| | 11 ᠳ᠋ᠦ᠋ᠭᠡᠷ ᠰᠠᠷ᠎ᠠ ᠶᠢᠨ 20 ᠤ ᠡᠳᠦᠷ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ | ᠵᠠᠩᠭᠢ ᠶᠢᠨ ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠪᠣᠯᠤᠨ ᠬᠥᠬᠡᠬᠤᠲᠠ ᠶᠢᠨ ᠬᠡᠪᠴᠢᠶᠡᠨ ᠳᠤ | ᠨᠡᠪᠲᠡᠷᠡᠭᠦᠯᠦᠨ ᠠᠵᠢᠯᠯᠠᠭᠤᠯᠪᠠ᠃ | ᠣᠶᠢᠯᠠᠭᠠᠭᠰᠠᠨ ᠢᠶᠠᠷ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠨᠢ | ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠳᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ | ᠡᠮᠴᠢᠯᠡᠭᠡᠨ ᠤ ᠳᠠᠭᠠᠳᠬᠠᠯ᠂ ᠭᠠᠶᠢᠯᠢ ᠶᠢᠨ ᠶᠠᠪᠤᠳᠠᠯ᠂ ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ ᠵᠡᠷᠭᠡ | ᠪᠠᠶᠢᠭᠤᠯᠭ᠎ᠠ ᠨᠢᠭᠡᠴᠢ ᠶᠢᠨ ᠲᠤᠭ᠎ᠠ ᠪᠠᠷᠢᠮᠲᠠ ᠶᠢᠨ ᠨᠡᠪᠲᠡᠷᠡᠯᠴᠡᠭᠡ ᠶᠢ ᠪᠡᠶᠡᠯᠡᠭᠦᠯᠪᠡ᠃ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ᠂ ᠡᠮᠴᠢᠯᠡᠭᠡᠨ ᠤ ᠵᠠᠷᠤᠳᠠᠯ ᠢ ᠳ᠋ᠦᠩᠨᠡᠨ ᠪᠤᠳᠤᠬᠤ᠂ ᠳᠠᠭᠠᠳᠬᠠᠯ ᠤᠨ ᠬᠠᠷᠢᠴᠠᠭ᠎ᠠ ᠶᠢ | ᠰᠢᠯᠵᠢᠭᠦᠯᠦᠨ ᠦᠷᠭᠦᠯᠵᠢᠯᠡᠭᠦᠯᠬᠦ ᠵᠡᠷᠭᠡ ᠲᠠᠯ᠎ᠠ ᠪᠠᠷ᠂ ᠪᠥᠬᠦ ᠰᠢᠰᠲ᠋ᠧᠮ ᠤᠨ ᠡᠮᠴᠢᠯᠡᠭᠡᠨ ᠤ ᠳᠠᠭᠠᠳᠬᠠᠯ ᠤᠨ | ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠬᠠᠮᠵᠢᠯᠴᠠᠨ ᠭᠦᠢᠴᠡᠳᠬᠡᠬᠦ ᠶᠢ | ᠪᠡᠶᠡᠯᠡᠭᠦᠯᠪᠡ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠮᠠᠨ ᠤ ᠣᠷᠣᠨ ᠳᠤ | ᠨᠡᠪᠲᠡᠷᠡᠭᠦᠯᠦᠨ ᠠᠵᠢᠯᠯᠠᠭᠤᠯᠬᠤ ᠨᠢ ᠪᠥᠬᠦ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ | ᠺᠣᠳ᠋ ᠤᠨ ᠪᠠᠷᠢᠮᠵᠢᠶ᠎ᠠ ᠲᠠᠢ ᠨᠢᠭᠡᠳᠦᠯᠲᠡᠶ᠂ ᠲᠤᠭ᠎ᠠ ᠪᠠᠷᠢᠮᠲᠠ ᠶᠢᠨ ᠵᠢᠷᠤᠮᠵᠢᠯ ᠨᠢᠭᠡᠳᠦᠯᠲᠡᠶ᠂ ᠭᠠᠷᠲᠠᠨ ᠭᠦᠢᠴᠡᠳᠬᠡᠬᠦ | ᠦᠢᠯᠡᠴᠢᠯᠡᠭᠡ ᠨᠢᠭᠡᠳᠦᠯᠲᠡᠶ ᠪᠠᠶᠢᠬᠤ ᠶᠢ ᠪᠡᠶᠡᠯᠡᠭᠦᠯᠵᠦ᠂ ᠪᠥᠬᠦ ᠤᠯᠤᠰ ᠤᠨ ᠡᠮᠴᠢᠯᠡᠭᠡᠨ ᠤ ᠳᠠᠭᠠᠳᠬᠠᠯ ᠤᠨ ᠮᠡᠳᠡᠭᠡ | ᠵᠠᠩᠭᠢ ᠲᠠᠢ ᠬᠠᠷᠢᠯᠴᠠᠨ ᠬᠤᠯᠪᠣᠯᠳᠤᠭᠤᠯᠵᠤ ᠬᠠᠷᠢᠯᠴᠠᠨ ᠨᠡᠪᠲᠡᠷᠡᠭᠦᠯᠬᠦ᠂ ᠲᠤᠭ᠎ᠠ ᠪᠠᠷᠢᠮᠲᠠ ᠶᠢ ᠡᠮᠬᠢ ᠵᠢᠷᠤᠮ ᠲᠠᠢ | ᠪᠥᠭᠡᠳ ᠬᠠᠮᠲᠤ ᠪᠠᠷ ᠭᠥᠷᠳᠡᠬᠦ ᠶᠢ ᠦᠨᠡᠨ ᠬᠦ ᠪᠡᠶᠡᠯᠡᠭᠦᠯᠵᠦ᠂ ᠪᠥᠬᠦ ᠣᠷᠣᠨ ᠤ ᠳᠠᠭᠠᠳᠬᠠᠯ ᠳᠤ ᠣᠷᠣᠯᠴᠠᠭᠰᠠᠨ | 2000 ᠭᠠᠷᠤᠶ ᠲᠦᠮᠡᠨ ᠠᠷᠠᠳ ᠲᠤ ᠨᠠᠩ ᠳᠥᠭᠦᠮ ᠳᠥᠲᠡ᠂ ᠴᠢᠨᠠᠷᠯᠢᠭ ᠪᠥᠭᠡᠳ ᠥᠨᠳᠥᠷ ᠪᠦᠲᠦᠮᠵᠢᠲᠡᠶ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠬᠠᠩᠭᠠᠬᠤ ᠪᠣᠯᠤᠨ᠎ᠠ᠃ | ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠢ ᠤᠷᠤᠭᠰᠢᠲᠠᠶ ᠪᠠᠷ ᠨᠡᠪᠲᠡᠷᠡᠭᠦᠯᠦᠨ | ᠠᠵᠢᠯᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ | ᠬᠠᠮᠢᠶᠠᠷᠤᠯᠲᠠ ᠶᠢᠨ ᠲᠣᠪᠴᠢᠶ᠎ᠠ 2020 ᠣᠨ ᠤ 5 ᠳ᠋ᠤᠭᠠᠷ ᠰᠠᠷ᠎ᠠ ᠳᠤ ᠡᠮᠴᠢᠯᠡᠭᠡᠨ ᠤ ᠳᠠᠭᠠᠳᠬᠠᠯ ᠤᠨ ᠮᠡᠳᠡᠭᠡ | ᠵᠠᠩᠭᠢ ᠶᠢᠨ ᠲᠠᠪᠴᠠᠩ ᠤᠨ ᠪᠣᠯᠤᠮᠵᠢᠲᠤ ᠴᠢᠨᠠᠷ ᠤᠨ ᠰᠤᠳᠤᠯᠭᠠᠨ ᠤ ᠮᠡᠳᠡᠭᠦᠯᠦᠯᠲᠡ ᠶᠢ ᠪᠡᠶᠡᠯᠡᠭᠦᠯᠦᠭᠰᠡᠨ ᠤ ᠬᠠᠮᠲᠤ | ᠬᠢᠨᠠᠨ ᠪᠠᠲᠤᠯᠠᠵᠤ᠂ 9 ᠳ᠋ᠦ᠋ᠭᠡᠷ ᠰᠠᠷ᠎ᠠ ᠳᠤ ᠲᠠᠪᠴᠠᠩ ᠤᠨ ᠲᠥᠰᠥᠪ ᠲᠥᠯᠥᠪᠯᠡᠭᠡ ᠨᠢ ᠴᠣᠬᠤᠯᠠᠪᠤᠷᠢᠯᠠᠭᠳᠠᠵᠤ᠂ 11 | ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠡᠮᠴᠢᠯᠡᠭᠡᠨ ᠤ | ᠳᠠᠭᠠᠳᠬᠠᠯ ᠤᠨ ᠨᠢᠷᠤᠭᠤᠪᠴᠢ ᠰᠦᠯᠵᠢᠶ᠎ᠡ ᠶᠢᠨ ᠪᠠᠶᠢᠭᠤᠯᠤᠯᠲᠠ ᠶᠢ ᠪᠡᠶᠡᠯᠡᠭᠦᠯᠵᠦ᠂ 2021 ᠣᠨ ᠤ 5 ᠳ᠋ᠤᠭᠠᠷ | ᠰᠠᠷ᠎ᠠ ᠳᠤ ᠡᠮᠴᠢᠯᠡᠭᠡᠨ ᠤ ᠳᠠᠭᠠᠳᠬᠠᠯ ᠤᠨ ᠡᠭᠦᠯᠡᠨ ᠲᠠᠪᠴᠠᠩ ᠢ ᠠᠰᠢᠭᠯᠠᠯᠲᠠ ᠳᠤ ᠣᠷᠣᠭᠤᠯᠪᠠ᠃ 6 ᠰᠠᠷ᠎ᠠ ᠶᠢᠨ | ︽ᠬᠠᠮᠲᠤᠷᠠᠭᠰᠠᠨ ᠳᠠᠶᠢᠯᠠᠯᠳᠤᠭᠠᠨ︾ ᠢᠶᠠᠷ ᠳᠡᠮᠵᠢᠨ᠂ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠲᠤᠭ᠎ᠠ ᠪᠠᠷᠢᠮᠲᠠ ᠶᠢ ᠰᠢᠯᠵᠢᠭᠦᠯᠬᠦ᠂ ᠪᠠᠷᠢᠮᠵᠢᠶ᠎ᠠ ᠶᠢ ᠪᠣᠳᠠᠲᠠᠶᠢᠵᠢᠭᠤᠯᠬᠤ᠂ | ᠵᠠᠯᠭᠠᠰᠤ ᠶᠢ ᠥᠭᠡᠷᠡᠴᠢᠯᠡᠬᠦ ᠵᠡᠷᠭᠡ ᠵᠠᠩᠭᠢᠯᠠᠭ᠎ᠠ ᠶᠢᠨ ᠴᠢᠨᠠᠷᠲᠠᠶ ᠠᠵᠢᠯ ᠢ ᠪᠡᠶᠡᠯᠡᠭᠦᠯᠪᠡ᠃ 6 ᠳ᠋ᠤᠭᠠᠷ ᠰᠠᠷ᠎ᠠ ᠶᠢᠨ | 28 ᠤ ᠡᠳᠦᠷ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠡᠷᠢᠶᠡᠨ ᠬᠤᠲᠠ ᠳᠤ | ᠡᠩ ᠲᠡᠷᠢᠭᠦᠨ ᠳᠤ ᠨᠡᠪᠲᠡᠷᠡᠭᠦᠯᠦᠨ ᠠᠵᠢᠯᠯᠠᠭᠤᠯᠪᠠ︔ 9 — 10 ᠰᠠᠷ᠎ᠠ ᠳᠤ᠂ ᠣᠷᠳᠣᠰ ᠬᠤᠲᠠ ᠵᠡᠷᠭᠡ 9 | ᠠᠶᠢᠮᠠᠭ ᠬᠤᠲᠠ ᠪᠠ ᠮᠠᠨᠵᠤᠤᠷ ᠬᠤᠲᠠ ᠳᠤ ᠨᠡᠪᠲᠡᠷᠡᠭᠦᠯᠦᠨ ᠠᠵᠢᠯᠯᠠᠭᠤᠯᠪᠠ︔ 11 ᠳ᠋ᠦ᠋ᠭᠡᠷ ᠰᠠᠷ᠎ᠠ ᠶᠢᠨ 30 ᠤ | ᠡᠳᠦᠷ᠂ ᠬᠥᠯᠥᠨ ᠪᠤᠶᠢᠷ ᠬᠤᠲᠠ᠂ ᠲᠦᠩᠯᠢᠶᠣᠤ ᠬᠤᠲᠠ ᠳᠤ ᠴᠤ ᠨᠡᠪᠲᠡᠷᠡᠭᠦᠯᠦᠨ ᠠᠵᠢᠯᠯᠠᠭᠤᠯᠬᠤ ᠪᠠᠷ ᠪᠤᠢ᠃ | |