︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠣᠯᠭᠤᠯᠲᠠ ᠶᠢ ᠠᠬᠢᠭᠤᠯᠬᠤ ᠲᠥᠯᠥᠪᠵᠢᠭᠦᠯᠭᠡ︾ ᠨᠡᠶᠢᠲᠡᠯᠡᠭᠳᠡᠵᠦ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ ᠬᠤᠲᠠ ᠪᠠᠯᠭᠠᠰᠤᠨ ᠤ 100 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠬᠤ ᠪᠠᠷ ᠪᠤᠢ
ᠨᠡᠶᠢᠲᠡᠯᠡᠭᠰᠡᠨ ᠴᠠᠭ᠄
2021/11/22
           ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠣᠯᠭᠤᠯᠲᠠ ᠶᠢ ᠠᠬᠢᠭᠤᠯᠬᠤ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠪᠥᠬᠦ ᠣᠷᠣᠨ ᠤ ᠬᠤᠲᠠ ᠪᠠᠯᠭᠠᠰᠤᠨ ᠤ 100 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠨ᠎ᠠ ᠭᠡᠵᠦ ᠲᠣᠭᠲᠠᠭᠠᠪᠠ᠃        ᠣᠶᠢᠯᠠᠭᠠᠭᠰᠠᠨ ᠢᠶᠠᠷ᠂ ︽ᠲᠥᠯᠥᠪᠵᠢᠭᠦᠯᠭᠡ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠠᠷᠤᠮᠠᠯᠯᠠᠨ ᠲᠠᠷᠬᠠᠭᠠᠵᠤ᠂ ᠨᠡᠶᠢᠲᠡ ᠠᠷᠪᠠᠨ ᠨᠢᠭᠡᠨ ᠪᠦᠯᠦᠭ᠂ ᠳᠥᠴᠢᠨ ᠬᠡᠰᠡᠭ ᠬᠤᠪᠢᠶᠠᠪᠠ᠃ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠨᠠᠮᠳᠠᠭᠤᠯᠬᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ 5 ᠲᠠᠯ᠎ᠠ ᠠᠴᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ 17 ᠭᠤᠣᠯ ᠭᠦᠢᠴᠡᠳᠬᠡᠯ ᠲᠤᠭ᠎ᠠ ᠵᠢᠴᠢ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠪᠠᠷ ᠠᠵᠢᠯ ᠣᠯᠭᠤᠯᠲᠠ ᠶᠢ ᠳᠠᠶᠢᠴᠢᠯᠠᠬᠤ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠢᠯ ᠣᠯᠭᠤᠯᠲᠠ ᠠᠵᠢᠯ ᠠᠯᠳᠠᠯᠲᠠ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠬᠤ ᠵᠡᠷᠭᠡ 8 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃ ᠡᠭᠦᠨ ᠤ ᠳᠠᠭᠠᠤ ᠳᠤ᠂ ︽ᠲᠥᠯᠥᠪᠵᠢᠭᠦᠯᠭᠡ︾ ᠳᠤ ᠲᠥᠯᠥᠪᠵᠢᠭᠦᠯᠭᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ᠂ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠬᠤ ᠵᠡᠷᠭᠡ 5 ᠲᠠᠯ᠎ᠠ ᠠᠴᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ        ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠯᠢᠨ ᠤ ᠲᠠᠨᠢᠯᠴᠠᠭᠤᠯᠤᠭᠰᠠᠨ ᠢᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 65 ᠲᠦᠮᠡᠨ ᠬᠥᠮᠦᠨ ᠳᠤ ᠠᠵᠢᠯ ᠣᠯᠭᠤᠵᠤ᠂ ᠬᠤᠲᠠ ᠪᠠᠯᠭᠠᠰᠤᠨ ᠤ ᠠᠵᠢᠯ ᠠᠯᠳᠠᠭᠰᠠᠨ 25 ᠲᠦᠮᠡᠨ ᠬᠥᠮᠦᠨ ᠳᠤ ᠳᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 25 ᠲᠦᠮᠡᠨ ᠬᠥᠮᠦᠨ ᠳᠤ ᠠᠵᠢᠯ ᠣᠯᠭᠤᠵᠤ᠂ ᠮᠠᠯᠴᠢᠨ ᠲᠠᠷᠢᠶᠠᠴᠢᠨ ᠢ 1200 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠨ᠎ᠠ᠃ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 125 ᠲᠦᠮᠡᠨ ᠬᠥᠮᠦᠨ ᠤᠳᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠠᠵᠢᠯ ᠮᠡᠷᠭᠡᠵᠢᠯ ᠤᠨ ᠪᠣᠯᠪᠠᠰᠤᠷᠠᠯ ᠳᠤ 35 ᠲᠦᠮᠡᠨ ᠬᠥᠮᠦᠨ ᠤᠳᠠᠭ᠎ᠠ ᠣᠷᠣᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ ᠬᠡᠮᠵᠢᠶ᠎ᠡ ᠶᠢ 88 ᠲᠦᠮᠡᠨ ᠬᠥᠮᠦᠨ ᠳᠤ ᠬᠦᠷᠦᠭᠦᠯᠬᠦ ᠪᠠᠷ ᠵᠢᠱᠢᠵᠦ ᠪᠤᠢ᠃        ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠤ ᠬᠤᠲᠠ ᠪᠠᠯᠭᠠᠰᠤᠨ ᠤ ᠨᠡᠶᠢᠲᠡ 128.44 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ 125 ᠲᠦᠮᠡᠨ ᠬᠥᠮᠦᠨ ᠳᠤ ᠠᠵᠢᠯ ᠣᠯᠭᠤᠬᠤ ᠬᠠᠷᠠᠯᠲᠠ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号