ᠠᠷᠠᠳ ᠤᠨ ᠴᠠᠭᠳᠠᠭ᠎ᠠ ᠶᠢᠨ ᠴᠠᠭᠳᠠᠭᠠᠨ ᠤ ᠲᠤᠭ ᠤᠨ ᠬᠠᠮᠢᠶᠠᠷᠤᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2021/11/16
                   ᠨᠢᠭᠡᠳᠦᠭᠡᠷ ᠪᠦᠯᠦᠭ    ᠶᠡᠷᠦᠩᠬᠡᠢ ᠳᠦᠷᠢᠮ        ᠨᠢᠭᠡᠳᠦᠭᠡᠷ ᠵᠦᠢᠯ    ᠰᠢᠨ᠎ᠡ ᠴᠠᠭ ᠦᠶ᠎ᠡ ᠶᠢᠨ ᠠᠷᠠᠳ ᠤᠨ ᠴᠠᠭᠳᠠᠭ᠎ᠠ ᠶᠢᠨ ᠡᠩᠨᠡᠭᠡ ᠶᠢᠨ ᠬᠤᠪᠢᠰᠬᠠᠯᠵᠢᠬᠤ ᠵᠢᠩᠬᠢᠨᠢᠴᠢᠯᠡᠬᠦ ᠲᠤᠰᠬᠠᠶᠢᠵᠢᠭᠰᠠᠨ ᠠᠵᠢᠯ ᠮᠡᠷᠭᠡᠵᠢᠬᠦ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠴᠠᠭᠳᠠᠭᠠᠨ ᠤ ᠲᠤᠭ ︵ᠳᠣᠷᠣᠭᠰᠢ ︽ᠴᠠᠭᠳᠠᠭᠠᠨ ᠤ ᠲᠤᠭ︾ ᠭᠡᠵᠦ ᠲᠣᠪᠴᠢᠯᠠᠨ᠎ᠠ︶ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠵᠤ᠂ ᠴᠠᠭᠳᠠᠭᠠᠨ ᠤ ᠲᠤᠭ ᠤᠨ ᠨᠡᠷ᠎ᠡ ᠬᠦᠨᠳᠦ ᠶᠢ ᠬᠠᠮᠠᠭᠠᠯᠠᠨ᠂ ᠠᠷᠠᠳ ᠤᠨ ᠴᠠᠭᠳᠠᠭ᠎ᠠ ᠶᠢᠨ ᠡᠭᠦᠷᠭᠡ ᠬᠠᠷᠢᠭᠤᠴᠠᠯᠭᠠᠲᠤ ᠰᠡᠳᠬᠢᠯᠭᠡ ᠢᠷᠠᠭᠤ ᠠᠯᠳᠠᠷᠲᠤ ᠰᠡᠳᠬᠢᠯᠭᠡ ᠶᠢ ᠴᠢᠩᠭᠠᠷᠠᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ︾ ᠶᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃        ᠬᠤᠶᠠᠳᠤᠭᠠᠷ ᠵᠦᠢᠯ    ᠴᠠᠭᠳᠠᠭᠠᠨ ᠤ ᠲᠤᠭ ᠪᠣᠯ ᠠᠷᠠᠳ ᠤᠨ ᠴᠠᠭᠳᠠᠭ᠎ᠠ ᠶᠢᠨ ᠡᠩᠨᠡᠭᠡ ᠶᠢᠨ ᠴᠢᠬᠤᠯᠠ ᠪᠡᠯᠭᠡ ᠲᠡᠮᠳᠡᠭ ᠮᠥᠨ᠂ ᠠᠷᠠᠳ ᠤᠨ ᠴᠠᠭᠳᠠᠭ᠎ᠠ ᠶᠢᠨ ᠢᠷᠠᠭᠤ ᠠᠯᠳᠠᠷ᠂ ᠬᠠᠷᠢᠭᠤᠴᠠᠯᠭ᠎ᠠ ᠪᠠ ᠡᠭᠦᠷᠭᠡ ᠶᠢᠨ ᠪᠡᠯᠭᠡ ᠲᠡᠮᠳᠡᠭ ᠮᠥᠨ᠂ ᠠᠷᠠᠳ ᠤᠨ ᠴᠠᠭᠳᠠᠭ᠎ᠠ ᠶᠢᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠭᠡᠬᠦ ᠶᠢᠨ ᠴᠢᠬᠤᠯᠠ ᠵᠢᠯᠣᠭᠤᠳᠣᠯᠭ᠎ᠠ ᠮᠥᠨ᠃        ᠭᠤᠷᠪᠠᠳᠤᠭᠠᠷ ᠵᠦᠢᠯ    ᠠᠷᠠᠳ ᠤᠨ ᠴᠠᠭᠳᠠᠭ᠎ᠠ ᠴᠠᠭᠳᠠᠭᠠᠨ ᠤ ᠲᠤᠬ ᠤᠨ ᠤᠬᠠᠮᠰᠠᠷ ᠢ ᠪᠤᠢ ᠪᠣᠯᠭᠠᠵᠤ᠂ ᠴᠠᠭᠳᠠᠭᠠᠨ ᠤ ᠲᠤᠬ ᠢ ᠬᠦᠨᠳᠦᠳᠬᠡᠨ ᠬᠠᠶᠢᠷᠠᠯᠠᠵᠤ᠂ ᠴᠠᠭᠳᠠᠭᠠᠨ ᠤ ᠲᠤᠬ ᠤᠨ ᠨᠡᠷ᠎ᠡ ᠬᠦᠨᠳᠦ ᠶᠢ ᠬᠠᠮᠠᠭᠠᠯᠠᠬᠤ ᠬᠡᠷᠡᠭᠲᠡᠢ᠃        ᠳᠥᠷᠪᠡᠳᠦᠭᠡᠷ ᠵᠦᠢᠯ    ᠴᠠᠭᠳᠠᠭᠠᠨ ᠤ ᠲᠤᠭ ᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠪᠠᠷᠢᠮᠵᠢᠶ᠎ᠠ ᠲᠣᠭᠲᠠᠭᠠᠵᠤ᠂ ᠨᠢᠭᠡᠳᠦᠯᠲᠡᠶ ᠬᠢᠨᠠᠨ ᠦᠢᠯᠡᠳᠦᠨ᠎ᠡ᠃ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠠᠮᠤᠷ ᠲᠦᠪᠰᠢᠨ ᠤ ᠶᠠᠮᠤᠨ᠂ ᠬᠠᠤᠯᠢ ᠴᠠᠭᠠᠵᠠ ᠶᠢᠨ ᠶᠠᠮᠤᠨ ᠬᠠᠮᠲᠤ ᠪᠠᠷ ᠴᠠᠭᠳᠠᠭᠠᠨ ᠤ ᠲᠤᠭ ᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠠᠮᠤᠷ ᠲᠦᠪᠰᠢᠨ ᠤ ᠶᠠᠮᠤᠨ᠂ ᠬᠠᠤᠯᠢ ᠴᠠᠭᠠᠵᠠ ᠶᠢᠨ ᠶᠠᠮᠤᠨ ᠤ ᠤᠯᠤᠰ ᠲᠥᠷᠥ ᠶᠢᠨ ᠠᠵᠢᠯ ᠤᠨ ᠰᠠᠯᠠᠭ᠎ᠠ ᠮᠥᠴᠢᠷ ᠪᠣᠯ ᠴᠠᠭᠳᠠᠭᠠᠨ ᠤ ᠲᠤᠭ ᠤᠨ ᠬᠠᠮᠢᠶᠠᠷᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠥᠨ᠂ ᠴᠠᠭᠳᠠᠭᠠᠨ ᠤ ᠲᠤᠭ ᠣᠯᠭᠤᠬᠤ᠂ ᠭᠤᠶᠤᠴᠢᠯᠠᠨ ᠠᠪᠬᠤ᠂ ᠬᠠᠷᠭᠤᠭᠤᠯᠤᠨ ᠣᠯᠭᠤᠬᠤ ᠪᠠ ᠤᠬᠠᠭᠤᠯᠭ᠎ᠠ ᠬᠥᠮᠦᠵᠢᠯ ᠬᠢᠬᠦ ᠵᠡᠷᠭᠡ ᠵᠦᠢᠯᠡᠰ ᠢ ᠬᠠᠷᠢᠭᠤᠴᠠᠨ᠎ᠠ︔ ᠴᠠᠭᠳᠠᠭᠠᠨ ᠤ ᠶᠠᠪᠤᠳᠠᠯ ᠤᠨ ᠲᠣᠨᠤᠭ ᠲᠥᠬᠦᠭᠡᠷᠦᠮᠵᠢ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠴᠠᠭᠳᠠᠭᠠᠨ ᠤ ᠲᠤᠭ ᠦᠢᠯᠡᠳᠬᠦ᠂ ᠲᠠᠷᠬᠠᠭᠠᠬᠤ᠂ ᠬᠤᠷᠢᠶᠠᠨ ᠠᠪᠴᠤ ᠰᠢᠢᠳᠪᠦᠷᠢᠯᠡᠬᠦ ᠵᠡᠷᠭᠡ ᠵᠦᠢᠯᠡᠰ ᠢ ᠬᠠᠷᠢᠭᠤᠴᠠᠨ᠎ᠠ︔ ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠴᠠᠭᠳᠠᠭᠠᠨ ᠤ ᠲᠤᠭ ᠢ ᠬᠡᠷᠡᠭᠯᠡᠬᠦ᠂ ᠬᠠᠳᠠᠭᠠᠯᠠᠨ ᠬᠠᠮᠢᠶᠠᠷᠬᠤ ᠵᠡᠷᠭᠡ ᠵᠦᠢᠯᠡᠰ ᠢ ᠬᠠᠷᠢᠭᠤᠴᠠᠨ᠎ᠠ᠃        ᠬᠤᠶᠠᠳᠤᠭᠠᠷ ᠪᠦᠯᠦᠭ    ᠴᠠᠭᠳᠠᠭᠠᠨ ᠤ ᠲᠤᠬ ᠤᠨ ᠶᠠᠩᠵᠤ ᠮᠠᠶ᠋ᠢᠭ ᠪᠠ ᠬᠡᠪ ᠪᠠᠷᠢᠮᠵᠢᠶ᠎ᠠ        ᠲᠠᠪᠤᠳᠤᠭᠠᠷ ᠵᠦᠢᠯ    ᠴᠠᠭᠳᠠᠭᠠᠨ ᠤ ᠲᠤᠬ ᠨᠢ ᠤᠷᠳᠦ ᠳᠥᠷᠪᠡᠯᠵᠢᠨ ᠬᠡᠯᠪᠡᠷᠢ ᠲᠠᠢ᠂ ᠴᠠᠭᠳᠠᠭᠠᠨ ᠤ ᠰᠦᠯᠳᠡ ᠶᠢ ᠵᠡᠭᠦᠨ ᠳᠡᠭᠡᠷ᠎ᠡ ᠥᠨᠴᠥᠭ ᠲᠤ ᠲᠠᠯᠪᠢᠵᠤ᠂ ᠳᠡᠪᠢᠰᠬᠡᠷ ᠤᠢᠩᠭᠡ ᠶᠢᠨ ᠳᠡᠭᠡᠳᠦ ᠬᠡᠰᠡᠭ ᠤᠨ ᠬᠢᠨᠢ ᠭᠤᠷᠪᠠᠨ ᠤ ᠬᠤᠶᠠᠷ ᠢᠶᠠᠷ ᠤᠯᠤᠰ ᠤᠨ ᠲᠤᠬ ᠤᠨ ᠤᠯᠠᠭᠠᠨ ᠥᠩᠭᠡ᠂ ᠲᠤᠤᠷᠡᠳᠦ ᠬᠡᠰᠡᠭ ᠤᠨ ᠬᠢᠨᠢ ᠭᠤᠷᠪᠠᠨ ᠤ ᠨᠢᠭᠡ ᠪᠠᠷ ᠴᠠᠭᠳᠠᠭ᠎ᠠ ᠶᠢᠨ ᠬᠦᠭᠡ ᠥᠩᠭᠡ ᠪᠣᠯᠭᠠᠨ᠎ᠠ᠃        ᠵᠢᠷᠭᠤᠳᠤᠭᠠᠷ ᠵᠦᠢᠯ    ᠴᠠᠭᠳᠠᠭᠠᠨ ᠤ ᠲᠤᠭ ᠤᠨ ᠨᠡᠶᠢᠳᠡᠮ ᠬᠡᠷᠡᠭᠯᠡᠬᠦ ᠪᠠᠷᠢᠮᠵᠢᠶ᠎ᠠ ᠶᠢ ᠳᠤᠤᠷᠠᠬᠢ ᠮᠡᠲᠦ ᠳᠥᠷᠪᠡᠨ ᠵᠦᠢᠯ ᠳᠤ ᠬᠤᠪᠢᠶᠠᠨ᠎ᠠ᠄ ︵ᠨᠢᠭᠡ︶ ᠣᠷᠳᠣ ᠨᠢ 240 ᠰᠡᠨᠲ᠋ᠢᠮᠧᠲᠷ᠂ ᠥᠷᠭᠡᠨ ᠨᠢ 160 ᠰᠡᠨᠲ᠋ᠢᠮᠧᠲᠷ ︔ ︵ᠬᠤᠶᠠᠷ︶ ᠤᠷᠳᠤ ᠨᠢ 192 ᠰᠡᠨᠲ᠋ᠢᠮᠧᠲᠷ᠂ ᠥᠷᠭᠡᠨ ᠨᠢ 128 ᠰᠡᠨᠲ᠋ᠢᠮᠧᠲᠷ︔ ︵ᠭᠤᠷᠪᠠ︶ ᠤᠷᠲᠤ ᠨᠢ 144 ᠰᠡᠨᠲ᠋ᠢᠮᠧᠲᠷ᠂ ᠥᠷᠭᠡᠨ ᠨᠢ 96 ᠰᠡᠨᠲ᠋ᠢᠮᠧᠲᠷ︔ ︵ᠲᠦᠷᠪᠡ︶ ᠤᠷᠳᠦ ᠨᠢ 96 ᠰᠡᠨᠲ᠋ᠢᠮᠧᠲᠷ᠂ ᠥᠷᠭᠡᠨ ᠨᠢ 64 ᠰᠡᠨᠲ᠋ᠢᠮᠧᠲᠷ᠃ ᠴᠠᠭᠳᠠᠭᠠᠨ ᠤ ᠶᠠᠪᠤᠳᠠᠯ ᠤᠨ ᠶᠣᠰᠣᠯᠠᠯ ᠤᠨ ᠡᠭᠦᠷᠭᠡ ᠶᠢ ᠭᠦᠢᠴᠡᠳᠬᠡᠬᠦ ᠳᠤ ᠪᠠᠨ ᠡᠮᠦᠨᠡᠬᠢ ᠪᠠᠳᠠᠭ ᠤᠨ ᠬᠤᠶᠠᠳᠤᠭᠠᠷ ᠬᠡᠪ ᠪᠠᠷᠢᠮᠵᠢᠶᠠᠲᠤ ᠴᠠᠭᠳᠠᠭᠠᠨ ᠤ ᠲᠤᠬ ᠢ ᠬᠡᠷᠡᠭᠯᠡᠨ᠎ᠡ᠃ ᠪᠤᠰᠤᠳ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠶᠢ ᠪᠣᠯ ᠪᠣᠳᠠᠲᠤ ᠪᠠᠶᠢᠳᠠᠯ ᠢ ᠨᠢ ᠦᠨᠳᠦᠰᠦᠯᠡᠨ ᠡᠮᠦᠨᠡᠬᠢ ᠪᠠᠳᠠᠭ ᠤᠨ ᠡᠯ᠎ᠡ ᠵᠦᠢᠯ ᠤᠨ ᠬᠡᠪ ᠪᠠᠷᠢᠮᠵᠢᠶ᠎ᠠ ᠠᠴᠠ ᠪᠠᠶᠢᠳᠠᠯ ᠢ ᠨᠢ ᠦᠵᠡᠵᠦ ᠰᠣᠩᠭᠤᠵᠤ ᠬᠡᠷᠡᠭᠯᠡᠨ᠎ᠡ᠃        ᠳᠣᠯᠣᠳᠤᠭᠠᠷ ᠵᠦᠢᠯ    ᠴᠠᠭᠳᠠᠭᠠᠨ ᠤ ᠲᠤᠭ ᠤᠨ ᠳᠠᠭᠠᠯᠲᠠ ᠪᠣᠳᠠᠰ ᠲᠤ ᠲᠤᠭ ᠤᠨ ᠰᠢᠷᠤᠭ᠂ ᠲᠤᠭ ᠤᠨ ᠤᠭᠯᠠᠭᠤᠷ᠂ ᠪᠦᠴᠡ᠂ ᠪᠥᠮᠪᠥᠭᠡᠨ ᠲᠢᠲᠢᠮ᠂ ᠵᠢᠳᠠᠨ ᠦᠵᠦᠭᠦᠷ᠂ ᠲᠤᠭ ᠤᠨ ᠲᠦᠷᠦᠭᠦᠦ᠂ ᠰᠠᠭᠤᠷᠢ ᠵᠡᠷᠭᠡ ᠪᠠᠭᠲᠠᠨ᠎ᠠ᠃ ᠡᠭᠦᠨ ᠳᠤ᠂ ᠲᠤᠭ ᠤᠨ ᠰᠢᠷᠤᠭ ᠨᠢ ᠮᠥᠩᠭᠦᠨ ᠴᠠᠭᠠᠨ ᠪᠤᠶᠤ ᠤᠯᠠᠭᠠᠨ ᠰᠢᠷ᠎ᠠ ᠬᠤᠶᠠᠷ ᠥᠩᠭᠡ ᠶᠢᠨ ᠬᠤᠭᠤᠷᠣᠨᠳᠣᠬᠢ ᠡᠷᠭᠢᠭᠦᠯᠭᠡᠨ ᠬᠡ ᠲᠠᠢ᠂ ᠲᠤᠭ ᠤᠨ ᠰᠢᠷᠤᠭ ᠤᠨ ᠤᠭᠯᠠᠭᠤᠷ ᠪᠠ ᠪᠦᠰᠡ ᠨᠢ ᠴᠠᠭᠠᠨ᠂ ᠪᠥᠮᠪᠥᠭᠡᠨ ᠲᠢᠲᠢᠮ᠂ ᠵᠢᠳᠠᠨ ᠦᠵᠦᠭᠦᠷ᠂ ᠱᠣᠷᠣᠯᠵᠢᠨ ᠪᠠ ᠰᠠᠭᠤᠷᠢ ᠨᠢ ᠮᠥᠩᠭᠦᠨ ᠴᠠᠭᠠᠨ᠂ ᠲᠤᠭ ᠤᠨ ᠲᠦᠷᠦᠭᠦᠦ ᠨᠢ ᠠᠯᠲᠠᠨ ᠰᠢᠷ᠎ᠠ ᠥᠩᠭᠡᠲᠡᠶ᠃ ᠠᠳᠠᠯᠢ ᠪᠤᠰᠤ ᠬᠡᠷᠡᠭᠯᠡᠬᠦ ᠲᠠᠯᠠᠪᠤᠷ᠂ ᠪᠠᠶᠢᠳᠠᠯ ᠢ ᠦᠨᠳᠦᠰᠦᠯᠡᠨ᠂ ᠬᠡᠷᠡᠭᠴᠡᠭᠡ ᠶᠣᠰᠣᠭᠠᠷ ᠴᠠᠭᠳᠠᠭᠠᠨ ᠤ ᠲᠤᠭ ᠤᠨ ᠳᠠᠭᠠᠯᠲᠠ ᠪᠣᠳᠠᠰ ᠢ ᠰᠣᠩᠭᠤᠨ ᠬᠡᠷᠡᠭᠯᠡᠵᠦ ᠪᠣᠯᠤᠨ᠎ᠠ᠃        ᠭᠤᠷᠪᠠᠳᠤᠭᠠᠷ ᠪᠦᠯᠦᠭ    ᠴᠠᠭᠳᠠᠭᠠᠨ ᠤ ᠲᠤᠭ ᠢ ᠣᠯᠭᠤᠬᠤ ᠪᠠ ᠭᠤᠶᠤᠴᠢᠯᠠᠬᠤ        ᠨᠠᠢᠮᠠᠳᠤᠭᠠᠷ ᠵᠦᠢᠯ    ᠴᠠᠭᠳᠠᠭᠠᠨ ᠤ ᠲᠤᠭ ᠣᠯᠭᠤᠬᠤ ᠳᠤ ᠲᠤᠭ ᠣᠯᠭᠤᠬᠤ ᠶᠣᠰᠣᠯᠠᠯ ᠢ ᠵᠣᠬᠢᠶᠠᠨ ᠪᠠᠶᠢᠭᠤᠯᠵᠤ ᠪᠣᠯᠤᠨ᠎ᠠ᠂ ᠶᠡᠷᠦ ᠳᠤ ᠪᠠᠨ ᠨᠢᠭᠡᠴᠢ ᠶᠢ ᠰᠢᠨ᠎ᠡ ᠪᠠᠷ ᠪᠠᠶᠢᠭᠤᠯᠬᠤ ᠦᠶ᠎ᠡ ᠳᠤ ᠶᠠᠪᠤᠭᠳᠠᠭᠤᠯᠤᠨ᠎ᠠ᠃ ᠲᠤᠭ ᠣᠯᠭᠤᠬᠤ ᠶᠣᠰᠣᠯᠠᠯ ᠢ ᠳᠣᠣᠷ᠎ᠠ ᠵᠢᠭᠰᠠᠭᠠᠭᠰᠠᠨ ᠵᠢᠷᠤᠮ ᠢᠶᠠᠷ ᠶᠠᠪᠤᠭᠤᠯᠤᠨ᠎ᠠ᠄ ︵ᠨᠢᠭᠡ︶ ᠲᠤᠭ ᠣᠯᠭᠤᠬᠤ ᠶᠣᠰᠣᠯᠠᠯ ᠡᠬᠢᠯᠡᠭᠰᠡᠨ ᠢ ᠵᠠᠷᠯᠠᠬᠤ︔ ︵ᠬᠤᠶᠠᠷ︶ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠬᠤ︔ ︵ᠭᠤᠷᠪᠠ︶ ᠲᠤᠭ ᠣᠯᠭᠤᠬᠤ ᠲᠣᠭᠲᠠᠭᠠᠯ ᠢ ᠤᠩᠰᠢᠨ ᠨᠡᠶᠢᠲᠡᠯᠡᠨ᠎ᠡ︔ ︵ᠳᠥᠷᠪᠡ︶ ᠴᠠᠭᠳᠠᠭᠠᠨ ᠤ ᠲᠤᠭ ᠣᠯᠭᠤᠨ᠎ᠠ︔ ︵ᠲᠠᠪᠤ︶ ᠲᠤᠭ ᠣᠯᠭᠤᠭᠴᠢ ᠶᠠᠷᠢᠶ᠎ᠠ ᠲᠠᠯᠪᠢᠨ᠎ᠠ︔ ︵ᠵᠢᠷᠭᠤᠭ᠎ᠠ︶ ᠲᠤᠭ ᠬᠥᠷᠳᠡᠭᠴᠢ ᠨᠢᠭᠡᠴᠢ ᠶᠢᠨ ᠠᠷᠠᠳ ᠤᠨ ᠴᠠᠭᠳᠠᠭ᠎ᠠ ᠬᠠᠮᠲᠤ ᠪᠠᠷ ᠲᠠᠩᠭᠠᠷᠢᠭᠯᠠᠬᠤ ︔ ︵ᠳᠣᠯᠤᠭ᠎ᠠ︶ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠴᠠᠭᠳᠠᠭᠠᠨ ᠤ ᠳᠠᠭᠤᠤ ᠶᠢ ᠬᠥᠭᠵᠢᠮᠳᠡᠨ ᠳᠠᠭᠤᠯᠠᠬᠤ︔ ︵ᠨᠠᠢᠮᠠ︶ ᠲᠤᠭ ᠣᠯᠭᠤᠬᠤ ᠶᠣᠰᠣᠯᠠᠯ ᠳᠠᠭᠤᠰᠤᠭᠰᠠᠨ ᠢ ᠵᠠᠷᠯᠠᠬᠤ᠃        ᠶᠢᠰᠦᠳᠦᠭᠡᠷ ᠵᠦᠢᠯ    ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠤᠯᠤᠰ ᠤᠨ ᠠᠮᠤᠷ ᠢ ᠬᠠᠮᠠᠭᠠᠯᠠᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠴᠠᠭᠳᠠᠭᠠᠨ ᠤ ᠲᠤᠭ ᠢ ᠣᠯᠭᠤᠬᠤ ᠬᠡᠪᠴᠢᠶ᠎ᠡ ᠪᠠ ᠭᠤᠶᠤᠴᠢᠯᠠᠬᠤ ᠵᠢᠷᠤᠮ ᠢ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠠᠮᠤᠷ ᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ ᠥᠪᠡᠰᠦᠪᠡᠨ ᠲᠣᠭᠲᠠᠭᠠᠨ᠎ᠠ᠃        ᠳᠥᠷᠪᠡᠳᠦᠭᠡᠷ ᠪᠦᠯᠦᠭ    ᠴᠠᠭᠳᠠᠭᠠᠨ ᠤ ᠲᠤᠬ ᠢ ᠬᠡᠷᠡᠭᠯᠡᠬᠦ        ᠠᠷᠪᠠᠳᠤᠭᠠᠷ ᠵᠦᠢᠯ    ᠴᠠᠭᠳᠠᠭᠠᠨ ᠤ ᠲᠤᠬ ᠢ ᠳᠣᠣᠷ᠎ᠠ ᠵᠢᠭᠰᠠᠭᠠᠭᠰᠠᠨ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠳᠤ ᠬᠡᠷᠡᠭᠯᠡᠵᠦ ᠪᠣᠯᠤᠨ᠎ᠠ᠄ ︵ᠨᠢᠭᠡ︶ ᠴᠠᠭᠳᠠᠭᠠᠨ ᠤ ᠲᠤᠭ ᠣᠯᠭᠤᠬᠤ ᠨᠥᠬᠦᠴᠡᠯ ᠳᠤ ᠨᠡᠶᠢᠴᠡᠬᠦ ᠨᠢᠭᠡᠴᠢ ᠶᠢ ᠵᠣᠬᠢᠶᠠᠨ ᠪᠠᠶᠢᠭᠤᠯᠵᠤ ᠪᠠᠶᠢᠭᠤᠯᠬᠤ ᠶᠣᠰᠣᠯᠠᠯ︔ ︵ᠬᠤᠶᠠᠷ︶ ᠠᠷᠠᠳ ᠤᠨ ᠴᠠᠭᠳᠠᠭ᠎ᠠ ᠲᠠᠩᠭᠠᠷᠢᠭᠯᠠᠬᠤ ᠠᠵᠢᠯᠯᠠᠭ᠎ᠠ ᠬᠢᠬᠦ᠂ ᠴᠠᠭᠳᠠᠭ᠎ᠠ ᠳᠤ ᠣᠷᠣᠬᠤ᠂ ᠴᠣᠯᠠ ᠣᠯᠭᠤᠬᠤ᠂ ᠱᠠᠩᠨᠠᠯ ᠣᠯᠭᠤᠬᠤ᠂ ᠨᠠᠰᠤᠨ ᠤ ᠠᠮᠠᠷᠠᠯᠲᠠ ᠠᠪᠬᠤ ᠵᠡᠷᠭᠡ ᠠᠵᠢᠯ ᠮᠡᠷᠭᠡᠵᠢᠯ ᠤᠨ ᠢᠷᠠᠭᠤ ᠠᠯᠳᠠᠷ ᠤᠨ ᠶᠣᠰᠣᠯᠠᠯ︔ ︵ᠭᠤᠷᠪᠠ︶ ᠴᠠᠭᠳᠠᠭᠠᠨ ᠤ ᠪᠠᠶᠠᠷ᠂ ᠴᠠᠭᠳᠠᠭ᠎ᠠ ᠶᠢᠨ ᠵᠢᠭᠰᠠᠭᠠᠯ ᠢ ᠰᠢᠯᠭᠠᠨ ᠦᠵᠡᠬᠦ᠂ ᠴᠢᠬᠤᠯᠠ ᠶᠣᠰᠣᠯᠠᠯ᠂ ᠳᠤᠷᠠᠰᠬᠠᠬᠤ ᠠᠵᠢᠯᠯᠠᠭ᠎ᠠ ᠪᠠ ᠴᠢᠬᠤᠯᠠ ᠶᠡᠭᠡ ᠪᠠᠶᠠᠷ ᠤᠨ ᠡᠳᠦᠷ ᠤᠨ ᠴᠤᠭᠯᠠᠭᠠᠨ︔ ︵ᠳᠥᠷᠪᠡ︶ ᠲᠣᠭᠲᠠᠭᠤᠨ ᠢ ᠬᠠᠮᠠᠭᠠᠯᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠠᠶᠤᠯ ᠭᠠᠮᠰᠢᠭ ᠠᠴᠠ ᠠᠪᠤᠷᠬᠠᠤ᠂ ᠠᠮᠤᠷ ᠲᠦᠪᠰᠢᠨ ᠢ ᠬᠠᠮᠠᠭᠠᠯᠠᠬᠤ ᠵᠡᠷᠭᠡ ᠴᠢᠬᠤᠯᠠ ᠶᠡᠭᠡ ᠴᠠᠭᠳᠠᠭᠠᠨ ᠤ ᠶᠠᠪᠤᠳᠠᠯ ᠤᠨ ᠠᠵᠢᠯᠯᠠᠭ᠎ᠠ︔ ︵ᠲᠠᠪᠤ︶ ᠰᠣᠷᠢᠯᠲᠠ ᠬᠢᠬᠦ᠂ ᠪᠣᠳᠠᠲᠤ ᠪᠠᠶᠢᠯᠳᠤᠭᠠᠨ ᠤ ᠵᠡᠪᠰᠡᠭ ᠤᠨ ᠮᠥᠷᠦ᠋ᠢᠴᠡᠭᠡᠨ᠂ ᠴᠠᠭᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ᠂ ᠰᠣᠶᠣᠯ ᠤᠨ ᠤᠬᠠᠭᠤᠯᠭ᠎ᠠ᠂ ᠴᠠᠭᠳᠠᠭᠠᠨ ᠤ ᠬᠤᠸᠠᠷᠠᠨ ᠢ ᠨᠡᠭᠡᠭᠡᠬᠦ ᠵᠡᠷᠭᠡ ᠴᠢᠬᠤᠯᠠ ᠠᠵᠢᠯᠯᠠᠭ᠎ᠠ︔ ︵ᠵᠢᠷᠭᠤᠭ᠎ᠠ︶ ᠴᠠᠭᠳᠠᠭᠠᠨ ᠤ ᠣᠩᠭᠤᠴᠠ ᠰᠠᠯ ᠨᠢ ᠤᠰᠤᠨ ᠳᠡᠭᠡᠷ᠎ᠡ ᠴᠠᠭᠳᠠᠨ ᠲᠣᠭᠤᠷᠢᠬᠤ᠂ ᠠᠮᠤᠷ ᠢ ᠬᠠᠮᠠᠭᠠᠯᠠᠬᠤ ᠵᠡᠷᠭᠡ ᠡᠭᠦᠷᠭᠡ ᠶᠢ ᠭᠦᠢᠴᠡᠳᠬᠡᠬᠦ︔ ︵ᠳᠣᠯᠤᠭ᠎ᠠ︶ ᠣᠯᠠᠨ ᠤᠯᠤᠰ ᠤᠨ ᠬᠤᠷᠠᠯ᠂ ᠰᠣᠯᠢᠯᠴᠠᠭ᠎ᠠ ᠪᠣᠯᠪᠠᠰᠤᠷᠠᠭᠤᠯᠤᠯ᠂ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠵᠡᠷᠭᠡ ᠣᠯᠠᠨ ᠤᠯᠤᠰ ᠤᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭᠠᠨ ᠤ ᠠᠵᠢᠯᠯᠠᠭ᠎ᠠ︔ ︵ᠨᠠᠢᠮᠠ︶ ᠴᠠᠭᠳᠠᠭᠠᠨ ᠤ ᠲᠤᠭ ᠬᠡᠷᠡᠭᠯᠡᠬᠦ ᠴᠢᠬᠤᠯᠠᠲᠠᠶ ᠪᠤᠰᠤᠳ ᠴᠠᠭᠳᠠᠭᠠᠨ ᠤ ᠶᠠᠪᠤᠳᠠᠯ ᠤᠨ ᠠᠵᠢᠯᠯᠠᠭ᠎ᠠ᠃        ᠠᠷᠪᠠᠨ ᠨᠢᠭᠡᠳᠦᠭᠡᠷ ᠵᠦᠢᠯ    ᠴᠠᠭᠳᠠᠭᠠᠨ ᠤ ᠲᠤᠭ ᠢ ᠬᠡᠷᠡᠭᠯᠡᠬᠦ ᠳᠤ ᠪᠠᠨ ᠡᠷᠬᠡᠪᠰᠢ ᠲᠤᠭ ᠬᠥᠷᠲᠡᠭᠴᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠲᠣᠭᠲᠠᠭᠰᠠᠨ ᠬᠡᠷᠡᠭᠯᠡᠬᠦ ᠬᠡᠪᠴᠢᠶᠡᠨ ᠠᠴᠠ ᠬᠡᠲᠦᠷᠡᠭᠦᠯᠵᠦ ᠪᠣᠯᠬᠤ ᠦᠭᠡᠢ᠃        ᠠᠷᠪᠠᠨ ᠬᠤᠶᠠᠳᠤᠭᠠᠷ ᠵᠦᠢᠯ    ᠴᠠᠭᠳᠠᠭᠠᠨ ᠤ ᠲᠤᠬ ᠢ ᠤᠯᠤᠰ ᠤᠨ ᠲᠤᠬ ᠲᠠᠢ ᠬᠠᠮᠲᠤ ᠳᠤᠨᠢ ᠬᠡᠷᠡᠭᠯᠡᠬᠦ ᠳᠤ ᠪᠠᠨ ᠤᠯᠤᠰ ᠤᠨ ᠲᠤᠬ ᠢ ᠭᠤᠣᠯ ᠳᠤᠨᠢ ᠨᠡᠯᠢᠶᠡᠳ ᠥᠨᠳᠥᠷ ᠪᠤᠶᠤ ᠲᠤᠪᠦ᠋ᠢᠬᠰᠡᠠ ᠪᠠᠶᠢᠷᠢᠨ ᠳᠤ ᠲᠠᠯᠪᠢᠬᠤ ᠬᠡᠷᠡᠭᠲᠡᠢ᠃ ᠵᠢᠭᠰᠠᠭᠠᠯ ᠵᠢᠭᠰᠠᠨ ᠤᠯᠤᠰ ᠤᠨ ᠲᠤᠬ ᠪᠠ ᠴᠠᠭᠳᠠᠭᠠᠨ ᠤ ᠲᠤᠬ ᠢ ᠡᠷᠭᠦᠵᠦ ᠤᠷᠤᠭᠰᠢᠯᠠᠬᠤ ᠳᠤ ᠪᠠᠨ ᠤᠯᠤᠰ ᠤᠨ ᠲᠤᠬ ᠢ ᠴᠠᠭᠳᠠᠭᠠᠨ ᠤ ᠲᠤᠬ ᠠᠴᠠ ᠡᠮᠦᠨ᠎ᠡ ᠪᠠᠶᠢᠬᠤ ᠬᠡᠷᠡᠭᠲᠡᠢ᠃        ᠠᠷᠪᠠᠨ ᠭᠤᠷᠪᠠᠳᠤᠭᠠᠷ ᠵᠦᠢᠯ    ᠴᠠᠭᠳᠠᠭᠠᠨ ᠤ ᠲᠤᠬ ᠡᠯᠭᠦᠬᠦ ᠳᠤ ᠪᠠᠨ ᠲᠤᠬ ᠮᠠᠨᠳᠤᠭᠤᠯᠬᠤ ᠶᠣᠰᠣᠯᠠᠯ ᠶᠠᠪᠤᠭᠤᠯᠵᠤ ᠪᠣᠯᠤᠨ᠎ᠠ᠃ ᠲᠤᠭ ᠮᠠᠨᠳᠤᠭᠤᠯᠬᠤ ᠶᠣᠰᠣᠯᠠᠯ ᠶᠠᠪᠤᠭᠤᠯᠬᠤ ᠳᠤ ᠪᠠᠨ ᠴᠠᠭᠳᠠᠭᠠᠨ ᠤ ᠳᠠᠭᠤᠤ ᠶᠢ ᠬᠥᠭᠵᠢᠮᠳᠡᠨ ᠳᠠᠭᠤᠯᠠᠬᠤ ᠬᠡᠷᠡᠭᠲᠡᠢ᠂ ᠴᠠᠭᠳᠠᠭᠠᠨ ᠤ ᠲᠤᠭ ᠢ ᠮᠠᠨᠳᠤᠭᠤᠯᠬᠤ ᠶᠠᠪᠤᠴᠠ ᠳᠤ᠂ ᠶᠣᠰᠣᠯᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠴᠠᠭᠳᠠᠭᠠᠨ ᠤ ᠲᠤᠭ ᠲᠤ ᠲᠥᠪ ᠵᠣᠭᠰᠣᠵᠤ ᠶᠣᠰᠣᠯᠠᠬᠤ ᠬᠡᠷᠡᠭᠲᠡᠢ᠂ ᠴᠠᠭᠳᠠᠭᠠᠨ ᠤ ᠲᠤᠭ ᠤᠨ ᠨᠡᠷ᠎ᠡ ᠬᠦᠨᠳᠦ ᠶᠢ ᠬᠤᠬᠢᠷᠠᠭᠤᠯᠬᠤ ᠦᠢᠯᠡ ᠠᠵᠢᠯᠯᠠᠭ᠎ᠠ ᠬᠢᠵᠦ ᠪᠣᠯᠬᠤ ᠦᠭᠡᠢ᠃        ᠠᠷᠪᠠᠨ ᠳᠥᠷᠪᠡᠳᠦᠭᠡᠷ ᠵᠦᠢᠯ    ᠠᠵᠢᠯ ᠤᠨ ᠬᠡᠷᠡᠭᠴᠡᠭᠡ ᠠᠴᠠ ᠪᠣᠯᠵᠤ ᠴᠠᠭᠳᠠᠭᠠᠨ ᠤ ᠲᠤᠭ ᠤᠨ ᠵᠢᠷᠤᠭ ᠢ ᠬᠡᠷᠡᠭᠯᠡᠬᠦ ᠴᠢᠬᠤᠯᠠ ᠲᠠᠢ ᠪᠣᠯ ᠲᠤᠭ ᠬᠥᠷᠳᠡᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠴᠠᠭᠳᠠᠭᠠᠨ ᠤ ᠲᠤᠭ ᠤᠨ ᠵᠢᠷᠤᠭ ᠢ ᠬᠡᠷᠡᠭᠯᠡᠬᠦ ᠳᠤ ᠪᠠᠨ ᠲᠥᠪ ᠴᠢᠩᠭ᠎ᠠ᠂ ᠲᠥᠪ ᠬᠢᠴᠢᠶᠡᠩᠭᠦᠢ ᠪᠠᠶᠢᠬᠤ ᠬᠡᠷᠡᠭᠲᠡᠢ᠂ ᠵᠠᠰᠠᠵᠤ ᠴᠢᠮᠡᠵᠦ ᠪᠣᠯᠬᠤ ᠦᠭᠡᠢ᠃        ᠠᠷᠪᠠᠨ ᠲᠠᠪᠤᠳᠤᠭᠠᠷ ᠵᠦᠢᠯ    ᠺᠢᠨᠤ᠋ ᠲᠧᠯᠸᠢᠰ ᠰᠡᠭᠦᠳᠡᠷᠯᠡᠬᠦ᠂ ᠤᠷᠠᠨ ᠰᠠᠶᠢᠬᠠᠨ ᠤ ᠲᠣᠭᠯᠠᠯᠲᠠ᠂ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠵᠡᠷᠭᠡ ᠶᠢᠨ ᠬᠡᠷᠡᠭᠴᠡᠭᠡ ᠠᠴᠠ ᠪᠣᠯᠵᠤ᠂ ᠬᠡᠷᠡᠭᠯᠡᠬᠦ ᠨᠢᠭᠡᠴᠢ ᠶᠢᠨ ᠪᠠᠶᠢᠭ᠎ᠠ ᠭᠠᠵᠠᠷ ᠪᠤᠶᠤ ᠬᠡᠷᠡᠭᠯᠡᠬᠦ ᠭᠠᠵᠠᠷ ᠤᠨ ᠬᠤᠲᠠ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠪᠠᠷ ᠵᠥᠪᠰᠢᠶᠡᠷᠡᠭᠦᠯᠦᠭᠡᠳ᠂ ᠴᠠᠭᠳᠠᠭ᠎ᠠ ᠶᠢᠨ ᠲᠤᠭ ᠢ ᠨᠡᠶᠢᠳᠡᠮ ᠬᠡᠷᠡᠭᠯᠡᠬᠦ ᠬᠡᠪ ᠪᠠᠷᠢᠮᠵᠢᠶ᠎ᠠ ᠪᠠᠷ ᠬᠠᠷᠢᠴᠠᠯ ᠪᠣᠯᠭᠠᠨ ᠵᠣᠬᠢᠬᠤ ᠬᠡᠮᠵᠢᠶ᠎ᠡ ᠪᠠᠷ ᠶᠡᠬᠡᠰᠬᠡᠬᠦ ᠪᠤᠶᠤ ᠪᠠᠭᠠᠰᠬᠠᠵᠤ᠂ ᠦᠢᠯᠡᠳᠬᠦ ᠪᠠ ᠬᠡᠷᠡᠭᠯᠡᠵᠦ ᠪᠣᠯᠬᠤ ᠪᠥᠭᠡᠳ ᠬᠡᠷᠡᠭᠯᠡᠬᠦ ᠨᠢᠭᠡᠴᠢ ᠠᠴᠠ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃        ᠠᠷᠪᠠᠨ ᠵᠢᠷᠭᠤᠳᠤᠭᠠᠷ ᠵᠦᠢᠯ    ᠴᠠᠭᠳᠠᠭᠠᠨ ᠤ ᠲᠤᠬ ᠢ ᠲᠣᠩᠭᠤᠷᠤᠭᠤᠯᠵᠤ ᠡᠯᠭᠦᠵᠦ ᠪᠣᠯᠬᠤ ᠤᠢᠭᠡᠢ᠂ ᠴᠠᠭᠳᠠᠭᠠᠨ ᠤ ᠲᠤᠬ ᠤᠨ ᠨᠡᠷ᠎ᠡ ᠬᠦᠨᠳᠦ ᠶᠢ ᠬᠤᠬᠢᠷᠠᠭᠤᠯᠬᠤ ᠪᠤᠰᠤᠳ ᠠᠷᠭ᠎ᠠ ᠮᠠᠶ᠋ᠢᠭ ᠢᠶᠠᠷ ᠡᠯᠭᠦᠵᠦ ᠬᠡᠷᠡᠭᠯᠡᠵᠦ ᠪᠣᠯᠬᠤ ᠤᠢᠭᠡᠢ᠃ ᠴᠠᠭᠳᠠᠭᠠᠨ ᠤ ᠲᠤᠭ ᠵᠢᠴᠢ ᠵᠢᠷᠤᠭ ᠳᠦᠷᠰᠦ ᠶᠢ ᠲᠠᠸᠠᠷ ᠤᠨ ᠲᠡᠮᠳᠡᠭ᠂ ᠬᠤᠳᠠᠯᠳᠤᠭᠠᠨ ᠤ ᠵᠠᠷ ᠪᠠ ᠬᠤᠳᠠᠯᠳᠤᠭᠠᠨ ᠤ ᠠᠵᠢᠯᠯᠠᠭ᠎ᠠ ᠳᠤ ᠬᠡᠷᠡᠭᠯᠡᠵᠦ ᠪᠣᠯᠬᠤ ᠥᠬᠡᠶ᠂ ᠬᠤᠪᠢ ᠬᠥᠮᠦᠨ ᠤ ᠣᠷᠣᠰᠢᠭᠤᠯᠭ᠎ᠠ ᠶᠢᠨ ᠠᠵᠢᠯᠯᠠᠭ᠎ᠠ ᠵᠡᠷᠭᠡ ᠵᠣᠬᠢᠰ ᠥᠬᠡᠶ ᠪᠠᠶᠢᠳᠠᠯ ᠳᠤ ᠬᠡᠷᠡᠭᠯᠡᠵᠦ ᠪᠣᠯᠬᠤ ᠥᠬᠡᠶ᠃        ᠠᠷᠪᠠᠨ ᠳᠣᠯᠣᠳᠤᠭᠠᠷ ᠵᠦᠢᠯ    ᠲᠤᠤᠷ ᠰᠦᠯᠵᠢᠶᠡᠨ ᠳᠡᠭᠡᠷ᠎ᠡ ᠴᠠᠭᠳᠠᠭᠠᠨ ᠤ ᠲᠤᠭ ᠤᠨ ᠵᠢᠷᠤᠭ ᠳᠦᠷᠰᠦ ᠶᠢ ᠬᠡᠷᠡᠭᠯᠡᠬᠦ ᠳᠤ ᠪᠠᠨ ᠲᠤᠤᠷ ᠰᠦᠯᠵᠢᠶᠡᠨ ᠤ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠬᠤ ᠬᠡᠷᠡᠭᠲᠡᠶ᠂ ᠴᠠᠭᠳᠠᠭᠠᠨ ᠤ ᠲᠤᠭ ᠤᠨ ᠨᠡᠷ᠎ᠡ ᠬᠦᠨᠳᠦ ᠶᠢ ᠬᠤᠬᠢᠷᠠᠭᠤᠯᠵᠤ ᠪᠣᠯᠬᠤ ᠥᠬᠡᠶ᠃        ᠠᠷᠪᠠᠨ ᠨᠠᠢᠮᠠᠳᠤᠭᠠᠷ ᠵᠦᠢᠯ    ᠴᠠᠭᠳᠠᠭᠠᠨ ᠤ ᠲᠤᠭ ᠢ ᠰᠠᠶᠢᠲᠤᠷ ᠬᠠᠳᠠᠭᠠᠯᠠᠵᠤ᠂ ᠡᠪᠳᠡᠭᠳᠡᠬᠦ᠂ ᠭᠡᠭᠡᠭᠳᠡᠬᠦ ᠠᠴᠠ ᠰᠡᠷᠭᠡᠶᠢᠯᠡᠵᠦ᠂ ᠳᠤᠷ᠎ᠠ ᠪᠠᠷ ᠢᠶᠠᠨ ᠬᠠᠶᠠᠵᠤ ᠪᠣᠯᠬᠤ ᠦᠭᠡᠶ᠃ ᠡᠪᠳᠡᠷᠡᠭᠰᠡᠨ᠂ ᠭᠬᠢᠷᠲᠦᠭᠰᠡᠨ᠂ ᠦᠡᠭᠭᠡ ᠨᠢ ᠪᠠᠭᠤᠷᠠᠭᠰᠠᠨ ᠴᠠᠭᠳᠠᠭᠠᠨ ᠤ ᠲᠤᠬ ᠭᠠᠷᠪᠠᠯ᠂ ᠴᠠᠭ ᠲᠤᠬᠠᠢ ᠳᠤᠨᠢ ᠰᠣᠯᠢᠬᠤ ᠬᠡᠷᠡᠭᠲᠡᠢ᠃        ᠲᠠᠪᠤᠳᠤᠭᠠᠷ ᠪᠦᠯᠦᠭ    ᠬᠠᠤᠯᠢ ᠴᠠᠭᠠᠵᠠ ᠶᠢᠨ ᠬᠠᠷᠢᠭᠤᠴᠠᠯᠭ᠎ᠠ        ᠠᠷᠪᠠ ᠶᠢᠰᠦᠳᠦᠭᠡᠷ ᠵᠦᠢᠯ    ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠵᠥᠪᠰᠢᠶᠡᠷᠡᠯ ᠤᠢᠭᠡᠢ ᠪᠠᠷ ᠴᠠᠭᠳᠠᠭᠠᠨ ᠤ ᠲᠤᠬ ᠢ ᠦᠢᠯᠡᠳᠬᠦ᠂ ᠮᠠᠶᠢᠮᠠᠶᠢᠯᠠᠬᠤ᠂ ᠡᠵᠡᠮᠰᠢᠬᠦ᠂ ᠬᠡᠷᠡᠭᠯᠡᠵᠦ ᠪᠣᠯᠬᠤ ᠤᠢᠭᠡᠢ᠃ ᠴᠠᠭᠳᠠᠭᠠᠨ ᠤ ᠲᠤᠬ ᠢ ᠬᠠᠤᠯᠢ ᠪᠤᠰᠤ ᠪᠠᠷ ᠦᠢᠯᠡᠳᠦᠭᠰᠡᠨ᠂ ᠬᠤᠳᠠᠯᠳᠤᠭᠠᠯᠠᠭᠰᠠᠨ᠂ ᠡᠵᠡᠮᠰᠢᠭᠰᠡᠨ᠂ ᠬᠡᠷᠡᠭᠯᠡᠭᠰᠡᠨ ᠪᠤᠶᠤ ᠤᠯᠡᠠ ᠨᠡᠶᠢᠲᠡ ᠶᠢᠨ ᠲᠠᠯᠠᠪᠤᠷ ᠲᠤ ᠵᠣᠷᠢᠭᠤᠳᠠ ᠡᠪᠳᠡᠬᠦ᠂ ᠪᠢᠯᠳᠠᠬᠤ᠂ ᠭᠬᠢᠷᠲᠦᠭᠡᠬᠦ᠂ ᠭᠢᠰᠬᠢᠯᠡᠬᠦ᠂ ᠰᠢᠲᠠᠭᠠᠬᠤ ᠵᠡᠷᠭᠡ ᠠᠷᠭ᠎ᠠ ᠮᠠᠶ᠋ᠢᠭ ᠢᠶᠠᠷ ᠴᠠᠭᠳᠠᠭᠠᠨ ᠤ ᠲᠤᠬ ᠢ ᠭᠤᠲᠤᠭᠠᠵᠤ ᠲᠤᠷᠦᠮᠵᠢᠯᠡᠬᠰᠡᠠ ᠪᠠᠶᠢᠪᠠᠯ ᠬᠠᠤᠯᠢ ᠶᠣᠰᠣᠭᠠᠷ ᠰᠢᠳᠬᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ        ᠬᠤᠷᠢᠳᠤᠭᠠᠷ ᠵᠦᠢᠯ    ᠲᠤᠰ ᠲᠣᠭᠲᠠᠭᠠᠯ ᠠᠴᠠ ᠵᠥᠷᠢᠴᠡᠨ ᠴᠠᠭᠳᠠᠭᠠᠨ ᠤ ᠲᠤᠭ ᠢ ᠬᠡᠷᠡᠭᠯᠡᠭᠰᠡᠨ ᠨᠢᠭᠡᠴᠡ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠲᠤ ᠨᠡᠪᠲᠡᠷᠡᠭᠦᠯᠦᠨ ᠰᠢᠭᠦᠮᠵᠢᠯᠡᠵᠦ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠠᠤᠯᠢ ᠶᠣᠰᠣᠭᠠᠷ ᠰᠢᠳᠬᠡᠯ ᠥᠭᠬᠦ ᠪᠤᠶᠤ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠬᠡᠷᠡᠭᠲᠡᠢ᠃        ᠵᠢᠷᠭᠤᠳᠤᠭᠠᠷ ᠪᠦᠯᠦᠭ    ᠳᠠᠭᠠᠯᠳᠤᠭᠤᠯᠤᠭᠰᠠᠨ ᠲᠦᠷᠢᠮ        ᠬᠤᠷᠢᠨ ᠨᠢᠭᠡᠳᠦᠭᠡᠷ ᠵᠦᠢᠯ    ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    
 
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号