ᠥᠪᠥᠷ ᠮᠣᠩᠭᠤᠯ ᠳᠤ ᠤᠯᠤᠰ ᠤᠨ ᠲᠠᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠰᠢᠨᠵᠢᠯᠡᠨ ᠰᠤᠳᠤᠯᠬᠤ ᠥᠷᠲᠡᠭᠡ ᠰᠢᠨ᠎ᠡ ᠪᠠᠷ ᠨᠢᠭᠡ ᠨᠡᠮᠡᠭᠳᠡᠪᠡ
ᠨᠡᠶᠢᠲᠡᠯᠡᠭᠰᠡᠨ ᠴᠠᠭ᠄
2021/11/10
           ᠣᠶᠢᠷ᠎ᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤᠯᠤᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠰᠢᠨᠵᠢᠯᠡᠨ ᠰᠤᠳᠤᠯᠬᠤ 69 ᠥᠷᠲᠡᠭᠡ ᠪᠠᠶᠢᠭᠤᠯᠬᠤ ᠶᠢ ᠵᠥᠪᠰᠢᠶᠡᠷᠡᠵᠦ᠂ ᠥᠪᠥᠷ ᠮᠣᠩᠭᠤᠯ ᠤᠨ ᠮᠤᠨᠢ ᠠᠭᠤᠯᠠ ᠶᠢᠨ ᠠᠷᠤ ᠬᠤᠷᠮᠣᠶ ᠶᠢᠨ ᠨᠤᠲᠤᠭ ᠪᠡᠯᠴᠢᠭᠡᠷ ᠤᠨ ᠠᠮᠢ ᠠᠬᠤᠶ ᠤᠰᠤᠨ ᠵᠦᠶ ᠶᠢᠨ ᠤᠯᠤᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠰᠢᠨᠵᠢᠯᠡᠨ ᠰᠤᠳᠤᠯᠬᠤ ᠥᠷᠲᠡᠭᠡ ︵ᠳᠣᠷᠣᠭᠰᠢ ᠮᠤᠨᠢ ᠠᠭᠤᠯᠠ ᠶᠢᠨ ᠠᠷᠤ ᠬᠤᠷᠮᠣᠶ ᠶᠢᠨ ᠤᠯᠤᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠰᠢᠨᠵᠢᠯᠡᠨ ᠰᠤᠳᠤᠯᠬᠤ ᠥᠷᠲᠡᠭᠡ ᠭᠡᠵᠦ ᠲᠣᠪᠴᠢᠯᠠᠨ᠎ᠠ︶ ᠰᠣᠩᠭᠤᠭᠳᠠᠵᠠᠢ᠃ ᠣᠲᠣ ᠪᠣᠯᠲᠠᠯ᠎ᠠ᠂ ᠮᠠᠨ ᠤ ᠣᠷᠣᠨ ᠰᠢᠨᠵᠢᠯᠡᠨ ᠰᠤᠳᠤᠯᠬᠤ ᠥᠷᠲᠡᠭᠡ᠂ ᠠᠮᠢ ᠠᠬᠤᠶ ᠶᠢᠨ ᠰᠤᠳᠤᠯᠭᠠᠨ ᠤ ᠥᠷᠲᠡᠭᠡ᠂ ᠠᠮᠢ ᠠᠬᠤᠶ ᠶᠢᠨ ᠪᠠᠶᠢᠷᠢ ᠲᠣᠭᠲᠠᠭᠠᠬᠤ ᠥᠷᠲᠡᠭᠡ᠂ ᠲᠤᠷᠰᠢᠯᠲᠠ ᠶᠢᠨ ᠰᠤᠳᠤᠯᠭᠠᠨ ᠤ ᠥᠷᠲᠡᠭᠡ᠂ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠭᠠᠵᠠᠷ᠂ ᠪᠠᠶᠢᠷᠢ ᠲᠣᠭᠲᠠᠭᠠᠬᠤ ᠰᠤᠳᠤᠯᠭᠠᠨ ᠤ ᠥᠷᠲᠡᠭᠡ ︵ᠳᠣᠷᠣᠭᠰᠢ ᠥᠷᠲᠡᠭᠡ ᠭᠡᠵᠦ ᠲᠣᠪᠴᠢᠯᠠᠨ᠎ᠠ︶ ᠵᠡᠷᠭᠡ ᠬᠡᠭᠡᠷ᠎ᠡ ᠶᠢᠨ ᠰᠢᠨᠵᠢᠯᠡᠯᠲᠡ᠂ ᠲᠤᠷᠰᠢᠯᠲᠠ ᠬᠢᠬᠦ᠂ ᠰᠤᠳᠤᠯᠭᠠᠨ ᠳᠤ ᠬᠡᠷᠡᠭᠯᠡᠬᠦ ᠥᠷᠲᠡᠭᠡ ᠶᠢ ᠪᠠᠶᠢᠭᠤᠯᠵᠤ᠂ ᠡᠭᠦᠨ ᠳᠤ᠂ ᠤᠯᠤᠰ ᠤᠨ ᠲᠠᠰ ᠤᠨ ᠬᠢ 5᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠢ 44 ᠪᠣᠶ᠃        ᠥᠪᠥᠷ ᠮᠣᠩᠭᠤᠯ ᠤᠨ ᠮᠤᠨᠢ ᠠᠭᠤᠯᠠ ᠶᠢᠨ ᠠᠷᠤ ᠬᠤᠷᠮᠣᠶ ᠶᠢᠨ ᠨᠤᠲᠤᠭ ᠪᠡᠯᠴᠢᠭᠡᠷ ᠪᠣᠯ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠤ ᠪᠠᠶᠢᠷᠢᠰᠢᠯ ᠤᠨ ︽ᠬᠤᠶᠠᠷ ᠬᠠᠯᠬᠠᠪᠴᠢ ᠭᠤᠷᠪᠠᠨ ᠪᠦᠰᠡ︾ ᠶᠢᠨ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠳᠤ ᠬᠠᠷᠢᠶᠠᠯᠠᠭᠳᠠᠵᠤ᠂ ᠠᠮᠢ ᠠᠬᠤᠶ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠᠷ ᠲᠦᠢᠯ ᠤᠨ ᠴᠢᠬᠤᠯᠠ ᠪᠣᠯᠬᠤ ᠰᠠᠯᠬᠢᠨ ᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠳᠠᠮᠵᠢᠳᠤ ᠣᠷᠣᠨ ᠪᠣᠯᠬᠤ ᠪᠥᠭᠡᠳ ︽ᠤᠯᠤᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠰᠢᠨᠵᠢᠯᠡᠨ ᠰᠤᠳᠤᠯᠬᠤ ᠥᠷᠲᠡᠭᠡ ᠶᠢᠨ ᠪᠥᠲᠥᠭᠡᠨ ᠪᠠᠶᠢᠭᠤᠯᠵᠤ ᠬᠥᠭᠵᠢᠭᠦᠯᠬᠦ ᠲᠥᠰᠦᠯ︾ ᠳᠠᠬᠢ ᠭᠤᠤᠯᠳᠠᠯᠭ᠎ᠠ ᠲᠠᠢ ᠳᠡᠮᠵᠢᠬᠦ ᠪᠠᠶᠢᠷᠢᠰᠢᠯ ᠤᠨ ᠣᠷᠣᠨ ᠪᠣᠯᠤᠨ᠎ᠠ᠃ ᠮᠤᠨᠢ ᠠᠭᠤᠯᠠ ᠶᠢᠨ ᠠᠷᠤ ᠬᠤᠷᠮᠣᠶ ᠶᠢᠨ ᠤᠯᠤᠰ ᠤᠨ ᠬᠡᠭᠡᠷ᠎ᠡ ᠶᠢᠨ ᠥᠷᠲᠡᠭᠡ ᠳᠤ ᠤᠰᠤᠨ ᠵᠦᠶ᠂ ᠬᠥᠷᠥᠰᠥ ᠰᠢᠷᠣᠶ᠂ ᠴᠠᠭ ᠠᠭᠤᠷ᠂ ᠠᠮᠢ ᠠᠬᠤᠶ ᠵᠡᠷᠭᠡ ᠲᠠᠯ᠎ᠠ ᠶᠢᠨ ᠰᠢᠨᠵᠢᠯᠡᠨ ᠰᠤᠳᠤᠯᠬᠤ ᠠᠵᠢᠯ ᠢ ᠥᠷᠨᠢᠭᠦᠯᠦᠨ᠎ᠡ᠃ ᠴᠦᠯ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠪᠦᠲᠦᠴᠡ ᠬᠢᠭᠡᠳ ᠴᠢᠳᠠᠮᠵᠢ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠬᠢᠭᠡᠳ ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡ᠂ ᠠᠭᠤᠷ ᠠᠮᠢᠰᠬᠤᠯ ᠤᠨ ᠬᠤᠪᠢᠷᠠᠯᠲᠠ ᠬᠢᠭᠡᠳ ᠠᠮᠢ ᠠᠬᠤᠶ ᠶᠢᠨ ᠰᠢᠰᠲ᠋ᠧᠮ ᠤᠨ ᠬᠤᠪᠢᠰᠤᠯᠲᠠ᠂ ᠵᠢᠵᠢᠭ ᠰᠠᠪᠠ ᠭᠠᠵᠠᠷ ᠤᠨ ᠤᠰᠤ ᠨᠡᠭᠦᠷᠡᠰᠦᠲᠥ᠋ᠷᠥᠭᠴᠢ ᠶᠢᠨ ᠣᠷᠴᠢᠯ ᠬᠢᠭᠡᠳ ᠤᠰᠤᠨ ᠵᠦᠶ ᠶᠢᠨ ᠶᠠᠪᠤᠴᠠ᠂ ᠠᠮᠢ ᠠᠬᠤᠶ ᠶᠢᠨ ᠰᠢᠰᠲ᠋ᠧᠮ ᠤᠨ ᠳᠠᠭᠠᠭᠠᠴᠠ ᠬᠢᠭᠡᠳ ᠬᠥᠷᠥᠰᠥ ᠰᠢᠷᠣᠶ ᠶᠢᠨ ᠡᠬᠢ ᠪᠠᠶᠠᠯᠢᠭ ᠤᠨ ᠲᠣᠬᠢᠷᠠᠭᠤᠯᠭ᠎ᠠ ᠡᠵᠡᠮᠳᠡᠯ᠂ ᠠᠮᠢ ᠠᠬᠤᠶ ᠶᠢᠨ ᠰᠢᠰᠲ᠋ᠧᠮ ᠤᠨ ᠰᠡᠷᠭᠦᠭᠡᠯᠲᠡ ᠬᠢᠭᠡᠳ ᠴᠢᠳᠠᠮᠵᠢ ᠶᠢᠨ ᠳᠡᠭᠡᠭᠰᠢᠯᠡᠯᠲᠡ ᠵᠡᠷᠭᠡ ᠳᠤ ᠣᠷᠣᠨ ᠪᠠᠶᠢᠷᠢ ᠲᠣᠭᠲᠠᠭᠠᠨ ᠰᠢᠨᠵᠢᠯᠡᠯᠲᠡ ᠪᠠ ᠰᠤᠳᠤᠯᠤᠯᠲᠠ ᠬᠢᠨ᠎ᠠ᠃ ᠣᠳᠣᠬᠠᠨ ᠳᠤ ᠶᠡᠭᠡ ᠬᠡᠮᠵᠢᠶᠡᠨ ᠤ ᠠᠩᠬᠠᠨ ᠤ ᠰᠠᠭᠤᠷᠢ ᠠᠵᠢᠭᠯᠠᠯᠲᠠ ᠶᠢᠨ ᠲᠤᠭ᠎ᠠ ᠪᠠᠷᠢᠮᠲᠠ ᠶᠢ ᠬᠤᠷᠠᠮᠳᠤᠭᠤᠯᠵᠤ᠂ ᠰᠠᠭᠤᠷᠢ ᠨᠥᠬᠦᠴᠡᠯ ᠤᠨ ᠳᠠᠪᠠᠭᠤᠯᠢᠭ ᠨᠢ ᠢᠯᠡᠷᠬᠡᠶ ᠪᠥᠭᠡᠳ ᠨᠡᠯᠢᠶᠡᠳ ᠴᠢᠩᠭ᠎ᠠ ᠰᠢᠨᠵᠢᠯᠡᠭᠡᠨ ᠪᠠ ᠠᠵᠢᠯ ᠲᠥᠷᠥᠯ ᠤᠨ ᠲᠥᠯᠥᠭᠡᠯᠡᠬᠦ ᠴᠢᠨᠠᠷᠲᠠᠶ ᠪᠠᠶᠢᠵᠤ᠂ ᠮᠠᠨ ᠤ ᠤᠯᠤᠰ ᠤᠨ ᠤᠮᠠᠷᠠᠲᠤ ᠶᠢᠨ ᠴᠥᠯ ᠤᠨ ᠨᠤᠲᠤᠭ ᠪᠡᠯᠴᠢᠭᠡᠷ ᠤᠨ ᠴᠢᠬᠤᠯᠠ ᠠᠮᠢ ᠠᠬᠤᠶ ᠶᠢᠨ ᠴᠢᠳᠠᠮᠵᠢᠳᠤ ᠣᠷᠣᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠪᠠ ᠣᠷᠳᠣ ᠬᠤᠭᠤᠴᠠᠭᠠᠨ ᠤ ᠪᠠᠶᠢᠷᠢ ᠲᠣᠭᠲᠠᠭᠠᠨ ᠰᠢᠨᠵᠢᠯᠡᠨ ᠰᠤᠳᠤᠯᠬᠤ ᠶᠢᠨ ᠬᠤᠭᠤᠰᠣᠨ ᠢ ᠨᠥᠬᠦᠪᠥᠷᠢᠯᠡᠭᠰᠡᠨ ᠪᠠᠶᠢᠨ᠎ᠠ᠃        ᠤᠯᠤᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠰᠢᠨᠵᠢᠯᠡᠨ ᠰᠤᠳᠤᠯᠬᠤ ᠦᠷᠳᠡᠭᠡ ᠪᠣᠯ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠰᠠᠭᠤᠷᠢᠨ ᠭᠠᠵᠠᠷ ᠤᠨ ᠨᠢᠭᠡ ᠨᠢ ᠪᠣᠯᠣᠨ᠎ᠠ᠃ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠮᠠᠨ ᠤ ᠣᠷᠣᠨ ᠤ ᠬᠡᠭᠡᠷ᠎ᠡ ᠶᠢᠨ ᠰᠢᠨᠵᠢᠯᠡᠯᠲᠡ ᠶᠢᠨ ᠥᠷᠲᠡᠭᠡ ᠨᠦᠭᠦᠳ ᠬᠡᠭᠡᠷ᠎ᠡ ᠭᠠᠳᠠᠨ᠎ᠠ ᠡᠯ᠎ᠡ ᠲᠥᠷᠥᠯ ᠤᠨ ᠲᠤᠭ᠎ᠠ ᠪᠠᠷᠢᠮᠲᠠ ᠶᠢ ᠲᠠᠰᠤᠷᠠᠯᠲᠠ ᠥᠬᠡᠶ ᠴᠤᠭᠯᠠᠭᠤᠯᠬᠤ ᠪᠠᠷ ᠳᠡᠮᠵᠢᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠡᠭᠦᠨ ᠠᠴᠠ ᠭᠠᠳᠠᠨ᠎ᠠ᠂ ᠮᠠᠰᠢ ᠣᠯᠠᠨ ᠬᠡᠭᠡᠷ᠎ᠡ ᠶᠢᠨ ᠥᠷᠲᠡᠭᠡ ᠳᠤ ᠲᠥᠷᠥᠯ ᠵᠦᠢᠯ ᠤᠨ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠣᠶ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ᠂ ᠦᠷ᠎ᠡ ᠪᠦᠲᠦᠭᠡᠯ ᠤᠨ ᠭᠠᠷᠭᠠᠯᠲᠠ ᠶᠢ ᠠᠬᠢᠭᠤᠯᠬᠤ᠂ ᠣᠷᠣᠨ ᠨᠤᠲᠤᠭ ᠤᠨ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号