| | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠳᠦᠷᠢᠮ︾ ᠢ | ᠳᠠᠷᠤᠮᠠᠯᠯᠠᠨ ᠲᠠᠷᠬᠠᠭᠠᠪᠠ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠰᠣᠩᠭᠤᠭᠤᠯᠢ ᠶᠢᠨ ᠠᠵᠢᠯ ᠤᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠣ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠨᠠᠮᠠᠭᠠᠶ | ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ | ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ︽ᠳᠦᠷᠢᠮ︾ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠳᠦᠷᠢᠮ ᠢᠶᠠᠷ ᠦᠨᠳᠦᠰᠦᠨ ᠵᠢᠷᠤᠮᠯᠠᠯ ᠪᠣᠯᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠵᠣ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠰᠢᠨ᠎ᠡ ᠴᠠᠭ ᠦᠶ᠎ᠡ ᠶᠢᠨ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠦᠨᠳᠦᠰᠦᠨ | ᠵᠢᠷᠤᠮᠯᠠᠯ ᠮᠥᠨ ᠭᠡᠵᠡᠢ᠃ | ᠮᠡᠳᠡᠭᠳᠡᠯ ᠳᠤ ᠴᠢᠬᠤᠯᠠᠴᠢᠯᠠᠭᠰᠠᠨ ᠨᠢ᠂ ︽ᠳᠦᠷᠢᠮ︾ ᠢ ᠲᠣᠭᠲᠠᠭᠠᠬᠤ ᠪᠠ ᠬᠡᠷᠡᠭᠵᠢᠭᠦᠯᠬᠦ ᠨᠢ ᠨᠠᠮ ᠤᠨ | ᠳᠣᠲᠣᠭᠠᠳᠤ ᠶᠢᠨ ᠠᠷᠠᠳᠴᠢᠯᠠᠯ ᠢ ᠪᠠᠳᠠᠷᠠᠭᠤᠯᠵᠤ᠂ ᠨᠠᠮ ᠤᠨ ᠭᠡᠰᠢᠭᠦᠨ ᠤ ᠠᠷᠠᠳᠴᠢᠯᠠᠯ ᠤᠨ ᠡᠷᠬᠡ ᠶᠢ ᠬᠦᠨᠳᠦᠳᠬᠡᠨ | ᠪᠠᠲᠤᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢ ᠵᠢᠷᠣᠮᠵᠢᠭᠤᠯᠵᠣ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ | ᠪᠠᠶᠢᠭᠤᠯᠤᠯᠲᠠ ᠶᠢᠨ ᠬᠦᠴᠦᠨ ᠢ ᠨᠡᠮᠡᠭᠳᠡᠭᠦᠯᠬᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠨᠠᠮ ᠤᠨ ᠵᠣᠷᠢᠯᠲᠠ ᠶᠢ ᠤᠬᠠᠭᠤᠯᠬᠤ᠂ ᠨᠠᠮ ᠤᠨ ᠲᠣᠭᠲᠠᠭᠠᠯ ᠢ ᠲᠣᠭᠤᠰᠢᠯᠠᠭᠤᠯᠬᠤ᠂ ᠦᠨᠳᠦᠰᠦᠨ ᠱᠠᠲᠤᠨ ᠤ | ᠵᠠᠰᠠᠯᠲᠠ ᠶᠢ ᠤᠳᠤᠷᠢᠳᠬᠤ᠂ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠬᠤ᠂ ᠥᠭᠡᠷᠡᠴᠢᠯᠡᠯᠲᠡ ᠬᠥᠭᠵᠢᠯᠲᠡ ᠶᠢ | ᠠᠬᠢᠭᠤᠯᠬᠤ ᠪᠠᠲᠤ ᠪᠠᠬᠢ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠵᠣ᠂ ᠨᠠᠮ ᠤᠨ ᠤᠷᠳᠤ ᠬᠤᠭᠤᠴᠠᠭ᠎ᠠ ᠪᠠᠷ ᠲᠦᠷᠦ | ᠪᠠᠷᠢᠬᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ | ᠭᠡᠵᠡᠢ᠃ | ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠣᠷᠢᠵᠢᠭᠤᠯᠵᠣ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ︽ | ᠲᠦᠷᠢᠮ︾ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ︽ᠳᠦᠷᠢᠮ︾ ᠤᠨ ᠤᠬᠠᠭᠤᠯᠭ᠎ᠠ | ᠲᠠᠶᠢᠯᠤᠮᠵᠢ ᠪᠠ ᠰᠤᠷᠤᠯᠴᠠᠯᠭ᠎ᠠ ᠪᠣᠯᠪᠠᠰᠤᠷᠠᠭᠤᠯᠤᠯ ᠢ ᠬᠢᠨᠠᠮᠠᠭᠠᠶ ᠰᠠᠶᠢᠲᠤᠷ ᠠᠳᠬᠤᠵᠣ᠂ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠳ ᠲᠤ ︽ᠳᠦᠷᠢᠮ︾ ᠤᠨ ᠵᠣᠷᠢᠭ ᠰᠠᠨᠠᠭ᠎ᠠ ᠶᠢ | ᠭᠦᠨᠵᠡᠭᠡᠶ ᠣᠶᠢᠯᠠᠭᠠᠭᠤᠯᠵᠤ᠂ ︽ᠳᠦᠷᠢᠮ︾ ᠤᠨ ᠠᠭᠤᠯᠭ᠎ᠠ ᠶᠢ ᠪᠦᠬᠦ ᠲᠠᠯ᠎ᠠ ᠪᠠᠷ ᠡᠵᠡᠮᠰᠢᠭᠦᠯᠦᠨ᠂ ︽ᠳᠦᠷᠢᠮ︾ | ᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ | ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ︽ᠳᠦᠷᠢᠮ︾ | ᠢ ᠬᠡᠷᠡᠭᠵᠢᠭᠦᠯᠬᠦ ᠳᠤᠮᠳᠠᠬᠢ ᠴᠢᠬᠤᠯᠠ ᠪᠠᠶᠢᠳᠠᠯ ᠪᠠ ᠰᠠᠨᠠᠭᠤᠯᠭ᠎ᠠ ᠶᠢ ᠨᠠᠮ ᠤᠨ ᠲᠥᠪ ᠬᠤᠷᠢᠶ᠎ᠠ ᠳᠤ ᠴᠠᠭ | ᠲᠤᠬᠠᠶ ᠳᠤ ᠨᠢ ᠮᠡᠳᠡᠭᠦᠯᠬᠦ ᠬᠡᠷᠡᠭᠲᠡᠶ ᠭᠡᠵᠡᠢ᠃ | |