| ᠤᠯᠠᠭᠠᠨᠬᠠᠳᠠ ᠵᠠᠰᠠᠭ ᠲᠠᠷᠬᠠᠭᠠᠭᠰᠠᠨ ︹2020︺ 111 ᠳ᠋ᠦ᠋ᠭᠡᠷ ᠲᠣᠭᠠᠲᠤ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ | ᠬᠤᠯᠪᠤᠭᠳᠠᠯ ᠪᠦᠬᠦᠢ ᠵᠥᠪᠯᠡᠯ ᠠᠯᠪᠠᠨ ᠬᠡᠷ ᠲᠣᠪᠴᠢᠶ᠎ᠠ ᠳᠤ᠄ | ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ | ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | 2020 ᠣᠨ ᠤ 12 ᠰᠠᠷ᠎ᠠ ᠶᠢᠨ 1 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ | ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠶᠢᠨ | ᠪᠠᠭᠰᠢᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠲᠠᠯ᠎ᠠ ᠪᠠᠷ | ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠡᠷᠡᠰ ᠵᠠᠰᠠᠵᠤ᠂ ᠰᠤᠷᠭᠠᠨ ᠬᠥᠮᠦᠵᠢᠯ ᠤᠨ ᠠᠵᠢᠯ ᠲᠥᠷᠥᠯ ᠤᠨ | ᠲᠥᠪ ᠪᠤᠰᠤ ᠰᠤᠷᠲᠠᠯ ᠢ ᠵᠠᠯᠠᠷᠠᠭᠤᠯᠤᠨ᠂ ᠪᠠᠭᠰᠢ ᠶᠢᠨ ᠶᠣᠰᠣ ᠮᠣᠷᠠᠯ ᠤᠨ ᠤᠷᠮᠠᠰᠢᠭᠤᠯᠤᠯ ᠪᠠ ᠵᠥᠪ ᠲᠠᠯ᠎ᠠ ᠶᠢᠨ | ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠷᠠᠭᠤᠯᠵᠤ᠂ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ | ᠬᠠᠤᠯᠢ ᠶᠣᠰᠣᠭᠠᠷ ᠪᠠᠲᠤᠯᠠᠨ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠣᠷᠴᠢᠨ ᠠᠬᠤᠶ ᠶᠢ ᠪᠠᠶᠢᠭᠤᠯᠬᠤ ᠶᠢᠨ | ᠲᠤᠰᠠᠳᠠ᠂ ᠲᠤᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃ | ᠨᠢᠭᠡᠳᠦᠭᠡᠷ ᠵᠦᠢᠯ ᠲᠣᠰ ᠠᠷᠭ᠎ᠠ ᠳᠤ ᠵᠢᠭᠠᠵᠤ ᠪᠠᠶᠢᠭ᠎ᠠ ᠪᠠᠭᠰᠢ ᠭᠡᠳᠡᠭ ᠨᠢ ᠡᠩ ᠤᠨ ᠳᠤᠮᠳᠠᠳᠤ ᠪᠠᠭ᠎ᠠ | ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠣᠨᠴᠣᠭᠤᠶ ᠰᠤᠷᠭᠠᠨ ᠬᠥᠮᠦᠵᠢᠯ ᠤᠨ | ᠰᠤᠷᠭᠠᠭᠤᠯᠢ᠂ ᠬᠡᠤᠬᠡᠳ ᠤᠨ ᠴᠡᠴᠡᠷᠯᠢᠭ᠂ ᠪᠠᠭᠠᠴᠤᠳ ᠤᠨ ᠣᠷᠳᠣᠨ ᠵᠢᠴᠢ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠰᠤᠳᠤᠯᠤᠯ᠂ ᠴᠠᠬᠢᠯᠭᠠᠨᠵᠢᠭᠰᠠᠨ ᠰᠤᠷᠭᠠᠨ ᠬᠥᠮᠦᠵᠢᠯ ᠵᠡᠷᠭᠡ ᠪᠠᠶᠢᠭᠤᠯᠤᠮᠵᠢ ᠶᠢᠨ ᠠᠵᠢᠯ ᠳᠤ | ᠪᠠᠶᠢᠭ᠎ᠠ ᠪᠠᠭᠰᠢ ᠶᠢ ᠵᠢᠭᠠᠵᠤ ᠪᠣᠶ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠪᠠᠭᠰᠢ | ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠬᠤᠶᠠᠳᠤᠭᠠᠷ ᠵᠦᠢᠯ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠲᠣᠭᠲᠠᠭᠠᠯ᠄ | ︵ᠨᠢᠭᠡ︶ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠵᠢᠴᠢ ᠪᠤᠰᠤᠳ ᠲᠠᠯᠠᠪᠤᠷ ᠲᠤ | ᠨᠠᠮ ᠤᠨ ᠲᠥᠪ ᠬᠤᠷᠢᠶᠠᠨ ᠤ ᠡᠷᠬᠡ ᠰᠦᠷ ᠢ ᠬᠤᠬᠢᠷᠠᠭᠤᠯᠬᠤ᠂ ᠨᠠᠮ ᠤᠨ ᠱᠤᠭᠤᠮ ᠴᠢᠭᠯᠡᠯᠲᠡ ᠲᠦᠷᠦ ᠶᠢᠨ | ᠪᠤᠳᠤᠯᠭ᠎ᠠ ᠶᠢ ᠵᠥᠷᠢᠴᠡᠬᠦ ᠵᠡᠷᠭᠡ ᠦᠭᠡ ᠶᠠᠷᠢᠶ᠎ᠠ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯᠯᠠᠭ᠎ᠠ ᠳᠤᠮᠳᠠ ᠵᠢᠴᠢ ᠪᠤᠰᠤᠳ | ᠲᠠᠯᠠᠪᠤᠷ ᠲᠤ ᠤᠯᠤᠰ ᠤᠨ ᠠᠰᠢᠭ ᠲᠤᠰᠠ᠂ ᠳᠤᠮᠳᠠᠳᠤ ᠶᠢᠨ ᠦᠨᠳᠦᠰᠦᠲᠡᠨ ᠤ ᠠᠰᠢᠭ ᠲᠤᠰᠠ᠂ ᠠᠷᠠᠳ ᠲᠦᠮᠡᠨ ᠤ | ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ | ᠤᠴᠠᠷᠠᠭᠤᠯᠬᠤ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠬᠦ᠂ ᠨᠡᠶᠢᠭᠡᠮ ᠤᠨ ᠡᠮᠬᠢ ᠵᠢᠷᠤᠮ ᠰᠠᠶᠢᠨ | ᠰᠠᠶᠢᠬᠠᠨ ᠬᠡᠪ ᠵᠠᠩᠰᠢᠯ ᠠᠴᠠ ᠵᠥᠷᠢᠴᠡᠬᠦ᠂ ᠤᠯᠤᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠬᠤ | ᠵᠡᠷᠭᠡ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠬᠢᠴᠢᠶᠡᠯ ᠤᠨ ᠲᠠᠩᠬᠢᠮ᠂ ᠥᠭᠦᠯᠡᠯ ᠤᠨ ᠲᠠᠪᠴᠠᠩ᠂ ᠲᠠᠶᠢᠯᠤᠮᠵᠢ ᠶᠢᠨ ᠲᠣᠣᠷ ᠰᠦᠯᠵᠢᠶ᠎ᠡ | ᠵᠢᠴᠢ ᠪᠤᠰᠤᠳ ᠠᠷᠭ᠎ᠠ ᠵᠠᠮ ᠢᠶᠠᠷ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠨᠡᠶᠢᠭᠡᠮ ᠤᠨ ᠡᠶ᠎ᠡ | ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠨᠥᠯᠥᠭᠡᠯᠡᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠪᠳᠡᠬᠦ ᠪᠠᠷ ᠥᠳᠥᠭᠡᠭᠰᠡᠨ ᠶᠠᠷᠢᠶ᠎ᠠ ᠬᠡᠯᠡᠯᠴᠡᠭᠡ ᠨᠡᠶᠢᠲᠡᠯᠡᠬᠦ ᠶᠢ ᠴᠢᠩᠭ᠎ᠠ ᠴᠠᠭᠠᠵᠠᠯᠠᠵᠤ᠂ ᠬᠤᠳᠠᠯ ᠬᠠᠭᠤᠷᠮᠠᠭ ᠮᠡᠳᠡᠭᠡ | ᠵᠠᠩᠭᠢ᠂ ᠮᠠᠭᠤ ᠮᠡᠳᠡᠭᠡ ᠵᠠᠩᠭᠢ ᠵᠣᠬᠢᠶᠠᠬᠤ᠂ ᠲᠠᠷᠬᠠᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠳᠥᠷᠪᠡ︶ ᠰᠤᠷᠭᠠᠭᠤᠯᠢ ᠳᠤ ᠱᠠᠰᠢᠨ ᠰᠤᠷᠲᠠᠬᠤᠨ ᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ | ᠰᠤᠷᠭᠠᠭᠤᠯᠢ ᠵᠢᠴᠢ ᠪᠤᠰᠤᠳ ᠭᠠᠵᠠᠷ ᠲᠠᠯᠠᠪᠤᠷ ᠲᠤ ᠭᠠᠵᠢᠭᠤ ᠱᠠᠰᠢᠨ᠂ ᠭᠠᠵᠢᠭᠤ ᠨᠣᠮᠯᠠᠯ ᠲᠠᠷᠬᠠᠭᠠᠬᠤ ᠶᠢ ᠴᠢᠩᠭ᠎ᠠ | ᠴᠠᠭᠠᠵᠠᠯᠠᠵᠤ᠂ ᠹᠸᠤᠳᠠᠯ ᠤᠨ ᠮᠤᠬᠤᠷ ᠪᠢᠰᠢᠷᠡᠯ ᠤᠨ ᠦᠵᠡᠯ ᠰᠠᠨᠠᠭ᠎ᠠ ᠶᠢ ᠤᠬᠠᠭᠤᠯᠵᠤ᠂ ᠬᠠᠤᠯᠢ ᠪᠤᠰᠤ ᠬᠡᠪᠯᠡᠭᠳᠡᠬᠦᠨ | ᠂ ᠳᠣᠤᠷᠠᠳᠤ ᠲᠠᠰ ᠤᠨ ᠪᠣᠯᠬᠢ ᠰᠣᠶᠣᠯ ᠢ ᠤᠯᠠᠮᠵᠢᠯᠠᠵᠤ᠂ ︽ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷ | ᠲᠠᠲᠠᠬᠤ︾ ᠵᠡᠷᠭᠡ ᠦᠢᠯᠡ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃ | ︵ᠲᠠᠪᠤ︶ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠳᠤᠮᠳᠠ ᠭᠡᠨᠡᠳᠲᠡ ᠶᠢᠨ ᠬᠡᠷᠡᠭ | ᠲᠣᠬᠢᠶᠠᠯᠳᠤᠬᠤ᠂ ᠠᠶᠤᠯ ᠲᠦᠭᠰᠢᠭᠦᠷᠢ ᠲᠤᠯᠭᠠᠷᠠᠬᠤ ᠦᠶᠡᠰ᠂ ᠰᠤᠷᠤᠭᠴᠢᠳ ᠤᠨ ᠠᠮᠤᠷ ᠲᠦᠪᠰᠢᠨ ᠠᠶᠤᠯ | ᠲᠦᠭᠰᠢᠭᠦᠷᠢ ᠶᠢ ᠥᠯᠥ ᠬᠠᠶᠢᠬᠤᠷᠬᠤ ᠦᠭᠡᠢ᠂ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ᠂ | ᠥᠪᠡᠰᠦᠪᠡᠨ ᠳᠤᠲᠠᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠵᠢᠷᠭᠤᠭ᠎ᠠ︶ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯᠯᠠᠭ᠎ᠠ ᠪᠣᠯᠤᠨ ᠰᠤᠷᠤᠭᠴᠢᠳ ᠤᠨ | ᠬᠠᠮᠢᠶᠠᠷᠤᠯᠲᠠ ᠪᠠ ᠦᠨᠡᠯᠡᠯᠲᠡ ᠳᠤᠮᠳᠠ᠂ ᠰᠤᠷᠤᠭᠴᠢᠳ ᠲᠤ ᠲᠡᠭᠰᠢ ᠪᠤᠰᠤ᠂ ᠭᠤᠣᠯᠴᠢ ᠪᠤᠰᠤ ᠬᠠᠨᠳᠤᠵᠤ | ᠨᠡᠶᠢᠭᠡᠮ ᠳᠤ ᠮᠠᠭᠤ ᠨᠥᠯᠥᠭᠡ ᠦᠵᠡᠭᠦᠯᠬᠦ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ | ︵ᠳᠣᠯᠤᠭ᠎ᠠ︶ ᠰᠤᠷᠤᠭᠴᠢ ᠡᠯᠰᠡᠬᠦ᠂ ᠰᠢᠯᠭᠠᠬᠤ᠂ ᠰᠢᠯᠢᠳᠡᠭ ᠢ ᠲᠠᠨᠢᠯᠴᠠᠭᠤᠯᠬᠤ ᠵᠢᠴᠢ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠮᠡᠷᠭᠡᠵᠢᠯ ᠤᠨ ᠴᠣᠯᠠ | ᠲᠣᠭᠲᠠᠭᠠᠵᠤ ᠤᠷᠢᠨ ᠬᠡᠷᠡᠭᠯᠡᠬᠦ᠂ ᠰᠢᠯᠢᠳᠡᠭ ᠢ ᠰᠢᠯᠭᠠᠷᠠᠭᠤᠯᠵᠤ ᠱᠠᠩᠨᠠᠯ ᠤᠯᠭᠤᠬᠤ ᠵᠡᠷᠭᠡ ᠠᠵᠢᠯ ᠤᠨ ᠳᠤᠮᠳᠠ | ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠬᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠡᠷᠭᠡ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠨᠠᠢᠮᠠ︶ ᠠᠵᠢᠯᠯᠠᠬᠤ ᠬᠤᠭᠤᠴᠠᠭᠠᠨ ᠳᠤ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠤᠯᠳᠤᠬᠤ᠂ | ᠨᠠᠵᠠᠭᠠᠶᠢᠷᠠᠨ ᠬᠤᠶᠢᠷᠭᠤᠰᠢᠬᠤ᠂ ᠰᠲ᠋ᠣᠺ ᠠᠷᠠᠯᠵᠢᠶᠠᠯᠠᠬᠤ᠂ ᠪᠢᠴᠢᠯ ᠬᠤᠳᠠᠯᠳᠤᠭ᠎ᠠ ᠡᠵᠡᠩᠨᠡᠬᠦ᠂ ᠰᠦᠯᠵᠢᠶᠡᠨ ᠳᠡᠭᠡᠷ᠎ᠡ | ᠪᠠᠷᠠᠭ᠎ᠠ ᠬᠤᠳᠠᠯᠳᠤᠨ ᠠᠪᠬᠤ᠂ ᠲᠣᠭᠯᠠᠭᠠᠮ ᠨᠠᠭᠠᠳᠬᠤ᠂ ᠭᠠᠷ ᠤᠲᠠᠰᠤ ᠪᠠᠷ ᠵᠣᠭᠤᠭᠳᠠᠬᠤ᠂ ᠨᠠᠶᠢᠵᠠ ᠶᠢᠨ | ᠬᠦᠷᠢᠶ᠎ᠡ ᠪᠠᠨ ᠱᠤᠤᠠᠰᠠᠳᠠᠬᠤ ᠵᠡᠷᠭᠡ ᠰᠤᠷᠭᠠᠨ ᠬᠥᠮᠦᠵᠢᠯ ᠵᠢᠭᠠᠨ ᠰᠤᠷᠭᠠᠯᠲᠠ ᠯᠤᠭ᠎ᠠ ᠬᠠᠮᠢᠶ᠎ᠠ ᠦᠭᠡᠶ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠶᠢᠰᠦ︶ ᠰᠤᠷᠤᠭᠴᠢᠳ ᠢ ᠬᠠᠷᠠᠲᠠᠨ ᠲᠠᠮᠤᠯᠠᠬᠤ᠂ ᠡᠰᠡᠬᠦᠯ᠎ᠡ ᠬᠠᠯᠠ ᠦᠵᠡᠭᠦᠯᠬᠦ᠂ ᠳᠣᠷᠣᠮᠵᠢᠯᠠᠬᠤ᠂ | ᠭᠠᠳᠠᠭᠤᠷᠴᠢᠯᠠᠬᠤ᠂ ᠬᠤᠱᠣᠩᠨᠠᠬᠤ᠂ ᠶᠥᠭᠡᠳᠡᠬᠦ᠂ ᠭᠠᠭᠴᠠᠭᠠᠷᠳᠠᠭᠤᠯᠬᠤ ᠵᠡᠷᠭᠡ ᠠᠷᠭ᠎ᠠ ᠮᠠᠶ᠋ᠢᠭ ᠢᠶᠠᠷ ᠬᠡᠯᠪᠡᠷᠢ ᠶᠢ ᠨᠢ | ᠥᠭᠡᠷᠡᠲᠦᠭᠦᠯᠦᠨ ᠰᠤᠷᠤᠭᠴᠢᠳ ᠢ ᠬᠠᠷᠠᠲᠠᠨ ᠲᠠᠮᠤᠯᠠᠬᠤ᠂ ᠰᠤᠷᠤᠭᠴᠢᠳ ᠤᠨ ᠪᠡᠶ᠎ᠡ ᠰᠡᠳᠬᠢᠯ ᠢ ᠨᠢ ᠭᠡᠮᠲᠦᠭᠡᠬᠦ᠂ | ᠡᠰᠡᠬᠦᠯ᠎ᠡ ᠠᠯᠪᠠᠳᠠᠬᠤ᠂ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠪᠠᠶᠢᠭᠠᠳ ᠰᠤᠷᠭᠠᠭᠤᠯᠢ ᠰᠢᠯᠵᠢᠭᠦᠯᠬᠦ᠂ | ᠰᠤᠷᠤᠯᠭ᠎ᠠ ᠶᠢ ᠨᠢ ᠲᠦᠷ ᠵᠣᠭᠰᠤᠭᠠᠬᠤ᠂ ᠰᠤᠷᠭᠠᠭᠤᠯᠢ ᠠᠴᠠ ᠭᠠᠷᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ | ᠴᠠᠭᠠᠵᠠᠯᠠᠨ᠎ᠠ᠃ | ︵ᠠᠷᠪᠠ︶ ᠨᠡᠶᠢᠭᠡᠮ ᠤᠨ ᠶᠣᠰᠣ ᠰᠤᠷᠲᠠᠬᠤᠨ ᠠᠴᠠ ᠵᠥᠷᠢᠴᠡᠬᠦ᠂ ᠰᠤᠷᠤᠭᠴᠢᠳ ᠯᠤᠭ᠎ᠠ ᠵᠦᠶ ᠶᠣᠰᠣᠨ ᠤ | ᠪᠤᠰᠤ ᠬᠠᠷᠢᠴᠠᠭ᠎ᠠ ᠭᠠᠷᠬᠤ᠂ ᠡᠰᠡᠬᠦᠯ᠎ᠡ ᠶᠠᠮᠠᠷᠪᠠ ᠬᠡᠯᠪᠡᠷᠢ ᠶᠢᠨ ᠱᠠᠯᠢᠭᠯᠠᠬᠤ᠂ ᠪᠡᠯᠭᠡ ᠶᠢᠨ ᠬᠠᠯᠳᠠᠯᠭ᠎ᠠ ᠬᠢᠬᠦ ᠵᠡᠷᠭᠡ | ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ | ︵ᠠᠷᠪᠠᠨ ᠨᠢᠭᠡ︶ ᠬᠢᠴᠢᠶᠡᠯ ᠳᠡᠭᠡᠷ᠎ᠡ ᠬᠢᠨᠠᠮᠠᠭᠠᠶ ᠵᠢᠭᠠᠬᠤ ᠦᠭᠡᠶ᠂ ᠬᠢᠴᠢᠶᠡᠯ ᠤᠨ ᠳᠠᠷᠠᠭ᠎ᠠ | ᠰᠤᠷᠤᠭᠴᠢᠳ ᠢ ᠵᠣᠬᠢᠶᠠᠨ ᠪᠠᠶᠢᠭᠤᠯᠤᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠶᠢ ᠥᠷᠨᠢᠭᠦᠯᠬᠦ᠂ ᠡᠰᠡᠬᠦᠯ᠎ᠡ | ᠰᠤᠷᠤᠭᠴᠢᠳ ᠢ ᠳᠠᠯᠳᠠᠭᠤᠷ ᠵᠣᠬᠢᠶᠠᠨ ᠪᠠᠶᠢᠭᠤᠯᠵᠤ᠂ ᠱᠠᠭᠠᠷᠳᠠᠵᠤ᠂ ᠥᠳᠥᠭᠡᠵᠦ᠂ ᠠᠯᠪᠠᠳᠠᠵᠤ ᠪᠠᠶᠢᠭᠠᠳ | ᠥᠪᠡᠷ ᠤᠨ ᠡᠷᠭᠢᠯᠡᠭᠰᠡᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠳᠤ ᠣᠷᠣᠯᠴᠠᠭᠤᠯᠬᠤ᠂ ᠡᠰᠡᠬᠦᠯ᠎ᠡ ᠪᠤᠰᠤᠳ ᠢ | ᠲᠠᠨᠢᠯᠴᠠᠭᠤᠯᠵᠤ᠂ ᠵᠣᠬᠢᠶᠠᠨ ᠪᠠᠶᠢᠭᠤᠯᠵᠤ᠂ ᠱᠠᠭᠠᠷᠳᠠᠵᠤ᠂ ᠥᠳᠥᠭᠡᠵᠦ᠂ ᠠᠯᠪᠠᠳᠠᠵᠤ ᠪᠠᠶᠢᠭᠠᠳ ᠪᠤᠰᠤᠳ ᠤᠨ | ᠡᠷᠭᠢᠯᠡᠭᠰᠡᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠳᠤ ᠣᠷᠣᠯᠴᠠᠭᠤᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ | ᠴᠠᠭᠠᠵᠠᠯᠠᠨ᠎ᠠ᠃ | ︵ᠠᠷᠪᠠᠨ ᠬᠤᠶᠠᠷ︶ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠣᠬᠢᠶᠠᠨ | ᠪᠠᠶᠢᠭᠤᠯᠤᠭᠰᠠᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠳᠤ ᠣᠷᠣᠯᠴᠠᠬᠤ ᠪᠤᠶᠤ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠰᠤᠷᠤᠭᠴᠢ ᠶᠢᠨ ᠢᠷᠡᠯᠲᠡ ᠶᠢ ᠲᠠᠨᠢᠯᠴᠠᠭᠤᠯᠬᠤ᠂ ᠬᠠᠮᠢᠶ᠎ᠠ ᠪᠦᠬᠦᠢ ᠮᠡᠳᠡᠭᠡ | ᠵᠠᠩᠭᠢ ᠬᠠᠩᠭᠠᠵᠤ ᠠᠰᠢᠭ ᠲᠤᠰᠠ ᠣᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠠᠷᠪᠠᠨ ᠭᠤᠷᠪᠠ︶ ᠵᠢᠭᠠᠨ ᠰᠤᠷᠭᠠᠬᠤ ᠰᠠᠬᠢᠯᠭ᠎ᠠ ᠪᠠᠲᠤ ᠠᠴᠠ ᠵᠥᠷᠢᠴᠡᠨ᠂ ᠵᠢᠭᠠᠨ ᠰᠤᠷᠭᠠᠬᠤ ᠶᠢ | ᠬᠠᠰᠢ ᠶᠠᠰᠢ ᠪᠠᠷ ᠥᠩᠭᠡᠷᠡᠭᠡᠬᠦ ᠪᠤᠶᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠲᠤᠬᠠᠶᠢᠯᠠᠭᠰᠠᠨ ᠠᠵᠢᠯ ᠢ | ᠨᠥᠯᠥᠭᠡᠯᠡᠬᠦ ᠲᠤᠰᠢᠶᠠᠯ ᠬᠠᠪᠰᠤᠷᠭᠠᠬᠤ ᠴᠠᠯᠢᠩ ᠬᠠᠪᠰᠤᠷᠭᠠᠬᠤ ᠵᠡᠷᠭᠡ ᠦᠢᠯᠡ ᠠᠵᠢᠯᠯᠠᠭ᠎ᠠ ᠶᠢ ᠳᠤᠷ᠎ᠠ ᠪᠠᠷ ᠢᠶᠠᠨ | ᠬᠢᠬᠦ ᠶᠢ ᠴᠢᠩᠭ᠎ᠠ ᠴᠠᠭᠠᠵᠠᠯᠠᠨ᠎ᠠ᠃ | ︵ᠠᠷᠪᠠᠨ ᠳᠥᠷᠪᠡ︶ ᠰᠣᠷᠣᠭᠴᠢ ᠵᠢᠴᠢ ᠬᠡᠷ ᠤᠨ ᠠᠬᠠᠮᠠᠳ ᠤᠨ ᠪᠡᠯᠡᠭᠯᠡᠭᠰᠡᠨ ᠪᠡᠯᠡᠭ ᠤᠨ ᠵᠣᠭᠤᠰ᠂ | ᠸᠢᠴᠠᠲ ᠤᠨ ᠤᠯᠠᠭᠠᠨ ᠪᠠᠭᠯᠠᠭ᠎ᠠ᠂ ᠦᠨᠡᠲᠦ ᠲᠡᠮᠳᠡᠭᠲᠦ᠂ ᠳᠥᠯᠥᠬᠦ ᠭᠡᠷᠡᠴᠢ ᠪᠠᠷᠢᠮᠲᠠ ᠵᠡᠷᠭᠡ ᠡᠳ᠋ ᠪᠣᠳᠠᠰ ᠠᠪᠬᠤ | ᠪᠤᠶᠤ ᠲᠣᠭᠲᠠᠭᠠᠯ ᠢ ᠵᠥᠷᠢᠴᠡᠨ ᠭᠥᠯᠢᠶᠡᠨ ᠠᠪᠬᠤ᠂ ᠡᠰᠡᠬᠦᠯ᠎ᠡ ᠰᠣᠷᠣᠭᠴᠢ ᠵᠢᠴᠢ ᠬᠡᠷ ᠤᠨ ᠠᠬᠠᠮᠠᠳ ᠢᠶᠠᠷ ᠪᠠᠭᠰᠢ | ᠲᠣᠰ ᠬᠥᠮᠦᠨ ᠪᠤᠶᠤ ᠲᠥᠷᠥᠯ ᠰᠠᠳᠤᠨ ᠨᠢ ᠡᠭᠦᠷᠭᠡᠯᠡᠬᠦ ᠶᠣᠰᠣᠲᠠᠶ ᠵᠠᠷᠤᠳᠠᠯ ᠢ ᠳᠥᠯᠥᠭᠦᠯᠬᠦ ᠵᠡᠷᠭᠡ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠠᠷᠪᠠᠨ ᠲᠠᠪᠤ︶ ᠰᠤᠷᠤᠭᠴᠢ ᠵᠢᠴᠢ ᠭᠡᠷ ᠤᠨ ᠠᠬᠠᠮᠠᠳ ᠠᠴᠠ ᠲᠣᠬᠢᠷᠠᠭᠤᠯᠤᠭᠰᠠᠨ ᠰᠤᠷᠤᠭᠴᠢ ᠶᠢᠨ | ᠰᠢᠯᠭᠠᠯᠲᠠ ᠬᠢᠬᠦ᠂ ᠬᠢᠨᠠᠨ ᠰᠢᠯᠭᠠᠵᠤ ᠦᠨᠡᠯᠡᠬᠦ᠂ ᠰᠠᠭᠤᠳᠠᠯ ᠵᠢᠭᠰᠠᠭᠠᠬᠤ᠂ ᠠᠩᠭᠢ ᠶᠢᠨ ᠺᠠᠳ᠋ᠷ ᠪᠣᠯᠬᠤ᠂ ᠰᠢᠯᠢᠳᠡᠭ ᠢ | ᠰᠢᠯᠭᠠᠷᠠᠭᠤᠯᠤᠨ ᠱᠠᠩᠨᠠᠯ ᠣᠯᠭᠤᠬᠤ ᠵᠢᠴᠢ ᠪᠤᠰᠤᠳ ᠣᠨᠴᠣᠭᠤᠶ ᠬᠠᠷᠠᠭᠠᠯᠵᠠᠯ ᠣᠯᠭᠤᠬᠤ ᠳᠠᠶᠢᠯᠠᠯᠭ᠎ᠠ ᠳᠤ | ᠣᠷᠣᠯᠴᠠᠬᠤ ᠪᠤᠶᠤ ᠰᠤᠷᠤᠭᠴᠢ ᠵᠢᠴᠢ ᠭᠡᠷ ᠤᠨ ᠠᠬᠠᠮᠠᠳ ᠠᠴᠠ ᠵᠠᠷᠤᠳᠠᠯ ᠥᠭᠬᠦ ᠶᠢ ᠲᠣᠬᠢᠷᠠᠭᠤᠯᠤᠭᠰᠠᠨ | ᠵᠢᠭᠤᠯᠴᠢᠯᠠᠯ᠂ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ ᠵᠡᠷᠭᠡ ᠨᠠᠶᠢᠷ ᠨᠠᠭᠠᠳᠤᠮ ᠤᠨ ᠠᠵᠢᠯᠯᠠᠭ᠎ᠠ ᠳᠤ | ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃ | ︵ᠠᠷᠪᠠᠨ ᠵᠢᠷᠭᠤᠭ᠎ᠠ︶ ᠰᠤᠷᠤᠭᠴᠢ ᠶᠢᠨ ᠭᠡᠷ ᠤᠨ ᠠᠬᠠᠮᠠᠳ ᠠᠴᠠ ᠳᠤᠷ᠎ᠠ ᠪᠠᠷ ᠢᠶᠠᠨ ᠰᠦᠢᠳᠬᠡᠯ | ᠬᠤᠷᠢᠶᠠᠬᠤ ᠶᠢ ᠴᠢᠩᠭ᠎ᠠ ᠴᠠᠭᠠᠵᠠᠯᠠᠵᠤ᠂ ᠭᠡᠷ ᠤᠨ ᠠᠬᠠᠮᠠᠳ ᠤᠨ ᠵᠥᠪᠯᠡᠯ ᠤᠨ ᠨᠡᠷ᠎ᠡ ᠪᠠᠷ ᠡᠯᠳᠡᠪ ᠨᠡᠷ᠎ᠡ ᠪᠠᠷ | ᠰᠦᠢᠳᠬᠡᠯ ᠬᠤᠷᠢᠶᠠᠵᠤ ᠪᠣᠯᠬᠤ ᠦᠭᠡᠶ᠂ ᠰᠤᠷᠤᠭᠴᠢ ᠶᠢᠨ ᠭᠡᠷ ᠤᠨ ᠠᠬᠠᠮᠠᠳ ᠢᠶᠠᠷ ᠵᠣᠭᠤᠰ ᠭᠠᠷᠭᠠᠯᠭᠠᠵᠤ | ᠬᠢᠴᠢᠶᠡᠯ ᠤᠨ ᠭᠡᠷ ᠢᠶᠠᠨ ᠴᠢᠮᠡᠭᠯᠡᠭᠦᠯᠬᠦ᠂ ᠪᠠᠷᠠᠭ᠎ᠠ ᠬᠤᠳᠠᠯᠳᠤᠨ ᠠᠪᠤᠭᠤᠯᠬᠤ ᠪᠠᠷ ᠱᠠᠭᠠᠷᠳᠠᠬᠤ ᠪᠤᠶᠤ ᠭᠡᠷ ᠤᠨ | ᠠᠬᠠᠮᠠᠳ ᠤᠨ ᠬᠤᠷᠠᠯ᠂ ᠸᠢᠴᠠᠲ ᠤᠨ ᠴᠤᠭᠯᠠᠷᠠᠯ᠂ QQ ᠴᠤᠭᠯᠠᠷᠠᠯ ᠢᠶᠠᠷ ᠳᠠᠮᠵᠢᠭᠤᠯᠤᠨ ᠰᠤᠷᠤᠭᠴᠢ ᠶᠢᠨ ᠭᠡᠷ ᠤᠨ | ᠠᠬᠠᠮᠠᠳ ᠲᠤ ᠦᠢᠯᠡᠳᠬᠦᠨ ᠲᠠᠨᠢᠯᠴᠠᠭᠤᠯᠬᠤ ᠵᠡᠷᠭᠡ ᠦᠢᠯᠡ ᠠᠵᠢᠯᠯᠠᠭ᠎ᠠ ᠬᠢᠵᠦ ᠪᠣᠯᠬᠤ ᠦᠭᠡᠶ᠃ | ︵ᠠᠷᠪᠠᠨ ᠳᠣᠯᠤᠭ᠎ᠠ︶ ᠰᠤᠷᠤᠭᠴᠢᠳ ᠲᠤ ᠴᠢᠭᠯᠡᠭᠦᠯᠦᠭᠰᠡᠨ ᠡᠵᠡᠩᠨᠡᠯᠲᠡ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠬᠤ᠂ ᠣᠷᠣᠯᠴᠠᠬᠤ᠂ ᠡᠰᠡᠬᠦᠯ᠎ᠡ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠵᠥᠷᠢᠴᠡᠨ ᠰᠤᠷᠤᠭᠴᠢᠳ ᠢ | ᠵᠣᠬᠢᠶᠠᠨ ᠪᠠᠶᠢᠭᠤᠯᠵᠤ ᠵᠢᠭᠠᠨ ᠰᠤᠷᠭᠠᠬᠤ ᠬᠠᠪᠰᠤᠷᠤᠮᠵᠢ ᠮᠠᠲ᠋ᠧᠷᠢᠶᠠᠯ ᠵᠠᠬᠢᠶᠠᠯᠠᠭᠤᠯᠬᠤ ᠪᠤᠶᠤ ᠵᠢᠭᠠᠨ ᠲᠣᠭᠲᠠᠭᠠᠵᠤ | ᠯᠠᠪᠯᠠᠯᠲᠠ ᠪᠣᠯᠭᠠᠬᠤ᠂ ᠳᠠᠯᠳᠠ ᠳᠣᠬᠢᠵᠤ ᠥᠳᠥᠭᠡᠨ ᠳᠠᠭᠠᠭᠤᠯᠬᠤ ᠵᠡᠷᠭᠡ ᠠᠷᠭ᠎ᠠ ᠮᠠᠶ᠋ᠢᠭ ᠢᠶᠠᠷ ︽ᠨᠢᠭᠡ | ᠬᠢᠴᠢᠶᠡᠯ ᠳᠤ ᠣᠯᠠᠨ ᠬᠠᠪᠰᠤᠷᠤᠮᠵᠢ ᠦᠵᠡᠭᠦᠯᠬᠦ︾᠂ ᠡᠰᠡᠬᠦᠯ᠎ᠡ ᠰᠤᠷᠤᠭᠴᠢᠳ ᠲᠤ ᠨᠣᠮ ᠪᠢᠴᠢᠭ ᠰᠣᠨᠢᠨ ᠰᠡᠳᠬᠦᠯ | ᠂ ᠠᠮᠢᠳᠤᠷᠠᠯ ᠤᠨ ᠬᠡᠷᠡᠭᠰᠡᠯ᠂ ᠨᠡᠶᠢᠭᠡᠮ ᠤᠨ ᠳᠠᠭᠠᠳᠬᠠᠯ ᠵᠡᠷᠭᠡ ᠬᠤᠳᠠᠯᠳᠤᠭᠠᠨ ᠤ ᠦᠢᠯᠡᠴᠢᠯᠡᠭᠡ ᠪᠣᠷᠣᠯᠠᠭᠤᠯᠬᠤ | ᠵᠢᠴᠢ ᠪᠤᠰᠤᠳ ᠲᠤᠰᠢᠶᠠᠯ ᠤᠨ ᠳᠥᠭᠦᠮ ᠢᠶᠠᠨ ᠠᠰᠢᠭᠯᠠᠨ ᠵᠦᠶ ᠶᠣᠰᠣᠨ ᠤ ᠪᠤᠰᠤ ᠠᠰᠢᠭ ᠲᠤᠰᠠ ᠣᠯᠬᠤ ᠵᠡᠷᠭᠡ | ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠠᠷᠪᠠᠨ ᠨᠠᠢᠮᠠ︶ ᠰᠤᠷᠤᠭᠴᠢᠳ ᠤᠨ ᠬᠢᠷᠢ ᠪᠦᠲᠦᠮᠵᠢ ᠪᠠ ᠨᠡᠷᠡᠰ ᠤᠨ ᠵᠢᠭᠰᠠᠭᠠᠯᠲᠠ ᠶᠢ ᠶᠠᠮᠠᠷᠪᠠ | ᠠᠷᠭ᠎ᠠ ᠮᠠᠶ᠋ᠢᠭ ᠢᠶᠠᠷ ᠨᠡᠶᠢᠲᠡᠯᠡᠬᠦ᠂ ᠡᠰᠡᠬᠦᠯ᠎ᠡ ᠬᠢᠴᠢᠶᠡᠯ ᠤᠨ ᠪᠠᠷᠢᠮᠵᠢᠶ᠎ᠠ ᠠᠴᠠ ᠬᠡᠲᠦᠷᠡᠭᠦᠯᠦᠨ᠂ ᠭᠡᠷ ᠪᠦᠯᠢ ᠶᠢᠨ | ᠳᠠᠰᠬᠠᠯ ᠢᠶᠠᠨ ᠬᠡᠮᠵᠢᠶ᠎ᠡ ᠠᠴᠠ ᠬᠡᠲᠦᠷᠡᠭᠦᠯᠦᠨ ᠪᠠᠶᠢᠷᠢᠯᠠᠭᠤᠯᠬᠤ᠂ ᠡᠰᠡᠬᠦᠯ᠎ᠡ ᠳᠠᠪᠬᠤᠷᠳᠠᠭᠰᠠᠨ ᠴᠢᠨᠠᠷᠲᠠᠶ᠂ ᠶᠠᠯᠠᠯᠠᠨ | ᠰᠢᠳᠬᠡᠬᠦ ᠴᠢᠨᠠᠷᠲᠠᠶ ᠳᠠᠰᠬᠠᠯ ᠪᠠᠶᠢᠷᠢᠯᠠᠭᠤᠯᠬᠤ᠂ ᠡᠰᠡᠬᠦᠯ᠎ᠡ ᠪᠠᠭ᠎ᠠ ᠰᠤᠷᠭᠠᠭᠤᠯᠢ ᠶᠢᠨ ᠱᠠᠲᠤ ᠦᠶ᠎ᠡ ᠳᠤ ᠪᠠᠭ᠎ᠠ | ᠰᠣᠨᠢᠨ᠂ ᠬᠠᠷᠠᠭᠠᠨ ᠳᠠᠪᠲᠠᠮᠵᠢ ᠶᠢ ᠭᠡᠷ ᠪᠦᠯᠢ ᠶᠢᠨ ᠳᠠᠰᠬᠠᠯ ᠪᠣᠯᠭᠠᠨ ᠪᠠᠶᠢᠷᠢᠯᠠᠭᠤᠯᠬᠤ᠂ ᠡᠰᠡᠬᠦᠯ᠎ᠡ ᠰᠤᠷᠤᠭᠴᠢᠳ | ᠪᠡᠶᠡᠯᠡᠭᠦᠯᠵᠦ ᠳᠡᠶᠢᠯᠬᠦ ᠦᠭᠡᠶ᠂ ᠬᠡᠯᠪᠡᠷᠢ ᠳᠡᠭᠡᠷ᠎ᠡ ᠪᠠᠨ ᠰᠤᠷᠤᠭᠴᠢᠳ ᠲᠤ ᠲᠣᠬᠢᠷᠠᠭᠤᠯᠤᠭᠰᠠᠨ᠂ ᠦᠨᠡᠨ ᠳᠡᠭᠡᠨ | ᠭᠡᠷ ᠤᠨ ᠠᠬᠠᠮᠠᠳ ᠲᠤ ᠳᠠᠭᠠᠭᠠᠯᠭᠠᠭᠰᠠᠨ ᠳᠠᠰᠬᠠᠯ ᠪᠠᠶᠢᠷᠢᠯᠠᠭᠤᠯᠬᠤ᠂ ᠡᠰᠡᠬᠦᠯ᠎ᠡ ᠭᠡᠷ ᠤᠨ ᠠᠬᠠᠮᠠᠳ ᠢᠶᠠᠷ | ᠣᠷᠣᠯᠠᠭᠤᠯᠤᠨ ᠳᠠᠰᠬᠠᠯ ᠵᠠᠰᠠᠭᠤᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠠᠷᠪᠠ ᠶᠢᠰᠦ︶ ᠪᠠᠭᠰᠢ ᠰᠣᠷᠣᠭᠴᠢ ᠶᠢᠨ ᠪᠡᠶᠡᠯᠡᠭᠦᠯᠬᠦ ᠶᠣᠰᠣᠲᠠᠶ ᠡᠭᠦᠷᠭᠡ ᠶᠢ ᠬᠡᠷ ᠤᠨ ᠠᠬᠠᠮᠠᠳ ᠲᠤ | ᠲᠣᠮᠢᠯᠠᠬᠤ ᠶᠢ ᠴᠢᠩᠭ᠎ᠠ ᠴᠠᠭᠠᠵᠠᠯᠠᠨ᠎ᠠ᠂ ᠵᠢᠱᠢᠶᠡᠯᠡᠪᠡᠯ ᠬᠢᠴᠢᠶᠡᠯ ᠤᠨ ᠬᠡᠷ ᠤᠨ ᠠᠷᠢᠭᠤᠨ ᠴᠡᠪᠡᠷ ᠢ ᠴᠡᠪᠡᠷᠯᠡᠬᠦ᠂ | ᠠᠩᠭᠢ ᠶᠢ ᠪᠠᠶᠢᠷᠢᠯᠠᠭᠤᠯᠬᠤ᠂ ᠲᠣᠭᠯᠠᠯᠲᠠ ᠶᠢᠨ ᠲᠠᠯᠠᠪᠤᠷ ᠢ ᠴᠢᠮᠡᠭᠯᠡᠬᠦ ᠵᠡᠷᠭᠡ ᠡᠭᠦᠷᠭᠡ᠂ ᠡᠰᠡᠬᠦᠯ᠎ᠡ ᠬᠡᠷ ᠤᠨ | ᠠᠬᠠᠮᠠᠳ ᠢᠶᠠᠷ ᠮᠠᠭᠲᠠᠭᠤᠯᠬᠤ᠂ ᠪᠢᠯᠧᠲ ᠥᠭᠬᠦ᠂ ᠡᠯ᠎ᠡ ᠲᠥᠷᠥᠯ ᠤᠨ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠬᠤ | ᠵᠡᠷᠭᠡ ᠦᠢᠯᠡ ᠠᠵᠢᠯᠯᠠᠭ᠎ᠠ᠃ | ︵ᠬᠤᠷᠢ︶ ᠡᠷᠬᠢᠯᠡᠭᠰᠡᠨ ᠠᠵᠢᠯ ᠤᠨ ᠶᠣᠰᠣ ᠮᠣᠷᠠᠯ ᠠᠴᠠ ᠵᠥᠷᠢᠴᠡᠨ᠂ ᠨᠡᠶᠢᠭᠡᠮ ᠳᠤ ᠮᠠᠭᠤ ᠨᠥᠯᠥᠭᠡ | ᠦᠵᠡᠭᠦᠯᠬᠦ ᠪᠤᠰᠤᠳ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠭᠤᠷᠪᠠᠳᠤᠭᠠᠷ ᠵᠦᠢᠯ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢ ᠵᠠᠭᠤᠴᠢᠯᠠᠭᠤᠷ ᠢᠶᠠᠷ ᠳᠠᠮᠵᠢᠭᠤᠯᠤᠨ ᠵᠠᠭᠠᠯᠳᠤᠵᠤ ᠢᠯᠡᠴᠢᠯᠡᠨ | ᠮᠡᠳᠡᠭᠦᠯᠬᠦ ᠤᠲᠠᠰᠤ᠂ ᠲᠣᠪᠴᠢᠶᠠᠨ ᠳᠠᠷᠤᠭ᠎ᠠ ᠶᠢᠨ ᠵᠠᠭᠠᠯᠳᠤᠬᠤ ᠵᠠᠬᠢᠳᠠᠯ ᠤᠨ ᠬᠠᠶᠢᠷᠴᠠᠭ ᠢ ᠨᠡᠶᠢᠭᠡᠮ ᠳᠤ ᠨᠡᠶᠢᠲᠡᠯᠡᠬᠦ | ᠬᠡᠷᠡᠭᠲᠡᠶ᠂ ᠰᠢᠭᠤᠳ ᠬᠠᠷᠢᠶ᠎ᠠ ᠰᠤᠷᠭᠠᠭᠤᠯᠢ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠂ ᠰᠤᠷᠭᠠᠭᠤᠯᠢ ᠶᠢᠨ | ᠵᠠᠬᠢᠷᠤᠯ ᠤᠨ ᠵᠠᠭᠠᠯᠳᠤᠬᠤ ᠵᠠᠬᠢᠳᠠᠯ ᠤᠨ ᠬᠠᠶᠢᠷᠴᠠᠭ ᠢ ᠨᠡᠶᠢᠲᠡᠯᠡᠨ᠎ᠡ᠃ ᠬᠤᠰᠢᠭᠤ ᠰᠢᠶᠠᠨ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠨᠢ ᠵᠠᠭᠤᠴᠢᠯᠠᠭᠤᠷ ᠢᠶᠠᠷ ᠳᠠᠮᠵᠢᠭᠤᠯᠤᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠂ | ᠲᠣᠪᠴᠢᠶᠠᠨ ᠳᠠᠷᠤᠭ᠎ᠠ ᠶᠢᠨ ᠵᠠᠭᠠᠯᠳᠤᠬᠤ ᠵᠠᠬᠢᠳᠠᠯ ᠤᠨ ᠬᠠᠶᠢᠷᠴᠠᠭ ᠢ ᠨᠡᠶᠢᠭᠡᠮ ᠳᠤ ᠨᠡᠶᠢᠲᠡᠯᠡᠬᠦ ᠬᠡᠷᠡᠭᠲᠡᠶ᠂ ᠬᠠᠷᠢᠶ᠎ᠠ | ᠣᠷᠣᠨ ᠤ ᠰᠤᠷᠭᠠᠭᠤᠯᠢ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠂ ᠰᠤᠷᠭᠠᠭᠤᠯᠢ ᠶᠢᠨ ᠵᠠᠬᠢᠷᠤᠯ ᠤᠨ | ᠵᠠᠭᠠᠯᠳᠤᠬᠤ ᠵᠠᠬᠢᠳᠠᠯ ᠤᠨ ᠬᠠᠶᠢᠷᠴᠠᠭ ᠢ ᠨᠡᠶᠢᠲᠡᠯᠡᠨ᠎ᠡ᠃ ᠰᠤᠷᠭᠠᠭᠤᠯᠢ ᠨᠤᠭᠤᠳ ᠰᠤᠷᠭᠠᠭᠤᠯᠢ ᠶᠢᠨ ᠡᠭᠦᠳᠡᠨ ᠤ ᠢᠯᠡ | ᠲᠣᠳᠤ ᠭᠠᠵᠠᠷ ᠰᠤᠷᠭᠠᠭᠤᠯᠢ ᠪᠣᠯᠤᠨ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠪᠣᠯᠤᠨ ᠰᠤᠷᠭᠠᠭᠤᠯᠢ ᠶᠢᠨ | ᠵᠠᠬᠢᠷᠤᠯ᠂ ᠲᠣᠪᠴᠢᠶᠠᠨ ᠳᠠᠷᠤᠭ᠎ᠠ ᠶᠢᠨ ᠵᠠᠭᠠᠯᠳᠤᠬᠤ ᠵᠠᠬᠢᠳᠠᠯ ᠤᠨ ᠬᠠᠶᠢᠷᠴᠠᠭ ᠢ ᠢᠯᠡ ᠨᠡᠶᠢᠲᠡᠯᠡᠵᠦ᠂ ᠵᠠᠭᠠᠯᠳᠤᠵᠤ | ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠦᠨ᠂ ᠰᠤᠷᠤᠭᠴᠢ᠂ ᠭᠡᠷ ᠤᠨ ᠠᠬᠠᠮᠠᠳ ᠪᠣᠯᠤᠨ | ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ | ᠳᠥᠷᠪᠡᠳᠦᠭᠡᠷ ᠵᠦᠢᠯ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠦᠷᠭᠡᠨ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︽ | ᠵᠠᠭᠠᠯᠳᠤᠭᠰᠠᠨ ᠪᠠᠶᠢᠪᠠᠯ ᠵᠠᠪᠠᠯ ᠪᠠᠶᠢᠴᠠᠭᠠᠬᠤ᠂ ᠲᠦᠷᠭᠡᠨ ᠲᠤᠰᠬᠠᠯ ᠭᠠᠷᠬᠤ᠂ ᠳᠠᠷᠤᠶ ᠪᠠᠶᠢᠴᠠᠭᠠᠬᠤ ᠳᠠᠷᠤᠢ | ᠵᠠᠯᠠᠷᠠᠭᠤᠯᠬᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠂ ᠨᠢᠭᠡ ᠶᠢ ᠪᠠᠶᠢᠴᠠᠭᠠᠨ ᠰᠢᠢᠳᠪᠦᠷᠢᠯᠡᠪᠡᠯ ᠨᠢᠭᠡ ᠶᠢ | ᠨᠡᠶᠢᠲᠡ ᠳᠤ ᠵᠠᠷᠯᠠᠬᠤ︾ ᠵᠠᠷᠴᠢᠮ ᠶᠣᠰᠣᠭᠠᠷ᠂ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠲᠦᠷᠭᠡᠨ ᠪᠠᠶᠢᠴᠠᠭᠠᠨ ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠦᠩ ᠢᠶᠠᠨ | ᠢᠯᠡᠴᠢᠯᠡᠨ ᠵᠠᠭᠠᠯᠳᠤᠭᠰᠠᠨ ᠬᠥᠮᠦᠨ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠶᠢᠨ ᠬᠠᠮᠲᠤ ᠵᠠᠭᠤᠴᠢᠯᠠᠭᠤᠷ ᠢᠶᠠᠷ | ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃ | ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ︾ ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ | ᠵᠠᠷᠴᠢᠮ ᠢ ᠨᠠᠶᠢᠳᠠᠪᠤᠷᠢᠵᠢᠭᠤᠯᠵᠤ᠂ ᠰᠤᠷᠭᠠᠭᠤᠯᠢ ᠨᠢ ᠲᠣᠰ ᠰᠤᠷᠭᠠᠭᠤᠯᠢ ᠶᠢᠨ ᠢᠶᠠᠨ ᠪᠠᠭᠰᠢ ᠶᠢᠨ ᠶᠣᠰᠣ ᠮᠣᠷᠠᠯ ᠤᠨ | ᠬᠥᠮᠦᠵᠢᠯ᠂ ᠬᠢᠨᠠᠯᠲᠠ ᠬᠠᠮᠢᠶᠠᠷᠤᠯᠲᠠ ᠪᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠂ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ | ᠬᠠᠷᠢᠶ᠎ᠠ ᠣᠷᠣᠨ ᠤ ᠪᠠᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠂ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠢᠭᠤᠳ ᠬᠠᠷᠢᠶ᠎ᠠ ᠰᠤᠷᠭᠠᠭᠤᠯᠢ ᠶᠢᠨ ᠪᠠᠭᠰᠢ ᠶᠢᠨ ᠶᠣᠰᠣ | ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ | ᠰᠦᠪᠡᠭᠴᠢ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ ᠬᠠᠷᠢᠭᠤᠴᠠᠵᠤ᠂ ᠬᠤᠲᠠ ᠶᠢᠨ ᠱᠠᠲᠤᠨ ᠤ | ᠭᠥᠯᠢᠶᠡᠨ ᠠᠪᠤᠭᠰᠠᠨ ᠪᠠ ᠳᠡᠭᠡᠳᠦ ᠱᠠᠲᠤᠨ ᠠᠴᠠ ᠰᠢᠯᠵᠢᠭᠦᠯᠦᠨ ᠰᠢᠢᠳᠪᠦᠷᠢᠯᠡᠭᠰᠡᠨ ᠬᠤᠰᠢᠭᠤ ᠰᠢᠶᠠᠨ | ᠲᠣᠭᠤᠷᠢᠭ ᠤᠨ ᠬᠠᠷᠢᠶ᠎ᠠ ᠰᠤᠷᠭᠠᠭᠤᠯᠢ ᠶᠢᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠠᠷᠢᠶ᠎ᠠ ᠭᠠᠵᠠᠷ ᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠵᠤ ᠭᠥᠯᠢᠶᠡᠨ | ᠠᠪᠴᠤ ᠰᠢᠢᠳᠪᠦᠷᠢᠯᠡᠭᠦᠯᠬᠦ ᠶᠢᠨ ᠬᠠᠮᠲᠤ ᠮᠥᠷᠳᠡᠨ ᠰᠢᠪᠠᠳᠠᠨ ᠰᠢᠢᠳᠪᠦᠷᠢᠭᠦᠯᠦᠨᠡ᠃ ᠪᠠᠭᠰᠢ ᠶᠢᠨ ᠶᠣᠰᠣ ᠮᠣᠷᠠᠯ ᠤᠨ | ᠲᠣᠭᠲᠠᠭᠠᠯ ᠠᠴᠠ ᠵᠥᠷᠢᠴᠡᠭᠰᠡᠨ ᠴᠢᠬᠤᠯᠠ ᠶᠡᠭᠡ ᠠᠰᠠᠭᠤᠳᠠᠯ ᠤᠨ ᠰᠦᠪᠡᠭᠴᠢ ᠪᠤᠶᠤ ᠨᠡᠶᠢᠭᠡᠮ ᠳᠤ ᠮᠠᠭᠤ ᠨᠥᠯᠥᠭᠡ | ᠭᠠᠷᠭᠠᠭᠰᠠᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠬᠡᠷᠡᠭ ᠢ ᠲᠠᠰ ᠳᠡᠪᠰᠢᠭᠦᠯᠦᠨ | ᠰᠢᠢᠳᠪᠦᠷᠢᠯᠡᠨ᠎ᠡ᠃ ᠵᠠᠷᠴᠢᠮ ᠳᠡᠭᠡᠷ᠎ᠡ ᠪᠠᠨ ᠪᠤᠶ ᠪᠦᠬᠦᠢ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ 15 ᠠᠵᠢᠯᠯᠠᠬᠤ ᠡᠳᠦᠷ ᠤᠨ ᠳᠣᠲᠣᠷ᠎ᠠ | ᠪᠡᠶᠡᠯᠡᠭᠦᠯᠬᠦ ᠬᠡᠷᠡᠭᠲᠡᠶ᠃ | ᠲᠠᠪᠤᠳᠤᠭᠠᠷ ᠵᠦᠢᠯ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠵᠠᠯᠬᠠᠭᠠᠨ ᠰᠢᠳᠬᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠪᠠᠭᠰᠢ ᠶᠢᠨ ᠶᠣᠰᠣ | ᠮᠣᠷᠠᠯ ᠤᠨ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠳᠣᠲᠣᠯᠠᠪᠠᠯ᠂ ᠵᠠᠷᠯᠢᠭᠳᠠᠨ | ᠵᠠᠯᠠᠷᠠᠭᠤᠯᠬᠤ ᠠᠴᠠ ᠭᠠᠳᠠᠨ᠎ᠠ᠂ ᠳᠣᠤᠷ᠎ᠠ ᠵᠢᠭᠰᠠᠭᠠᠭᠰᠠᠨ ᠰᠢᠳᠬᠡᠯ ᠥᠭᠭᠦᠨ᠎ᠡ᠄ | ︵ᠨᠢᠭᠡ︶ ᠪᠠᠭᠰᠢ ᠶᠢᠨ ᠶᠣᠰᠣ ᠮᠣᠷᠠᠯ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ | ᠪᠠᠶᠢᠳᠠᠯ ᠨᠢ ᠨᠡᠯᠢᠶᠡᠳ ᠬᠥᠩᠭᠡᠨ ᠪᠠᠶᠢᠪᠠᠯ᠂ ᠰᠢᠭᠦᠮᠵᠢᠯᠡᠨ ᠰᠤᠷᠭᠠᠬᠤ᠂ ᠰᠡᠷᠡᠮᠵᠢᠯᠡᠭᠦᠯᠦᠨ ᠴᠡᠭᠡᠷᠯᠡᠭᠦᠯᠵᠦ ᠶᠠᠷᠢᠯᠴᠠᠬᠤ | ᠂ ᠵᠠᠷᠯᠢᠭᠳᠠᠨ ᠪᠠᠶᠢᠴᠠᠭᠠᠬᠤ᠂ ᠨᠡᠪᠲᠡᠷᠡᠭᠦᠯᠦᠨ ᠰᠢᠭᠦᠮᠵᠢᠯᠡᠬᠦ ᠵᠡᠷᠭᠡ ᠰᠢᠢᠳᠪᠦᠷᠢᠯᠡᠯᠲᠡ ᠥᠭᠭᠦᠨ᠎ᠡ᠃ | ︵ᠬᠤᠶᠠᠷ︶ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ | ᠦᠢᠯᠡ ᠪᠠᠶᠢᠳᠠᠯ ᠨᠢ ᠨᠡᠯᠢᠶᠡᠳ ᠬᠦᠨᠳᠦ ᠨᠣᠴᠢᠲᠠᠶ ᠪᠣᠯ ᠰᠡᠷᠡᠮᠵᠢ ᠥᠭᠬᠦ ︵ᠰᠢᠳᠬᠡᠯ ᠣᠯᠭᠤᠬᠤ ᠬᠤᠭᠤᠴᠠᠭ᠎ᠠ ᠨᠢ 6 | ᠰᠠᠷ᠎ᠠ︶᠂ ᠣᠰᠣᠯ ᠲᠡᠮᠳᠡᠭᠯᠡᠬᠦ ︵ᠰᠢᠳᠬᠡᠯ ᠣᠯᠭᠤᠬᠤ ᠬᠤᠭᠤᠴᠠᠭ᠎ᠠ ᠨᠢ 12 ᠰᠠᠷ᠎ᠠ︶᠂ ᠠᠵᠢᠯ ᠤᠨ ᠪᠠᠶᠢᠷᠢ ᠶᠢᠨ | ᠵᠡᠷᠭᠡ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ ᠵᠡᠷᠭᠡ ᠰᠢᠳᠬᠡᠯ ︵ᠰᠢᠳᠬᠡᠯ | ᠣᠯᠭᠤᠬᠤ ᠬᠤᠭᠤᠴᠠᠭ᠎ᠠ ᠨᠢ 24 ᠰᠠᠷ᠎ᠠ︶ ᠣᠯᠭᠤᠨ᠎ᠠ᠃ | ᠳᠣᠩᠭᠤᠳᠬᠤ ᠰᠢᠳᠬᠡᠯ ᠥᠭᠭᠦᠭᠰᠡᠨ ᠪᠠᠶᠢᠪᠠᠯ᠂ ᠰᠢᠳᠬᠡᠯ ᠥᠭᠬᠦ ᠲᠣᠭᠲᠠᠭᠠᠯ ᠭᠠᠷᠭᠠᠭᠰᠠᠨ ᠲᠤᠰ ᠵᠢᠯ ᠳᠤ | ᠣᠨ ᠤ ᠬᠢᠨᠠᠨ ᠰᠢᠯᠭᠠᠯᠲᠠ ᠳᠤ ᠰᠢᠯᠢᠳᠡᠭ ᠲᠡᠰ ᠢᠶᠠᠷ ᠲᠣᠭᠲᠠᠭᠠᠵᠤ ᠪᠣᠯᠬᠤ ᠦᠭᠡᠢ᠂ ᠰᠢᠳᠬᠡᠯ ᠣᠯᠤᠭᠰᠠᠨ | ᠬᠤᠭᠤᠴᠠᠭᠠᠨ ᠳᠤ᠂ ᠣᠲᠣ ᠶᠢᠨ ᠤᠷᠢᠵᠤ ᠬᠡᠷᠡᠭᠯᠡᠭᠰᠡᠨ ᠠᠵᠢᠯ ᠤᠨ ᠪᠠᠶᠢᠷᠢ ᠶᠢᠨ ᠵᠡᠷᠭᠡ ᠳᠡᠰ ᠠᠴᠠ ᠥᠨᠳᠥᠷ | ᠠᠵᠢᠯ ᠤᠨ ᠪᠠᠶᠢᠷᠢ ᠳᠤ ᠤᠷᠢᠵᠤ ᠬᠡᠷᠡᠭᠯᠡᠵᠦ ᠪᠣᠯᠬᠤ ᠥᠬᠡᠶ᠃ | ᠣᠰᠣᠯ ᠲᠡᠮᠳᠡᠭᠯᠡᠬᠦ ᠰᠢᠳᠬᠡᠯ ᠥᠭᠭᠦᠭᠰᠡᠨ ᠪᠣᠯ ᠰᠢᠳᠬᠡᠬᠦ ᠲᠣᠭᠲᠠᠭᠠᠯ ᠭᠠᠷᠭᠠᠭᠰᠠᠨ ᠲᠤᠰ ᠵᠢᠯ ᠳᠤᠨᠢ | ᠱᠠᠩᠨᠠᠯ ᠤᠨ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ ᠣᠯᠭᠤᠵᠤ ᠪᠣᠯᠬᠤ ᠦᠭᠡᠶ︔ ᠰᠢᠳᠬᠡᠯ ᠣᠯᠤᠭᠰᠠᠨ | ᠬᠤᠭᠤᠴᠠᠭᠠᠨ ᠳᠤ ᠰᠢᠳᠬᠡᠯ ᠣᠯᠤᠭᠰᠠᠨ ᠤ ᠲᠠᠷᠠᠭ᠎ᠠ ᠤᠷᠢᠭᠳᠠᠭᠰᠠᠨ ᠠᠵᠢᠯ ᠤᠨ ᠪᠠᠶᠢᠷᠢ ᠶᠢᠨ ᠵᠡᠷᠭᠡ ᠳᠡᠰ ᠠᠴᠠ | ᠥᠨᠳᠥᠷ ᠠᠵᠢᠯ ᠤᠨ ᠪᠠᠶᠢᠷᠢ ᠳᠤ ᠤᠷᠢᠨ ᠬᠡᠷᠡᠭᠯᠡᠵᠦ ᠪᠣᠯᠬᠤ ᠦᠭᠡᠢ᠂ ᠣᠨ ᠤ ᠬᠢᠨᠠᠨ ᠰᠢᠯᠭᠠᠯᠲᠠ ᠳᠤ ᠬᠢᠷᠢ | ᠲᠡᠩᠴᠡᠭᠰᠡᠨ ᠠᠴᠠ ᠳᠡᠭᠡᠭᠰᠢ ᠵᠡᠷᠭᠡ ᠳᠡᠰ ᠢᠶᠠᠷ ᠲᠣᠭᠲᠠᠭᠠᠵᠤ ᠪᠣᠯᠬᠤ ᠦᠭᠡᠢ᠂ ᠲᠤᠰᠬᠠᠢ ᠮᠡᠷᠭᠡᠵᠢᠯ ᠤᠨ ᠲᠤᠰᠢᠶᠠᠯ | ᠡᠭᠦᠷᠭᠡᠯᠡᠬᠦ ᠬᠢᠷᠢ ᠬᠡᠮ ᠤᠨ ᠬᠢᠨᠠᠨ ᠲᠣᠭᠲᠠᠭᠠᠯᠲᠠ ᠳᠤ ᠣᠷᠣᠯᠴᠠᠵᠤ ᠪᠣᠯᠬᠤ ᠦᠭᠡᠢ᠃ | ᠠᠵᠢᠯ ᠤᠨ ᠪᠠᠶᠢᠷᠢ ᠶᠢᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ | ᠰᠢᠳᠬᠡᠯ ᠥᠭᠭᠦᠭᠰᠡᠨ ᠪᠣᠯ᠂ ᠰᠢᠳᠬᠡᠬᠦ ᠲᠣᠭᠲᠠᠭᠠᠯ ᠭᠠᠷᠭᠠᠭᠰᠠᠨ ᠲᠣᠰ ᠵᠢᠯ ᠳᠤ ᠱᠠᠩᠨᠠᠯ ᠤᠨ ᠴᠢᠨᠠᠷᠲᠠᠶ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠣᠯᠭᠤᠵᠤ ᠪᠣᠯᠬᠤ ᠥᠬᠡᠶ᠂ ᠰᠢᠳᠬᠡᠯ ᠣᠯᠤᠭᠰᠠᠨ ᠬᠤᠭᠤᠴᠠᠭᠠᠨ ᠳᠤ | ᠴᠠᠯᠢᠩ ᠤᠨ ᠲᠠᠰ ᠢ ᠬᠡᠪ ᠤᠨ ᠶᠣᠰᠣᠭᠠᠷ ᠳᠡᠪᠰᠢᠭᠦᠯᠵᠦ ᠪᠣᠯᠬᠤ ᠥᠬᠡᠶ᠂ ᠰᠢᠳᠬᠡᠯ ᠣᠯᠤᠭᠰᠠᠨ ᠤ ᠳᠠᠷᠠᠭ᠎ᠠ | ᠤᠷᠢᠭᠳᠠᠭᠰᠠᠨ ᠠᠵᠢᠯ ᠤᠨ ᠪᠠᠶᠢᠷᠢ ᠶᠢᠨ ᠵᠡᠷᠭᠡ ᠳᠡᠰ ᠠᠴᠠ ᠥᠨᠳᠥᠷ ᠠᠵᠢᠯ ᠤᠨ ᠪᠠᠶᠢᠷᠢ ᠳᠤ ᠤᠷᠢᠵᠤ ᠬᠡᠷᠡᠭᠯᠡᠵᠦ | ᠪᠣᠯᠬᠤ ᠥᠬᠡᠶ᠂ ᠣᠨ ᠤ ᠬᠢᠨᠠᠨ ᠰᠢᠯᠭᠠᠯᠲᠠ ᠳᠤ ᠦᠨᠳᠦᠰᠦᠨ ᠳᠡᠭᠡᠨ ᠬᠢᠷᠢ ᠲᠡᠩᠴᠡᠭᠰᠡᠨ ᠠᠴᠠ ᠳᠡᠭᠡᠭᠰᠢ ᠲᠠᠰ ᠢᠶᠠᠷ | ᠲᠣᠭᠲᠠᠭᠠᠵᠤ ᠪᠣᠯᠬᠤ ᠥᠬᠡᠶ᠂ ᠲᠤᠰᠬᠠᠶ ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠬᠡᠮ ᠤᠨ ᠬᠢᠨᠠᠨ | ᠰᠢᠯᠭᠠᠷᠠᠭᠤᠯᠤᠯᠲᠠ ᠳᠤ ᠣᠷᠣᠯᠴᠠᠵᠤ ᠪᠣᠯᠬᠤ ᠥᠬᠡᠶ᠂ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠵᠤ ᠪᠣᠯᠬᠤ ᠥᠬᠡᠶ | ᠂ ᠠᠳᠠᠯᠢ ᠱᠠᠲᠤᠨ ᠤ ᠵᠠᠰᠠᠭ ᠵᠠᠬᠢᠷᠭᠠᠨ ᠤ ᠲᠤᠰᠢᠶᠠᠯ ᠳᠤ ᠳᠡᠪᠰᠢᠭᠦᠯᠦᠨ ᠬᠡᠷᠡᠭᠯᠡᠵᠦ ᠪᠣᠯᠬᠤ ᠥᠬᠡᠶ᠂ ᠵᠢᠷᠤᠮ | ᠶᠣᠰᠣᠭᠠᠷ ᠰᠠᠶᠢᠰᠢᠶᠠᠨ ᠬᠥᠬᠢᠭᠦᠯᠬᠦ ᠰᠠᠯᠠᠭ᠎ᠠ ᠮᠥᠴᠢᠷ ᠲᠤ ᠳᠡᠪᠰᠢᠭᠦᠯᠦᠨ ᠮᠡᠳᠡᠭᠦᠯᠵᠦ ᠨᠢᠭᠡᠨᠲᠡ ᠣᠯᠤᠭᠰᠠᠨ ᠢᠷᠠᠭᠤ | ᠠᠯᠳᠠᠷ ᠤᠨ ᠴᠣᠯᠠ ᠶᠢ ᠨᠢ ᠬᠦᠴᠦᠨ ᠥᠬᠡᠶ ᠪᠣᠯᠭᠠᠨ᠎ᠠ︔ ᠲᠣᠭᠲᠠᠭᠠᠯ ᠠᠴᠠ ᠵᠥᠷᠢᠴᠡᠭᠰᠡᠨ ᠦᠢᠯᠡ ᠪᠠᠶᠢᠳᠠᠯ ᠢ ᠨᠢ | ᠦᠵᠡᠵᠦ᠂ ᠤᠤᠯ ᠤᠨ ᠠᠵᠢᠯ ᠤᠨ ᠪᠠᠶᠢᠷᠢ ᠪᠤᠶᠤ ᠠᠵᠢᠯᠯᠠᠬᠤ ᠨᠢᠭᠡᠴᠡ ᠠᠴᠠ ᠨᠢ ᠰᠢᠯᠵᠢᠭᠦᠯᠦᠨ᠎ᠡ᠃ | ︵ᠭᠤᠷᠪᠠ︶ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ | ᠦᠢᠯᠡ ᠪᠠᠶᠢᠳᠠᠯ ᠨᠢ ᠬᠦᠨᠳᠦ ᠨᠣᠴᠢᠲᠠᠶ᠂ ᠨᠥᠯᠥᠭᠡ ᠪᠠᠷ ᠮᠠᠭᠤ ᠪᠠᠶᠢᠪᠠᠯ᠂ ︽ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ | 652 ᠳ᠋ᠤᠭᠠᠷ ᠲᠣᠭᠠᠲᠤ︶᠂ ︽ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠳᠤ ᠰᠢᠳᠬᠡᠯ ᠥᠭᠬᠦ ᠲᠦᠷ | ᠬᠡᠷᠡᠭᠵᠢᠭᠦᠯᠬᠦ ᠲᠣᠭᠲᠠᠭᠠᠯ︾ ︵ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ | ᠬᠢᠨᠠᠨ ᠪᠠᠶᠢᠴᠠᠭᠠᠬᠤ ᠲᠠᠰᠤᠭ ᠤᠨ 2012 ᠣᠨ ᠤ 18 ᠳ᠋ᠤᠭᠠᠷ ᠲᠣᠭᠠᠲᠤ ᠵᠠᠷᠯᠢᠭ︶ ᠶᠣᠰᠣᠭᠠᠷ᠂ ᠣᠷᠣᠨ | ᠲᠤᠭ᠎ᠠ ᠳᠤ ᠪᠠᠶᠢᠭ᠎ᠠ ᠪᠠᠭᠰᠢ ᠪᠣᠯ ᠠᠵᠢᠯ ᠠᠴᠠ ᠨᠢ ᠬᠥᠭᠡᠭᠡᠬᠦ ᠰᠢᠳᠬᠡᠯ ᠣᠯᠭᠤᠵᠤ᠂ ᠣᠷᠣᠨ ᠲᠤᠭ᠎ᠠ ᠳᠤ ᠦᠭᠡᠶ | ᠪᠠᠭᠰᠢ ᠪᠣᠯ ᠤᠷᠢᠵᠤ ᠬᠡᠷᠡᠭᠯᠡᠬᠦ ᠭᠡᠷ᠎ᠡ ᠶᠢ ᠬᠦᠴᠦᠨ ᠦᠭᠡᠶ ᠪᠣᠯᠭᠠᠨ᠎ᠠ᠃ | ︵ᠳᠥᠷᠪᠡ︶ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ | ᠬᠠᠤᠯᠢ ᠴᠠᠭᠠᠵᠠ ᠳᠤ ᠬᠠᠯᠳᠠᠭᠰᠠᠨ ᠪᠠᠶᠢᠪᠠᠯ᠂ ᠴᠠᠭ ᠲᠤᠬᠠᠶ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠰᠢᠢᠳᠪᠦᠷᠢᠯᠡᠨ᠎ᠡ᠃ | ︵ᠲᠠᠪᠤ︶ ᠪᠠᠭᠰᠢ ᠰᠢᠳᠬᠡᠯ ᠣᠯᠤᠭᠰᠠᠨ᠂ ︽ᠪᠠᠭᠰᠢ ᠶᠢᠨ ᠬᠢᠷᠢ ᠬᠡᠮ ᠤᠨ ᠳᠦᠷᠢᠮ︾ ᠤᠨ ᠠᠷᠪᠠ | ᠶᠢᠰᠦᠳᠦᠭᠡᠷ ᠵᠦᠢᠯ ᠤᠨ ᠲᠣᠭᠲᠠᠭᠠᠯ ᠳᠤ ᠨᠡᠶᠢᠴᠡᠪᠡᠯ᠂ ᠪᠠᠭᠰᠢ ᠶᠢᠨ ᠬᠢᠷᠢ ᠬᠡᠮ ᠢ ᠨᠢ ᠬᠠᠰᠤᠵᠤ᠂ ᠬᠠᠰᠤᠭᠰᠠᠨ | ᠡᠳᠦᠷ ᠠᠴᠠ ᠡᠬᠢᠯᠡᠨ 5 ᠵᠢᠯ ᠤᠨ ᠳᠣᠲᠣᠷ᠎ᠠ ᠪᠠᠭᠰᠢ ᠶᠢᠨ ᠬᠢᠷᠢ ᠬᠡᠮ ᠢ ᠦᠨᠡᠯᠡᠨ ᠲᠣᠭᠲᠠᠭᠠᠬᠤ ᠪᠠᠷ ᠳᠠᠬᠢᠨ | ᠭᠤᠶᠤᠴᠢᠯᠠᠵᠤ ᠪᠣᠯᠬᠤ ᠦᠭᠡᠶ᠂ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠨᠢ ᠬᠠᠤᠯᠢ ᠴᠠᠭᠠᠵᠠ ᠳᠤ ᠬᠠᠯᠳᠠᠵᠤ᠂ ᠬᠤᠭᠤᠴᠠᠭ᠎ᠠ ᠲᠠᠢ ᠬᠤᠷᠢᠬᠤ ᠠᠴᠠ ᠳᠡᠭᠡᠭᠰᠢ ᠡᠷᠡᠭᠦᠦ ᠶᠢᠨ | ᠰᠢᠳᠬᠡᠯ ᠣᠯᠤᠭᠰᠠᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠭᠰᠢ ᠶᠢᠨ ᠬᠠᠤᠯᠢ︾ | ᠶᠢᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠪᠠᠭᠰᠢ ᠶᠢᠨ ᠬᠢᠷᠢ ᠬᠡᠮ ᠢᠶᠠᠨ ᠠᠯᠳᠠᠵᠤ᠂ | ᠪᠠᠭᠰᠢ ᠶᠢᠨ ᠬᠢᠷᠢ ᠬᠡᠮ ᠢ ᠳᠠᠭᠢᠵᠤ ᠣᠯᠵᠤ ᠪᠣᠯᠬᠤ ᠥᠬᠡᠶ᠃ | ︵ᠵᠢᠷᠭᠤᠭ᠎ᠠ︶ ᠳᠣᠩᠭᠤᠳᠬᠤ ᠪᠠ ᠲᠡᠭᠦᠨ ᠠᠴᠠ ᠳᠡᠭᠡᠭᠰᠢ ᠰᠢᠳᠬᠡᠯ ᠥᠭᠭᠦᠭᠰᠡᠨ ᠪᠠᠭᠰᠢ ᠨᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ ᠪᠠᠶᠢᠪᠠᠯ᠂ ᠬᠠᠮᠲᠤ ᠳᠤᠨᠢ ᠨᠠᠮ ᠤᠨ ᠰᠠᠬᠢᠯᠭ᠎ᠠ ᠪᠠᠲᠤ ᠶᠢᠨ ᠰᠢᠳᠬᠡᠯ | ᠥᠭᠭᠦᠨ᠎ᠡ᠃ | ︵ᠳᠣᠯᠤᠭ᠎ᠠ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠬᠦᠨᠳᠦ ᠪᠠᠷ ᠰᠢᠢᠳᠬᠡᠨ᠎ᠡ᠄ 1. ᠣᠪᠣᠷ ᠨᠢ | ᠮᠠᠭᠤ᠂ ᠪᠠᠶᠢᠴᠠᠭᠠᠯᠲᠠ ᠳᠤ ᠬᠠᠮᠵᠢᠯᠴᠠᠬᠤ ᠶᠢ ᠲᠡᠪᠴᠢᠭᠰᠡᠨ᠃ 2. ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ | ᠨᠢᠭᠤᠨ ᠳᠠᠯᠳᠠᠯᠠᠭᠰᠠᠨ᠂ ᠬᠠᠭᠤᠷᠮᠠᠭᠯᠠᠨ ᠵᠣᠬᠢᠶᠠᠭᠰᠠᠨ᠂ ᠤᠰᠠᠳᠬᠠᠭᠰᠠᠨ᠃ 3. ᠢᠯᠡᠴᠢᠯᠡᠭᠴᠢ ᠪᠠ ᠬᠡᠷᠡᠭ | ᠰᠢᠳᠬᠡᠭᠴᠢ ᠳᠤ ᠴᠣᠬᠢᠯᠲᠠ ᠥᠭᠴᠦ ᠬᠠᠷᠢᠭᠤ ᠠᠪᠤᠭᠰᠠᠨ᠃ 4. ᠲᠤᠰ ᠠᠷᠭ᠎ᠠ ᠶᠢᠨ ᠬᠤᠶᠠᠳᠤᠭᠠᠷ ᠵᠦᠢᠯ ᠳᠠᠬᠢ | ᠲᠣᠭᠲᠠᠭᠠᠯ ᠠᠴᠠ ᠵᠥᠷᠢᠴᠡᠭᠰᠡᠨ ᠬᠤᠶᠠᠷ ᠵᠦᠢᠯ ᠠᠴᠠ ᠳᠡᠭᠡᠭᠰᠢ ᠦᠢᠯᠡ ᠠᠵᠢᠯᠯᠠᠭ᠎ᠠ ᠶᠢ ᠬᠠᠮᠲᠤ ᠳᠤᠨᠢ ᠬᠢᠭᠰᠡᠨ᠃ | 5. ᠰᠢᠨᠵᠢ ᠴᠢᠨᠠᠷ ᠨᠢ ᠲᠦᠢᠯ ᠤᠨ ᠬᠦᠨᠳᠦ ᠨᠣᠴᠢᠲᠠᠢ ᠪᠥᠭᠡᠳ ᠮᠠᠭᠤ ᠨᠥᠯᠥᠭᠡ ᠭᠠᠷᠭᠠᠭᠰᠠᠨ᠃ | ︵ᠨᠠᠢᠮᠠ︶ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠥᠩᠭᠡᠨ ᠢᠶᠠᠷ ᠰᠢᠢᠳᠬᠡᠨ᠎ᠡ᠄ | 1. ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢᠶᠠᠨ ᠰᠠᠨᠠᠭᠠᠴᠢᠯᠠᠭ᠎ᠠ ᠠᠴᠠ ᠪᠠᠨ ᠲᠤᠰᠢᠶᠠᠵᠤ᠂ ᠬᠠᠤᠯᠢ | ᠲᠣᠭᠲᠠᠭᠠᠯ ᠶᠣᠰᠣᠭᠠᠷ ᠪᠠᠶᠢᠴᠠᠭᠠᠯᠲᠠ ᠬᠢᠬᠦ ᠳᠤ ᠢᠳᠡᠪᠬᠢᠲᠡᠶ ᠬᠠᠮᠵᠢᠯᠴᠠᠭᠰᠠᠨ᠃ | 2. ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ᠂ ᠨᠡᠶᠢᠭᠡᠮ ᠤᠨ ᠨᠥᠯᠥᠭᠡ ᠠᠴᠠ | ᠪᠦᠲᠦᠮᠵᠢᠲᠡᠢ ᠪᠠᠷ ᠵᠠᠶᠢᠯᠠᠰᠬᠢᠭᠰᠡᠨ ᠪᠤᠶᠤ ᠲᠡᠭᠦᠨ ᠢ ᠬᠥᠩᠭᠡᠷᠡᠭᠦᠯᠦᠭᠰᠡᠨ᠃ | ᠵᠢᠷᠭᠤᠳᠤᠭᠠᠷ ᠵᠦᠢᠯ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠰᠢᠢᠳᠪᠦᠷᠢᠯᠡᠬᠦ ᠡᠷᠬᠡ ᠮᠡᠳᠡᠯ ᠪᠠ ᠳᠡᠰ ᠳᠠᠷᠠᠭᠠᠯᠠᠯ ᠤᠨ ᠲᠣᠭᠲᠠᠴᠠ ᠶᠢ ᠪᠦᠷᠢᠨᠰᠢᠭᠦᠯᠦᠨ | ᠵᠢᠷᠤᠮᠵᠢᠭᠤᠯᠤᠨ᠎ᠠ᠃ | ︵ᠨᠢᠭᠡ︶ ᠡᠩ ᠤᠨ ᠪᠠᠭᠰᠢ᠂ ᠰᠤᠷᠭᠠᠭᠤᠯᠢ ᠶᠢᠨ ᠳᠤᠮᠳᠠ ᠳᠠᠪᠬᠤᠷᠭ᠎ᠠ ᠶᠢᠨ ᠺᠠᠳ᠋ᠷ ᠢ ᠰᠢᠭᠦᠮᠵᠢᠯᠡᠨ | ᠬᠥᠮᠦᠵᠢᠭᠦᠯᠬᠦ᠂ ᠰᠡᠷᠡᠮᠵᠢᠯᠡᠭᠦᠯᠦᠨ ᠢᠳᠬᠠᠬᠤ ᠶᠠᠷᠢᠯᠴᠠᠭ᠎ᠠ ᠬᠢᠬᠦ᠂ ᠵᠠᠷᠯᠢᠭᠳᠠᠨ ᠪᠠᠶᠢᠴᠠᠭᠠᠬᠤ᠂ ᠵᠠᠷᠯᠠᠨ | ᠰᠢᠭᠦᠮᠵᠢᠯᠡᠬᠦ ᠶᠢ ᠪᠠᠭᠰᠢ ᠶᠢᠨ ᠪᠠᠶᠢᠭ᠎ᠠ ᠰᠤᠷᠭᠠᠭᠤᠯᠢ ᠶᠢᠨ ᠪᠠᠭ ᠠᠴᠠ ᠬᠡᠷᠡᠭᠵᠢᠭᠦᠯᠦᠨ᠎ᠡ᠂ ᠰᠤᠷᠭᠠᠭᠤᠯᠢ ᠶᠢᠨ | ᠱᠠᠲᠤᠨ ᠤ ᠤᠳᠤᠷᠢᠳᠬᠤ ᠺᠠᠳ᠋ᠷ ᠢ ᠰᠢᠭᠦᠮᠵᠢᠯᠡᠨ ᠰᠤᠷᠭᠠᠬᠤ᠂ ᠰᠡᠷᠡᠮᠵᠢᠯᠡᠭᠦᠯᠦᠨ ᠴᠡᠭᠡᠷᠯᠡᠭᠦᠯᠵᠦ ᠶᠠᠷᠢᠯᠴᠠᠬᠤ᠂ | ᠵᠠᠷᠯᠢᠭᠳᠠᠨ ᠪᠠᠶᠢᠴᠠᠭᠠᠬᠤ᠂ ᠵᠠᠷᠯᠠᠨ ᠰᠢᠭᠦᠮᠵᠢᠯᠡᠬᠦ ᠶᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠤᠨ ᠪᠠᠭ ᠠᠴᠠ ᠬᠡᠷᠡᠭᠵᠢᠭᠦᠯᠦᠨ᠎ᠡ᠃ | ︵ᠬᠤᠶᠠᠷ︶ ᠰᠡᠷᠡᠮᠵᠢᠯᠡᠭᠦᠯᠬᠦ ᠪᠠ ᠣᠰᠣᠯ ᠲᠡᠮᠳᠡᠭᠯᠡᠬᠦ ᠰᠢᠳᠬᠡᠯ᠂ ᠠᠯᠪᠠᠨ ᠠᠴᠠ ᠡᠷᠭᠢᠯᠡᠭᠰᠡᠨ | ᠰᠤᠷᠭᠠᠭᠤᠯᠢ ᠶᠢᠨ ᠪᠠᠭᠰᠢ ᠪᠣᠯ ᠪᠠᠶᠢᠭ᠎ᠠ ᠰᠤᠷᠭᠠᠭᠤᠯᠢ ᠠᠴᠠ ᠨᠢ ᠰᠠᠨᠠᠭᠤᠯᠭ᠎ᠠ ᠳᠤᠷᠠᠳᠴᠤ᠂ ᠰᠤᠷᠭᠠᠨ ᠬᠥᠮᠦᠵᠢᠯ ᠤᠨ | ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠰᠢᠢᠳᠪᠦᠷᠢᠯᠡᠬᠦ ᠲᠣᠭᠲᠠᠭᠠᠯ | ᠭᠠᠷᠭᠠᠵᠤ᠂ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ | ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠶᠢ ᠪᠠᠶᠢᠭ᠎ᠠ ᠰᠤᠷᠭᠠᠭᠤᠯᠢ ᠠᠴᠠ ᠨᠢ ᠲᠣᠭᠲᠠᠭᠠᠵᠤ᠂ ᠰᠤᠷᠭᠠᠨ | ᠬᠥᠮᠦᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ | ︵ᠭᠤᠷᠪᠠ︶ ᠠᠵᠢᠯ ᠤᠨ ᠪᠠᠶᠢᠷᠢ ᠶᠢᠨ ᠵᠡᠷᠭᠡ ᠳᠡᠰ ᠢ ᠪᠠᠭᠤᠷᠠᠭᠤᠯᠬᠤ ᠪᠤᠶᠤ ᠲᠤᠰᠢᠶᠠᠯ ᠠᠴᠠ ᠨᠢ | ᠤᠭᠴᠠᠷᠠᠭᠤᠯᠬᠤ ᠰᠢᠳᠬᠡᠯ ᠣᠯᠭᠤᠵᠤ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠪᠠᠭᠰᠢ ᠨᠢ ᠪᠠᠶᠢᠭ᠎ᠠ | ᠰᠤᠷᠭᠠᠭᠤᠯᠢ ᠠᠴᠠ ᠨᠢ ᠰᠠᠨᠠᠭᠤᠯᠭ᠎ᠠ ᠳᠤᠷᠠᠳᠴᠤ᠂ ᠰᠤᠷᠭᠠᠨ ᠬᠥᠮᠦᠵᠢᠯ ᠤᠨ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠰᠢᠢᠳᠪᠦᠷᠢᠯᠡᠬᠦ ᠲᠣᠭᠲᠠᠭᠠᠯ ᠭᠠᠷᠭᠠᠵᠤ᠂ ᠠᠳᠠᠯᠢ ᠱᠠᠲᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠬᠤᠲᠠ ᠶᠢᠨ | ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠪᠠᠭᠰᠢ ᠶᠢ ᠪᠠᠶᠢᠭ᠎ᠠ ᠰᠤᠷᠭᠠᠭᠤᠯᠢ ᠠᠴᠠ ᠨᠢ ᠲᠣᠭᠲᠠᠭᠠᠵᠤ᠂ ᠰᠤᠷᠭᠠᠨ ᠬᠥᠮᠦᠵᠢᠯ ᠤᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ | ︵ᠳᠥᠷᠪᠡ︶ ᠰᠤᠷᠭᠠᠭᠤᠯᠢ ᠠᠴᠠ ᠬᠥᠭᠡᠭᠡᠬᠦ ᠰᠢᠳᠬᠡᠯ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ | ᠪᠠᠭᠰᠢ ᠶᠢ ᠪᠠᠶᠢᠭ᠎ᠠ ᠰᠤᠷᠭᠠᠭᠤᠯᠢ ᠠᠴᠠ ᠨᠢ ᠰᠠᠨᠠᠭᠤᠯᠭ᠎ᠠ ᠳᠤᠷᠠᠳᠴᠤ᠂ ᠰᠤᠷᠭᠠᠨ ᠬᠥᠮᠦᠵᠢᠯ ᠤᠨ ᠡᠷᠭᠢᠯᠡᠨ | ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠰᠢᠢᠳᠪᠦᠷᠢᠯᠡᠬᠦ ᠲᠣᠭᠲᠠᠭᠠᠯ ᠭᠠᠷᠭᠠᠵᠤ᠂ | ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ | ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠂ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠪᠠᠭᠰᠢ ᠪᠤᠶᠤ ᠠᠵᠢᠯᠲᠠᠨ ᠤ ᠣᠷᠣᠨ ᠲᠣᠭᠠᠨ ᠤ ᠬᠠᠮᠢᠶᠠᠷᠤᠯᠲᠠ ᠳᠤ | ᠣᠷᠣᠭᠤᠯᠤᠭᠠᠳᠤᠶ ᠪᠠᠭᠰᠢ ᠶᠢ ᠪᠠᠶᠢᠭ᠎ᠠ ᠰᠤᠷᠭᠠᠭᠤᠯᠢ ᠠᠴᠠ ᠨᠢ ᠲᠣᠭᠲᠠᠭᠠᠯ ᠭᠠᠷᠭᠠᠬᠤ ᠶᠢᠨ ᠬᠠᠮᠲᠤ ᠤᠷᠢᠨ | ᠲᠣᠮᠢᠯᠠᠬᠤ ᠭᠡᠷ᠎ᠡ ᠪᠠᠨ ᠬᠦᠴᠦᠨ ᠦᠭᠡᠶ ᠪᠣᠯᠭᠠᠵᠤ᠂ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ | ︵ᠲᠠᠪᠤ︶ ᠪᠠᠭᠰᠢ ᠶᠢᠨ ᠬᠢᠷᠢ ᠬᠡᠮ ᠢ ᠬᠠᠰᠤᠬᠤ ᠴᠢᠬᠤᠯᠠᠲᠠᠶ ᠪᠠᠶᠢᠪᠠᠯ᠂ ︽ᠪᠠᠭᠰᠢ ᠶᠢᠨ ᠬᠢᠷᠢ ᠬᠡᠮ ᠤᠨ | ᠲᠦᠷᠢᠮ︾ ᠤᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠢᠶᠠᠨ ᠤ ᠱᠠᠲᠤᠨ ᠠᠴᠠ | ᠳᠡᠭᠡᠭᠰᠢᠬᠢ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ | ᠬᠡᠷᠡᠭᠵᠢᠭᠦᠯᠦᠨ᠎ᠡ᠃ | ︵ᠵᠢᠷᠭᠤᠭ᠎ᠠ︶ ᠰᠢᠢᠳᠪᠦᠷᠢᠯᠡᠬᠦ ᠲᠣᠭᠲᠠᠭᠠᠯ ᠢᠶᠠᠨ ᠪᠠᠭᠰᠢ ᠲᠤᠰ ᠬᠥᠮᠦᠨ ᠳᠤᠨᠢ ᠪᠢᠴᠢᠭ ᠢᠶᠠᠷ | ᠮᠡᠳᠡᠭᠳᠡᠬᠦ ᠶᠢᠨ ᠬᠠᠮᠲᠤ ᠦᠨᠡᠮᠰᠢᠭᠰᠡᠨ ᠪᠣᠳᠠᠲᠤ ᠶᠠᠪᠤᠳᠠᠯ᠂ ᠰᠢᠯᠲᠠᠭᠠᠨ᠂ ᠦᠨᠳᠦᠰᠦᠯᠡᠯ᠂ ᠬᠤᠭᠤᠴᠠᠭ᠎ᠠ ᠬᠢᠵᠠᠭᠠᠷ | ᠬᠢᠭᠡᠳ ᠭᠤᠮᠣᠳᠠᠯ ᠲᠣᠭᠠᠴᠢᠬᠤ ᠠᠷᠭ᠎ᠠ ᠵᠠᠮ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃ | ︵ᠳᠣᠯᠤᠭ᠎ᠠ︶ ᠪᠠᠭᠰᠢ ᠰᠢᠢᠳᠪᠦᠷᠢᠯᠡᠬᠦ ᠲᠣᠭᠲᠠᠭᠠᠯ ᠢ ᠵᠥᠪᠰᠢᠶᠡᠷᠡᠬᠦ ᠦᠭᠡᠶ ᠪᠣᠯ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠬᠢᠨ | ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠃ ᠳᠠᠬᠢᠨ ᠬᠢᠨᠠᠭᠰᠠᠨ ᠦᠷ᠎ᠡ ᠳ᠋ᠦᠩ ᠢ ᠵᠥᠪᠰᠢᠶᠡᠷᠡᠬᠦ ᠦᠭᠡᠶ ᠪᠣᠯ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠡᠭᠡᠷ᠎ᠡ ᠨᠢᠭᠡ | ᠱᠠᠲᠤᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠮᠣᠳᠠᠯ ᠲᠣᠭᠠᠴᠢᠵᠤ ᠪᠣᠯᠤᠨ᠎ᠠ᠃ | ︵ᠨᠠᠢᠮᠠ︶ ᠪᠠᠭᠰᠢ ᠨᠠᠷ ᠢ ᠰᠢᠢᠳᠪᠦᠷᠢᠯᠡᠭᠰᠡᠨ ᠤ ᠳᠠᠷᠠᠭ᠎ᠠ᠂ ᠭᠡᠮᠰᠢᠨ ᠵᠠᠰᠠᠷᠠᠭᠰᠠᠨ ᠢᠯᠡᠷᠡᠯ ᠢ ᠨᠢ | ᠦᠨᠳᠦᠰᠦᠯᠡᠨ ᠬᠤᠭᠤᠴᠠᠭ᠎ᠠ ᠶᠢ ᠨᠢ ᠤᠷᠲᠤᠳᠬᠠᠬᠤ ᠪᠤᠶᠤ ᠬᠦᠴᠦᠨ ᠦᠭᠡᠶ ᠪᠣᠯᠭᠠᠵᠤ᠂ ᠰᠢᠳᠬᠡᠬᠦ ᠲᠣᠭᠲᠠᠭᠠᠯ | ᠪᠣᠯᠤᠨ ᠰᠢᠳᠬᠡᠬᠦ ᠶᠢ ᠬᠦᠴᠦᠨ ᠦᠭᠡᠶ ᠪᠣᠯᠭᠠᠭᠰᠠᠨ ᠲᠣᠭᠲᠠᠭᠠᠯ ᠢ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠳᠤ | ᠪᠦᠷᠢᠨ ᠭᠦᠢᠴᠡᠳ ᠬᠠᠳᠠᠭᠠᠯᠠᠬᠤ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢ ᠪᠠᠭᠰᠢ ᠶᠢᠨ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠰᠢᠰᠲ᠋ᠧᠮ ᠳᠤ ᠣᠷᠣᠭᠤᠯᠬᠤ ᠬᠡᠷᠡᠭᠲᠡᠶ᠃ | ᠳᠣᠯᠣᠳᠤᠭᠠᠷ ᠵᠦᠢᠯ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠰᠤᠷᠭᠠᠭᠤᠯᠢ ᠪᠣᠯ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢᠨ ᠰᠢᠭᠤᠳ ᠬᠠᠷᠢᠭᠤᠴᠠᠯᠭ᠎ᠠ ᠶᠢᠨ ᠪᠡᠶᠡᠴᠢ ᠴᠣᠭᠴᠠ ᠮᠥᠨ᠂ ᠬᠠᠷᠢᠭᠤᠴᠠᠯᠭ᠎ᠠ | ᠠᠯᠳᠠᠪᠠᠯ ᠵᠠᠪᠠᠯ ᠨᠡᠬᠡᠮᠵᠢᠯᠡᠬᠦ᠂ ᠬᠠᠷᠢᠭᠤᠴᠠᠯᠭ᠎ᠠ ᠨᠡᠬᠡᠮᠵᠢᠯᠡᠪᠡᠯ ᠵᠠᠪᠠᠯ ᠴᠢᠩᠭ᠎ᠠ ᠪᠠᠶᠢᠬᠤ ᠶᠢ ᠪᠠᠷᠢᠮᠲᠠᠯᠠᠨ᠎ᠠ᠃ | ᠰᠤᠷᠭᠠᠭᠤᠯᠢ ᠶᠢᠨ ᠠᠵᠢᠯ ᠳᠤ ᠪᠠᠶᠢᠭ᠎ᠠ ᠪᠠᠭᠰᠢ ᠨᠠᠷ ᠲᠣᠰ ᠠᠷᠭ᠎ᠠ ᠶᠢᠨ ᠬᠤᠶᠠᠳᠤᠭᠠᠷ ᠵᠦᠢᠯ ᠤᠨ ᠲᠣᠭᠲᠠᠭᠠᠯ ᠠᠴᠠ | ᠵᠥᠷᠢᠴᠡᠭᠰᠡᠨ ᠪᠠᠶᠢᠪᠠᠯ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠪᠣᠳᠠᠲᠤ ᠪᠠᠶᠢᠳᠠᠯ ᠢ ᠨᠢ ᠦᠵᠡᠵᠦ᠂ ᠰᠤᠷᠭᠠᠭᠤᠯᠢ ᠶᠢ ᠨᠡᠪᠲᠡᠷᠡᠭᠦᠯᠦᠨ ᠰᠢᠭᠦᠮᠵᠢᠯᠡᠬᠦ᠂ ᠰᠤᠷᠭᠠᠭᠤᠯᠢ | ᠵᠢᠴᠢ ᠤᠳᠤᠷᠢᠳᠬᠤ ᠪᠠᠭ ᠤᠨ ᠪᠦᠷᠢᠯᠳᠦᠬᠦᠨ ᠤ ᠲᠣᠰ ᠵᠢᠯ ᠤᠨ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ ᠬᠢᠷᠢ | ᠬᠡᠮ ᠢ ᠨᠢ ᠬᠦᠴᠦᠨ ᠥᠬᠡᠶ ᠪᠣᠯᠭᠠᠨ᠎ᠠ᠃ ᠡᠭᠦᠨ ᠤ ᠬᠠᠮᠲᠤ᠂ ᠰᠤᠷᠭᠠᠭᠤᠯᠢ ᠶᠢᠨ ᠭᠤᠣᠯ ᠤᠳᠤᠷᠢᠳᠤᠯᠭ᠎ᠠ ᠪᠣᠯᠤᠨ | ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠲᠤᠰ ᠨᠢᠭᠡ ᠵᠢᠯ ᠳᠤ᠂ | ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠴᠠᠭᠠᠨ ᠰᠢᠢᠳᠪᠦᠷᠢᠯᠡᠭᠰᠡᠨ | ᠲᠤᠬᠠᠶᠢᠲᠠᠶ ᠬᠥᠮᠦᠨ ᠳᠤ ᠳᠣᠩᠭᠤᠳᠬᠤ ᠵᠢᠴᠢ ᠲᠡᠭᠦᠨ ᠠᠴᠠ ᠳᠡᠭᠡᠭᠰᠢ ᠰᠢᠳᠬᠡᠯ ᠥᠭᠭᠦᠭᠰᠡᠨ ᠪᠠᠭᠰᠢ ᠶᠢᠨ ᠶᠣᠰᠣ | ᠮᠣᠷᠠᠯ ᠤᠨ ᠲᠣᠭᠲᠠᠭᠠᠯ ᠠᠴᠠ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠨᠢᠭᠡ ᠤᠳᠠᠭ᠎ᠠ ᠭᠠᠷᠪᠠᠯ᠂ | ᠰᠤᠷᠭᠠᠭᠤᠯᠢ ᠶᠢᠨ ᠵᠠᠬᠢᠷᠤᠯ ᠪᠠ ᠬᠤᠪᠢᠳᠠᠨ ᠬᠠᠮᠢᠶᠠᠷᠴᠤ ᠪᠥᠬᠦᠶ ᠳᠡᠳ᠋ ᠰᠤᠷᠭᠠᠭᠤᠯᠢ ᠶᠢᠨ ᠵᠠᠬᠢᠷᠤᠯ ᠢ ᠨᠡᠪᠲᠡᠷᠡᠭᠦᠯᠦᠨ | ᠰᠢᠭᠦᠮᠵᠢᠯᠡᠵᠦ᠂ ᠰᠡᠷᠡᠮᠵᠢᠯᠡᠭᠦᠯᠦᠨ ᠢᠳᠬᠠᠵᠤ ᠶᠠᠷᠢᠯᠴᠠᠨ᠎ᠠ᠂ ᠦᠷᠭᠦᠯᠵᠢᠯᠡᠨ ᠬᠤᠶᠠᠷ ᠤᠳᠠᠭ᠎ᠠ ᠣᠰᠣᠯ ᠲᠡᠮᠳᠡᠭᠯᠡᠬᠦ | ᠵᠢᠴᠢ ᠲᠡᠭᠦᠨ ᠠᠴᠠ ᠳᠡᠭᠡᠭᠰᠢ ᠰᠢᠳᠬᠡᠯ ᠭᠠᠷᠭᠠᠭᠰᠠᠨ ᠪᠤᠶᠤ ᠦᠷᠭᠦᠯᠵᠢᠯᠡᠨ ᠭᠤᠷᠪᠠᠨ ᠤᠳᠠᠭ᠎ᠠ ᠳᠣᠩᠭᠤᠳᠬᠤ | ᠰᠢᠳᠬᠡᠯ ᠣᠯᠭᠤᠭᠰᠠᠨ ᠪᠣᠯ ᠰᠤᠷᠭᠠᠭᠤᠯᠢ ᠶᠢᠨ ᠵᠠᠬᠢᠷᠤᠯ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ ᠳᠤ | ᠠᠵᠢᠯ ᠤᠨ ᠪᠠᠶᠢᠷᠢ ᠶᠢᠨ ᠵᠡᠷᠭᠡ ᠳᠡᠰ ᠢ ᠨᠢ ᠪᠠᠭᠤᠷᠠᠭᠤᠯᠬᠤ ᠰᠢᠳᠬᠡᠯ ᠣᠯᠭᠤᠵᠤ᠂ ᠴᠠᠯᠢᠩ ᠢ ᠨᠢ ᠳᠠᠭᠠᠯᠳᠤᠭᠤᠯᠤᠨ | ᠬᠤᠪᠢᠷᠠᠭᠤᠯᠤᠨ᠎ᠠ᠂ ᠤᠢᠢᠯᠠ ᠪᠠᠶᠢᠳᠠᠯ ᠨᠢ ᠣᠨᠴᠠᠭᠠᠢ ᠬᠦᠨᠳᠦ ᠨᠣᠴᠢᠲᠠᠢ ᠪᠠᠶᠢᠪᠠᠯ᠂ ᠰᠤᠷᠭᠠᠭᠤᠯᠢ ᠶᠢᠨ ᠵᠠᠬᠢᠷᠤᠯ | ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ ᠢ ᠵᠠᠰᠠᠭ ᠵᠠᠬᠢᠷᠭᠠᠨ ᠢᠶᠠᠷ ᠲᠤᠰᠢᠶᠠᠯ ᠠᠴᠠ ᠨᠢ ᠪᠠᠭᠤᠯᠭᠠᠵᠤ᠂ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠬᠠᠮᠢᠶᠠᠷᠴᠤ ᠪᠠᠶᠢᠭ᠎ᠠ ᠺᠠᠳ᠋ᠷ ᠪᠣᠯ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠲᠤ ᠲᠤᠰᠢᠶᠠᠯ ᠠᠴᠠ ᠨᠢ ᠪᠠᠭᠤᠯᠭᠠᠬᠤ ᠰᠠᠨᠠᠭᠤᠯᠭ᠎ᠠ ᠳᠤᠷᠠᠳᠤᠨ᠎ᠠ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯ ᠨᠠᠮ ᠤᠨ ᠰᠠᠬᠢᠯᠭ᠎ᠠ ᠪᠠᠲᠤ ᠶᠢᠨ ᠵᠣᠬᠢᠴᠠᠩᠭᠤᠶ ᠰᠢᠢᠳᠭᠡᠯ | ᠥᠭᠭᠦᠨ᠎ᠡ᠃ | ᠰᠤᠷᠭᠠᠭᠤᠯᠢ ᠨᠢ ᠲᠣᠰ ᠰᠤᠷᠭᠠᠭᠤᠯᠢ ᠶᠢᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠢ ᠵᠥᠷᠢᠴᠡᠭᠰᠡᠨ | ᠦᠢᠯᠡ ᠠᠵᠢᠯᠯᠠᠭ᠎ᠠ ᠶᠢ ᠢᠳᠡᠪᠬᠢᠲᠡᠶ ᠪᠠᠶᠢᠴᠠᠭᠠᠨ ᠰᠢᠢᠳᠪᠦᠷᠢᠯᠡᠭᠰᠡᠨ ᠪᠠᠶᠢᠪᠠᠯ᠂ ᠦᠢᠯᠡ ᠪᠠᠶᠢᠳᠠᠯ ᠢ ᠨᠢ | ᠦᠨᠳᠦᠰᠦᠯᠡᠨ ᠭᠡᠯᠳᠦᠷᠢᠭᠦᠯᠬᠦ᠂ ᠬᠥᠩᠭᠡᠷᠡᠭᠦᠯᠬᠦ᠂ ᠬᠥᠩᠭᠡᠨ ᠢᠶᠠᠷ ᠬᠠᠷᠢᠭᠤᠴᠠᠯᠭ᠎ᠠ ᠨᠡᠬᠡᠮᠵᠢᠯᠡᠬᠦ᠂ ᠰᠢᠳᠬᠡᠬᠦ ᠪᠠ | ᠰᠢᠢᠳᠪᠦᠷᠢᠯᠡᠵᠦ ᠪᠣᠯᠤᠨ᠎ᠠ᠃ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠰᠤᠷᠭᠠᠨ ᠬᠥᠮᠦᠵᠢᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠬᠠᠷᠢᠶ᠎ᠠ ᠣᠷᠣᠨ ᠤ ᠰᠤᠷᠭᠠᠭᠤᠯᠢ ᠶᠢᠨ ᠪᠠᠭᠰᠢ ᠶᠢᠨ ᠮᠣᠷᠠᠯ | ᠰᠤᠷᠲᠠᠯ ᠤᠨ ᠪᠠᠶᠢᠭᠤᠯᠤᠯᠲᠠ ᠶᠢᠨ ᠤᠳᠤᠷᠢᠳᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠃ ᠪᠠᠭᠰᠢ ᠶᠢᠨ | ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠤᠨ ᠳᠤᠮᠳᠠ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠤᠭᠰᠠᠨ ᠥᠬᠡᠶ᠂ ᠬᠢᠨᠠᠯᠲᠠ ᠲᠠᠯᠪᠢᠭᠰᠠᠨ ᠨᠢ ᠪᠣᠳᠠᠲᠠᠶᠢᠵᠢᠭᠰᠠᠨ ᠥᠬᠡᠶ ᠪᠤᠶᠤ ᠬᠠᠷᠢᠶ᠎ᠠ ᠭᠠᠵᠠᠷ ᠤᠨ | ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠭᠰᠡᠨ ᠨᠢ ᠬᠦᠴᠦᠨ ᠥᠬᠡᠶ᠂ ᠰᠢᠳᠬᠡᠯ ᠥᠭᠬᠦ ᠶᠢ ᠲᠡᠪᠴᠢᠭᠰᠡᠨ᠂ ᠰᠢᠳᠬᠡᠯ ᠢ ᠤᠳᠠᠭᠠᠰᠢᠷᠠᠭᠤᠯᠤᠭᠰᠠᠨ᠂ | ᠰᠢᠯᠲᠠᠭᠯᠠᠵᠤ ᠨᠢᠭᠤᠨ ᠳᠠᠯᠳᠠᠯᠠᠭᠰᠠᠨ ᠠᠴᠠ ᠪᠣᠯᠵᠣ ᠮᠠᠭᠤ ᠨᠥᠯᠥᠭᠡ ᠭᠠᠷᠭᠠᠭᠰᠠᠨ ᠪᠠ ᠬᠦᠨᠳᠦ ᠨᠣᠴᠢᠲᠠᠶ ᠤᠷᠰᠢᠭ | ᠲᠠᠲᠠᠭᠰᠠᠨ ᠪᠠᠶᠢᠪᠠᠯ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠦᠢᠯᠡ ᠪᠠᠶᠢᠳᠠᠯ ᠢ ᠨᠢ ᠦᠵᠡᠵᠦ᠂ | ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠪᠠ | ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠂ ᠡᠰᠡᠬᠦᠯ᠎ᠡ ᠬᠠᠷᠢᠶ᠎ᠠ ᠭᠠᠵᠠᠷ ᠤᠨ ᠨᠠᠮ ᠤᠨ ᠬᠤᠷᠢᠶ᠎ᠠ | ᠂ ᠵᠠᠰᠠᠭ ᠤᠨ ᠣᠷᠳᠣᠨ ᠳᠤ ᠲᠤᠰᠬᠠᠶ ᠮᠡᠳᠡᠭᠦᠯᠬᠦ ᠲᠦᠷᠢᠮ ᠪᠠ ᠬᠠᠷᠢᠶ᠎ᠠ ᠭᠠᠵᠠᠷ ᠤᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠳᠤ ᠵᠠᠬᠢᠳᠠᠯ ᠶᠠᠪᠤᠭᠤᠯᠵᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠡᠬᠢᠯᠡᠭᠦᠯᠵᠦ᠂ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠭᠤᠤᠯ ᠬᠠᠷᠢᠭᠤᠴᠠᠯᠭᠠᠲᠠᠨ ᠪᠤᠶᠤ ᠬᠠᠮᠢᠶ᠎ᠠ ᠪᠥᠬᠦᠶ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠤᠨ᠎ᠠ᠃ ᠬᠠᠷᠢᠶ᠎ᠠ ᠲᠣᠭᠤᠷᠢᠭ ᠲᠠᠬᠢ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠠᠰᠠᠭᠤᠳᠠᠯ ᠲᠣᠪᠤᠶᠢᠮ᠎ᠠ ᠪᠠᠶᠢᠵᠤ᠂ ᠣᠯᠠᠨ ᠲᠦᠮᠡᠨ ᠤ ᠲᠤᠰᠬᠠᠯ | ᠴᠢᠩᠭ᠎ᠠ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠡᠷᠡᠭ ᠣᠯᠠᠨ ᠭᠠᠷᠴᠤ᠂ ᠣᠯᠠᠨᠲᠠ ᠴᠠᠭᠠᠵᠠᠯᠠᠭᠰᠠᠨ ᠴᠤ | ᠵᠣᠭᠰᠣᠬᠤ ᠥᠬᠡᠶ᠂ ᠣᠯᠠᠨᠲᠠ ᠪᠠᠶᠢᠴᠠᠭᠠᠭᠰᠠᠨ ᠴᠤ ᠪᠠᠶᠢᠨ ᠳᠠᠬᠢᠨ ᠭᠠᠷᠤᠭᠰᠠᠨ ᠪᠣᠯ ᠬᠤᠲᠠ ᠶᠢᠨ ᠠᠷᠠᠳ ᠤᠨ | ᠵᠠᠰᠠᠭ ᠤᠨ ᠣᠷᠳᠣᠨ ᠠᠴᠠ ᠦᠢᠯᠡ ᠪᠠᠶᠢᠳᠠᠯ ᠤᠨ ᠬᠦᠨᠳᠦ ᠬᠥᠩᠭᠡᠨ ᠢ ᠦᠨᠳᠦᠰᠦᠯᠡᠵᠦ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠤᠶᠤ ᠭᠤᠤᠯ | ᠤᠳᠤᠷᠢᠳᠤᠯᠭ᠎ᠠ ᠲᠠᠢ ᠪᠣᠯᠵᠣᠨ ᠶᠠᠷᠢᠯᠴᠠᠨ᠎ᠠ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠦᠨᠳᠦ ᠶᠡᠭᠡ ᠬᠡᠷᠡᠭ | ᠭᠠᠷᠴᠤ᠂ ᠰᠢᠨᠵᠢ ᠴᠢᠨᠠᠷ ᠨᠢ ᠬᠦᠨᠳᠦ ᠨᠣᠴᠢᠲᠠᠢ᠂ ᠨᠥᠯᠥᠭᠡ ᠨᠢ ᠮᠠᠭᠤ ᠪᠠᠶᠢᠪᠠᠯ᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ︾ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠵᠦᠢᠯ ᠪᠠᠭᠰᠢ ᠶᠢᠨ ᠶᠣᠰᠣ ᠮᠣᠷᠠᠯ ᠤᠨ ᠤᠷᠮᠠᠰᠢᠭᠤᠯᠤᠯ ᠪᠠ ᠨᠡᠶᠢᠲᠡᠯᠢᠭ ᠵᠢᠱᠢᠶ᠎ᠡ ᠶᠢᠨ | ᠤᠬᠠᠭᠤᠯᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ︵ᠨᠢᠭᠡ︶ ᠪᠠᠭᠰᠢ ᠶᠢᠨ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠰᠢᠰᠲ᠋ᠧᠮᠵᠢ ᠶᠢ ᠪᠦᠷᠢᠨᠰᠢᠬᠦᠯᠵᠦ᠂ | ᠪᠠᠭᠰᠢ ᠶᠢ ᠱᠠᠩᠨᠠᠨ ᠬᠥᠬᠢᠭᠦᠯᠬᠦ ᠠᠷᠭ᠎ᠠ ᠶᠢ ᠲᠡᠭᠦᠯᠳᠡᠷᠵᠢᠭᠦᠯᠦᠨ᠎ᠡ᠂ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ | ᠳᠤᠮᠳᠠ ᠢᠯᠡᠷᠡᠯ ᠲᠣᠪᠤᠶᠢᠮ᠎ᠠ᠂ ᠵᠢᠳᠬᠦᠯ ᠴᠢᠷᠮᠠᠶᠢᠯᠭ᠎ᠠ ᠲᠠᠢ᠂ ᠠᠮᠵᠢᠯᠲᠠ ᠪᠦᠲᠦᠮᠵᠢ ᠲᠠᠢ᠂ ᠬᠤᠪᠢ ᠨᠡᠮᠡᠷᠢ ᠲᠠᠢ | ᠪᠠᠭᠰᠢ ᠶᠢ ᠲᠣᠭᠲᠠᠭᠠᠯ ᠶᠣᠰᠣᠭᠠᠷ ᠱᠠᠩᠨᠠᠨ ᠬᠥᠬᠢᠭᠦᠯᠵᠦ᠂ ᠭᠠᠪᠢᠶ᠎ᠠ ᠲᠡᠮᠳᠡᠭᠯᠡᠨ᠂ ᠴᠣᠯᠠ ᠣᠯᠭᠤᠵᠤ᠂ ᠪᠣᠳᠠᠰ ᠤᠨ | ᠱᠠᠩᠨᠠᠯ ᠣᠯᠭᠤᠨ᠎ᠠ᠃ ᠢᠷᠠᠭᠤ ᠠᠯᠳᠠᠷ ᠬᠦᠷᠲᠡᠭᠴᠢ ᠶᠢᠨ ᠭᠥᠷᠳᠡᠬᠦ ᠤᠯᠤᠰ ᠲᠥᠷᠥ᠂ ᠠᠮᠢᠳᠤᠷᠠᠯ ᠤᠨ ᠬᠦᠷᠳᠡᠮᠵᠢ ᠶᠢ | ᠬᠠᠤᠯᠢ ᠲᠣᠭᠲᠠᠭᠠᠯ ᠶᠣᠰᠣᠭᠠᠷ ᠲᠣᠭᠲᠠᠭᠠᠵᠤ᠂ ᠢᠷᠠᠭᠤ ᠠᠯᠳᠠᠷ ᠬᠦᠷᠲᠡᠭᠴᠢ ᠶᠢᠨ ᠬᠤᠶᠢᠰᠢᠲᠠ ᠳᠠᠬᠢ ᠳᠡᠮᠵᠢᠯᠭᠡ | ᠦᠢᠯᠡᠴᠢᠯᠡᠭᠡ ᠶᠢ ᠴᠢᠩᠭᠠᠳᠬᠠᠨ᠎ᠠ᠃ | ︵ᠬᠤᠶᠠᠷ︶ ᠡᠯ᠎ᠡ ᠱᠠᠲᠤᠨ ᠤ ᠤᠬᠠᠭᠤᠯᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ | ᠰᠤᠷᠭᠠᠭᠤᠯᠢ ᠨᠤᠭᠤᠳ ᠬᠡᠪᠰᠢᠭᠰᠡᠨ ᠪᠠᠭᠰᠢ ᠶᠢᠨ ᠶᠣᠰᠣ ᠮᠣᠷᠠᠯ ᠤᠨ ᠤᠬᠠᠭᠤᠯᠭ᠎ᠠ ᠶᠢᠨ ᠠᠵᠢᠯ ᠤᠨ ᠲᠣᠭᠲᠠᠴᠠ ᠶᠢ | ᠪᠠᠶᠢᠭᠤᠯᠬᠤ ᠬᠡᠷᠡᠭᠲᠡᠶ᠃ ᠪᠠᠭᠰᠢ ᠶᠢ ᠬᠦᠨᠳᠦᠳᠬᠡᠬᠦ ᠰᠣᠶᠣᠯ ᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ | ᠬᠢᠴᠢᠶᠡᠯ ᠤᠨ ᠲᠠᠩᠬᠢᠮ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠵᠤ᠂ ︽ | ᠪᠠᠭᠰᠢ ᠶᠢ ᠬᠦᠨᠳᠦᠳᠬᠡᠬᠦ ᠨᠢᠭᠡᠳᠦᠭᠡᠷ ᠬᠢᠴᠢᠶᠡᠯ︾᠂ ︽ᠶᠢᠰᠦᠨ ᠰᠠᠷ᠎ᠠ ᠶᠢ ᠪᠠᠭᠰᠢ ᠶᠢ ᠬᠦᠨᠳᠦᠳᠬᠡᠬᠦ ᠭᠤᠤᠯ | ᠰᠡᠳᠦᠪᠲᠦ ᠰᠠᠷ᠎ᠠ ᠪᠣᠯᠭᠠᠬᠤ︾ ᠵᠡᠷᠭᠡ ᠬᠡᠯᠪᠡᠷᠢ ᠪᠠᠷ ᠳᠠᠮᠵᠢᠭᠤᠯᠤᠨ᠂ ᠪᠠᠭᠰᠢ ᠶᠢ ᠬᠦᠨᠳᠦᠳᠬᠡᠵᠦ ᠰᠤᠷᠭᠠᠨ | ᠬᠥᠮᠦᠵᠢᠯ ᠢ ᠴᠢᠬᠤᠯᠠᠴᠢᠯᠠᠬᠤ ᠦᠵᠡᠯᠲᠡ ᠶᠢ ᠰᠤᠷᠤᠭᠴᠢᠳ ᠤᠨ ᠥᠷᠲᠡᠭ ᠤᠨ ᠰᠢᠰᠲ᠋ᠧᠮ ᠳᠤ ᠨᠡᠪᠴᠢᠭᠦᠯᠦᠨ᠎ᠡ᠃ | ᠪᠠᠭᠰᠢ ᠶᠢᠨ ᠶᠣᠰᠣ ᠮᠣᠷᠠᠯ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠠᠭᠰᠢ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢ | ᠳᠡᠯᠭᠡᠨ ᠦᠵᠡᠭᠦᠯᠵᠦ᠂ ᠭᠤᠤᠯ ᠬᠥᠭ ᠠᠶᠠᠰ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠴᠢᠩᠭᠠᠷᠠᠭᠤᠯᠤᠨ᠎ᠠ᠃ | ᠵᠠᠭᠤᠴᠢᠯᠠᠭᠤᠷ ᠢᠶᠠᠷ ᠳᠠᠮᠵᠢᠭᠤᠯᠤᠨ ᠲᠡᠷᠢᠭᠦᠨ ᠤ ᠪᠠᠭᠰᠢ ᠶᠢᠨ ᠶᠣᠰᠣ ᠮᠣᠷᠠᠯ ᠪᠠ ᠪᠠᠭᠰᠢ ᠶᠢ ᠬᠦᠨᠳᠦᠳᠬᠡᠨ ᠰᠤᠷᠭᠠᠨ | ᠬᠥᠮᠦᠵᠢᠯ ᠢ ᠴᠢᠬᠤᠯᠠᠴᠢᠯᠠᠭᠰᠠᠨ ᠨᠡᠶᠢᠲᠡᠯᠢᠭ ᠵᠢᠱᠢᠶ᠎ᠡ ᠶᠢ ᠥᠷᠭᠡᠨ ᠢᠶᠠᠷ ᠤᠬᠠᠭᠤᠯᠵᠤ᠂ ᠪᠠᠭᠰᠢ ᠶᠢᠨ ᠶᠣᠰᠣ ᠮᠣᠷᠠᠯ ᠢ | ᠡᠷᠬᠢᠮᠯᠡᠬᠦ᠂ ᠲᠡᠷᠢᠭᠦᠨ ᠤ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ ᠴᠢᠷᠮᠠᠶᠢᠨ ᠡᠭᠦᠳᠬᠦ ᠪᠠ ᠪᠠᠭᠰᠢ ᠶᠢ | ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠶ ᠪᠣᠯᠭᠠᠨ᠎ᠠ᠃ | | ︵ᠭᠤᠷᠪᠠ︶ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠢᠭᠡᠳᠦᠭᠡᠷ ᠹᠷᠣᠨᠲ ᠤᠨ ᠪᠠᠭᠰᠢ ᠢᠯᠠᠩᠭᠤᠶ᠎ᠠ ᠤᠷᠲᠤ ᠬᠤᠭᠤᠴᠠᠭ᠎ᠠ ᠪᠠᠷ | ᠪᠠᠭᠰᠢᠯᠠᠵᠤ ᠪᠠᠶᠢᠭ᠎ᠠ ᠰᠢᠯᠢᠳᠡᠭ ᠪᠠᠭᠰᠢ ᠶᠢ ᠲᠣᠬᠢᠷᠠᠭᠤᠯᠤᠨ ᠡᠮᠨᠡᠭᠦᠯᠦᠨ ᠰᠤᠪᠢᠯᠠᠭᠤᠯᠵᠤ᠂ ᠨᠥᠬᠦᠴᠡᠯ ᠳᠤ ᠨᠡᠶᠢᠴᠡᠬᠦ | ᠠᠩᠭᠢ ᠶᠢᠨ ᠡᠷᠬᠢᠯᠡᠭᠴᠢ᠂ ᠲᠠᠷᠢᠶᠠᠯᠠᠬᠤ ᠮᠠᠯᠵᠢᠬᠤ ᠣᠷᠣᠨ ᠤ ᠪᠠᠭᠰᠢ ᠲᠡᠰᠢ ᠭᠤᠣᠯᠳᠠᠯᠭ᠎ᠠ ᠲᠠᠢ ᠬᠡᠯᠪᠠᠶᠢᠯᠭᠡᠬᠦ | ᠬᠡᠷᠡᠭᠲᠡᠶ᠃ | ᠶᠢᠰᠦᠳᠦᠭᠡᠷ ᠵᠦᠢᠯ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠷᠭᠠᠭᠤᠯᠢ ᠨᠤᠭᠤᠳ ᠪᠠᠭᠰᠢ ᠶᠢᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠬᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠶ | ᠨᠠᠶᠢᠳᠠᠪᠤᠷᠢᠵᠢᠭᠤᠯᠵᠤ᠂ ᠪᠠᠭᠰᠢ ᠶᠢᠨ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ | ᠬᠠᠤᠯᠢ ᠶᠣᠰᠣᠭᠠᠷ ᠪᠠᠲᠤᠯᠠᠨ᠂ ᠪᠠᠭᠰᠢ ᠶᠢᠨ ᠵᠢᠭᠠᠨ ᠰᠤᠷᠭᠠᠬᠤ ᠠᠵᠢᠯ ᠮᠡᠷᠭᠡᠵᠢᠯ ᠤᠨ ᠡᠷᠬᠡ ᠶᠢ ᠬᠠᠤᠯᠢ ᠶᠣᠰᠣᠭᠠᠷ | ᠬᠠᠮᠠᠭᠠᠯᠠᠵᠤ᠂ ᠠᠯᠳᠠᠭ᠎ᠠ ᠥᠬᠡᠶ ᠪᠣᠯᠪᠠᠴᠤ ᠪᠤᠰᠤᠳᠴᠢ ᠲᠠᠯ᠎ᠠ ᠪᠠᠷ ᠰᠤᠷᠤᠭᠴᠢᠳ ᠤᠨ ᠰᠠᠨᠠᠭᠠᠨ ᠳᠤ ᠥᠬᠡᠶ | ᠭᠡᠮᠲᠦᠯ ᠳᠤ ᠪᠠᠭᠰᠢ ᠬᠠᠤᠯᠢ ᠶᠣᠰᠣᠭᠠᠷ ᠬᠠᠷᠢᠭᠤᠴᠠᠯᠭ᠎ᠠ ᠡᠭᠦᠷᠭᠡᠯᠡᠬᠦ ᠥᠬᠡᠶ᠃ ᠪᠠᠭᠰᠢ ᠶᠢᠨ ᠨᠡᠷ᠎ᠡ ᠬᠦᠨᠳᠦ ᠳᠤ | ᠬᠠᠯᠳᠠᠵᠤ ᠪᠣᠯᠬᠤ ᠥᠬᠡᠶ ᠪᠠᠶᠢᠬᠤ ᠶᠢ ᠬᠠᠤᠯᠢ ᠶᠣᠰᠣᠭᠠᠷ ᠪᠠᠲᠤᠯᠠᠵᠤ᠂ ᠪᠠᠭᠰᠢ ᠲᠤᠰᠢᠶᠠᠯ ᠢᠶᠠᠨ | ᠭᠦᠢᠴᠡᠳᠭᠡᠭᠰᠡᠨ ᠠᠴᠠ ᠪᠣᠯᠵᠣ ᠰᠣᠷᠣᠭᠴᠢ᠂ ᠬᠡᠷ ᠤᠨ ᠠᠬᠠᠮᠠᠳ ᠵᠢᠴᠢ ᠲᠡᠳᠡᠨ ᠤ ᠲᠥᠷᠥᠯ ᠰᠠᠳᠤᠨ ᠵᠡᠷᠭᠡ | ᠪᠠᠭᠰᠢ ᠪᠠᠨ ᠳᠣᠷᠣᠮᠵᠢᠯᠠᠬᠤ᠂ ᠬᠠᠷᠢᠶᠠᠬᠤ᠂ ᠪᠡᠶ᠎ᠡ ᠮᠠᠬᠠᠪᠤᠳ ᠢ ᠰᠢᠷᠠᠭᠳᠠᠭᠤᠯᠬᠤ ᠪᠤᠶᠤ ᠰᠦᠯᠵᠢᠶ᠎ᠡ ᠪᠠᠷ ᠪᠠᠭᠰᠢ ᠪᠠᠨ | ᠭᠦᠳᠬᠡᠬᠦ᠂ ᠮᠠᠭᠤ ᠪᠠᠷ ᠵᠣᠷᠢᠭᠤᠳᠠ ᠬᠥᠭᠡᠷᠭᠡᠳᠡᠬᠦ ᠵᠡᠷᠭᠡ ᠦᠢᠯᠡ ᠠᠵᠢᠯᠯᠠᠭ᠎ᠠ ᠡᠭᠦᠰᠦᠭᠰᠡᠨ ᠢ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠴᠢᠩᠭ᠎ᠠ ᠰᠢᠢᠳᠪᠦᠷᠢᠯᠡᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ | ᠵᠣᠬᠢᠬᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠤᠷᠭᠠᠭᠤᠯᠢ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠭᠰᠢ ᠨᠠᠷ ᠤᠨ ᠬᠠᠤᠯᠢ ᠶᠣᠰᠣᠨ ᠤ ᠡᠷᠬᠡ ᠠᠰᠢᠭ ᠢᠶᠠᠨ | ᠬᠠᠮᠠᠭᠠᠯᠠᠬᠤ ᠳᠤ ᠴᠢᠬᠤᠯᠠ ᠪᠦᠬᠦᠢ ᠬᠠᠤᠯᠢ ᠴᠠᠭᠠᠵᠠ ᠵᠡᠷᠭᠡ ᠲᠠᠯ᠎ᠠ ᠶᠢᠨ ᠳᠡᠮᠵᠢᠯᠭᠡ ᠬᠠᠩᠭᠠᠬᠤ ᠬᠡᠷᠡᠭᠲᠡᠶ᠃ | ᠠᠷᠪᠠᠳᠤᠭᠠᠷ ᠵᠦᠢᠯ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠠᠵᠢᠯ ᠤᠨ ᠪᠠᠲᠤᠯᠠᠭ᠎ᠠ ᠶᠢᠨ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠤᠯᠭ᠎ᠠ ᠬᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠳᠤ ᠬᠢᠨᠠᠯᠲᠠ ᠲᠠᠯᠪᠢᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠪᠣᠳᠠᠲᠠᠢ ᠡᠭᠦᠷᠭᠡ | ᠴᠢᠳᠠᠪᠤᠷᠢ ᠶᠢᠨ ᠰᠠᠯᠠᠭ᠎ᠠ ᠲᠠᠰᠤᠭ ᠪᠠ ᠬᠤᠯᠪᠣᠭᠳᠠᠯ ᠪᠦᠬᠦᠢ ᠠᠵᠢᠯᠳᠠᠨ ᠳᠤ ᠨᠠᠶᠢᠳᠠᠪᠤᠷᠢᠵᠢᠭᠤᠯᠵᠤ᠂ ᠪᠠᠭᠰᠢ ᠶᠢᠨ | ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠳᠠᠬᠢ ᠵᠢᠯᠤᠭᠤᠳᠤᠯᠭ᠎ᠠ᠂ ᠬᠢᠨᠠᠯᠲᠠ ᠬᠠᠮᠢᠶᠠᠷᠤᠯᠲᠠ ᠪᠠ | ᠪᠠᠭᠰᠢ ᠶᠢᠨ ᠮᠣᠷᠠᠯ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ | ᠴᠢᠩᠭᠠᠳᠬᠠᠬᠤ ᠬᠡᠷᠡᠭᠲᠡᠢ᠃ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ | ᠰᠤᠷᠭᠠᠭᠤᠯᠢ ᠶᠢᠨ ᠵᠠᠬᠢᠷᠤᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠪᠠᠭᠰᠢ ᠶᠢᠨ ᠶᠣᠰᠣ ᠰᠤᠷᠲᠠᠬᠤᠨ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠪᠠᠭᠰᠢ ᠶᠢᠨ ᠠᠵᠢᠯ ᠤᠨ ᠲᠡᠷᠢᠭᠦᠨ | ᠪᠠᠶᠢᠷᠢᠨ ᠳᠤ ᠲᠠᠯᠪᠢᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ | ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠬᠠᠮᠢᠶ᠎ᠠ ᠪᠥᠬᠦᠶ ᠲᠠᠶᠢᠯᠤᠮᠵᠢ ᠶᠢᠨ ᠴᠥᠷᠬᠡᠯᠡᠭᠡ᠄ ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ | ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ |