| | 11 ᠳ᠋ᠦ᠋ᠭᠡᠷ ᠰᠠᠷ᠎ᠠ ᠶᠢᠨ 8 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ | ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠃ ᠲᠤᠬᠠᠢ ᠶᠢᠨ ᠭᠠᠵᠠᠷ ᠤᠨ | ᠲᠣᠳᠣᠯᠠᠭᠰᠠᠨ 10 ᠡᠪᠡᠳᠴᠢᠨ ᠤ ᠵᠢᠱᠢᠶ᠎ᠡ ︵ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠳᠤ 2᠂ ᠠᠯᠠᠱᠠ | ᠠᠶᠢᠮᠠᠭ ᠤᠨ ᠡᠵᠡᠨ᠎ᠡ ᠬᠤᠰᠢᠭᠤᠨ ᠳᠤ 8︶ ᠡᠷᠡᠭᠦᠯᠵᠢᠵᠦ ᠡᠮᠨᠡᠯᠭᠡ ᠠᠴᠠ ᠭᠠᠷᠪᠠ᠃ | 11 ᠳ᠋ᠦ᠋ᠭᠡᠷ ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 7 | ᠪᠠᠶᠢᠵᠤ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 84 ︵ᠰᠢᠯᠢ ᠶᠢᠨ ᠭᠤᠤᠯ ᠠᠶᠢᠮᠠᠭ ᠤᠨ | ᠡᠷᠢᠶᠡᠨ ᠬᠤᠲᠠ ᠳᠤ 7᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ 1᠂ ᠠᠯᠠᠱᠠ ᠠᠶᠢᠮᠠᠭ ᠤᠨ | ᠡᠵᠡᠨ᠎ᠡ ᠬᠤᠰᠢᠭᠤᠨ ᠳᠤ 76︶ ᠪᠠᠶᠢᠨ᠎ᠠ᠃ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ | ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |