ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠸᠠᠩ ᠠᠢ ᠯᠢᠨ ᠯᠢᠦ ᠠᠨ ᠨᠥᠬᠦᠷ ᠲᠤ ︽ᠤᠮᠠᠷᠠᠲᠤ ᠬᠢᠯᠢ ᠶᠢᠨ ᠵᠢᠱᠢᠶᠡᠴᠢ︾ ᠶᠢᠨ ᠴᠣᠯᠠ ᠣᠯᠭᠤᠪᠠ
ᠨᠡᠶᠢᠲᠡᠯᠡᠭᠰᠡᠨ ᠴᠠᠭ᠄
2021/11/15
           11 ᠰᠠᠷ᠎ᠠ ᠶᠢᠨ 12 ᠤᠨ ᠤᠷᠤᠢ᠂ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶᠠᠠ ᠤ ᠤᠬᠠᠭᠤᠯᠬᠤ ᠬᠡᠯᠲᠡᠰ ᠬᠦᠬᠡᠬᠤᠲᠠ ᠳᠤ ᠸᠠᠩ ᠠᠢ ᠯᠢᠨ᠂ ᠯᠢᠤ ᠠᠠ ᠨᠦᠬᠦᠷ ᠤᠨ ᠲᠡᠷᠢᠭᠦᠨ ᠤ ᠦᠢᠯᠠ ᠠᠵᠢᠯᠯᠠᠭ᠎ᠠ ᠶᠢ ᠨᠡᠶᠢᠲᠡᠯᠡᠬᠦ ᠬᠤᠷᠠᠯ ᠬᠢᠭᠰᠡᠡ ᠪᠦᠭᠡᠳ ᠲᠡᠲᠡᠡ ᠳᠤ ︽ᠤᠮᠠᠷᠠᠲᠦ ᠬᠢᠯᠢ ᠶᠢᠨ ᠵᠢᠱᠢᠶᠡᠴᠢ︾ ᠶᠢᠨ ᠴᠤᠯᠠ ᠤᠯᠭᠤᠵᠠᠢ᠃        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠸᠠᠩ ᠠᠶ ᠯᠢᠨ᠂ ᠯᠢᠦ ᠠᠨ ᠨᠥᠬᠦᠷ ᠲᠤ ︽ᠤᠮᠠᠷᠠᠲᠤ ᠬᠢᠯᠢ ᠶᠢᠨ ᠵᠢᠱᠢᠶᠡᠴᠢ︾ ᠶᠢᠨ ᠦᠨᠡᠮᠯᠡᠯ ᠪᠠ ᠱᠠᠩᠨᠠᠯ ᠤᠨ ᠲᠡᠮᠳᠡᠭ ᠭᠠᠷᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠨᠡᠶᠢᠲᠡᠯᠡᠬᠦ ᠬᠤᠷᠠᠯ ᠳᠤ ᠣᠷᠣᠯᠴᠠᠵᠠᠢ᠃        ᠨᠡᠶᠢᠲᠡᠯᠡᠬᠦ ᠬᠤᠷᠠᠯ ᠤᠨ ᠠᠬᠤᠶ ᠲᠠᠯᠠᠪᠠᠶ ᠳᠤ ᠸᠠᠩ ᠠᠶ ᠯᠢᠨ᠂ ᠯᠢᠦ ᠠᠨ ᠨᠥᠬᠦᠷ ᠤᠨ ᠲᠡᠷᠢᠭᠦᠨ ᠤ ᠦᠶ᠋ᠯᠡ ᠠᠵᠢᠯᠯᠠᠭ᠎ᠠ ᠶᠢᠨ ᠸᠢᠳᠢᠣ᠋ ᠣᠬᠤᠷ ᠹᠢᠯᠢᠮ ᠢ ᠨᠡᠪᠲᠡᠷᠡᠭᠦᠯᠬᠦ ᠶᠢᠨ ᠬᠠᠮᠲᠤ ᠦᠵᠡᠭᠳᠡᠯᠲᠦ ᠵᠦᠴᠦᠭᠡ ᠶᠢᠨ ᠬᠡᠯᠪᠡᠷᠢ ᠪᠠᠷ ᠲᠡᠳᠡᠨ ᠤ ᠠᠵᠢᠯ ᠤᠨ ᠪᠠᠶᠢᠳᠠᠯ ᠢ ᠳᠠᠬᠢᠨ ᠢᠯᠡᠷᠡᠭᠦᠯᠪᠡ᠃ ᠸᠠᠩ ᠠᠶ ᠯᠢᠨ᠂ ᠯᠢᠦ ᠠᠨ ᠨᠥᠬᠦᠷ ᠤᠨ ᠬᠠᠮᠲᠤ ᠠᠵᠢᠯᠯᠠᠭᠴᠢ᠂ ᠬᠠᠪᠰᠤᠷᠤᠯᠭ᠎ᠠ ᠳᠡᠮᠵᠢᠯᠭᠡ ᠶᠢ ᠬᠦᠷᠳᠡᠭᠰᠡᠳ ᠠᠳᠠᠯᠢ ᠪᠤᠰᠤ ᠬᠠᠷᠠᠭᠠᠰᠤ ᠠᠴᠠ ᠲᠡᠳᠡᠨ ᠤ ᠠᠵᠢᠯ ᠤᠨ ᠳᠤᠮᠳᠠᠬᠢ ᠰᠡᠳᠭᠢᠯ ᠬᠥᠳᠡᠯᠭᠡᠮ᠎ᠡ ᠥᠯᠢᠭᠡᠷ ᠢ ᠶᠠᠷᠢᠵᠠᠭᠠᠪᠠ᠃        ᠸᠠᠩ ᠠᠶ ᠯᠢᠨ ᠪᠣᠯ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠡᠳ᠋ ᠳᠠᠷᠤᠭ᠎ᠠ ᠶᠤᠮ᠂ ᠲᠡᠷᠡ ᠦᠨᠳᠦᠰᠦᠨ ᠱᠠᠲᠤᠨ ᠤ ᠰᠢᠭᠦᠬᠦ ᠬᠤᠷᠢᠶᠠᠨ ᠳᠤ 17 ᠵᠢᠯ ᠠᠵᠢᠯᠯᠠᠵᠤ᠂ ᠰᠢᠭᠦᠭᠴᠢ ᠶᠢᠨ ᠡᠷᠡᠰ ᠴᠢᠩᠭ᠎ᠠ ᠤᠪᠤᠷ ᠪᠠ ᠢᠲᠡᠭᠡᠯ ᠵᠣᠷᠢᠭ᠂ ᠡᠮᠡᠭᠲᠡᠶᠢᠴᠦᠳ ᠤᠨ ᠴᠠᠶᠢᠯᠭᠠᠨ ᠰᠡᠳᠭᠢᠯ ᠪᠠ ᠤᠶᠠᠨ ᠵᠥᠭᠡᠯᠡᠨ ᠵᠠᠩ ᠢᠶᠠᠷ ᠪᠤᠷᠤᠭᠤ ᠵᠠᠮ ᠳᠤ ᠤᠷᠤᠭᠰᠠᠨ ᠮᠠᠰᠢ ᠤᠯᠠᠠ ᠨᠠᠰᠤᠨ ᠳᠤ ᠦᠯᠦ ᠬᠦᠷᠦᠭᠰᠡᠳ ᠢ ᠠᠪᠤᠷᠠᠵᠠᠢ᠃ ᠬᠥᠮᠦᠰ ᠲᠡᠭᠦᠨ ᠢ ︽ᠰᠢᠭᠦᠭᠴᠢ ᠡᠵᠢ︾ ᠭᠡᠵᠦ ᠳᠣᠲᠣᠨᠣᠴᠢᠯᠠᠨ ᠳᠠᠭᠤᠳᠠᠳᠠᠭ᠃ ᠲᠡᠷᠡ ᠬᠦᠨᠳᠦ ᠡᠪᠡᠳᠴᠢᠨ ᠳᠤ ᠨᠡᠷᠪᠡᠭᠳᠡᠵᠦ᠂ ᠥᠮᠡᠨ ᠡᠪᠡᠳᠴᠢᠨ ᠲᠠᠢ ᠲᠡᠮᠡᠴᠡᠵᠦ ᠪᠠᠶᠢᠭᠰᠠᠠ ᠴᠦ ᠮᠥᠨ ᠯᠡ ᠦᠪᠡᠷ ᠢ ᠪᠠᠨ ᠤᠮᠠᠷᠳᠠᠨ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡ ᠬᠠᠤᠯᠢ ᠪᠠᠷᠢᠬᠤ ᠬᠠᠶᠢᠷ᠎ᠠ ᠰᠡᠳᠭᠢᠯᠭᠡ ᠶᠢ ᠦᠢᠯᠡᠳᠦᠯᠭᠡᠵᠢᠭᠦᠯᠵᠦ ᠪᠠᠶᠢᠪᠠ᠃        ᠯᠢᠦ ᠠᠨ ᠪᠣᠯ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠬᠤᠶᠢᠲᠤ ᠬᠡᠰᠡᠭ ᠤᠨ ᠪᠠᠯᠠᠷᠯᠢᠭ ᠰᠢᠭᠤᠶᠢᠲᠤ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠩᠬᠡᠬᠠᠳᠠ ᠲᠣᠮᠢᠯᠠᠭᠰᠠᠨ ᠰᠠᠯᠪᠤᠷᠢ ᠶᠢᠨ ᠬᠤᠶᠠᠳᠤᠭᠠᠷ ᠳᠡᠰ ᠤᠨ ᠴᠠᠭᠳᠠᠭᠠᠨ ᠳᠠᠷᠤᠭ᠎ᠠ ᠪᠣᠯᠤᠨ᠎ᠠ᠂ ᠲᠡᠷᠡ 22 ᠵᠢᠯ ᠤᠨ ᠲᠤᠷᠰᠢ ᠪᠡᠷᠭᠡ ᠬᠠᠲᠠᠭᠤᠵᠢᠯᠲᠠᠶ ᠨᠦᠬᠦᠴᠡᠯ ᠪᠦᠬᠦᠢ ᠪᠠᠯᠠᠷᠯᠢᠭ ᠰᠢᠭᠤᠶᠢᠲᠦ ᠤᠷᠤᠨ ᠤ ᠡᠵᠡᠬᠦᠢ ᠭᠠᠵᠠᠷ ᠲᠤ ᠬᠠᠬᠢᠷ ᠬᠦᠶ᠋ᠲᠡᠨ᠂ ᠤᠰᠤ ᠳᠤᠲᠠᠭᠳᠠᠬᠤ᠂ ᠴᠠᠬᠢᠯᠭᠠᠨ ᠳᠤᠲᠠᠭᠳᠠᠬᠤ ᠵᠡᠷᠭᠡ ᠵᠦᠢᠯ ᠵᠦᠶ᠋ᠯ ᠤᠨ ᠬᠦᠴᠢᠷ ᠪᠡᠷᠬᠡᠰᠢᠶᠡᠯ ᠢ ᠲᠤᠭᠤᠯᠵᠤ᠂ ᠶᠠᠮᠠᠷ ᠴᠣ᠋ ᠭᠤᠮᠤᠳᠠᠯ ᠬᠠᠷᠠᠮᠰᠠᠯ ᠥᠬᠡᠶ ᠰᠠᠬᠢᠨ ᠰᠠᠭᠤᠵᠤ ᠬᠦᠴᠦ ᠬᠦᠯᠦᠰᠦ ᠪᠠᠨ ᠤᠷᠤᠰᠬᠠᠵᠦ ︽ᠠᠷᠠᠳ ᠤᠨ ᠳᠣᠲᠣᠭᠠᠳᠤ ᠶᠢ ᠬᠠᠮᠠᠭᠠᠯᠠᠬᠤ ᠴᠠᠭᠲᠠᠭ᠎ᠠ ᠠᠷᠠᠳ ᠲᠦᠮᠡᠨ ᠤ ᠲᠥᠯᠥᠭᠡ︾ ᠭᠡᠬᠦ ᠲᠥᠪ ᠴᠢᠩᠭ᠎ᠠ ᠠᠮᠠᠯᠠᠯᠲᠠ ᠪᠠᠨ ᠦᠢᠯᠡᠳᠦᠯᠭᠡᠵᠢᠭᠦᠯᠵᠦ᠂ ᠡᠬᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠭᠡᠯ ᠪᠤᠰᠤ ᠵᠢᠳᠭᠦᠯ ᠭᠠᠷᠭᠠᠭᠰᠠᠨ ᠪᠠᠶᠢᠨ᠎ᠠ᠃        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ᠂ ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ᠂ ᠢᠯᠠᠩᠭᠤᠶ᠎ᠠ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠨᠠᠮ ᠤᠨ ᠭᠡᠰᠢᠭᠦᠨ ᠺᠠᠳ᠋ᠷᠴᠤᠳ ᠢ ᠸᠠᠩ ᠠᠢ ᠯᠢᠨ᠂ ᠯᠢᠦ ᠠᠨ ᠨᠥᠬᠦᠷ ᠢᠶᠠᠷ ᠳᠠᠭᠤᠷᠢᠶᠠᠯ ᠪᠣᠯᠭᠠᠵᠤ᠂ ᠲᠡᠳᠡᠨ ᠤ ᠭᠤᠶᠢᠪᠢᠰᠢ ᠦᠭᠡᠢ ᠢᠲᠡᠭᠡᠯ ᠵᠣᠷᠢᠭ᠂ ᠨᠠᠮ ᠳᠠᠭᠠᠨ ᠦᠨᠡᠨᠴᠢ ᠰᠢᠳᠤᠷᠭᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠰᠤᠷᠲᠠᠯ ᠢ ᠰᠤᠷᠤᠯᠴᠠᠬᠤ ᠬᠡᠷᠡᠭᠲᠡᠢ︔ ᠲᠡᠳᠡᠨ ᠤ ᠨᠢᠭᠡ ᠰᠡᠳᠭᠢᠯ ᠢᠶᠠᠷ ᠠᠷᠠᠳ ᠤᠨ ᠲᠥᠯᠥᠭᠡ ᠵᠢᠳᠬᠦᠬᠦ᠂ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠡᠷᠬᠢᠮ ᠳᠡᠭᠡᠳᠦ ᠵᠣᠷᠢᠭ ᠰᠠᠨᠠᠭ᠎ᠠ ᠶᠢ ᠨᠢ ᠰᠤᠷᠤᠯᠴᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠸᠠᠩ ᠠᠶ ᠯᠢᠨ᠂ ᠯᠢᠦ ᠠᠨ ᠨᠥᠬᠦᠷ ᠠᠴᠠ ᠰᠤᠷᠤᠯᠴᠠᠬᠤ ᠠᠵᠢᠯᠯᠠᠭ᠎ᠠ ᠶᠢ ᠤᠳᠤᠬᠠᠨ ᠳᠤ ᠥᠷᠨᠢᠭᠦᠯᠵᠦ ᠪᠠᠶᠢᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠨᠢᠭᠲᠠ ᠤᠶᠠᠯᠳᠤᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠩ ᠡᠷᠡᠰ ᠪᠠᠲᠤ ᠢᠲᠡᠭᠡᠯ ᠪᠢᠰᠢᠷᠡᠯ᠂ ᠨᠠᠩ ᠬᠠᠲᠠᠭᠤ ᠴᠢᠩᠭ᠎ᠠ ᠰᠤᠷᠲᠠᠯ ᠢᠶᠠᠷ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠳᠤ ᠪᠥᠬᠦ ᠬᠦᠴᠦᠨ ᠢᠶᠠᠷ ᠢᠶᠠᠨ ᠣᠷᠣᠯᠴᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠳᠦᠭᠡᠢ ᠭᠡᠵᠦ ᠤᠷᠢᠶᠠᠯᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号