| ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 8 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠡᠨᠧᠷᠭᠢ ᠶᠢᠨ ᠠᠶᠤᠯᠭᠦᠶ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ | ᠦᠨᠡᠨ ᠬᠦ ᠪᠠᠲᠤᠯᠠᠬᠤ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠵᠠᠶ︔ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ ᠣᠷᠣᠭᠤᠯᠬᠤ | ᠠᠵᠢᠯ ᠢ ᠢᠳᠡᠪᠬᠢᠲᠡᠶ ᠠᠬᠢᠭᠤᠯᠬᠤ ᠲᠤᠬᠠᠢ ᠪᠠᠶᠢᠷᠢᠯᠠᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ | ᠰᠢᠰᠲ᠋ᠧᠮᠵᠢ ᠶᠢ ᠲᠡᠭᠦᠯᠳᠡᠷᠵᠢᠭᠦᠯᠬᠦ ᠶᠢ ᠠᠬᠢᠭᠤᠯᠪᠠ᠃ | ᠬᠤᠷᠠᠯ ᠠᠴᠠ᠂ ᠡᠪᠦᠯ ᠤᠨ ᠠᠭᠤᠷ ᠣᠷᠣᠭᠰᠠᠨ ᠠᠴᠠ ᠨᠠᠰᠢ ᠠᠭᠠᠷ ᠤᠨ ᠳᠤᠯᠠᠭᠠᠨ ᠥᠷᠭᠡᠨ ᠬᠡᠪᠴᠢᠶ᠎ᠡ ᠪᠠᠷ | ᠪᠠᠭᠤᠷᠠᠭᠰᠠᠨ ᠵᠡᠷᠭᠡ ᠣᠯᠠᠨ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠣ᠂ ᠪᠥᠬᠦ ᠤᠯᠤᠰ ᠤᠨ | ᠨᠡᠭᠦᠷᠡᠰᠦ᠂ ᠴᠠᠬᠢᠯᠭᠠᠨ᠂ ᠰᠢᠲᠠᠮᠠᠬᠠᠶ ᠬᠡᠶ ᠶᠢᠨ ᠬᠡᠷᠡᠭᠯᠡᠭᠡ ᠶᠡᠭᠡ ᠪᠠᠷ ᠨᠡᠮᠡᠭᠳᠡᠪᠡ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠨᠡᠭᠦᠷᠡᠰᠦ᠂ ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠭᠠᠯᠭ᠎ᠠ ᠪᠠ | ᠬᠠᠩᠭᠠᠯᠭ᠎ᠠ ᠶᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠡᠳᠦᠷ ᠪᠦᠷᠢ ᠶᠢᠨ | ᠨᠡᠭᠦᠷᠡᠰᠦᠨ ᠤ ᠭᠠᠷᠤᠯᠲᠠ ᠥᠨᠳᠥᠷ ᠪᠠᠶᠢᠷᠢ ᠪᠠᠨ ᠪᠠᠲᠤᠯᠠᠵᠤ᠂ ᠴᠠᠬᠢᠯᠭᠠᠨ ᠭᠠᠷᠭᠠᠬᠤ ᠬᠡᠮᠵᠢᠶ᠎ᠡ᠂ ᠰᠢᠲᠠᠮᠠᠬᠠᠢ ᠬᠡᠢ | ᠬᠠᠩᠭᠠᠬᠤ ᠬᠡᠮᠵᠢᠶ᠎ᠡ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠠᠷᠠᠳ ᠤᠨ ᠠᠮᠢᠳᠤᠷᠠᠯ ᠪᠣᠯᠤᠨ | ᠭᠤᠣᠯᠳᠠᠯᠭ᠎ᠠ ᠲᠠᠢ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ᠃ ᠣᠶᠢᠷ᠎ᠠ ᠶᠢᠨ ᠬᠤᠭᠤᠴᠠᠭᠠᠨ ᠳᠤ ᠣᠯᠠᠨ ᠭᠠᠵᠠᠷ ᠤᠨ | ᠬᠠᠮᠤᠭ ᠤᠨ ᠳᠣᠤᠷ᠎ᠠ ᠠᠭᠠᠷ ᠤᠨ ᠳᠣᠯᠠᠭᠠᠨ ᠤ ᠲᠡᠮᠳᠡᠭᠯᠡᠯ ᠲᠠᠢ ᠪᠣᠯᠤᠭᠰᠠᠨ ᠠᠴᠠ ᠨᠠᠰᠢᠬᠢ ᠳᠡᠣᠬᠡᠨ ᠳᠠᠬᠢ | ᠲᠦᠢᠯ ᠤᠨ ᠬᠡᠮᠵᠢᠭᠳᠡᠯ ᠢ ᠡᠭᠦᠳᠴᠦ᠂ ᠣᠳᠣᠬᠠᠨ ᠳᠤ ᠪᠠᠰᠠ ︽ᠭᠤᠷᠪᠠ ᠶᠢᠰᠦ︾ ᠣᠷᠣᠪᠠ᠂ ᠴᠠᠭ ᠠᠭᠤᠷ ᠤᠨ | ᠰᠠᠯᠠᠭ᠎ᠠ ᠮᠥᠴᠢᠷ ᠤᠨ ᠵᠢᠱᠢᠯᠲᠡ ᠶᠢ ᠦᠨᠳᠦᠰᠦᠯᠡᠪᠡᠯ᠂ ᠨᠢᠭᠡᠳᠦᠭᠡᠷ ᠰᠠᠷ᠎ᠠ ᠶᠢᠨ ᠳᠤᠮᠳᠠᠴᠢ ᠦᠶ᠎ᠡ ᠪᠠᠷ ᠪᠠᠰᠠ | ᠬᠦᠢᠲᠡᠷᠡᠮᠡᠷ ᠪᠠᠶᠢᠨ᠎ᠠ᠃ ᠬᠤᠷᠠᠯ ᠠᠴᠠ ᠡᠨᠧᠷᠭᠢ ᠶᠢᠨ ᠠᠶᠤᠯᠭᠦᠢ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠣᠯᠠᠨ | ᠲᠦᠮᠡᠨ ᠤ ᠠᠮᠤᠷ ᠲᠦᠪᠰᠢᠨ ᠳᠤᠯᠠᠭᠠᠨ ᠡᠪᠦᠯᠵᠢᠬᠦ ᠶᠢ ᠲᠡᠷᠢᠭᠦᠨ ᠳᠤ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠶ | ᠭᠡᠵᠦ ᠱᠠᠭᠠᠷᠳᠠᠪᠠ᠃ ᠨᠡᠭᠦᠷᠡᠰᠦ ᠳᠤ ᠲᠤᠬᠢᠷᠠᠪᠠᠯ ᠨᠡᠭᠦᠷᠡᠰᠦ ᠬᠠᠩᠭᠠᠵᠤ᠂ ᠴᠠᠬᠢᠯᠭᠠᠨ ᠳᠤ ᠲᠤᠬᠢᠷᠠᠪᠠᠯ ᠴᠠᠬᠢᠯᠭᠠᠨ | ᠬᠠᠩᠭᠠᠵᠤ᠂ ᠰᠢᠲᠠᠮᠠᠬᠠᠢ ᠬᠡᠢ ᠳᠤ ᠲᠤᠬᠢᠷᠠᠪᠠᠯ ᠰᠢᠲᠠᠮᠠᠬᠠᠢ ᠬᠡᠢ ᠬᠠᠩᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ | ᠳᠤᠯᠠᠭᠠᠯᠠᠭ᠎ᠠ ᠢᠯᠠᠩᠭᠤᠶ᠎ᠠ ᠤᠮᠠᠷᠠᠲᠤ ᠣᠷᠣᠨ ᠤ ᠳᠤᠯᠠᠭᠠᠯᠠᠭ᠎ᠠ ᠳᠤ ᠬᠡᠷᠡᠭᠯᠡᠬᠦ ᠡᠨᠧᠷᠭᠢ ᠶᠢᠨ ᠪᠠᠲᠤᠯᠠᠭ᠎ᠠ ᠶᠢ | ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠨᠢᠭᠡ ᠳᠤ ᠰᠢᠲᠠᠮᠠᠬᠠᠶ ᠬᠡᠶ ᠶᠢᠨ ᠠᠶ ᠰᠠᠪᠠ ᠶᠢᠨ ᠠᠮᠤᠷ ᠲᠦᠪᠰᠢᠨ | ᠳᠠᠭᠠᠭᠠᠴᠠ ᠳᠦᠭᠦᠷᠡᠩ ᠦᠢᠯᠡᠳᠪᠦᠷᠢᠯᠡᠯ ᠢ ᠵᠣᠬᠢᠶᠠᠨ ᠪᠠᠶᠢᠭᠤᠯᠵᠤ᠂ ᠰᠢᠲᠠᠮᠠᠬᠠᠶ ᠬᠡᠶ ᠬᠠᠳᠠᠭᠠᠯᠠᠬᠤ ᠪᠡᠯᠡᠳᠬᠡᠮᠵᠢ ᠶᠢᠨ | ᠪᠠᠴᠢᠮ ᠪᠠᠶᠢᠳᠠᠯ ᠢ ᠠᠷᠭᠠᠴᠠᠭᠠᠨ᠂ ᠬᠠᠩᠭᠠᠯᠭ᠎ᠠ ᠶᠢ ᠪᠠᠲᠤᠯᠠᠬᠤ ᠦᠢᠯᠡᠳᠦᠯ ᠢ ᠨᠢ ᠬᠦᠢᠴᠡᠳ ᠪᠠᠳᠠᠷᠠᠭᠤᠯᠵᠤ᠂ | ᠲᠣᠬᠢᠷᠠᠭᠤᠯᠤᠯᠲᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠳᠤᠯᠠᠭᠠᠯᠠᠬᠤ ᠳᠤ | ᠬᠡᠷᠡᠭᠯᠡᠬᠦ ᠰᠢᠲᠠᠮᠠᠬᠠᠢ ᠬᠡᠶ ᠶᠢ ᠪᠦᠲᠦᠮᠵᠢᠲᠡᠶ ᠪᠠᠲᠤᠯᠠᠬᠤ ᠬᠡᠷᠡᠭᠲᠡᠶ᠃ ᠬᠤᠶᠠᠷ ᠲᠤ ᠨᠡᠭᠦᠷᠡᠰᠦᠨ ᠤ ᠭᠤᠤᠯ | ᠭᠠᠷᠤᠯᠲᠠ ᠶᠢᠨ ᠣᠷᠣᠨ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠮᠤᠷ | ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ ᠳᠠᠯᠳᠠ ᠬᠦᠴᠦᠨ ᠢ ᠠᠭᠤᠳᠠᠯᠣᠨ ᠭᠠᠷᠤᠯᠲᠠ ᠶᠢ | ᠨᠡᠮᠡᠭᠳᠡᠭᠦᠯᠵᠦ᠂ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠴᠢᠩᠭᠠᠳᠬᠠᠨ᠂ ᠨᠥᠭᠡᠴᠡ ᠪᠠᠨ ᠡᠮᠬᠢ | ᠵᠢᠷᠤᠮ ᠲᠠᠢ ᠪᠠᠷ ᠬᠥᠳᠡᠯᠭᠡᠨ ᠬᠡᠷᠡᠭᠯᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠵᠢᠭᠦᠯᠵᠦ ᠨᠡᠭᠦᠷᠡᠰᠦᠨ ᠤ | ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠪᠠᠲᠤᠯᠠᠬᠤ ᠬᠡᠷᠡᠭᠲᠡᠶ᠃ ᠭᠤᠷᠪᠠ ᠳᠤ ᠣᠯᠠᠨ ᠵᠦᠢᠯ ᠤᠨ ᠴᠠᠬᠢᠯᠭᠠᠨ | ᠡᠭᠦᠰᠭᠡᠭᠴᠢ ᠶᠢᠨ ᠮᠠᠰᠢᠨ ᠢᠶᠠᠨ ᠨᠡᠭᠡᠭᠡᠵᠦ ᠣᠷᠭᠢᠯ ᠦᠶ᠎ᠡ ᠶᠢᠨ ᠴᠠᠬᠢᠯᠭᠠᠨ ᠬᠦᠴᠦᠨ ᠤ ᠬᠡᠷᠡᠭᠴᠡᠭᠡ ᠶᠢ | ᠠᠷᠭᠠᠴᠠᠭᠠᠬᠤ ᠶᠢ ᠰᠠᠶᠢᠲᠤᠷ ᠲᠣᠬᠢᠷᠠᠭᠤᠯᠵᠤ᠂ ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠭᠠᠵᠠᠷ ᠣᠷᠣᠨ ᠠᠴᠠ ᠪᠤᠰᠤᠳ ᠭᠠᠵᠠᠷ ᠣᠷᠣᠨ ᠳᠤ ᠴᠠᠬᠢᠯᠭᠠᠨ ᠬᠦᠷᠭᠡᠬᠦ ᠶᠢ | ᠳᠡᠮᠵᠢᠬᠦ ᠪᠠᠨ ᠴᠢᠩᠭᠠᠳᠬᠠᠵᠤ᠂ ᠴᠠᠬᠢᠯᠭᠠᠨ ᠬᠦᠴᠦᠨ ᠤ ᠢᠯᠡᠭᠦᠦ ᠳᠤᠲᠠᠭᠤ ᠶᠢ ᠬᠠᠷᠢᠯᠴᠠᠨ ᠲᠤᠰᠠᠯᠠᠬᠤ ᠶᠢ ᠰᠠᠶᠢᠲᠤᠷ | ᠬᠢᠬᠦ ᠬᠡᠷᠡᠭᠲᠡᠶ᠃ ᠲᠦᠷᠪᠡ ᠳᠤ ᠡᠯ᠎ᠡ ᠲᠠᠯ᠎ᠠ ᠶᠢᠨ ᠬᠢᠨ ᠤ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠨᠢ | ᠪᠣᠳᠠᠲᠠᠶᠢᠵᠢᠭᠤᠯᠵᠤ᠂ ᠭᠡᠷ᠎ᠡ ᠶᠣᠰᠣᠭᠠᠷ ᠨᠡᠭᠦᠷᠡᠰᠦ᠂ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ | ᠬᠠᠩᠭᠠᠯᠭ᠎ᠠ ᠶᠢ ᠪᠠᠲᠤᠯᠠᠬᠤ ᠶᠢ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠠ ᠬᠠᠮᠢᠶᠠᠷᠤᠯᠲᠠ ᠶᠢ | ᠴᠢᠩᠭᠠᠳᠬᠠᠵᠤ᠂ ᠦᠨ᠎ᠡ ᠬᠠᠩᠰᠢ ᠶᠢᠨ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ | ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠲᠠᠪᠤ ᠳᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠤᠷᠲᠤ | ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠦᠷᠢᠨᠰᠢᠭᠦᠯᠵᠦ᠂ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ | ᠨᠥᠭᠡᠴᠡ ᠪᠣᠷᠣᠯᠠᠭᠤᠯᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠲᠠᠮᠠᠬᠠᠢ | ᠬᠡᠢ ᠶᠢ ᠬᠠᠳᠠᠭᠠᠯᠠᠬᠤ᠂ ᠨᠡᠭᠦᠷᠡᠰᠦ ᠬᠠᠳᠠᠭᠠᠯᠠᠬᠤ ᠳᠦᠭᠦᠭᠡᠷᠦᠮᠵᠢ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠴᠠᠬᠢᠯᠭᠠᠨ ᠰᠤᠷᠪᠤᠯᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦᠨ ᠴᠠᠬᠢᠯᠭᠠᠨ ᠭᠠᠷᠭᠠᠯᠲᠠ ᠶᠢᠨ ᠣᠷᠭᠢᠯ | ᠦᠶ᠎ᠡ ᠶᠢᠨ ᠴᠠᠬᠢᠯᠭᠠᠨ ᠬᠡᠷᠡᠭᠯᠡᠭᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠨᠢ ᠰᠢᠨᠵᠢᠯᠡᠬᠦ ᠤᠬᠠᠭᠠᠨᠴᠢ ᠪᠠᠷ | ᠪᠠᠳᠠᠷᠠᠭᠤᠯᠵᠤ᠂ ᠡᠨᠧᠷᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠬᠤᠷᠠᠯ ᠠᠴᠠ | ᠴᠢᠬᠤᠯᠠᠴᠢᠯᠠᠭᠰᠠᠨ ᠨᠢ᠂ ᠣᠯᠠᠨ ᠲᠦᠮᠡᠨ ᠤ ᠬᠠᠯᠠᠭᠤᠨ ᠳᠣᠯᠠᠭᠠᠨ ᠢ ᠪᠠᠳᠣᠯᠠᠬᠤ ᠳᠤ ᠪᠠᠭ᠎ᠠ ᠶᠠᠪᠤᠳᠠᠯ ᠭᠡᠵᠦ ᠥᠬᠡᠶ᠃ | ᠠᠷᠠᠳ ᠤᠨ ᠠᠮᠢᠳᠤᠷᠠᠯ ᠳᠤ ᠬᠡᠷᠡᠭᠯᠡᠬᠦ ᠰᠢᠲᠠᠮᠠᠬᠠᠶ ᠬᠡᠢ᠂ ᠴᠠᠬᠢᠯᠭᠠᠨ᠂ ᠨᠡᠭᠦᠷᠡᠰᠦ ᠶᠢᠨ ᠬᠠᠩᠭᠠᠯᠭ᠎ᠠ ᠶᠢ ᠦᠨᠡᠨ ᠬᠦ | ᠰᠠᠶᠢᠲᠤᠷ ᠪᠠᠲᠤᠯᠠᠬᠤ ᠬᠡᠷᠡᠭᠲᠡᠶ᠂ ᠬᠥᠮᠥᠨ ᠤ ᠤᠷᠰᠢᠭ ᠠᠴᠠ ᠪᠣᠯᠵᠤ ᠬᠠᠩᠭᠠᠯᠭ᠎ᠠ ᠲᠠᠰᠤᠷᠠᠬᠤ ᠪᠠᠶᠢᠳᠠᠯ ᠭᠠᠷᠬᠤ ᠶᠢ | ᠣᠭᠲᠣ ᠵᠥᠪᠰᠢᠶᠡᠷᠡᠵᠦ ᠪᠣᠯᠬᠤ ᠦᠭᠡᠶ ᠪᠥᠭᠡᠳ ᠰᠢᠮᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠡᠷᠴᠢᠮ ᠢᠶᠠᠨ | ᠨᠡᠮᠡᠭᠳᠡᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠪᠦᠲᠦᠮᠵᠢᠲᠡᠶ ᠰᠢᠢᠳᠪᠦᠷᠢᠯᠡᠵᠦ᠂ ᠠᠷᠠᠳ | ᠣᠯᠠᠨ ᠤ ᠠᠮᠤᠷ ᠲᠦᠪᠰᠢᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠨᠢ ᠥᠷᠭᠡᠨ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ | ᠮᠡᠨᠳᠦ ᠳᠤ ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠳᠤ ᠬᠤᠯᠪᠣᠭᠳᠠᠨ᠎ᠠ᠃ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠦᠢᠯᠡᠳᠦᠯᠭᠡ ᠲᠠᠢ | ᠤᠶᠠᠯᠳᠤᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠶᠢ ᠴᠠᠭ ᠲᠤᠬᠠᠢ ᠳᠤᠨᠢ ᠪᠦᠷᠢᠨᠰᠢᠭᠦᠯᠵᠦ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠳᠤ ᠨᠡᠩ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠬᠠᠤᠯᠢ ᠲᠣᠭᠲᠠᠭᠠᠬᠤ ᠲᠥᠯᠥᠪᠯᠡᠭᠡ ᠶᠣᠰᠣᠭᠠᠷ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ | ᠵᠠᠰᠠᠪᠤᠷᠢ ᠣᠷᠣᠭᠤᠯᠬᠤ ᠶᠢ ᠢᠳᠡᠪᠬᠢᠲᠡᠶ ᠠᠬᠢᠭᠤᠯᠬᠤ ᠶᠢᠨ ᠬᠠᠮᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠳᠤ ᠵᠠᠰᠠᠪᠤᠷᠢ ᠣᠷᠣᠭᠤᠯᠬᠤ ᠠᠵᠢᠯ ᠢ ᠵᠣᠯᠭᠠᠭᠤᠯᠬᠤ ᠬᠡᠷᠡᠭᠲᠡᠶ᠃ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠳᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠶᠢ ᠳᠣᠪᠤᠶᠢᠯᠭᠠᠵᠤ᠂ ᠡᠷᠲᠡ ᠢᠯᠡᠷᠡᠭᠦᠯᠬᠦ᠂ | ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠶᠢ ᠴᠢᠩᠳᠠᠯᠠᠨ ᠨᠠᠶᠢᠳᠠᠪᠤᠷᠢᠵᠢᠭᠤᠯᠵᠤ᠂ ᠬᠢᠨᠠᠨ | ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠦᠯᠬᠦ ᠪᠠ ᠢᠯᠡ ᠪᠠᠷ ᠨᠡᠶᠢᠲᠡᠯᠡᠬᠦ ᠲᠦᠷᠢᠮ ᠢ ᠰᠠᠶᠢᠵᠢᠷᠠᠭᠤᠯᠵᠤ᠂ | ᠬᠠᠯᠳᠠᠪᠤᠷᠢᠲᠤ ᠡᠪᠡᠳᠴᠢᠨ ᠤ ᠲᠦᠷᠦᠯ ᠵᠦᠢᠯ ᠢ ᠲᠣᠭᠲᠠᠭᠠᠬᠤ ᠪᠠ ᠪᠠᠴᠢᠮ ᠬᠠᠮᠢᠶᠠᠷᠤᠨ ᠬᠤᠷᠢᠭᠯᠠᠬᠤ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠬᠦ ᠵᠡᠷᠭᠡ ᠲᠣᠭᠲᠠᠭᠠᠯ ᠢ ᠪᠦᠷᠢᠨᠰᠢᠭᠦᠯᠵᠦ᠂ ᠬᠢᠵᠢᠭ ᠤᠨ ᠪᠠᠶᠢᠳᠠᠯ ᠢ ᠠᠪᠤᠷᠠᠨ ᠵᠠᠰᠠᠬᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠦᠢᠯᠡᠴᠢᠯᠡᠭᠡᠨ ᠤ | ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠬᠠᠤᠯᠢ ᠶᠢ ᠵᠥᠷᠢᠴᠡᠭᠰᠡᠨ ᠠᠵᠢᠯᠯᠠᠭ᠎ᠠ ᠠᠴᠠ | ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠬᠠᠤᠯᠢ ᠴᠠᠭᠠᠵᠠ ᠳᠤ ᠵᠠᠰᠠᠪᠤᠷᠢ ᠣᠷᠣᠭᠤᠯᠤᠨ | ᠪᠦᠷᠢᠨᠰᠢᠭᠦᠯᠦᠭᠰᠡᠨ ᠤ ᠳᠠᠷᠠᠭ᠎ᠠ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠤᠨ᠂ ᠳᠡᠰ ᠳᠠᠷᠠᠭᠠᠯᠠᠯ ᠶᠣᠰᠣᠭᠠᠷ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠢᠨᠠᠨ | ᠶᠠᠷᠢᠯᠴᠠᠭᠤᠯᠬᠤ ᠪᠠᠷ ᠳᠡᠪᠰᠢᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ | ᠣᠯᠠᠨ ᠭᠠᠵᠠᠷ ᠲᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ | ᠡᠪᠡᠳᠴᠢᠨ ᠤ ᠵᠢᠱᠢᠶ᠎ᠡ ᠴᠢᠨᠠᠭᠰᠢᠯᠠᠪᠠᠯ ᠬᠡᠰᠡᠭ ᠭᠠᠵᠠᠷ ᠲᠤ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠢᠯᠡᠷᠡᠪᠡ | ᠃ ᠦᠷᠭᠦᠯᠵᠢᠯᠡᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠶᠣᠰᠣᠭᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠲᠥᠷᠥ ᠶᠢᠨ ᠶᠠᠪᠤᠳᠠᠯ ᠤᠨ | ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠬᠢᠨ ᠣᠷᠣᠨ ᠨᠤᠲᠤᠭ ᠪᠣᠯᠤᠨ | ᠬᠠᠮᠢᠶ᠎ᠠ ᠪᠥᠬᠦᠶ ᠲᠠᠯ᠎ᠠ ᠶᠢ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠵᠤ᠂ ︽ᠳᠥᠷᠪᠡᠨ ᠡᠷᠲᠡ︾ ᠶᠢ | ᠪᠠᠷᠢᠮᠲᠠᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠥᠭᠡᠮ ᠬᠦᠴᠢᠯ ᠤᠨ ᠪᠠᠶᠢᠴᠠᠭᠠᠯᠳᠠ᠂ | ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠡᠮᠴᠢᠯᠡᠭᠡ ᠪᠠᠷ ᠠᠪᠤᠷᠠᠨ ᠵᠠᠰᠠᠬᠤ᠂ ᠡᠪᠡᠳᠴᠢᠨ ᠤ ᠡᠬᠢ ᠰᠤᠷᠪᠤᠯᠵᠢ ᠶᠢ | ᠮᠥᠷᠳᠡᠬᠦ ᠵᠡᠷᠭᠡ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠦᠨᠡᠨ ᠠᠴᠠ ᠵᠥᠪ ᠢ ᠡᠷᠢᠵᠦ᠂ ᠮᠡᠳᠡᠭᠡ ᠵᠠᠩᠭᠢ ᠶᠢ ᠢᠯᠡ ᠲᠣᠳᠣ ᠨᠡᠶᠢᠲᠡᠯᠡᠵᠦ᠂ ᠬᠢᠵᠢᠭ ᠤᠨ | ᠳᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠶ ᠭᠡᠵᠡᠢ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠪᠠ᠃ |