠶᠢ ᠵᠣᠷᠢᠭᠵᠢᠭᠤᠯᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ | ᠠᠵᠢᠯ ᠳᠤ ᠳᠣᠪᠤᠶᠢᠮ᠎ᠠ ᠠᠮᠵᠢᠯᠲᠠ ᠭᠠᠷᠭᠠᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠶ᠃ | ᠬᠤᠶᠠᠳᠤᠭᠠᠷ ᠪᠦᠯᠦᠭ ᠵᠡᠮᠳᠡᠭ ᠪᠣᠯᠬᠤ ᠠᠴᠠ ᠰᠡᠷᠭᠡᠶᠢᠯᠡᠬᠦ | ᠠᠷᠪᠠᠨ ᠬᠤᠶᠠᠳᠤᠭᠠᠷ ᠵᠦᠢᠯ ᠵᠡᠮᠳᠡᠭ ᠪᠣᠯᠬᠤ ᠠᠴᠠ ᠰᠡᠷᠭᠡᠶᠢᠯᠡᠬᠦ ᠠᠵᠢᠯ ᠳᠤ ᠪᠦᠬᠦ ᠬᠥᠮᠦᠰ ᠪᠠ ᠪᠦᠬᠦ | ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠬᠤ ᠬᠡᠷᠡᠭᠲᠡᠶ᠃ ᠨᠡᠶᠢᠳᠡᠮ ᠳᠤ ᠨᠢ ᠰᠡᠷᠭᠡᠶᠢᠯᠡᠬᠦ ᠪᠠ | ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠶᠢ ᠤᠶᠠᠯᠳᠤᠭᠤᠯᠬᠤ ᠪᠠᠨ ᠪᠠᠷᠢᠮᠲᠠᠯᠠᠵᠤ᠂ ᠬᠠᠷᠢᠴᠠᠭᠤᠯᠵᠤ ᠪᠣᠯᠬᠤ | ᠲᠥᠷᠥᠯ ᠤᠨ ᠵᠡᠮᠳᠡᠭ ᠪᠣᠯᠤᠭᠰᠠᠨ ᠨᠣᠷᠮ᠎ᠠ ᠶᠢ ᠠᠳᠠᠯᠢ ᠣᠷᠣᠯᠭ᠎ᠠ ᠲᠠᠢ ᠭᠠᠵᠠᠷ ᠣᠷᠣᠨ ᠳᠤ ᠨᠡᠯᠢᠶᠡᠳ ᠳᠣᠤᠷ᠎ᠠ | ᠲᠦᠪᠰᠢᠨ ᠳᠤ ᠪᠠᠶᠢᠯᠭᠠᠬᠤ ᠪᠠᠷ ᠬᠠᠷᠠᠯᠲᠠ ᠪᠣᠯᠭᠠᠵᠤ᠂ ᠨᠡᠶᠢᠭᠡᠮ ᠲᠣᠭᠤᠷᠢᠭ ᠪᠠ ᠭᠡᠷ ᠪᠦᠯᠢ ᠪᠠᠷ ᠰᠠᠭᠤᠷᠢ ᠪᠣᠯᠭᠠᠨ᠂ | ᠵᠡᠮᠳᠡᠭ ᠪᠣᠯᠬᠤ ᠶᠢ ᠨᠢᠭᠡᠳᠦᠭᠡᠷ ᠳᠡᠰ ᠤᠨ ᠰᠡᠷᠭᠡᠶᠢᠯᠡᠬᠦ ᠪᠠᠷ ᠭᠤᠤᠯᠳᠠᠯᠭ᠎ᠠ ᠪᠣᠯᠭᠠᠭᠰᠠᠨ ᠭᠤᠷᠪᠠᠳᠤᠭᠠᠷ ᠳᠡᠰ ᠤᠨ | ᠰᠡᠷᠭᠡᠶᠢᠯᠡᠬᠦ ᠠᠵᠢᠯ ᠢ ᠥᠷᠨᠢᠭᠦᠯᠵᠦ᠂ ᠵᠡᠮᠳᠡᠭ ᠪᠣᠯᠬᠤ ᠨᠤᠷᠮ᠎ᠠ ᠶᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠣᠭᠠᠲᠤ ᠬᠤᠷᠠᠯ | ᠵᠡᠷᠭᠡ ᠶᠢ ᠵᠣᠬᠢᠶᠠᠨ ᠪᠠᠶᠢᠭᠤᠯᠵᠤ ᠵᠡᠮᠳᠡᠭ ᠪᠣᠯᠬᠤ ᠠᠴᠠ ᠰᠡᠷᠭᠡᠶᠢᠯᠡᠬᠦ ᠳᠣᠤᠷᠠᠬᠢ ᠠᠵᠢᠯ ᠢ ᠥᠷᠨᠢᠭᠦᠯᠬᠦ ᠬᠡᠷᠡᠭᠲᠡᠢ᠄ | ︵ᠨᠢᠭᠡ︶ ᠵᠡᠮᠳᠡᠭ ᠡᠭᠦᠰᠭᠡᠬᠦ ᠡᠯᠧᠮᠧᠨ᠋ᠲ ᠲᠤ ᠠᠵᠢᠭᠯᠠᠨ ᠰᠢᠨᠵᠢᠬᠦ ᠶᠢ ᠬᠡᠷᠡᠭᠵᠢᠭᠦᠯᠦᠨ᠂ ᠵᠡᠮᠳᠡᠭ | ᠪᠣᠯᠣᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠂ ᠵᠡᠮᠳᠡᠭ ᠪᠣᠯᠤᠭᠰᠠᠨ ᠰᠢᠯᠲᠠᠭᠠᠨ ᠢ ᠵᠠᠳᠠᠯᠵᠤ | ᠂ ᠤᠳᠤᠮᠰᠢᠯ᠂ ᠡᠪᠡᠳᠴᠢᠨ ᠡᠮᠭᠡᠭ᠂ ᠡᠮ᠂ ᠠᠳᠡᠯ ᠵᠡᠷᠭᠡ ᠵᠡᠮᠳᠡᠭ ᠡᠭᠦᠰᠭᠡᠬᠦ ᠭᠤᠣᠯ ᠡᠯᠧᠮᠧᠨ᠋ᠲ ᠢ ᠬᠥᠳᠡᠯᠦᠩᠭᠦᠶ ᠪᠠᠷ | ᠠᠵᠢᠭᠯᠠᠨ ᠰᠢᠨᠵᠢᠬᠦ ᠬᠡᠷᠡᠭᠲᠡᠢ︔ | ︵ᠬᠤᠶᠠᠷ︶ ᠵᠡᠮᠳᠡᠭ ᠪᠣᠯᠬᠤ ᠠᠴᠠ ᠰᠡᠷᠭᠡᠶᠢᠯᠡᠬᠦ ᠠᠵᠢᠯ ᠤᠨ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ | ᠂ ᠵᠡᠮᠳᠡᠭ ᠡᠭᠦᠰᠭᠡᠬᠦ ᠭᠤᠤᠯ ᠡᠯᠧᠮᠧᠨ᠋ᠲ ᠲᠤ ᠴᠢᠭᠯᠡᠭᠦᠯᠦᠨ ᠭᠤᠤᠯᠳᠠᠯᠭ᠎ᠠ ᠲᠠᠢ ᠰᠡᠷᠭᠡᠶᠢᠯᠡᠬᠦ ᠠᠷᠭ᠎ᠠ ᠶᠢ ᠬᠡᠷᠡᠭᠵᠢᠭᠦᠯᠦᠨ | ᠂ ᠵᠡᠮᠳᠡᠭ ᠪᠣᠯᠬᠤ ᠲᠦᠭᠰᠢᠭᠦᠷᠢ ᠪᠠᠷ ᠨᠡᠯᠢᠶᠡᠳ ᠶᠡᠭᠡ ᠪᠠᠶᠢᠭ᠎ᠠ ᠭᠠᠵᠠᠷ ᠣᠷᠣᠨ᠂ ᠬᠥᠮᠦᠰ᠂ ᠠᠵᠢᠯ ᠲᠥᠷᠥᠯ᠂ | ᠨᠢᠭᠡᠴᠢ ᠳᠤ ᠲᠤᠰᠬᠠᠶ ᠠᠷᠭ᠎ᠠ ᠬᠡᠮᠵᠢᠶ᠎ᠡ ᠠᠪᠴᠤ᠂ ᠤᠷᠢᠳ ᠢᠶᠠᠷ ᠬᠠᠮᠢᠶᠠᠷᠤᠨ ᠵᠠᠬᠢᠷᠬᠤ ᠶᠢ ᠬᠡᠷᠡᠭᠵᠢᠭᠦᠯᠬᠦ ᠬᠡᠷᠡᠭᠲᠡᠢ︔ | | ︵ᠭᠤᠷᠪᠠ︶ ᠵᠡᠮᠳᠡᠭ ᠪᠣᠯᠬᠤ ᠠᠴᠠ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ | ᠵᠡᠮᠳᠡᠭ ᠪᠣᠯᠬᠤ ᠠᠴᠠ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ︔ ︵ᠳᠥᠷᠪᠡ︶ ᠵᠡᠮᠳᠡᠭ ᠪᠣᠯᠬᠤ | ᠬᠠᠨᠳᠤᠰᠢ ᠳᠤ ᠰᠤᠳᠤᠯᠭᠠᠨ ᠥᠷᠨᠢᠭᠦᠯᠵᠦ᠂ ᠵᠡᠮᠳᠡᠭ ᠪᠣᠯᠬᠤ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠦᠷ᠎ᠡ | ᠪᠦᠲᠦᠮᠵᠢ ᠳᠤ ᠦᠨᠡᠯᠡᠨ ᠵᠢᠱᠢᠯᠲᠡ ᠬᠢᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ | ᠠᠷᠠᠳ ᠤᠨ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠵᠡᠮᠳᠡᠭᠴᠦᠳ ᠤᠨ ᠬᠤᠯᠪᠣᠭᠠᠲᠤ ᠬᠤᠷᠠᠯ ᠨᠢ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤ ᠪᠠᠨ ᠵᠡᠮᠳᠡᠭᠴᠦᠳ ᠤᠨ ᠮᠡᠳᠡᠭᠡ ᠵᠠᠩᠭᠢ ᠶᠢ ᠲᠣᠰ ᠲᠤᠰ ᠲᠤ ᠪᠠᠨ | ᠴᠤᠭᠯᠠᠭᠤᠯᠬᠤ ᠪᠠ ᠬᠤᠷᠢᠶᠠᠩᠭᠤᠶᠢᠯᠠᠬᠤ ᠶᠢᠨ ᠬᠠᠮᠲᠤ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ | ᠪᠡᠶᠡᠯᠡᠭᠦᠯᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠷᠡᠮᠳᠡᠭ ᠬᠡᠦᠬᠡᠳ ᠲᠦᠷᠦᠭᠦ ᠪᠠ ᠦᠰᠦᠨ ᠪᠤᠶᠢᠵᠢᠬᠤ ᠶᠢᠨ ᠰᠠᠭᠠᠲᠠᠯ ᠢ | ᠪᠠᠭᠠᠰᠬᠠᠬᠤ ᠬᠡᠷᠡᠭᠲᠡᠢ᠃ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ ᠶᠢᠨ ᠡᠷᠴᠢᠮ ᠢ | ᠴᠢᠩᠭᠠᠷᠠᠭᠤᠯᠵᠤ᠂ ᠬᠦᠨᠳᠦ ᠬᠡᠴᠡᠭᠦᠦ ᠤᠳᠤᠮᠰᠢᠯ ᠤᠨ ᠴᠢᠨᠠᠷᠲᠠᠶ ᠡᠪᠡᠳᠴᠢᠨ᠂ ᠬᠠᠯᠳᠠᠪᠤᠷᠢᠲᠤ ᠡᠪᠡᠳᠴᠢᠨ᠂ ᠣᠶᠣᠨ | ᠮᠡᠳᠡᠷᠡᠯ ᠤᠨ ᠰᠠᠭᠠᠲᠠᠯ ᠵᠡᠷᠭᠡ ᠳᠤ ᠠᠨᠠᠭᠠᠬᠤ ᠤᠬᠠᠭᠠᠨ ᠤ ᠲᠠᠯ᠎ᠠ ᠶᠢᠨ ᠰᠠᠨᠠᠯ ᠳᠤᠷᠠᠳᠬᠤ ᠬᠡᠷᠡᠭᠲᠡᠢ︔ | ᠵᠢᠷᠮᠦᠰᠦᠯᠡᠬᠦ ᠠᠴᠠ ᠡᠮᠦᠨᠡᠬᠢ ᠴᠢᠭᠢᠷᠠᠭ ᠬᠡᠦᠬᠡᠳ ᠲᠥᠷᠥᠭᠦᠯᠬᠦ ᠡᠷᠡᠭᠦᠯ ᠮᠡᠨᠳᠦ ᠶᠢᠨ ᠪᠠᠶᠢᠴᠠᠭᠠᠯᠲᠠ ᠶᠢ | ᠴᠢᠩᠭᠠᠳᠬᠠᠵᠤ᠂ ᠡᠷᠡᠭᠦᠯ ᠮᠡᠨᠳᠦ ᠶᠢᠨ ᠬᠥᠮᠦᠵᠢᠯ᠂ ᠲᠦᠭᠰᠢᠭᠦᠷᠢ ᠶᠢ ᠦᠨᠡᠯᠡᠨ ᠵᠢᠱᠢᠬᠦ᠂ ᠠᠰᠠᠭᠤᠨ ᠯᠠᠪᠯᠠᠵᠤ | ᠵᠢᠯᠣᠭᠤᠳᠬᠤ ᠵᠡᠷᠭᠡ ᠦᠢᠯᠡᠴᠢᠯᠡᠭᠡ ᠶᠢ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠷᠥᠯ ᠵᠦᠢᠯ ᠳᠤ ᠣᠷᠣᠭᠤᠯᠬᠤ ᠬᠡᠷᠡᠭᠲᠡᠢ︔ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠵᠤ ᠣᠨᠣᠰᠢᠯᠠᠬᠤ | ᠮᠡᠷᠭᠡᠵᠢᠯ ᠢ ᠳᠡᠯᠭᠡᠷᠡᠭᠦᠯᠵᠦ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠵᠤ ᠣᠨᠣᠰᠢᠯᠠᠬᠤ ᠮᠡᠷᠭᠡᠵᠢᠯ ᠤᠨ | ᠬᠠᠮᠢᠶᠠᠷᠤᠯᠲᠠ ᠶᠢ ᠴᠢᠩᠭᠠᠳᠬᠠᠵᠤ᠂ ᠳ᠋ᠤᠸᠧᠨ ᠶᠡᠷᠦᠩᠬᠡᠢ ᠭᠡᠮ᠂ ᠪᠡᠶ᠎ᠡ ᠶᠢᠨ ᠭᠠᠳᠠᠷᠭᠤ ᠨᠢ ᠵᠡᠷᠡᠮᠳᠡᠭ ᠵᠡᠷᠭᠡ ᠡᠷᠡᠮᠳᠡᠭ | ᠲᠦᠷᠦᠬᠦ ᠠᠴᠠ ᠰᠡᠷᠭᠡᠶᠢᠯᠡᠬᠦ ᠪᠠᠷ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠪᠠ ᠣᠨᠣᠰᠢᠯᠠᠬᠤ ᠠᠵᠢᠯ ᠢ | ᠰᠠᠶᠢᠲᠤᠷ ᠬᠢᠬᠦ ᠬᠡᠷᠡᠭᠲᠡᠢ︔ ᠰᠠᠶ᠋ᠢ ᠲᠥᠷᠥᠭᠰᠡᠨ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠠᠵᠢᠯ ᠢ | ᠨᠡᠶᠢᠳᠡᠮ ᠥᠷᠨᠢᠭᠦᠯᠵᠦ᠂ ᠰᠢᠭᠰᠢᠨ ᠪᠠᠶᠢᠴᠠᠭᠠᠬᠤ ᠡᠪᠡᠳᠴᠢᠨ ᠤ ᠵᠦᠢᠯ ᠪᠠ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠬᠡᠨ᠂ ᠡᠷᠡᠮᠳᠡᠭ ᠬᠡᠦᠬᠡᠳ ᠲᠦᠷᠦᠭᠦ ᠪᠠ ᠬᠡᠤᠬᠡᠳ ᠤᠨ ᠵᠡᠮᠳᠡᠭ ᠢ ᠰᠢᠭᠰᠢᠨ ᠪᠠᠶᠢᠴᠠᠭᠠᠬᠤ᠂ ᠣᠨᠣᠰᠢᠯᠠᠬᠤ᠂ | ᠬᠠᠮᠢᠶᠠᠷᠬᠤ ᠳᠤ ᠨᠢᠭᠡ ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠂ ᠰᠢᠭᠰᠢᠨ | ᠪᠠᠶᠢᠴᠠᠭᠠᠬᠤ ᠨᠣᠷᠮ᠎ᠠ᠂ ᠰᠢᠯᠵᠢᠭᠦᠯᠦᠨ ᠡᠮᠨᠡᠬᠦ ᠨᠣᠷᠮ᠎ᠠ᠂ ᠳᠠᠭᠠᠵᠤ ᠰᠤᠷᠪᠤᠯᠵᠢᠯᠠᠬᠤ ᠨᠣᠷᠮ᠎ᠠ᠂ ᠬᠠᠮᠢᠶᠠᠷᠬᠤ | ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠳᠠᠷᠤᠬᠤ ᠬᠡᠷᠡᠭᠲᠡᠢ᠃ | ᠬᠠᠯᠳᠠᠪᠤᠷᠢᠲᠤ ᠡᠪᠡᠳᠴᠢᠨ ᠢ ᠬᠢᠨᠠᠨ ᠰᠢᠨᠵᠢᠬᠦ ᠶᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠢ ᠶᠡᠷᠦᠩᠬᠡᠢ ᠳᠤ ᠨᠢ | ᠰᠡᠷᠭᠡᠶᠢᠯᠡᠨ ᠳᠠᠷᠤᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢ | ᠰᠤᠳᠤᠯᠤᠨ ᠮᠠᠭᠠᠳᠯᠠᠬᠤ᠂ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠡᠮᠴᠢᠯᠡᠵᠦ ᠠᠪᠤᠷᠠᠨ ᠵᠠᠰᠠᠬᠤ ᠠᠵᠢᠯ ᠢ | ᠰᠠᠶᠢᠲᠤᠷ ᠬᠢᠬᠦ ᠬᠡᠷᠡᠭᠲᠡᠶ︔ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠵᠢᠷᠤᠮᠵᠢᠭᠤᠯᠤᠨ ᠥᠷᠨᠢᠭᠦᠯᠵᠦ᠂ | ᠨᠤᠭᠤᠰᠤᠨ ᠤ ᠪᠣᠷᠣ ᠡᠳ᠋ ᠤᠨ ᠦᠷᠪᠢᠰᠦᠯ᠂ B ᠬᠡᠯᠪᠡᠷᠢᠲᠦ ᠲᠠᠬᠤᠯ ᠤᠨ ᠴᠢᠨᠠᠷᠲᠤ ᠲᠠᠷᠢᠬᠢᠨ ᠤ ᠦᠷᠪᠢᠰᠦᠯ ᠵᠡᠷᠭᠡ | ᠡᠪᠡᠳᠴᠢᠨ ᠠᠴᠠ ᠵᠡᠮᠳᠡᠭ ᠡᠭᠦᠰᠭᠡᠬᠦ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠲᠠᠷᠢᠬᠤ | ᠨᠣᠷᠮ᠎ᠠ ᠶᠢ ᠨᠡᠯᠢᠶᠡᠳ ᠥᠨᠳᠥᠷ ᠲᠦᠪᠰᠢᠨ ᠳᠤ ᠪᠠᠶᠢᠯᠭᠠᠵᠤ᠂ ᠸᠠᠺᠼᠢᠨ ᠤ ᠲᠠᠷᠢᠯᠭ᠎ᠠ ᠲᠠᠷᠢᠬᠤ ᠠᠮᠤᠷ ᠲᠦᠪᠰᠢᠨ ᠪᠠ | ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠤᠵᠢᠭ ᠡᠪᠡᠳᠴᠢᠨ ᠤ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ | ᠬᠡᠷᠡᠭᠲᠡᠢ᠃ ᠪᠦᠬᠦ ᠠᠷᠠᠳ ᠤᠨ ᠡᠷᠡᠭᠦᠯ ᠰᠠᠷᠠᠭᠤᠯ ᠠᠮᠢᠳᠤᠷᠠᠬᠤ ᠠᠷᠭ᠎ᠠ ᠮᠠᠶ᠋ᠢᠭ ᠲᠠᠢ ᠪᠠᠶᠢᠯᠭᠠᠬᠤ ᠠᠵᠢᠯᠯᠠᠭ᠎ᠠ ᠶᠢ | ᠥᠷᠨᠢᠭᠦᠯᠵᠦ᠂ ᠤᠵᠢᠭ ᠡᠪᠡᠳᠴᠢᠨ ᠢ ᠶᠡᠷᠦᠩᠬᠡᠢ ᠳᠤ ᠨᠢ ᠰᠡᠷᠭᠡᠶᠢᠯᠡᠨ ᠵᠠᠰᠠᠬᠤ ᠦᠢᠯᠡᠴᠢᠯᠡᠭᠡ ᠪᠠ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠳ᠋ᠠᠶᠢᠲ᠋ᠠ ᠶᠢᠨ ᠲᠠᠪᠴᠠᠩ ᠢ ᠦᠨᠳᠦᠰᠦᠯᠡᠨ ᠡᠷᠡᠭᠦᠯ ᠮᠡᠨᠳᠦ ᠶᠢᠨ | ᠪᠦᠬᠦ ᠶᠠᠪᠤᠴᠠ ᠳᠠᠬᠢ ᠬᠠᠮᠢᠶᠠᠷᠤᠯᠲᠠ ᠶᠢ ᠵᠢᠷᠤᠮᠵᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ | ᠦᠢᠯᠡᠴᠢᠯᠡᠬᠦ᠂ ᠱᠠᠲᠤ ᠬᠤᠪᠢᠶᠠᠨ ᠣᠨᠣᠰᠢᠯᠠᠨ ᠡᠮᠨᠡᠬᠦ ᠪᠠ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠵᠡᠷᠭᠡ | ᠠᠵᠢᠯ ᠢ ᠰᠠᠶᠢᠲᠤᠷ ᠬᠢᠵᠦ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠲᠠᠷᠢᠬᠢᠨ ᠤ ᠰᠠ | ᠳᠠᠭᠠᠷᠢᠬᠤ᠂ ᠬᠠᠪᠤᠳᠠᠷ ᠵᠢᠴᠢ ᠳᠦᠯᠡᠶᠢᠷᠡᠬᠦ᠂ ᠰᠣᠬᠤᠷᠠᠬᠤ ᠴᠢᠨᠠᠷᠲᠠᠢ ᠡᠪᠡᠳᠴᠢᠨ ᠢ ᠡᠷᠲᠡ ᠠᠴᠠ ᠰᠢᠭᠰᠢᠨ | ᠪᠠᠶᠢᠴᠠᠭᠠᠵᠤ᠂ ᠡᠷᠡᠭᠦᠯ ᠮᠡᠨᠳᠦ ᠶᠢᠨ ᠠᠰᠠᠭᠤᠨ ᠯᠠᠪᠯᠠᠬᠤ ᠪᠠ ᠬᠠᠮᠢᠶᠠᠷᠤᠨ ᠵᠠᠬᠢᠷᠬᠤ ᠵᠢᠯᠣᠭᠤᠳᠤᠯᠭ᠎ᠠ ᠬᠠᠩᠭᠠᠬᠤ | ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠣᠶᠣᠨ ᠮᠡᠳᠡᠷᠡᠯ ᠤᠨ ᠰᠠᠭᠠᠲᠠᠯ ᠤᠨ ᠰᠡᠷᠭᠡᠶᠢᠯᠡᠨ ᠵᠠᠰᠠᠬᠤ ᠠᠵᠢᠯ ᠢ | ᠴᠢᠩᠭᠠᠳᠬᠠᠬᠤ ᠬᠡᠷᠡᠭᠲᠡᠢ᠃ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ | ᠭᠡᠨᠡᠳᠲᠡ ᠶᠢᠨ ᠬᠡᠷᠡᠭ ᠠᠴᠠ ᠰᠡᠳᠬᠢᠴᠡ ᠶᠢᠨ ᠬᠢᠮᠤᠷᠠᠯ ᠲᠠᠢ ᠪᠣᠯᠬᠤ ᠶᠢ ᠬᠠᠮᠢᠶᠠᠷᠬᠤ ᠪᠠ ᠰᠡᠳᠬᠢᠴᠡ ᠶᠢᠨ ᠲᠠᠯ᠎ᠠ ᠶᠢᠨ | ᠲᠤᠰᠠᠯᠠᠮᠵᠢ ᠦᠵᠡᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ︔ ᠪᠠᠶᠢᠩᠭᠤ ᠲᠣᠬᠢᠶᠠᠯᠳᠤᠳᠠᠭ ᠣᠶᠤᠨ | ᠮᠡᠳᠡᠷᠡᠯ ᠤᠨ ᠰᠠᠭᠠᠲᠠᠯ ᠳᠤ ᠰᠡᠷᠭᠡᠶᠢᠯᠡᠨ ᠵᠠᠰᠠᠬᠤ ᠠᠵᠢᠯ ᠥᠷᠨᠢᠭᠦᠯᠬᠦ ᠬᠡᠷᠡᠭᠲᠡᠢ︔ ᠵᠡᠮᠳᠡᠭ ᠡᠭᠦᠰᠭᠡᠬᠦ ᠴᠢᠨᠠᠷᠲᠠᠶ | ᠣᠶᠣᠨ ᠮᠡᠳᠡᠷᠡᠯ ᠤᠨ ᠭᠤᠤᠯ ᠪᠣᠯᠬᠤ ᠰᠠᠭᠠᠲᠠᠯ ᠢ ᠰᠢᠭᠰᠢᠨ ᠪᠠᠶᠢᠴᠠᠭᠠᠬᠤ᠂ ᠡᠮᠨᠡᠨ ᠵᠠᠰᠠᠬᠤ ᠪᠠ ᠡᠷᠡᠭᠦᠯᠵᠢᠭᠦᠯᠬᠦ | ᠠᠵᠢᠯ ᠢ ᠴᠢᠩᠭᠠᠳᠬᠠᠬᠤ ᠬᠡᠷᠡᠭᠲᠡᠶ︔ ᠣᠶᠤᠨ ᠮᠡᠳᠡᠷᠡᠯ ᠤᠨ ᠬᠦᠨᠳᠦ ᠰᠠᠭᠠᠲᠠᠯ ᠲᠠᠢ ᠡᠪᠡᠳᠴᠢᠲᠡᠨ ᠢ ᠡᠮᠨᠡᠨ ᠵᠠᠰᠠᠵᠤ | ᠠᠪᠤᠷᠠᠨ ᠲᠤᠰᠠᠯᠠᠬᠤ ᠪᠠ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠣᠶᠤᠨ ᠮᠡᠳᠡᠷᠡᠯ ᠤᠨ ᠬᠦᠨᠳᠦ ᠰᠠᠭᠠᠲᠠᠯ ᠲᠠᠢ ᠡᠪᠡᠳᠴᠢᠲᠡᠨ ᠤ ᠬᠡᠷᠡᠭ ᠤᠷᠰᠢᠭ | ᠲᠠᠲᠠᠬᠤ ᠠᠴᠠ ᠰᠡᠷᠭᠡᠶᠢᠯᠡᠬᠦ ᠬᠡᠷᠡᠭᠲᠡᠢ︔ ᠨᠡᠶᠢᠭᠡᠮ ᠲᠣᠭᠤᠷᠢᠭ ᠤᠨ ᠡᠷᠡᠭᠦᠯᠵᠢᠯ ᠤᠨ ᠪᠠᠶᠢᠭᠤᠯᠤᠮᠵᠢ ᠶᠢᠨ | ᠬᠥᠭᠵᠢᠯᠲᠡ ᠶᠢ ᠠᠬᠢᠭᠤᠯᠵᠤ᠂ ᠣᠶᠣᠨ ᠮᠡᠳᠡᠷᠡᠯ ᠤᠨ ᠰᠠᠭᠠᠲᠠᠯ ᠲᠠᠢ ᠡᠪᠡᠳᠴᠢᠲᠡᠨ ᠳᠤ ᠨᠡᠶᠢᠭᠡᠮ ᠲᠣᠭᠤᠷᠢᠭ ᠤᠨ | ᠡᠷᠡᠭᠦᠯᠵᠢᠯ ᠤᠨ ᠦᠢᠯᠡᠴᠢᠯᠡᠭᠡ ᠬᠠᠩᠭᠠᠬᠤ ᠴᠢᠳᠠᠪᠤᠷᠢ ᠪᠠ ᠬᠢᠷᠢ ᠲᠦᠪᠰᠢᠨ ᠢ ᠨᠢ ᠳᠡᠭᠡᠭᠰᠢᠯᠡᠭᠦᠯᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠵᠡᠮᠳᠡᠭ ᠡᠭᠦᠰᠭᠡᠬᠦ ᠲᠦᠭᠰᠢᠭᠦᠷᠢ ᠶᠡᠭᠡ ᠠᠵᠢᠯ ᠤᠨ ᠪᠠᠶᠢᠷᠢ ᠲᠠᠢ ᠬᠥᠮᠦᠨ ᠬᠡᠷᠡᠭᠯᠡᠬᠦ | ᠨᠢᠭᠡᠴᠢ ᠨᠢ ᠠᠵᠢᠯᠴᠢᠨ ᠠᠵᠢᠯᠲᠠᠨ ᠳᠤ ᠪᠠᠨ ᠵᠡᠮᠳᠡᠭ ᠡᠭᠦᠰᠭᠡᠬᠦ ᠵᠦᠢᠯᠡᠰ ᠢ ᠰᠡᠷᠭᠡᠶᠢᠯᠡᠬᠦ ᠬᠠᠮᠢᠶ᠎ᠠ ᠪᠦᠬᠦᠢ | ᠮᠡᠳᠡᠯᠭᠡ ᠶᠢᠨ ᠪᠣᠯᠪᠠᠰᠤᠷᠠᠭᠤᠯᠤᠯ ᠬᠦᠷᠲᠡᠭᠡᠵᠦ᠂ ᠠᠵᠢᠯᠲᠠᠨ ᠠᠵᠢᠯᠴᠢᠨ ᠤ ᠦᠨᠡᠮᠯᠡᠯ ᠲᠠᠢ ᠪᠠᠷ ᠠᠵᠢᠯ ᠤᠨ | ᠪᠠᠶᠢᠷᠢ ᠳᠤ ᠪᠠᠨ ᠭᠠᠷᠬᠤ ᠶᠢ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ | ᠶᠣᠰᠣᠭᠠᠷ ᠪᠠᠲᠤᠯᠠᠨ᠂ ᠠᠵᠢᠯᠯᠠᠬᠤ ᠲᠠᠯᠠᠪᠤᠷ ᠭᠠᠵᠠᠷ ᠪᠠ ᠠᠵᠢᠯ ᠤᠨ ᠪᠠᠶᠢᠷᠢ ᠳᠤ ᠣᠷᠣᠰᠢᠵᠤ ᠪᠠᠶᠢᠭ᠎ᠠ ᠵᠡᠮᠳᠡᠭ | ᠡᠭᠦᠰᠭᠡᠬᠦ ᠲᠦᠭᠰᠢᠭᠦᠷᠢ ᠶᠢ ᠮᠡᠳᠡᠭᠳᠡᠬᠦ ᠶᠢᠨ ᠬᠠᠮᠲᠤ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ | ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠪᠠ ᠰᠡᠷᠭᠡᠶᠢᠯᠡᠨ ᠬᠠᠮᠠᠭᠠᠯᠠᠬᠤ ᠬᠡᠷᠡᠭᠰᠡᠯ ᠬᠠᠩᠭᠠᠬᠤ ᠬᠡᠷᠡᠭᠲᠡᠢ︔ ᠠᠵᠢᠯ | ᠮᠡᠷᠭᠡᠵᠢᠯ ᠤᠨ ᠠᠮᠤᠷ ᠲᠦᠪᠰᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠵᠢᠯ ᠮᠡᠷᠭᠡᠵᠢᠯ ᠤᠨ | ᠠᠮᠤᠷ ᠲᠦᠪᠰᠢᠨ ᠡᠷᠡᠭᠦᠯ ᠮᠡᠨᠳᠦ ᠶᠢᠨ ᠬᠥᠮᠦᠵᠢᠯ ᠢ ᠥᠷᠨᠢᠭᠦᠯᠦᠨ᠂ ᠬᠦᠳᠡᠯᠮᠦᠷᠢᠴᠢᠳ ᠤᠨ ᠠᠮᠤᠷ ᠲᠦᠪᠰᠢᠨ | ᠡᠷᠡᠭᠦᠯ ᠮᠡᠨᠳᠤ ᠶᠢᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠵᠢᠯ ᠤᠨ ᠨᠥᠯᠥᠭᠡᠨ ᠤ | ᠡᠪᠡᠳᠴᠢᠨ ᠤ ᠬᠤᠤᠷ ᠬᠥᠨᠥᠭᠡᠯ ᠲᠠᠢ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠠᠵᠢᠯᠳᠠᠨ ᠠᠵᠢᠯᠴᠢᠳ ᠲᠤ | ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠴᠢᠬᠢᠷᠠᠭ ᠤᠨ ᠪᠠᠶᠢᠴᠠᠭᠠᠯᠲᠠ ᠬᠢᠬᠦ ᠬᠡᠷᠡᠭᠲᠡᠢ︔ ᠵᠢᠷᠮᠦᠰᠦᠯᠡᠬᠦ ᠪᠠᠷ | ᠲᠥᠯᠥᠪᠯᠡᠵᠦ ᠪᠠᠶᠢᠭ᠎ᠠ᠂ ᠵᠢᠷᠮᠦᠰᠦᠯᠡᠭᠰᠡᠨ ᠦᠶ᠎ᠡ᠂ ᠬᠡᠦᠬᠡᠳ ᠭᠦᠬᠦᠭᠦᠯᠵᠦ ᠪᠠᠶᠢᠭ᠎ᠠ ᠡᠮᠡᠭᠲᠡᠶ ᠠᠵᠢᠯᠲᠠᠨ | ᠠᠵᠢᠯᠴᠢᠨ ᠳᠤ ᠬᠥᠳᠡᠯᠮᠦᠷᠢ ᠶᠢᠨ ᠬᠠᠮᠠᠭᠠᠯᠠᠯᠲᠠ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠬᠤᠣᠷ ᠲᠠᠢ | ᠬᠥᠨᠥᠭᠡᠯ ᠲᠠᠢ ᠪᠣᠳᠠᠰ ᠯᠤᠭ᠎ᠠ ᠤᠶᠢᠷᠠᠳᠤᠭᠤᠯᠬᠤ ᠠᠴᠠ ᠰᠡᠷᠭᠡᠶᠢᠯᠡᠨ᠂ ᠠᠵᠢᠯ ᠤᠨ ᠨᠥᠯᠥᠭᠡᠨ ᠤ ᠬᠤᠤᠷ ᠬᠥᠨᠥᠭᠡᠯ ᠢ | ᠪᠠᠭᠠᠰᠬᠠᠬᠤ ᠬᠡᠷᠡᠭᠲᠡᠢ︔ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠳᠤ ᠠᠶᠤᠯ | ᠦᠭᠡᠢ ᠦᠢᠯᠡᠳᠪᠦᠷᠢᠯᠡᠯ ᠤᠨ ᠳᠠᠯᠳᠠ ᠭᠡᠮ ᠢ ᠨᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠵᠦ᠂ | ᠡ᠊ᠨᠳᠡᠯ ᠤᠨ ᠲᠦᠭᠰᠢᠭᠦᠷᠢ ᠶᠢ ᠰᠡᠷᠭᠡᠶᠢᠯᠡᠬᠦ᠂ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠵᠢᠯ ᠠᠴᠠ ᠪᠣᠯᠤᠭᠰᠠᠨ ᠭᠡᠮᠲᠦᠯ᠂ ᠲᠣᠭᠤᠰᠣᠲᠤ | ᠠᠭᠤᠰᠬᠢᠨ ᠤ ᠡᠪᠡᠳᠴᠢᠨ᠂ ᠠᠵᠢᠯ ᠤᠨ ᠨᠥᠯᠥᠭᠡᠨ ᠤ ᠬᠤᠣᠷᠳᠠᠯ ᠵᠢᠴᠢ ᠠᠵᠢᠯ ᠤᠨ ᠨᠥᠯᠥᠭᠡᠨ ᠤ ᠪᠤᠰᠤᠳ | ᠡᠪᠡᠳᠴᠢᠨ ᠠᠴᠠ ᠵᠡᠮᠳᠡᠭ ᠪᠣᠯᠬᠤ ᠶᠢ ᠰᠡᠷᠭᠡᠶᠢᠯᠡᠬᠦ ᠬᠡᠷᠡᠭᠲᠡᠢ︔ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ ᠲᠠᠢ ᠨᠢᠭᠡᠴᠢ ᠪᠠ ᠬᠥᠮᠦᠨ ᠣᠯᠠᠨ | ᠴᠤᠭᠯᠠᠷᠠᠬᠤ ᠭᠠᠵᠠᠷ ᠲᠠᠯᠠᠪᠤᠷ ᠲᠤ ᠭᠠᠯ ᠤᠨ ᠠᠶᠤᠯ ᠡᠭᠦᠰᠬᠦ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠬᠡᠷᠡᠭᠲᠡᠶ᠃ | ᠬᠤᠷᠢᠳᠤᠭᠠᠷ ᠵᠦᠢᠯ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠶ᠃ ᠵᠠᠮ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠵᠦ᠂ ᠵᠠᠰᠠᠮᠠᠯ ᠵᠠᠮ ᠵᠢᠴᠢ | ᠳᠠᠭᠠᠯᠲᠠ ᠪᠡᠯᠡᠳᠬᠡᠮᠵᠢ ᠶᠢᠨ ᠬᠡᠵᠢᠶᠡᠳᠡ ᠪᠦᠲᠦᠨ ᠰᠠᠶᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠮᠠᠰᠢᠨᠲᠤ | ᠲᠡᠷᠭᠡᠨ ᠤ ᠦᠢᠯᠡᠳᠬᠦᠨ ᠤ ᠪᠦᠲᠦᠴᠡ ᠶᠢ ᠰᠢᠯᠢᠳᠡᠭᠵᠢᠭᠦᠯᠵᠦ᠂ ᠲᠡᠷᠭᠡ ᠬᠥᠰᠬᠡ ᠶᠢᠨ ᠠᠮᠤᠷ ᠲᠦᠪᠰᠢᠨ ᠤ | ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ︔ ᠵᠢᠯᠣᠭᠤᠴᠢ ᠶᠢᠨ ᠬᠥᠮᠦᠵᠢᠯ | ᠪᠣᠯᠪᠠᠰᠤᠷᠠᠭᠤᠯᠤᠯ ᠢ ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠵᠠᠮ ᠬᠠᠷᠢᠯᠴᠠᠭᠠᠨ ᠤ | ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠲᠦᠭᠡᠮᠡᠯᠵᠢᠭᠦᠯᠵᠦ᠂ ᠮᠠᠰᠢᠨ ᠲᠡᠷᠭᠡᠨ ᠳᠤ ᠬᠡᠤᠬᠡᠳ ᠤᠨ ᠠᠮᠤᠷ | ᠲᠦᠪᠰᠢᠨ ᠤ ᠰᠠᠭᠤᠳᠠᠯ ᠢ ᠳᠡᠯᠭᠡᠷᠡᠭᠦᠯᠦᠨ ᠬᠡᠷᠡᠭᠯᠡᠬᠦᠯᠬᠦ ᠬᠡᠷᠡᠭᠲᠡᠶ︔ ᠡᠯ᠎ᠡ ᠲᠥᠷᠥᠯ ᠤᠨ ᠲᠡᠷᠭᠡ ᠬᠥᠰᠬᠡ ᠶᠢᠨ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠭᠤᠤᠯ ᠴᠣᠭᠴᠠ ᠪᠣᠯᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ︔ ᠵᠠᠮ ᠬᠠᠷᠢᠯᠴᠠᠭᠠᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠳᠡᠯ ᠠᠴᠠ ᠠᠪᠤᠷᠠᠬᠤ ᠬᠢᠷᠢ | ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠪᠥᠬᠦ ᠶᠠᠪᠤᠴᠠ ᠳᠤ ᠨᠢ ᠪᠦᠬᠦᠨ ᠢ ᠬᠠᠮᠤᠷᠤᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ | ᠬᠡᠷᠡᠭᠲᠡᠢ︔ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠢᠳᠡᠭᠡᠨ ᠤ ᠳᠣᠲᠣᠷᠠᠬᠢ ᠡᠪᠡᠳᠴᠢᠨ | ᠡᠭᠦᠰᠭᠡᠬᠦ ᠮᠢᠺᠷᠣᠪ᠂ ᠲᠠᠷᠢᠶᠠᠨ ᠡᠮ ᠤᠨ ᠦᠯᠡᠳᠡᠭᠳᠡᠯ᠂ ᠮᠠᠯ ᠤᠨ ᠡᠮ ᠤᠨ ᠦᠯᠡᠳᠡᠭᠳᠡᠯ᠂ ᠬᠦᠨᠳᠦ ᠲᠡᠮᠦᠷᠯᠢᠭ᠂ | ᠪᠣᠬᠢᠷᠳᠤᠯ ᠪᠣᠳᠠᠰ ᠵᠢᠴᠢ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠬᠤᠤᠷ ᠬᠥᠨᠥᠭᠡᠯ ᠲᠠᠢ ᠪᠤᠰᠤᠳ ᠪᠣᠳᠠᠰ ᠢ | ᠪᠠᠶᠢᠴᠠᠭᠠᠨ ᠰᠢᠨᠵᠢᠬᠦ ᠪᠠ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ | ᠬᠡᠷᠡᠭ ᠢ ᠪᠦᠲᠦᠮᠵᠢᠲᠡᠶ ᠰᠡᠷᠭᠡᠶᠢᠯᠡᠵᠦ ᠲᠣᠬᠢᠷᠠᠮᠵᠢᠲᠠᠢ ᠠᠷᠭᠠᠴᠠᠭᠠᠬᠤ ᠬᠡᠷᠡᠭᠲᠡᠶ︔ ᠬᠠᠭᠤᠷᠮᠠᠭ ᠡᠮ᠂ ᠴᠢᠨᠠᠷ ᠮᠠᠭᠤᠲᠠᠶ | ᠡᠮ ᠦᠢᠯᠡᠳᠴᠦ ᠪᠣᠷᠣᠯᠠᠭᠤᠯᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠬᠦ ᠬᠡᠷᠡᠭᠲᠡᠶ︔ | ᠡᠮᠴᠢᠯᠡᠭᠡᠨ ᠳᠤ ᠬᠡᠷᠡᠭᠯᠡᠬᠦ ᠡᠮ ᠢ ᠵᠢᠷᠤᠮᠵᠢᠭᠤᠯᠵᠤ᠂ ᠡᠮ ᠤᠨ ᠭᠠᠵᠢᠭᠤ ᠤᠷᠪᠠᠯ ᠢ ᠨᠢ ᠬᠢᠨᠠᠨ ᠰᠢᠨᠵᠢᠬᠦ ᠠᠵᠢᠯ ᠢ | ᠴᠢᠩᠭᠠᠳᠬᠠᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠤᠤᠭᠤᠬᠤ ᠤᠰᠤ ᠪᠠ ᠠᠭᠠᠷ ᠤᠨ ᠪᠣᠬᠢᠷᠲᠤᠯ ᠢ ᠵᠠᠰᠠᠬᠤ ᠠᠵᠢᠯ ᠢᠶᠠᠨ | ᠴᠢᠩᠭᠠᠳᠬᠠᠬᠤ ᠬᠡᠷᠡᠭᠲᠡᠢ᠃ ᠴᠡᠪᠡᠷ ᠰᠠᠶᠢᠨ ᠤᠰᠤ ᠪᠠ ᠤᠤᠭᠤᠬᠤ ᠤᠰᠤᠨ ᠰᠤᠷᠪᠤᠯᠵᠢ ᠶᠢ ᠴᠢᠩᠭ᠎ᠠ ᠬᠠᠮᠠᠭᠠᠯᠠᠵᠤ᠂ | ᠬᠤᠲᠠ ᠬᠥᠳᠡᠭᠡ ᠶᠢᠨ ᠤᠤᠭᠤᠬᠤ ᠤᠰᠤᠨ ᠤ ᠠᠷᠢᠭᠤᠨ ᠴᠡᠪᠡᠷ ᠢ ᠬᠢᠨᠠᠨ ᠰᠢᠨᠵᠢᠬᠦ ᠪᠠᠨ ᠴᠢᠩᠭᠠᠳᠬᠠᠨ᠂ | ᠠᠮᠢᠳᠤᠷᠠᠯ ᠳᠤ ᠤᠤᠭᠤᠵᠤ ᠬᠡᠷᠡᠭᠯᠡᠬᠦ ᠤᠰᠤᠨ ᠤ ᠠᠷᠢᠭᠤᠨ ᠴᠡᠪᠡᠷ ᠠᠮᠤᠷ ᠲᠦᠪᠰᠢᠨ ᠢ ᠦᠨᠡᠨ ᠬᠦ ᠪᠠᠲᠤᠯᠠᠬᠤ | ᠬᠡᠷᠡᠭᠲᠡᠶ︔ ᠠᠮᠢ ᠠᠬᠤᠢ ᠣᠷᠴᠢᠨ ᠲᠣᠭᠤᠷᠢᠨ ᠤ ᠬᠢᠨᠠᠨ ᠰᠢᠨᠵᠢᠬᠦ ᠰᠢᠰᠲ᠋ᠧᠮ ᠪᠠ ᠬᠢᠨᠠᠨ ᠰᠢᠨᠵᠢᠬᠦ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ︔ ᠬᠥᠮᠦᠰ ᠤᠨ ᠡᠷᠡᠭᠦᠯ ᠮᠡᠨᠳᠦ ᠶᠢ ᠨᠥᠯᠥᠭᠡᠯᠡᠬᠦ ᠪᠣᠬᠢᠷ ᠮᠠᠨᠠᠨ ᠵᠡᠷᠭᠡ | ᠣᠷᠴᠢᠨ ᠲᠣᠭᠤᠷᠢᠨ ᠤ ᠪᠣᠬᠢᠷᠲᠤᠯ ᠢ ᠬᠢᠨᠠᠨ ᠰᠢᠨᠵᠢᠬᠦ ᠪᠠᠨ ᠴᠢᠩᠭᠠᠳᠬᠠᠵᠤ᠂ ᠴᠠᠭ ᠲᠤᠬᠠᠶ ᠳᠤ ᠨᠢ ᠵᠠᠰᠠᠵᠤ | ᠬᠠᠮᠢᠶᠠᠷᠤᠨ ᠵᠠᠬᠢᠷᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ | ᠴᠢᠩᠭᠠᠷᠠᠭᠤᠯᠬᠤ ᠬᠡᠷᠡᠭᠲᠡᠢ᠃ ᠴᠠᠭ ᠠᠭᠤᠷ᠂ ᠦᠶᠡᠷ ᠤᠰᠤᠲᠤᠯ᠂ ᠰᠠᠯᠬᠢ ᠰᠢᠭᠤᠷᠭ᠎ᠠ ᠮᠥᠨᠳᠥᠷ᠂ ᠵᠤᠳ᠂ ᠭᠠᠵᠠᠷ | ᠬᠥᠳᠡᠯᠦᠯᠲᠡ᠂ ᠭᠠᠵᠠᠷ ᠬᠦᠷᠦᠰᠦᠨ ᠤ ᠭᠠᠢ ᠭᠠᠮᠰᠢᠭ ᠵᠡᠷᠭᠡ ᠶᠢ ᠬᠢᠨᠠᠨ ᠰᠢᠨᠵᠢᠬᠦ ᠪᠠ ᠰᠡᠷᠡᠮᠵᠢᠯᠡᠭᠦᠯᠵᠦ | ᠤᠷᠢᠳᠴᠢᠯᠠᠨ ᠮᠡᠳᠡᠭᠡᠯᠡᠬᠦ ᠰᠢᠰᠲ᠋ᠧᠮ ᠢ ᠪᠦᠷᠢᠨᠰᠢᠭᠦᠯᠦᠨ᠂ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ | ᠨᠡᠶᠢᠲᠡᠯᠡᠬᠦ ᠰᠢᠰᠲ᠋ᠧᠮ ᠤᠨ ᠦᠢᠯᠡᠳᠦᠯ ᠢ ᠨᠢ ᠪᠠᠳᠠᠷᠠᠭᠤᠯᠵᠤ᠂ ᠭᠡᠨᠡᠳᠲᠡ ᠡᠭᠦᠰᠦᠭᠰᠡᠨ ᠪᠠᠶᠢᠭᠠᠯᠢ ᠶᠢᠨ ᠭᠠᠶ | ᠭᠠᠮᠰᠢᠭ ᠢ ᠲᠤᠬᠠᠶ ᠶᠢᠨ ᠲᠠᠯᠠᠪᠤᠷ ᠲᠤ ᠨᠢ ᠪᠠᠴᠢᠮ ᠪᠠᠶᠢᠳᠠᠯ ᠢᠶᠠᠷ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠬᠢᠷᠢ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠲᠤ ᠭᠠᠮᠰᠢᠭ ᠢ | ᠰᠡᠷᠭᠡᠶᠢᠯᠡᠨ ᠬᠤᠷᠢᠭᠯᠠᠬᠤ ᠪᠡᠯᠡᠳᠬᠡᠮᠵᠢ ᠪᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠶ︔ ᠲᠠᠷᠬᠠᠭᠠᠵᠦ | ᠵᠠᠶᠢᠯᠠᠭᠤᠯᠤᠨ ᠶᠠᠪᠤᠭᠤᠯᠵᠤ ᠠᠮᠢ ᠵᠢᠭᠤᠲᠠᠬᠤ ᠪᠠ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠵᠡᠷᠭᠡ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠪᠣᠯᠪᠠᠰᠤᠷᠠᠭᠤᠯᠤᠯ᠂ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠵᠢᠴᠢ ᠡᠮᠨᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠰᠠᠨᠠᠭᠠᠨ ᠳᠤ ᠦᠭᠡᠢ ᠪᠠᠷ ᠰᠢᠷᠬᠠᠲᠤᠬᠤ ᠶᠢ ᠪᠠᠭᠠᠰᠬᠠᠬᠤ ᠬᠡᠷᠡᠭᠲᠡᠢ᠃ | ᠠᠷᠠᠳ ᠢᠷᠭᠡᠳ ᠤᠨ ᠵᠡᠮᠳᠡᠭ ᠪᠤᠯᠬᠤ ᠠᠴᠠ ᠰᠡᠷᠭᠡᠶᠢᠯᠡᠬᠦ ᠮᠡᠳᠡᠯᠭᠡ ᠪᠠ ᠤᠷ᠎ᠠ ᠮᠡᠷᠭᠡᠰᠢᠯ ᠰᠤᠷᠤᠯᠴᠠᠬᠤ ᠶᠢ | ᠵᠣᠷᠢᠭᠵᠢᠭᠤᠯᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ | ᠨᠠᠰᠤᠨ ᠳᠤ ᠥᠯᠥ ᠬᠦᠷᠦᠭᠰᠡᠳ᠂ ᠨᠠᠰᠤᠲᠠᠶᠢᠴᠤᠳ ᠤᠨ ᠬᠠᠷᠠᠭᠠᠯᠵᠠᠨ ᠬᠠᠮᠠᠭᠠᠯᠠᠭᠴᠢ ᠪᠤᠶᠤ ᠭᠡᠷ ᠪᠦᠯᠢ ᠶᠢᠨ | ᠪᠦᠷᠢᠯᠳᠦᠬᠦᠨ ᠨᠢ ᠵᠡᠮᠳᠡᠭ ᠪᠣᠯᠬᠤ ᠠᠴᠠ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠨᠠᠰᠤᠨ ᠳᠤ ᠥᠯᠥ | ᠭᠦᠷᠦᠭᠰᠡᠳ ᠤᠨ ᠶᠠᠪᠠᠭᠠᠨ ᠶᠠᠪᠤᠬᠤ᠂ ᠲᠡᠷᠭᠡᠨ ᠳᠤ ᠰᠠᠭᠤᠬᠤ᠂ ᠳᠤᠭᠤᠶ ᠤᠨᠤᠬᠤ ᠪᠠ ᠤᠰᠤᠨ ᠳᠤ ᠴᠠᠴᠠᠬᠤ᠂ | ᠤᠨᠠᠵᠤ ᠣᠶᠢᠴᠢᠬᠤ᠂ ᠠᠳᠡᠭᠦᠷᠡᠨ ᠢᠳᠡᠬᠦ ᠵᠡᠷᠭᠡ ᠲᠦᠭᠰᠢᠭᠦᠷᠢ ᠠᠴᠠ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ | ᠬᠢᠬᠦ ᠶᠢ ᠴᠢᠩᠭᠠᠳᠬᠠᠨ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠨᠠᠰᠤᠲᠠᠶᠢᠴᠤᠳ ᠤᠨ | ᠤᠨᠠᠵᠤ ᠣᠶᠢᠴᠢᠬᠤ ᠶᠢ ᠨᠢ ᠰᠡᠷᠭᠡᠶᠢᠯᠡᠨ᠂ ᠨᠠᠰᠤᠨ ᠳᠤ ᠦᠯᠦ ᠬᠦᠷᠦᠭᠰᠡᠳ ᠪᠠ ᠨᠠᠰᠤᠲᠠᠶᠢᠴᠤᠳ ᠲᠤ ᠠᠮᠤᠷ | ᠲᠦᠪᠰᠢᠨ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ | ᠭᠤᠷᠪᠠᠳᠤᠭᠠᠷ ᠪᠦᠯᠦᠭ ᠡᠷᠡᠭᠦᠯᠵᠢᠭᠦᠯᠬᠦ ᠦᠢᠯᠡᠴᠢᠯᠡᠭᠡ | ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠭᠤᠷᠢ ᠠᠴᠠ ᠨᠢ ᠳᠠᠭᠠᠭᠠᠨ ᠪᠠᠲᠤᠯᠠᠬᠤ᠂ ᠨᠢᠭᠲᠠ | ᠬᠤᠯᠪᠣᠨ ᠵᠣᠯᠭᠠᠯᠳᠤᠭᠤᠯᠬᠤ᠂ ᠲᠣᠭᠲᠠᠴᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠵᠣᠬᠢᠰᠲᠠᠶ ᠪᠠᠶᠢᠷᠢᠯᠠᠭᠤᠯᠵᠤ᠂ | ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠪᠠᠷ ᠰᠠᠭᠤᠷᠢ ᠪᠣᠯᠭᠠᠭᠰᠠᠨ᠂ ᠡᠷᠡᠭᠦᠯᠵᠢᠭᠦᠯᠬᠦ ᠪᠠᠶᠢᠭᠤᠯᠤᠮᠵᠢ ᠪᠠᠷ | ᠭᠤᠤᠯᠯᠠᠭᠴᠢ ᠪᠣᠯᠭᠠᠭᠰᠠᠨ᠂ ᠵᠡᠮᠳᠡᠭᠴᠦᠳ ᠤᠨ ᠭᠡᠷ ᠪᠦᠯᠢ ᠪᠠᠷ ᠲᠦᠰᠢᠭ ᠪᠣᠯᠭᠠᠭᠰᠠᠨ ᠵᠡᠮᠳᠡᠭᠴᠦᠳ ᠤᠨ | ᠡᠷᠡᠭᠦᠯᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠪᠣᠳᠠᠲᠠᠢ ᠬᠡᠷᠡᠭᠯᠡᠭᠡᠨ ᠤ᠂ | ᠲᠥᠬᠦᠮ ᠬᠢᠯᠪᠠᠷᠬᠠᠨ᠂ ᠠᠰᠢᠭ ᠶᠡᠬᠡᠲᠡᠢ ᠡᠷᠡᠭᠦᠯᠵᠢᠭᠦᠯᠬᠦ ᠠᠭᠤᠯᠭ᠎ᠠ ᠪᠠᠷ ᠭᠤᠤᠯᠳᠠᠯᠭ᠎ᠠ ᠪᠣᠯᠭᠠᠨ᠂ ᠵᠡᠮᠳᠡᠭᠴᠦᠳ ᠲᠤ | ᠶᠡᠷᠦᠩᠬᠡᠶᠢᠯᠡᠭᠰᠡᠨ ᠴᠢᠨᠠᠷᠲᠠᠶ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠬᠡᠷᠡᠭᠲᠡᠢ᠃ ᠵᠡᠮᠳᠡᠭ ᠬᠡᠤᠬᠡᠳ ᠤᠨ | ᠡᠷᠡᠭᠦᠯᠵᠢᠭᠦᠯᠬᠦ ᠠᠵᠢᠯ ᠢ ᠤᠷᠢᠳ ᠢᠶᠠᠷ ᠥᠷᠨᠢᠭᠦᠯᠵᠦ᠂ ᠡᠷᠡᠭᠦᠯᠵᠢᠭᠦᠯᠬᠦ ᠪᠠ ᠰᠤᠷᠭᠠᠨ ᠬᠥᠮᠦᠵᠢᠭᠦᠯᠬᠦ ᠶᠢ | ᠤᠶᠠᠯᠳᠤᠭᠤᠯᠤᠨ ᠬᠡᠷᠡᠭᠵᠢᠭᠦᠯᠬᠦ ᠬᠡᠷᠡᠭᠲᠡᠢ᠃ ᠡᠷᠡᠭᠦᠯᠵᠢᠭᠦᠯᠬᠦ ᠪᠠᠶᠢᠭᠤᠯᠤᠮᠵᠢ ᠬᠢᠭᠡᠳ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠨᠢᠭᠲᠠ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠡᠬᠢ ᠪᠠᠶᠠᠯᠢᠭ ᠢ | ᠬᠠᠮᠲᠤ ᠳᠤ ᠪᠠᠨ ᠬᠦᠷᠲᠡᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ᠂ ᠰᠢᠯᠵᠢᠭᠦᠯᠦᠨ ᠲᠠᠨᠢᠯᠴᠠᠭᠤᠯᠬᠤ ᠨᠢ | ᠰᠢᠭᠤᠳ ᠰᠢᠯᠤᠭᠤᠨ ᠪᠠᠶᠢᠬᠤ ᠲᠣᠭᠲᠠᠴᠠ ᠶᠢ ᠪᠠᠶᠢᠭᠤᠯᠤᠨ᠂ ᠵᠡᠮᠳᠡᠭᠴᠦᠳ ᠤᠨ ᠡᠷᠡᠭᠦᠯᠵᠢᠬᠦ ᠦᠢᠯᠡᠴᠢᠯᠡᠭᠡᠨ ᠤ | ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠵᠤ᠂ ᠵᠡᠮᠳᠡᠭᠴᠦᠳ ᠤᠨ ᠡᠷᠡᠭᠦᠯᠵᠢᠬᠦ ᠦᠨᠳᠦᠰᠦᠨ | ᠦᠢᠯᠡᠴᠢᠯᠡᠭᠡ ᠶᠢ ᠲᠡᠩᠴᠡᠭᠦᠨ ᠪᠣᠯᠭᠠᠬᠤ ᠶᠢ ᠠᠯᠬᠤᠮ ᠠᠯᠬᠤᠮ ᠢᠶᠠᠷ ᠠᠬᠢᠭᠤᠯᠤᠨ᠂ ᠵᠡᠮᠳᠡᠭᠴᠦᠳ ᠤᠨ | ᠡᠷᠡᠭᠦᠯᠵᠢᠬᠦ ᠶᠢ ᠨᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠵᠡᠮᠳᠡᠭᠴᠦᠳ ᠤᠨ ᠲᠤᠭ᠎ᠠ᠂ ᠲᠠᠷᠬᠠᠯᠲᠠ ᠶᠢᠨ | ᠪᠠᠶᠢᠳᠠᠯ᠂ ᠡᠷᠡᠭᠦᠯᠵᠢᠭᠦᠯᠬᠦ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠳᠦᠰᠦᠯᠡᠨ᠂ ᠡᠷᠡᠭᠦᠯᠵᠢᠭᠦᠯᠬᠦ | ᠪᠠᠶᠢᠭᠤᠯᠤᠮᠵᠢ ᠪᠠᠶᠢᠷᠢᠯᠠᠭᠤᠯᠬᠤ ᠲᠥᠯᠥᠪᠵᠢᠭᠦᠯᠪᠡ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠡᠷᠡᠭᠦᠯᠵᠢᠭᠦᠯᠬᠦ ᠪᠠᠶᠢᠭᠤᠯᠤᠮᠵᠢ ᠡᠷᠬᠢᠯᠡᠨ᠂ ᠡᠷᠡᠭᠦᠯᠵᠢᠭᠦᠯᠬᠦ ᠪᠠᠶᠢᠭᠤᠯᠤᠮᠵᠢ ᠪᠠᠶᠢᠷᠢᠯᠠᠭᠤᠯᠬᠤ ᠠᠵᠢᠯ ᠢ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ | ᠨᠡᠶᠢᠭᠡᠮ ᠤᠨ ᠬᠦᠴᠦᠨ ᠢ ᠳᠠᠮᠵᠢᠵᠤ ᠪᠠᠶᠢᠭᠠᠳ ᠡᠷᠡᠭᠦᠯᠵᠢᠭᠦᠯᠬᠦ ᠪᠠᠶᠢᠭᠤᠯᠤᠮᠵᠢ ᠶᠢᠨ ᠪᠦᠲᠦᠭᠡᠨ | ᠪᠠᠶᠢᠭᠤᠯᠤᠯᠲᠠ ᠳᠤ ᠪᠡᠯᠡ ᠣᠷᠣᠭᠤᠯᠤᠨ᠂ ᠣᠯᠠᠨ ᠵᠦᠢᠯ ᠤᠨ ᠬᠡᠯᠪᠡᠷᠢ ᠪᠠᠷ ᠡᠷᠡᠭᠦᠯᠵᠢᠭᠦᠯᠬᠦ ᠪᠠᠶᠢᠭᠤᠯᠤᠮᠵᠢ | ᠡᠷᠬᠢᠯᠡᠬᠦ ᠶᠢ ᠨᠢ ᠵᠣᠷᠢᠭᠵᠢᠭᠤᠯᠬᠤ ᠬᠡᠷᠡᠭᠲᠡᠢ᠃ ᠨᠡᠶᠢᠭᠡᠮ ᠤᠨ ᠬᠦᠴᠦᠨ ᠤ ᠡᠷᠬᠢᠯᠡᠭᠰᠡᠨ ᠡᠷᠡᠭᠦᠯᠵᠢᠭᠦᠯᠬᠦ | ᠪᠠᠶᠢᠭᠤᠯᠤᠮᠵᠢ ᠳᠤ ᠵᠥᠪᠰᠢᠶᠡᠷᠡᠨ ᠣᠷᠣᠭᠤᠯᠬᠤ᠂ ᠠᠵᠢᠯ ᠡᠷᠬᠢᠯᠡᠬᠦ᠂ ᠲᠤᠰᠬᠠᠶ ᠮᠡᠷᠭᠡᠵᠢᠯ ᠤᠨ ᠠᠵᠢᠯᠲᠠᠨ ᠤ | ᠮᠡᠷᠭᠡᠵᠢᠯ ᠤᠨ ᠴᠣᠯᠠ ᠲᠣᠭᠲᠠᠭᠠᠬᠤ᠂ ᠠᠰᠢᠭ ᠣᠯᠵᠠᠪᠤᠷᠢ ᠶᠢᠨ ᠪᠤᠰᠤ ᠵᠣᠬᠢᠶᠠᠨ ᠪᠠᠶᠢᠭᠤᠯᠤᠯᠲᠠ ᠶᠢᠨ ᠡᠳ᠋ ᠤᠨ | ᠵᠠᠰᠠᠭ ᠭᠠᠶᠢᠯᠢ ᠶᠢᠨ ᠲᠡᠳᠬᠦᠮᠵᠢ ᠦᠵᠡᠭᠦᠯᠬᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ | ᠲᠠᠯ᠎ᠠ ᠪᠠᠷ ᠵᠠᠰᠠᠭ ᠤᠨ ᠣᠷᠳᠣᠨ ᠠᠴᠠ ᠡᠷᠬᠢᠯᠡᠭᠰᠡᠨ ᠡᠷᠡᠭᠦᠯᠵᠢᠭᠦᠯᠬᠦ ᠪᠠᠶᠢᠭᠤᠯᠤᠮᠵᠢ ᠲᠠᠢ ᠠᠳᠠᠯᠢᠬᠠᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠡᠷᠡᠭᠦᠯᠵᠢᠭᠦᠯᠬᠦ ᠪᠠᠶᠢᠭᠤᠯᠤᠮᠵᠢ ᠨᠢ ᠰᠠᠭᠠᠳ ᠦᠭᠡᠢ ᠣᠷᠴᠢᠨ ᠤ | ᠪᠦᠲᠦᠭᠡᠨ ᠪᠠᠶᠢᠭᠤᠯᠬᠤ ᠱᠠᠭᠠᠷᠳᠠᠯᠭ᠎ᠠ ᠳᠤ ᠨᠡᠶᠢᠴᠡᠭᠰᠡᠨ ᠦᠢᠯᠡᠴᠢᠯᠡᠬᠦ ᠲᠠᠯᠠᠪᠤᠷ ᠭᠠᠵᠠᠷ ᠵᠢᠴᠢ ᠡᠷᠡᠭᠦᠯᠵᠢᠭᠦᠯᠬᠦ | ᠦᠢᠯᠡᠴᠢᠯᠡᠭᠡ ᠬᠠᠩᠭᠠᠬᠤ ᠠᠵᠢᠯ ᠲᠠᠢ ᠪᠠᠨ ᠲᠣᠬᠢᠷᠠᠯᠴᠠᠭᠰᠠᠨ ᠲᠤᠰᠬᠠᠶ ᠮᠡᠷᠭᠡᠵᠢᠯ ᠤᠨ ᠠᠵᠢᠯᠲᠠᠨ᠂ ᠪᠡᠯᠡᠳᠬᠡᠮᠵᠢ | ᠲᠥᠬᠦᠭᠡᠷᠦᠮᠵᠢ ᠵᠡᠷᠭᠡ ᠨᠥᠬᠦᠴᠡᠯ ᠢ ᠪᠦᠷᠢᠯᠳᠦᠭᠦᠯᠦᠭᠰᠡᠨ ᠪᠠᠶᠢᠵᠤ᠂ ᠡᠷᠡᠭᠦᠯᠵᠢᠭᠦᠯᠬᠦ ᠦᠢᠯᠡᠴᠢᠯᠡᠭᠡᠨ ᠤ ᠪᠦᠷᠢᠨ | ᠲᠡᠭᠦᠯᠳᠡᠷ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠬᠡᠷᠡᠭᠲᠡᠢ︔ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠪᠠᠷᠢᠮᠵᠢᠶ᠎ᠠ᠂ ᠵᠢᠷᠤᠮᠵᠢᠯ ᠤᠨ ᠲᠣᠭᠲᠠᠭᠠᠯ ᠶᠣᠰᠣᠭᠠᠷ ᠵᠡᠮᠳᠡᠭᠴᠦᠳ ᠲᠤ ᠠᠮᠤᠷ ᠲᠦᠪᠰᠢᠨ᠂ | ᠪᠦᠲᠦᠮᠵᠢᠲᠡᠶ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠬᠡᠷᠡᠭᠲᠡᠶ᠃ ᠡᠷᠡᠭᠦᠯᠵᠢᠭᠦᠯᠬᠦ ᠪᠠᠶᠢᠭᠤᠯᠤᠮᠵᠢ ᠶᠢ | ᠵᠤᠷᠢᠨᠨᠵᠢᠭᠤᠯᠵᠦ ᠪᠠᠶᠢᠭᠠᠳ ᠪᠠᠶᠢᠭ᠎ᠠ ᠣᠷᠣᠨ ᠪᠦᠰᠡ ᠶᠢᠨ ᠢᠶᠠᠨ ᠨᠡᠶᠢᠭᠡᠮ ᠲᠣᠭᠤᠷᠢᠭ᠂ ᠰᠤᠷᠭᠠᠭᠤᠯᠢ᠂ ᠭᠡᠷ | ᠪᠦᠯᠢ ᠳᠤ ᠡᠷᠡᠭᠦᠯᠵᠢᠭᠦᠯᠬᠦ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠮᠡᠷᠭᠡᠵᠢᠯ ᠤᠨ ᠳᠡᠮᠵᠢᠯᠭᠡ ᠬᠠᠩᠭᠠᠯᠭᠠᠬᠤ | ᠬᠡᠷᠡᠭᠲᠡᠢ᠃ ᠡᠷᠡᠭᠦᠯᠵᠢᠭᠦᠯᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠬᠤ ᠪᠠᠷᠢᠮᠵᠢᠶ᠎ᠠ᠂ ᠦᠢᠯᠡᠴᠢᠯᠡᠬᠦ ᠵᠢᠷᠤᠮᠵᠢᠯ᠂ | ᠬᠠᠮᠢᠶᠠᠷᠬᠤ ᠠᠷᠭ᠎ᠠ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠲᠠᠢ ᠨᠡᠶᠢᠴᠡᠭᠰᠡᠨ ᠪᠠᠶᠢᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠡᠷᠡᠭᠦᠯᠵᠢᠭᠦᠯᠬᠦ | ᠪᠠᠶᠢᠭᠤᠯᠤᠮᠵᠢ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠵᠡᠮᠳᠡᠭᠴᠦᠳ ᠤᠨ ᠬᠤᠯᠪᠣᠭᠠᠲᠤ | ᠬᠤᠷᠠᠯ ᠨᠢ ᠡᠷᠡᠭᠦᠯᠵᠢᠭᠦᠯᠬᠦ ᠪᠠᠶᠢᠭᠤᠯᠤᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠤᠷᠢᠶᠠᠩᠭᠤᠶᠢᠯᠠᠨ | ᠨᠡᠶᠢᠲᠡᠯᠡᠵᠦ᠂ ᠵᠡᠮᠳᠡᠭᠴᠦᠳ ᠤᠨ ᠡᠷᠡᠭᠦᠯᠵᠢᠬᠦ ᠦᠢᠯᠡᠴᠢᠯᠡᠭᠡ ᠬᠦᠷᠲᠡᠬᠦ ᠳᠤ ᠳᠥᠭᠦᠮ ᠦᠵᠡᠭᠦᠯᠬᠦ ᠶᠢᠨ ᠬᠠᠮᠲᠤ᠂ | ᠵᠠᠰᠠᠭ ᠤᠨ ᠣᠷᠳᠣᠨ ᠤ ᠨᠠᠶᠢᠳᠠᠯᠭ᠎ᠠ ᠪᠠᠷ ᠡᠷᠡᠭᠦᠯᠵᠢᠭᠦᠯᠬᠦ ᠪᠠᠶᠢᠭᠤᠯᠤᠮᠵᠢ ᠵᠢᠴᠢ ᠦᠢᠯᠡᠴᠢᠯᠡᠭᠡᠨ ᠤ ᠶᠠᠰᠤ ᠴᠢᠨᠠᠷ ᠲᠤ | ᠬᠢᠨᠠᠯᠲᠠ ᠲᠠᠯᠪᠢᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠵᠡᠮᠳᠡᠭᠴᠦᠳ ᠤᠨ ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠵᠤ ᠦᠢᠯᠡᠴᠢᠯᠡᠬᠦ ᠠᠵᠢᠯ ᠢ ᠬᠠᠷᠢᠭᠤᠴᠠᠵᠤ᠂ ᠣᠷᠣᠨ | ᠪᠦᠰᠡ ᠶᠢᠨ ᠵᠡᠮᠳᠡᠭᠴᠦᠳ ᠤᠨ ᠬᠥᠮᠥᠨ ᠠᠮᠠ ᠶᠢᠨ ᠲᠤᠭ᠎ᠠ ︵80 — 150 ᠬᠥᠮᠦᠨ︶ ᠪᠠᠷ ᠬᠠᠮᠢᠶ᠎ᠠ ᠪᠦᠬᠦᠢ | ᠨᠢᠭᠡ ᠬᠥᠮᠥᠨ ᠢ ᠲᠣᠮᠢᠯᠠᠨ ᠡᠷᠡᠭᠦᠯᠵᠢᠭᠦᠯᠬᠦ ᠠᠵᠢᠯ ᠤᠨ ᠵᠣᠬᠢᠴᠠᠭᠤᠯᠤᠭᠴᠢ ᠪᠣᠯᠭᠠᠬᠤ ᠶᠢᠨ ᠬᠠᠮᠲᠤ᠂ ᠴᠢᠬᠤᠯᠠ | ᠪᠦᠬᠦᠢ ᠠᠵᠢᠯ ᠤᠨ ᠨᠥᠬᠦᠴᠡᠯ ᠪᠠ ᠣᠯᠭᠤᠮᠵᠢ ᠶᠢ ᠨᠢ ᠪᠠᠲᠤᠯᠠᠬᠤ ᠬᠡᠷᠡᠭᠲᠡᠶ᠃ ᠡᠷᠡᠭᠦᠯᠵᠢᠭᠦᠯᠬᠦ ᠠᠵᠢᠯ ᠤᠨ | ᠵᠣᠬᠢᠴᠠᠭᠤᠯᠤᠭᠴᠢ ᠨᠢ ᠬᠤᠯᠪᠣᠭᠳᠠᠯ ᠪᠦᠬᠦᠢ ᠬᠥᠮᠦᠰ ᠢ ᠵᠣᠬᠢᠶᠠᠨ ᠪᠠᠶᠢᠭᠤᠯᠵᠤ᠂ ᠵᠡᠮᠳᠡᠭᠴᠦᠳ ᠤᠨ ᠡᠷᠡᠭᠦᠯ ᠮᠡᠨᠳᠦ᠂ | ᠡᠳᠦᠷ ᠲᠤᠲᠤᠮ ᠤᠨ ᠠᠵᠢᠯᠯᠠᠭ᠎ᠠ᠂ ᠨᠡᠶᠢᠭᠡᠮ ᠤᠨ ᠠᠵᠢᠯ ᠳᠤ ᠣᠷᠣᠯᠴᠠᠬᠤ ᠵᠡᠷᠭᠡ ᠬᠡᠷᠡᠭᠴᠡᠭᠡ ᠱᠠᠭᠠᠷᠳᠠᠯᠭ᠎ᠠ ᠳᠤ ᠨᠢ | ᠴᠢᠭᠯᠡᠭᠦᠯᠵᠦ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠨᠢ ᠦᠨᠳᠦᠰᠦᠯᠡᠨ ᠥᠪᠡᠷᠮᠢᠴᠡ | ᠣᠨᠴᠠᠯᠢᠭ ᠲᠠᠢ ᠡᠷᠡᠭᠦᠯᠵᠢᠭᠦᠯᠬᠦ ᠲᠥᠰᠦᠯ ᠲᠣᠭᠲᠠᠭᠠᠬᠤ ᠬᠡᠷᠡᠭᠲᠡᠢ᠂ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠢ | ᠦᠨᠳᠦᠰᠦᠯᠡᠨ ᠡᠷᠡᠭᠦᠯᠵᠢᠭᠦᠯᠬᠦ ᠲᠥᠰᠦᠯ ᠢᠶᠠᠨ ᠲᠤᠬᠢᠷᠠᠭᠤᠯᠤᠨ ᠰᠢᠯᠢᠳᠡᠭᠵᠢᠭᠦᠯᠵᠦ᠂ ᠣᠨᠣᠴᠠᠲᠠᠶ ᠪᠠᠷ ᠡᠷᠡᠭᠦᠯᠵᠢᠭᠦᠯᠬᠦ | ᠦᠢᠯᠡᠴᠢᠯᠡᠭᠡ ᠬᠠᠩᠭᠠᠬᠤ ᠶᠢᠨ ᠬᠠᠮᠲᠤ᠂ ᠲᠣᠰ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠯᠤᠭ᠎ᠠ ᠮᠡᠳᠡᠭᠡ | ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠬᠦᠯᠦᠨ ᠬᠠᠷᠢᠭᠤᠴᠠᠬᠤ ᠬᠡᠷᠡᠭᠲᠡᠢ᠃ ᠭᠡᠷ᠎ᠡ ᠲᠣᠭᠲᠠᠭᠰᠠᠨ ᠭᠡᠷ | ᠪᠦᠯᠢ ᠶᠢᠨ ᠡᠮᠴᠢ ᠨᠢ ᠵᠡᠮᠳᠡᠭᠴᠦᠳ ᠲᠤ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠦᠶ᠎ᠡ ᠳᠤ᠂ ᠵᠡᠮᠳᠡᠭᠴᠦᠳ ᠵᠢᠴᠢ | ᠲᠡᠳᠡᠨ ᠤ ᠭᠡᠷ ᠪᠦᠯᠢ ᠶᠢᠨ ᠬᠢᠨ ᠤ ᠰᠠᠨᠠᠯ ᠢ ᠭᠦᠢᠴᠡᠳ ᠰᠣᠨᠣᠰᠬᠤ ᠪᠠ ᠰᠠᠨᠠᠯ ᠢ ᠨᠢ ᠬᠦᠨᠳᠦᠳᠬᠡᠵᠦ᠂ ᠠᠪᠤᠨᠨᠰᠠᠨ | ᠡᠷᠡᠭᠦᠯᠵᠢᠭᠦᠯᠬᠦ ᠠᠷᠭ᠎ᠠ ᠬᠡᠮᠵᠢᠶᠡᠨ ᠤ ᠨᠠᠷᠢᠨ ᠲᠣᠳᠣᠷᠬᠠᠢ ᠮᠡᠳᠡᠭᠡ ᠵᠠᠩᠭᠢ ᠪᠠᠨ ᠮᠡᠳᠡᠭᠳᠡᠬᠦ ᠬᠡᠷᠡᠭᠲᠡᠶ᠂ ᠦᠢᠯᠡᠴᠢᠯᠡᠭᠡ | ᠬᠠᠩᠭᠠᠬᠤ ᠳᠤ ᠪᠠᠨ ᠵᠡᠮᠳᠡᠭᠴᠦᠳ ᠤᠨ ᠬᠤᠪᠢ ᠪᠡᠶ᠎ᠡ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠂ ᠲᠡᠳᠡᠨ ᠢ | ᠭᠠᠳᠠᠭᠤᠷᠴᠢᠯᠠᠬᠤ ᠪᠠ ᠳᠤᠷᠤᠮᠵᠢᠯᠠᠵᠤ ᠪᠣᠯᠬᠤ ᠦᠭᠡᠢ᠃ | ᠬᠤᠷᠢ ᠶᠢᠰᠦᠳᠦᠭᠡᠷ ᠵᠦᠢᠯ ᠵᠡᠮᠳᠡᠭᠴᠦᠳ ᠲᠤ ᠡᠷᠡᠭᠦᠯᠵᠢᠭᠦᠯᠬᠦ ᠦᠢᠯᠡᠴᠢᠯᠡᠭᠡ ᠬᠢᠵᠦ ᠪᠠᠶᠢᠭ᠎ᠠ | ᠬᠥᠮᠦᠰ ᠨᠢ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠡᠪᠦᠷᠯᠡᠨ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ | ᠵᠢᠷᠤᠮᠯᠠᠨ ᠰᠠᠬᠢᠵᠤ᠂ ᠴᠢᠬᠤᠯᠠ ᠪᠦᠬᠦᠢ ᠲᠤᠰᠬᠠᠶ ᠮᠡᠷᠭᠡᠵᠢᠯ ᠤᠨ ᠮᠡᠳᠡᠯᠭᠡ ᠪᠠ ᠤᠷ᠎ᠠ ᠮᠡᠷᠭᠡᠰᠢᠯ ᠢ ᠰᠤᠷᠤᠯᠴᠠᠨ | ᠡᠵᠡᠮᠰᠢᠬᠦ ᠶᠢᠨ ᠬᠠᠮᠲᠤ ᠪᠣᠯᠪᠠᠰᠤᠷᠠᠩᠭᠤᠶ ᠬᠡᠷᠡᠭᠯᠡᠬᠦ ᠬᠡᠷᠡᠭᠲᠡᠢ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠳᠤ ᠵᠣᠬᠢᠬᠤ ᠬᠢᠷᠢ ᠬᠡᠮ ᠲᠠᠢ ᠪᠠᠶᠢᠬᠤ ᠱᠠᠭᠠᠷᠳᠠᠯᠭ᠎ᠠ ᠲᠣᠭᠲᠠᠭᠠᠭᠰᠠᠨ ᠪᠠᠶᠢᠪᠠᠯ᠂ | ᠪᠠᠰᠠ ᠵᠣᠬᠢᠬᠤ ᠬᠢᠷᠢ ᠬᠡᠮ ᠢ ᠬᠠᠤᠯᠢ ᠶᠣᠰᠣᠭᠠᠷ ᠣᠯᠣᠭᠰᠠᠨ ᠪᠠᠶᠢᠬᠤ ᠬᠡᠷᠡᠭᠲᠡᠶ᠃ | ᠭᠤᠴᠢᠳᠤᠭᠠᠷ ᠵᠦᠢᠯ ᠡᠷᠡᠭᠦᠯᠵᠢᠭᠦᠯᠬᠦ ᠪᠠᠶᠢᠭᠤᠯᠤᠮᠵᠢ ᠨᠢ ᠠᠵᠢᠯᠲᠠᠨ ᠳᠤ ᠪᠠᠨ ᠠᠵᠢᠯ ᠤᠨ ᠪᠠᠶᠢᠷᠢ ᠶᠢᠨ | ᠪᠣᠯᠪᠠᠰᠤᠷᠠᠭᠤᠯᠤᠯ ᠥᠷᠨᠢᠭᠦᠯᠦᠨ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠪᠣᠳᠠᠲᠤ | ᠬᠡᠷᠡᠭᠯᠡᠭᠡᠨ ᠢᠶᠠᠷ ᠭᠤᠣᠯᠳᠠᠯᠭ᠎ᠠ ᠪᠣᠯᠭᠠᠨ᠂ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠮᠡᠳᠡᠯᠭᠡ ᠪᠠ ᠤᠷ᠎ᠠ ᠮᠡᠷᠭᠡᠰᠢᠯ ᠢ | ᠰᠤᠷᠤᠯᠴᠠᠭᠤᠯᠬᠤ ᠪᠠᠷ ᠵᠣᠬᠢᠶᠠᠨ ᠪᠠᠶᠢᠭᠤᠯᠬᠤ ᠶᠢᠨ ᠬᠠᠮᠲᠤ᠂ ᠦᠷᠭᠦᠯᠵᠢᠯᠡᠭᠰᠡᠨ ᠰᠤᠷᠭᠠᠨ ᠬᠥᠮᠦᠵᠢᠯ ᠳᠤ | ᠣᠷᠣᠯᠴᠠᠬᠤ ᠶᠢ ᠵᠣᠷᠢᠭᠵᠢᠭᠤᠯᠵᠤ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠦᠢᠯᠡᠴᠢᠯᠡᠬᠦ | ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠣᠭᠠᠲᠤ ᠬᠤᠷᠠᠯ ᠵᠢᠴᠢ | ᠡᠷᠡᠭᠦᠯᠵᠢᠭᠦᠯᠬᠦ ᠪᠠᠶᠢᠭᠤᠯᠤᠮᠵᠢ ᠵᠡᠷᠭᠡ ᠨᠢ ᠵᠡᠮᠳᠡᠭᠴᠦᠳ ᠵᠢᠴᠢ ᠭᠡᠷ ᠪᠦᠯᠢ ᠶᠢᠨ ᠪᠦᠷᠢᠯᠳᠦᠬᠦᠨ ᠤ ᠬᠢᠨ ᠡᠷᠡᠭᠦᠯᠵᠢᠭᠦᠯᠬᠦ | ᠮᠡᠳᠡᠯᠭᠡ ᠪᠠ ᠤᠷ᠎ᠠ ᠮᠡᠷᠭᠡᠰᠢᠯ ᠰᠤᠷᠤᠯᠴᠠᠨ ᠡᠵᠡᠮᠰᠢᠬᠦ ᠳᠤ ᠨᠢ ᠳᠥᠭᠦᠮ ᠨᠥᠬᠦᠴᠡᠯ ᠬᠠᠩᠭᠠᠵᠦ᠂ ᠵᠡᠮᠳᠡᠭᠴᠦᠳ ᠢ | ᠡᠷᠡᠭᠦᠯᠵᠢᠭᠦᠯᠬᠦ ᠠᠵᠢᠯᠯᠠᠭ᠎ᠠ ᠳᠤ ᠰᠠᠨᠠᠭᠠᠴᠢᠯᠠᠭ᠎ᠠ ᠲᠠᠢ ᠣᠷᠣᠯᠴᠠᠭᠤᠯᠬᠤ ᠪᠠᠷ ᠬᠥᠲᠥᠯᠥᠨ ᠵᠢᠯᠣᠭᠤᠳᠬᠤ ᠬᠡᠷᠡᠭᠲᠡᠢ᠃ | ᠵᠡᠮᠳᠡᠭᠴᠦᠳ ᠤᠨ ᠭᠡᠷ ᠪᠦᠯᠢ ᠶᠢᠨ ᠪᠦᠷᠢᠯᠳᠦᠬᠦᠨ ᠨᠢ ᠲᠡᠮᠵᠢᠵᠦ ᠬᠠᠪᠰᠤᠷᠬᠤ ᠬᠡᠷᠡᠭᠲᠡᠶ᠃ | ᠳᠥᠷᠪᠡᠳᠦᠭᠡᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠭᠤᠴᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠡᠶᠢᠭᠡᠮ ᠤᠨ | ᠳᠠᠭᠠᠳᠬᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠡᠮᠳᠡᠭᠴᠦᠳ ᠢ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠬᠡᠪᠴᠢᠶᠡᠨ ᠳᠤ ᠣᠷᠣᠭᠤᠯᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠥᠯᠥᠬᠦ | ᠬᠡᠪᠴᠢᠶᠡᠨ ᠳᠤ ᠣᠷᠣᠭᠤᠯᠤᠭᠰᠠᠨ ᠡᠮᠴᠢᠯᠡᠵᠦ ᠡᠷᠡᠭᠦᠯᠵᠢᠭᠦᠯᠬᠦ ᠵᠠᠷᠤᠳᠠᠯ ᠢ ᠨᠢ ᠲᠥᠯᠥᠵᠦ ᠥᠭᠬᠦ ᠬᠡᠷᠡᠭᠲᠡᠢ︔ | ᠡᠮᠴᠢᠯᠡᠵᠦ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠦᠨᠳᠦᠰᠦᠨ ᠡᠮᠴᠢᠯᠡᠭᠡ ᠶᠢᠨ | ᠳᠠᠭᠠᠳᠬᠠᠯ ᠳᠤ ᠣᠷᠣᠯᠴᠠᠭᠰᠠᠨ ᠲᠡᠳᠡᠭᠡᠷ ᠭᠡᠷ ᠪᠦᠯᠢ ᠶᠢᠨ ᠠᠵᠤ ᠠᠬᠤᠶ ᠶᠢᠨ ᠲᠠᠯ᠎ᠠ ᠪᠠᠷ ᠬᠦᠴᠢᠷᠳᠡᠯᠲᠡᠶ | ᠵᠡᠮᠳᠡᠭᠴᠦᠳ ᠲᠤ ᠨᠡᠮᠡᠭᠦᠷᠢ ᠥᠭᠬᠦ ᠶᠢᠨ ᠬᠠᠮᠲᠤ᠂ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ ᠪᠠ ᠪᠤᠰᠤᠳ ᠨᠥᠬᠦᠪᠥᠷᠢ ᠡᠮᠴᠢᠯᠡᠭᠡ ᠶᠢᠨ ᠳᠠᠭᠠᠳᠬᠠᠯ ᠢᠶᠠᠷ ᠡᠮᠨᠡᠭᠦᠯᠦᠭᠰᠡᠨ ᠵᠠᠷᠤᠳᠠᠯ ᠢ ᠨᠢ | ᠲᠥᠯᠥᠭᠰᠡᠨ ᠤ ᠳᠠᠷᠠᠭ᠎ᠠ ᠮᠥᠨ ᠬᠦ ᠬᠦᠴᠢᠷᠳᠡᠯᠲᠡᠢ ᠪᠠᠶᠢᠪᠠᠯ ᠡᠮᠴᠢᠯᠡᠭᠡᠨ ᠤ ᠲᠤᠰᠠᠯᠠᠮᠵᠢ ᠦᠵᠡᠬᠦᠯᠬᠦ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠡᠯ᠎ᠡ ᠭᠠᠵᠠᠷ ᠣᠷᠣᠨ ᠨᠢ ︽ᠵᠡᠮᠳᠡᠭ ᠬᠡᠤᠬᠡᠳ ᠢ ᠡᠷᠡᠭᠦᠯᠵᠢᠭᠦᠯᠵᠦ | ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹2018︺ 45 ᠳ᠋ᠤᠭᠠᠷ | ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠠᠵᠢᠯ ᠢ | ᠦᠨᠡᠨ ᠬᠦ ᠰᠠᠶᠢᠲᠤᠷ ᠬᠢᠬᠦ ᠬᠡᠷᠡᠭᠲᠡᠢ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ | ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ | ᠦᠨᠳᠦᠰᠦᠨ ᠦᠢᠯᠡᠴᠢᠯᠡᠭᠡᠨ ᠤ ᠠᠭᠤᠯᠭ᠎ᠠ ᠶᠢ ᠨᠡᠮᠡᠭᠳᠡᠭᠦᠯᠵᠦ ᠪᠣᠯᠤᠨ᠎ᠠ᠃ ᠨᠥᠬᠦᠴᠡᠯ ᠲᠠᠢ ᠭᠠᠵᠠᠷ ᠣᠷᠣᠨ ᠨᠢ | ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠬᠤ ᠪᠠᠷᠢᠮᠵᠢᠶ᠎ᠠ ᠪᠠᠨ ᠵᠣᠬᠢᠬᠤ | ᠬᠡᠮᠵᠢᠶ᠎ᠡ ᠪᠠᠷ ᠳᠡᠭᠡᠭᠰᠢᠯᠡᠭᠦᠯᠬᠦ ᠶᠢᠨ ᠬᠠᠮᠲᠤ᠂ ᠡᠷᠡᠭᠦᠯᠵᠢᠭᠦᠯᠵᠦ ᠠᠪᠤᠷᠠᠨ ᠲᠤᠰᠠᠯᠠᠬᠤ ᠵᠡᠮᠳᠡᠭ ᠬᠡᠤᠬᠡᠳ ᠤᠨ | ᠨᠠᠰᠤᠨ ᠤ ᠬᠡᠪᠴᠢᠶ᠎ᠡ ᠶᠢ ᠨᠢ ᠵᠣᠬᠢᠰᠲᠠᠶ ᠥᠷᠭᠡᠳᠬᠡᠵᠦ᠂ ᠵᠡᠮᠳᠡᠭ ᠬᠡᠤᠬᠡᠳ ᠤᠨ ᠭᠡᠷ ᠪᠦᠯᠢ ᠶᠢᠨ ᠠᠵᠤ ᠠᠬᠤᠢ ᠶᠢᠨ | ᠨᠥᠬᠦᠴᠡᠯ ᠤᠨ ᠬᠢᠵᠠᠭᠠᠷᠯᠠᠯ ᠢ ᠨᠢ ᠴᠤ ᠪᠠᠰᠠ ᠠᠭᠤᠵᠢᠭᠤ ᠲᠠᠯᠪᠢᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠨᠢ ᠦᠷᠭᠦᠯᠵᠢᠯᠡᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠨᠥᠬᠦᠪᠥᠷᠢ ᠪᠡᠯᠡ | ᠮᠦᠩᠭᠦᠨ ᠤ ᠠᠷᠭ᠎ᠠ ᠵᠠᠮ ᠢᠶᠠᠷ ᠳᠠᠮᠵᠢᠭᠤᠯᠤᠨ᠂ ᠡᠯ᠎ᠡ ᠭᠠᠵᠠᠷ ᠣᠷᠣᠨ ᠤ ᠵᠡᠮᠳᠡᠭ ᠬᠡᠤᠬᠡᠳ ᠢ ᠡᠷᠡᠭᠦᠯᠵᠢᠭᠦᠯᠵᠦ | ᠠᠪᠤᠷᠠᠨ ᠲᠤᠰᠠᠯᠠᠬᠤ ᠡᠭᠦᠷᠭᠡ ᠶᠢᠨ ᠬᠡᠮᠵᠢᠶ᠎ᠡ᠂ ᠠᠪᠤᠷᠠᠨ ᠲᠤᠰᠠᠯᠠᠬᠤ ᠪᠠᠷᠢᠮᠵᠢᠶ᠎ᠠ᠂ ᠠᠵᠢᠯ ᠤᠨ ᠠᠮᠵᠢᠯᠲᠠ ᠪᠦᠲᠦᠮᠵᠢ | ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠲᠥᠷᠥᠯ ᠪᠠ ᠳᠡᠰ ᠬᠤᠪᠢᠶᠠᠵᠤ ᠵᠣᠬᠢᠬᠤ ᠨᠥᠬᠦᠪᠥᠷᠢ ᠣᠯᠭᠤᠬᠤ | ᠪᠣᠯᠣᠨ᠎ᠠ᠃ | ᠭᠤᠴᠢᠨ ᠳᠥᠷᠪᠡᠳᠦᠭᠡᠷ ᠵᠦᠢᠯ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠡᠮᠡᠭᠦᠷᠢ ᠥᠭᠬᠦ | ᠳᠦᠷᠢᠮ ᠢ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠣᠶᠤᠨ ᠤ ᠬᠦᠨᠳᠦ ᠪᠤᠰᠤ ᠰᠠᠭᠠᠲᠠᠯ ᠲᠠᠢ | ᠡᠪᠡᠳᠴᠢᠲᠡᠨ᠂ ᠣᠶᠤᠨ ᠮᠡᠳᠡᠷᠡᠯ ᠤᠨ ᠵᠡᠮᠳᠡᠭᠴᠦᠳ ᠪᠠ ᠪᠤᠰᠤᠳ ᠵᠡᠮᠳᠡᠭᠴᠦᠳ ᠲᠤ ᠬᠦᠷᠲᠡᠯ᠎ᠡ ᠥᠷᠭᠡᠳᠬᠡᠵᠦ | ᠪᠣᠯᠤᠨ᠎ᠠ᠃ ᠰᠤᠪᠢᠯᠠᠯᠲᠠ ᠶᠢᠨ ᠨᠡᠮᠡᠭᠦᠷᠢ ᠶᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠭᠡᠷ ᠪᠦᠯᠢ ᠶᠢᠨ ᠣᠷᠣᠯᠭ᠎ᠠ ᠳᠤ ᠪᠣᠳᠣᠵᠤ ᠣᠷᠣᠭᠤᠯᠬᠤ ᠦᠭᠡᠢ᠂ ᠰᠤᠪᠢᠯᠠᠯᠲᠠ ᠶᠢᠨ ᠨᠡᠮᠡᠭᠦᠷᠢ | ᠬᠦᠷᠲᠡᠵᠦ ᠪᠠᠶᠢᠭ᠎ᠠ ᠵᠡᠮᠳᠡᠭᠴᠦᠳ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠤᠰᠤᠳ ᠲᠤᠰᠠᠯᠠᠮᠵᠢ ᠶᠢ | ᠬᠠᠮᠲᠤ ᠳᠤ ᠨᠢ ᠬᠦᠷᠲᠡᠵᠦ ᠪᠣᠯᠤᠨ᠎ᠠ᠃ | ᠭᠤᠴᠢᠨ ᠲᠠᠪᠤᠳᠤᠭᠠᠷ ᠵᠦᠢᠯ ᠵᠡᠮᠳᠡᠭᠴᠦᠳ ᠤᠨ ᠡᠷᠡᠭᠦᠯᠵᠢᠭᠦᠯᠬᠦ ᠪᠡᠯᠡ ᠮᠥᠩᠭᠦ ᠶᠢ ᠣᠯᠠᠨ ᠠᠷᠭ᠎ᠠ | ᠵᠠᠮ ᠢᠶᠠᠷ ᠴᠤᠭᠯᠠᠭᠤᠯᠵᠤ᠂ ᠨᠡᠶᠢᠭᠡᠮ ᠤᠨ ᠬᠦᠴᠦᠨ ᠤ ᠬᠢᠨ ᠢ ᠵᠣᠷᠢᠭᠵᠢᠭᠤᠯᠵᠤ ᠬᠥᠲᠥᠯᠥᠨ ᠵᠢᠯᠣᠭᠤᠳᠴᠤ ᠪᠠᠶᠢᠭᠠᠳ | ᠨᠢᠭᠦᠯᠡᠰᠦᠩᠭᠦᠶ ᠶᠢᠨ ᠬᠠᠨᠳᠢᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠡᠮᠳᠡᠭᠴᠦᠳ ᠢ ᠬᠠᠪᠰᠤᠷᠤᠨ | ᠡᠷᠡᠭᠦᠯᠵᠢᠭᠦᠯᠬᠦ ᠦᠢᠯᠡᠴᠢᠯᠡᠭᠡ ᠬᠦᠷᠲᠡᠭᠡᠬᠦ ᠬᠡᠷᠡᠭᠲᠡᠶ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠰᠠᠭᠤᠷᠢ ᠮᠥᠩᠭᠦ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠵᠡᠷᠭᠡ ᠶᠢ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠡᠮᠳᠡᠭᠴᠦᠳ ᠢ ᠡᠷᠡᠭᠦᠯᠵᠢᠭᠦᠯᠬᠦ ᠳᠤ ᠬᠡᠷᠡᠭᠯᠡᠬᠦ ᠬᠡᠷᠡᠭᠲᠡᠶ᠃ | ᠨᠥᠬᠦᠴᠡᠯ ᠲᠠᠢ ᠭᠠᠵᠠᠷ ᠣᠷᠣᠨ ᠨᠢ ᠲᠣᠰ ᠭᠠᠵᠠᠷ ᠣᠷᠣᠨ ᠤ ᠪᠠᠨ ᠪᠣᠳᠠᠲᠠᠢ ᠪᠠᠶᠢᠳᠠᠯ ᠢ ᠦᠨᠳᠦᠰᠦᠯᠡᠨ ᠪᠠᠲᠤᠯᠠᠬᠤ | ᠪᠠᠷᠢᠮᠵᠢᠶ᠎ᠠ ᠪᠠᠨ ᠳᠡᠭᠡᠭᠰᠢᠯᠡᠭᠦᠯᠵᠦ ᠪᠠᠲᠤᠯᠠᠬᠤ ᠬᠡᠪᠴᠢᠶ᠎ᠡ ᠪᠠᠨ ᠥᠷᠭᠡᠳᠬᠡᠨ᠂ ᠤᠯᠤᠰ ᠤᠨ ᠲᠣᠭᠲᠠᠭᠠᠭᠰᠠᠨ ᠬᠢᠷᠢ | ᠲᠦᠪᠰᠢᠨ ᠠᠴᠠ ᠥᠨᠳᠥᠷ ᠪᠠᠶᠢᠯᠭᠠᠬᠤ ᠵᠡᠮᠳᠡᠭᠴᠦᠳ ᠢ ᠡᠷᠡᠭᠦᠯᠵᠢᠭᠦᠯᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠤᠨ ᠵᠠᠷᠤᠳᠠᠯ ᠢ ᠲᠤᠰ ᠱᠠᠲᠤᠨ ᠤ ᠵᠠᠰᠠᠭ ᠤᠨ | ᠣᠷᠳᠣᠨ ᠤ ᠲᠥᠰᠦᠪ ᠲᠤ ᠣᠷᠣᠭᠤᠯᠬᠤ ᠬᠡᠷᠡᠭᠲᠡᠶ᠃ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ | ᠡᠷᠡᠭᠦᠯᠵᠢᠭᠦᠯᠬᠦ ᠦᠢᠯᠡᠴᠢᠯᠡᠭᠡ ᠬᠢᠵᠦ ᠪᠠᠶᠢᠭ᠎ᠠ ᠪᠠᠶᠢᠭᠤᠯᠤᠮᠵᠢ ᠳᠤ ᠭᠠᠶᠢᠯᠢ ᠲᠠᠲᠠᠪᠤᠷᠢ ᠶᠢᠨ ᠬᠤᠯᠪᠣᠭᠳᠠᠯ ᠪᠦᠬᠦᠢ | ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠬᠦᠷᠲᠡᠭᠡᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠥᠬᠦᠶ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠪᠠᠶᠢᠭᠤᠯᠤᠮᠵᠢ ᠳᠤ ᠪᠠᠯᠠ ᠮᠥᠩᠭᠦ᠂ ᠪᠡᠯᠡᠳᠬᠡᠮᠵᠢ ᠲᠥᠬᠦᠭᠡᠷᠦᠮᠵᠢ᠂ | ᠭᠠᠵᠠᠷ ᠰᠢᠷᠣᠶ ᠬᠡᠷᠡᠭᠯᠡᠬᠦ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠬᠡᠷᠡᠭᠲᠡᠶ᠃ | ᠭᠤᠴᠢᠨ ᠳᠣᠯᠣᠳᠤᠭᠠᠷ ᠵᠦᠢᠯ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ | ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠬᠡᠷᠡᠭᠲᠡᠢ᠃ ᠳᠡᠭᠡᠳᠦ ᠵᠡᠷᠭᠡ ᠶᠢᠨ | ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠳᠤ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ | ᠡᠷᠡᠭᠦᠯᠵᠢᠭᠦᠯᠬᠦ ᠬᠠᠮᠢᠶ᠎ᠠ ᠪᠦᠬᠦᠢ ᠲᠤᠰᠬᠠᠶ ᠮᠡᠷᠭᠡᠵᠢᠯ ᠲᠣᠬᠢᠷᠠᠭᠤᠯᠬᠤ ᠪᠤᠶᠤ ᠬᠠᠮᠢᠶ᠎ᠠ ᠪᠦᠬᠦᠢ ᠬᠢᠴᠢᠶᠡᠯ ᠣᠷᠣᠬᠤ ᠶᠢ | ᠵᠣᠷᠢᠭᠵᠢᠭᠤᠯᠤᠨ ᠳᠠᠮᠵᠢᠵᠤ᠂ ᠲᠤᠰᠬᠠᠶ ᠮᠡᠷᠭᠡᠵᠢᠯ ᠲᠠᠢ᠂ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠬᠥᠮᠥᠵᠢᠭᠦᠯᠬᠦ | ᠬᠡᠷᠡᠭᠲᠡᠢ︔ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠮᠡᠳᠡᠯᠭᠡ᠂ ᠤᠷ᠎ᠠ ᠮᠡᠷᠭᠡᠰᠢᠯ ᠢ ᠡᠷᠡᠭᠦᠯ ᠬᠠᠮᠠᠭᠠᠯᠠᠯ | ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠤ | ᠦᠷᠭᠦᠯᠵᠢᠯᠡᠭᠰᠡᠨ ᠰᠤᠷᠭᠠᠨ ᠬᠥᠮᠦᠵᠢᠯ ᠳᠤ ᠣᠷᠣᠭᠤᠯᠬᠤ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰᠠᠯᠠᠬᠤ ᠪᠠᠭᠠᠵᠢ ᠬᠡᠷᠡᠭᠰᠡᠯ ᠤᠨ ᠰᠤᠳᠤᠯᠤᠨ ᠨᠡᠭᠡᠭᠡᠬᠦ | ᠂ ᠳᠡᠯᠭᠡᠷᠡᠭᠦᠯᠬᠦ ᠪᠠ ᠬᠡᠷᠡᠭᠯᠡᠬᠦ ᠶᠢ ᠢᠳᠡᠪᠬᠢᠲᠡᠢ ᠳᠡᠮᠵᠢᠬᠦ ᠬᠡᠷᠡᠭᠲᠡᠶ᠃ ᠲᠤᠰᠠᠯᠠᠬᠤ ᠪᠠᠭᠠᠵᠢ ᠬᠡᠷᠡᠭᠰᠡᠯ ᠢ ᠰᠤᠳᠤᠯᠤᠨ | ᠨᠡᠭᠡᠭᠡᠬᠦ᠂ ᠦᠢᠯᠡᠳᠪᠦᠷᠢᠯᠡᠬᠦ ᠨᠢᠭᠡᠴᠢ ᠳᠤ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠬᠤ ᠲᠥᠷᠥ ᠶᠢᠨ | ᠪᠣᠳᠣᠯᠭ᠎ᠠ ᠶᠢ ᠬᠠᠤᠯᠢ ᠶᠣᠰᠣᠭᠠᠷ ᠬᠦᠷᠲᠡᠭᠡᠬᠦ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠦᠨᠳᠦᠰᠦᠨ ᠬᠡᠯᠪᠡᠷᠢ ᠪᠦᠬᠦᠢ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠳᠤ ᠨᠡᠮᠡᠭᠦᠷᠢ ᠣᠯᠭᠤᠵᠤ᠂ | ᠵᠡᠮᠳᠡᠭᠴᠦᠳ ᠤᠨ ᠡᠷᠡᠭᠦᠯᠵᠢᠭᠦᠯᠬᠦ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠳᠦᠰᠦᠯᠡᠨ ᠨᠡᠮᠡᠭᠦᠷᠢ ᠣᠯᠭᠤᠬᠤ | ᠭᠠᠷᠴᠠᠭ ᠢ ᠲᠣᠭᠲᠠᠭᠠᠨ᠂ ᠨᠡᠮᠡᠭᠦᠷᠢ ᠣᠯᠭᠤᠬᠤ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ᠃ ᠨᠥᠬᠦᠴᠡᠯ ᠲᠠᠢ ᠭᠠᠵᠠᠷ | ᠣᠷᠣᠨ ᠨᠢ ᠦᠨᠳᠦᠰᠦᠨ ᠡᠮᠴᠢᠯᠡᠭᠡᠨ ᠳᠤ ᠬᠡᠷᠡᠭᠯᠡᠬᠦ ᠴᠢᠨᠠᠷᠲᠠᠶ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ | ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠠᠯᠬᠤᠮ ᠠᠯᠬᠤᠮ ᠢᠶᠠᠷ | ᠣᠷᠣᠭᠤᠯᠬᠤ ᠶᠢ ᠰᠦᠪᠡᠭᠴᠢᠯᠡᠨ ᠰᠤᠳᠤᠯᠵᠤ ᠪᠣᠯᠤᠨ᠎ᠠ᠃ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠶᠢᠨ ᠰᠢᠨ᠎ᠡ | ᠨᠡᠷᠡᠳᠬᠦᠨ ᠡᠭᠦᠳᠬᠦ ᠶᠢ ᠳᠡᠮᠵᠢᠵᠦ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠵᠤ ᠥᠭᠬᠦ ᠶᠢ | ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ | ᠭᠤᠴᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠡᠮᠳᠡᠭ ᠪᠣᠯᠬᠤ ᠠᠴᠠ ᠰᠡᠷᠭᠡᠶᠢᠯᠡᠬᠦ ᠪᠠ | ᠵᠡᠮᠳᠡᠭᠴᠦᠳ ᠢ ᠡᠷᠡᠭᠦᠯᠵᠢᠭᠦᠯᠬᠦ ᠠᠵᠢᠯᠲᠠᠨ ᠤ ᠣᠯᠭᠤᠮᠵᠢ ᠶᠢ ᠪᠠᠲᠤᠯᠠᠬᠤ ᠬᠡᠷᠡᠭᠲᠡᠶ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠨᠢ ᠳᠠᠪᠲᠠᠨ ᠪᠣᠯᠪᠠᠰᠤᠷᠠᠭᠤᠯᠬᠤ᠂ ᠬᠥᠬᠢᠭᠦᠯᠦᠨ ᠱᠠᠩᠨᠠᠬᠤ ᠵᠡᠷᠭᠡ | ᠲᠠᠯ᠎ᠠ ᠪᠠᠷ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯᠲᠠᠨ ᠢ ᠬᠠᠷᠠᠭᠠᠯᠵᠠᠬᠤ | ᠬᠡᠷᠡᠭᠲᠡᠶ᠃ | ᠲᠠᠪᠤᠳᠤᠭᠠᠷ ᠪᠦᠯᠦᠭ ᠳᠠᠭᠠᠯᠳᠤᠭᠤᠯᠤᠯ ᠲᠦᠷᠢᠮ | ᠳᠥᠴᠢᠳᠦᠭᠡᠷ ᠵᠦᠢᠯ ᠲᠣᠰ ᠠᠷᠭ᠎ᠠ ᠶᠢ 2020 ᠣᠨ ᠤ 9 ᠳ᠋ᠤᠬᠡᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | |