ᠳᠣᠲᠣᠭᠠᠳᠤ ᠶᠢ ᠬᠠᠮᠠᠭᠠᠯᠠᠬᠤ ᠶᠠᠮᠤᠨ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠤᠨ ᠲᠣᠭᠲᠠᠭᠠᠯ︾ ᠳᠤ ᠵᠠᠰᠠᠪᠤᠷᠢ ᠣᠷᠣᠭᠤᠯᠪᠠ
ᠨᠡᠶᠢᠲᠡᠯᠡᠭᠰᠡᠨ ᠴᠠᠭ᠄
2021/11/16
                 ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠱᠠᠭᠠᠷᠳᠠᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠣᠶᠢᠷ᠎ᠠ ᠳᠤ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠤᠨ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠷᠯᠢᠭ 157 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠵᠤ᠂ ᠰᠢᠨ᠎ᠡ ︽ᠵᠢᠷᠤᠮ ᠤᠨ ᠲᠣᠭᠲᠠᠭᠠᠯ︾ ᠢ 2020 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃        ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠬᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ ᠪᠠᠶᠢᠯᠭᠠᠬᠤ ᠶᠢ ᠠᠬᠢᠭᠤᠯᠬᠤ ᠪᠠᠷ ᠵᠣᠭᠰᠣᠴᠠ ᠪᠣᠯᠭᠠᠵᠤ᠂ ︽ᠵᠢᠷᠤᠮ ᠤᠨ ᠲᠣᠭᠲᠠᠭᠠᠯ︾ ᠳᠤ 6 ᠲᠠᠯ᠎ᠠ ᠶᠢᠨ ᠠᠭᠤᠯᠭ᠎ᠠ ᠳᠤ ᠭᠤᠤᠯᠳᠠᠯᠭ᠎ᠠ ᠲᠠᠢ ᠵᠠᠰᠠᠪᠤᠷᠢ ᠣᠷᠣᠭᠤᠯᠪᠠ᠄        ᠨᠢᠭᠡ ᠳᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠬᠥᠮᠦᠨ ᠮᠣᠵᠢ ᠠᠯᠣᠰᠯᠠᠨ ᠣᠨᠳᠣᠤ ᠭᠠᠵᠠᠷ ᠲᠤ ᠲᠣᠬᠠᠢ ᠶᠢᠨ ᠭᠠᠵᠠᠷ ᠠᠴᠠ ᠪᠣᠰᠣᠳ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠵᠦ ᠪᠣᠯᠤᠨ᠎ᠠ᠃          ᠬᠤᠶᠠᠷ ᠲᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢ ᠮᠡᠳᠡᠭᠳᠡᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃        ᠭᠤᠷᠪᠠ ᠳᠤ᠂ ᠡᠯᠧᠺᠲᠷᠤᠨ ᠢᠶᠠᠷ ᠬᠦᠷᠭᠡᠬᠦ ᠪᠠ ᠠᠯᠪᠠᠨ ᠵᠠᠷ ᠢᠶᠠᠷ ᠬᠦᠷᠭᠡᠬᠦ ᠵᠢᠷᠤᠮ ᠢ ᠨᠡᠮᠡᠪᠡ᠃          ᠲᠦᠷᠪᠡ ᠳᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠢᠷᠤᠮ ᠢ ᠲᠡᠭᠦᠯᠳᠡᠷᠵᠢᠭᠦᠯᠪᠡ᠃        ᠲᠠᠪᠤ ᠳᠤ᠂ ᠮᠡᠳᠡᠭᠡ ᠵᠠᠩᠭᠢ ᠶᠢ ᠰᠢᠯᠵᠢᠭᠦᠯᠬᠦ ᠲᠦᠷᠢᠮ ᠢ ᠲᠣᠭᠲᠠᠭᠠᠪᠠ᠃        ᠵᠢᠷᠭᠤᠭ᠎ᠠ ᠳᠤ᠂ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠣᠭᠲᠠᠭᠠᠯ ᠢ ᠨᠡᠮᠡᠪᠡ᠃
 
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号