ᠤᠯᠠᠭᠠᠨᠬᠠᠳᠠ ᠬᠤᠲᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠤᠮᠳᠠᠳᠤ ᠶᠢᠨ ᠰᠢᠯᠢᠳᠡᠭ ᠤᠯᠠᠮᠵᠢᠯᠠᠯᠲᠦ ᠰᠣᠶᠣᠯ ᠢ ᠤᠯᠠᠮᠵᠢᠯᠠᠨ ᠬᠠᠮᠠᠭᠠᠯᠠᠵᠤ ᠪᠣᠢ
ᠨᠡᠶᠢᠲᠡᠯᠡᠭᠰᠡᠨ ᠴᠠᠭ᠄
2021/11/24
           ᠲᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠲᠤᠮᠳᠠᠳᠤ ᠶᠢᠨ ᠰᠢᠯᠢᠳᠡᠭ ᠤᠯᠠᠮᠵᠢᠯᠠᠯᠲᠦ ᠰᠣᠶᠣᠯ ᠢ ᠤᠯᠠᠮᠵᠢᠯᠠᠨ ᠬᠠᠮᠠᠭᠠᠯᠠᠬᠤ ᠶᠢᠨ ᠲᠥᠯᠥᠭᠡ᠂ ᠤᠯᠠᠭᠠᠨᠬᠠᠳᠠ ᠬᠤᠲᠠ ᠨᠢ ᠣᠷᠣᠨ ᠨᠤᠲᠤᠭ ᠤᠨ ᠣᠨᠴᠠᠯᠢᠭ ᠢᠶᠠᠨ ᠪᠠᠷᠢᠮᠲᠠᠯᠠᠬᠤ ᠶᠢ ᠴᠢᠬᠤᠯᠠᠴᠢᠯᠠᠵᠤ᠂ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭ᠍ᠰᠡᠨ ᠲᠠᠪᠠᠭᠤᠯᠢᠭ ᠲᠤ ᠪᠠᠨ ᠲᠦᠰᠢᠭᠯᠡᠨ᠂ ᠦᠨᠳᠦᠰᠦᠲᠡᠨ ᠤ ᠣᠨᠴᠠᠯᠢᠭᠲᠤ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠯᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠦ ᠰᠣᠶᠣᠯ ᠢ ᠤᠯᠠᠮᠵᠢᠯᠠᠨ ᠬᠠᠮᠠᠭᠠᠯᠠᠬᠤ ᠲᠠᠯ᠎ᠠ ᠢᠶᠠᠷ ᠰᠠᠶᠢᠨ ᠦᠷ᠎ᠡ ᠪᠦᠳᠦᠮᠵᠢ ᠣᠯᠣᠭᠰᠠᠨ ᠪᠠᠶᠢᠨ᠎ᠠ᠃        ᠨᠢᠭᠡ᠂ ᠦᠨᠳᠦᠰᠦᠲᠡᠨ ᠤ ᠬᠡᠯᠡ ᠰᠤᠶᠤᠯ ᠢ ᠤᠯᠠᠮᠵᠢᠯᠠᠨ ᠬᠠᠮᠠᠭᠠᠯᠠᠬᠤ ᠠᠵᠢᠯ ᠤᠨ ᠲᠠᠯ᠎ᠠ ᠪᠠᠷ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠭᠡᠶᠢᠷᠡᠭᠦᠯᠥᠨ ᠲᠣᠣᠱᠯᠠᠭᠤᠯᠵᠤ᠂ ᠴᠦᠬᠡᠨ ᠲᠤᠭᠠᠲᠤ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠬᠤ᠂ ᠤᠯᠠᠮᠵᠢᠯᠠᠬᠤ ᠪᠠ ᠰᠣᠳᠣᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠦᠯᠦᠭᠡ᠂ ᠤᠯᠠᠭᠠᠨᠬᠠᠳᠠ ᠬᠤᠲᠠ ᠶᠢᠨ ᠮᠤᠩᠭᠤᠯ ᠬᠡᠯᠡ ᠰᠤᠶᠤᠯ ᠤᠨ ᠦᠷ᠎ᠡ ᠪᠦᠳᠥᠭᠡᠯ ᠤᠨ ᠲᠡᠯᠭᠡᠨ ᠦᠵᠡᠭᠦᠯᠦᠯᠭᠡ ᠶᠢ ᠡᠷᠬᠢᠯᠡᠨ ᠬᠢᠪᠡ᠃ ᠲᠡᠯᠭᠡᠨ ᠦᠵᠡᠭᠦᠯᠦᠯᠭᠡ ᠨᠢ ︽ᠴᠥᠬᠡᠨ ᠲᠤᠭᠠᠲᠤ ᠦᠨᠳᠦᠰᠦᠲᠡᠨ ᠤ ᠦᠭᠡ ᠬᠡᠯᠡ ᠰᠤᠶᠤᠯ ᠢ ᠵᠠᠯᠭᠠᠮᠵᠢᠯᠠᠨ ᠬᠥᠭᠵᠢᠭᠦᠯᠵᠦ᠂ ᠲᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠪᠠᠷ ᠭᠤᠣᠯ ᠰᠡᠳᠦᠪ ᠪᠤᠯᠭᠠᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠠᠴᠠ ᠨᠠᠭᠠᠰᠢᠬᠢ᠂ ᠮᠠᠨ ᠤ ᠬᠤᠲᠠ ᠶᠢᠨ ᠮᠤᠩᠭᠤᠯ ᠬᠡᠯᠡ ᠰᠤᠶᠤᠯ ᠤᠨ ᠲᠠᠯ᠎ᠠ ᠪᠠᠷ ᠬᠢ ᠭᠢᠯᠠᠯᠵᠠᠮ᠎ᠠ ᠠᠮᠵᠢᠯᠲᠠ ᠶᠢ ᠲᠡᠯᠭᠡᠨ ᠦᠵᠡᠭᠦᠯᠵᠤ᠂ ᠲᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠦᠨᠳᠦᠰᠦᠲᠡᠨ ᠨᠦᠭᠦᠳ ᠤᠨ ᠦᠵᠡᠯ ᠰᠠᠨᠠᠭ᠎ᠠ ᠰᠤᠶᠤᠯ ᠤᠨ ᠰᠤᠯᠢᠯᠴᠠᠭ᠎ᠠ ᠶᠢ ᠠᠬᠢᠭᠤᠯᠵᠤ᠂ ᠡᠯ᠎ᠡ ᠦᠨᠳᠦᠰᠦᠲᠡᠨ ᠤ ᠺᠠᠲᠠᠷ ᠤᠯᠠᠨ ᠲᠦᠮᠡᠨ ᠤ ᠡᠬᠡ ᠤᠷᠤᠨᠴᠢ ᠦᠵᠡᠯ ᠤᠨ ᠵᠣᠷᠢᠭ ᠰᠠᠨᠠᠭ᠎ᠠ ᠶᠢ ᠬᠦᠮᠦᠵᠢᠭᠦᠯᠵᠤ᠂ ᠵᠦᠪ ᠤᠯᠤᠰ ᠤᠨ ᠦᠵᠡᠯᠲᠠ᠂ ᠲᠡᠦᠬᠡ ᠶᠢᠨ ᠦᠵᠡᠯᠲᠠ᠂ ᠦᠨᠳᠦᠰᠦᠲᠡᠨ ᠤ ᠦᠵᠡᠯᠲᠡ᠂ ᠰᠤᠶᠤᠯ ᠤᠨ ᠦᠵᠡᠯᠲᠡ᠂ ᠱᠠᠰᠢᠨ ᠰᠣᠷᠲᠠᠬᠤᠨ ᠤ ᠦᠵᠡᠯᠲᠡ ᠶᠢ ᠪᠤᠢ ᠪᠤᠯᠭᠠᠵᠤ᠂ ᠡᠷᠬᠡ ᠲᠡᠭᠰᠢ ᠪᠦᠯᠬᠦᠮᠳᠡᠯ ᠲᠠᠢ᠂ ᠬᠠᠷᠢᠯᠴᠠᠨ ᠬᠠᠪᠰᠤᠷᠠᠯᠴᠠᠭᠰᠠᠨ᠂ ᠡᠶ᠎ᠡ ᠵᠤᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠭᠢᠵᠢᠭᠦᠯᠤᠨ ᠬᠦᠭᠵᠢᠭᠦᠯᠬᠦ ᠳᠤ ᠢᠲᠡᠪᠬᠢᠲᠠᠢ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃        ᠬᠤᠶᠠᠷ ᠂ ︽ᠭᠡᠰᠡᠷ︾ ᠤᠨ ᠲᠤᠬᠠᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠬᠠᠮᠠᠭᠠᠯᠠᠬᠤ ᠠᠵᠢᠯ ᠤᠨ ᠲᠠᠯ᠎ᠠ ᠪᠠᠷ᠂ ︽ᠶᠡᠷᠦᠩᠬᠡᠢ ᠱᠦᠵᠢ ᠰᠢ ᠶᠢᠨ ᠫᠢᠩ ᠤᠨ ᠭᠡᠰᠡᠷ ᠤᠨ ᠲᠤᠬᠠᠢ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠢ ᠴᠢᠬᠤᠯᠠ ᠵᠢᠭᠠᠪᠤᠷᠢ ᠶᠢ ᠪᠠᠲᠤ ᠴᠡᠭᠡᠵᠢᠯᠡᠵᠤ ᠨᠠᠶᠢᠳᠠᠪᠤᠷᠢᠵᠢᠭᠤᠯᠤᠨ ᠲᠤᠤᠱᠯᠠᠭᠤᠯᠬᠤ ᠰᠢᠷᠢᠰ ᠠᠵᠢᠯᠯᠠᠭᠠᠨ︾ ᠢ ᠳᠠᠭᠠᠭᠠᠴᠢᠯᠠᠨ ᠬᠢᠪᠡ᠃ ᠰᠢᠷᠢᠰ ᠠᠵᠢᠯᠯᠠᠭᠠᠨ ᠨᠢ ︽ᠭᠡᠰᠡᠷ︾ ᠤᠨ ᠲᠤᠤᠯᠢ ᠬᠠᠶᠢᠯᠠᠬᠤ ᠤᠷᠤᠯᠳᠤᠭᠠᠨ᠂ ᠰᠤᠳᠤᠯᠤᠨ ᠰᠣᠷᠣᠯᠴᠠᠬᠤ ᠠᠩᠭᠢ ᠶᠢᠨ ᠲᠤᠰᠬᠠᠢ ᠰᠡᠲᠦᠪᠲᠦ ᠶᠠᠷᠢᠶ᠎ᠠ ᠲᠠᠶᠢᠯᠤᠮᠵᠢ᠂ ᠰᠤᠳᠤᠯᠥᠨ ᠰᠣᠷᠣᠯᠴᠠᠬᠤ ᠠᠩᠭᠢ ᠶᠢᠨ ᠪᠣᠯᠪᠠᠰᠤᠷᠠᠯ ᠲᠡᠭᠦᠰᠬᠦ ᠶᠣᠰᠣᠯᠠᠯ ᠵᠢᠴᠢ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠵᠡᠷᠭᠡ ᠠᠭᠤᠯᠭ᠎ᠠ ᠶᠢ ᠪᠠᠭᠲᠠᠭᠠᠪᠠ᠃ ᠠᠭᠤᠯᠭ᠎ᠠ ᠪᠠᠷ ᠪᠠᠶᠠᠯᠢᠭ᠂ ᠠᠯᠤᠰ ᠬᠡᠳᠦ ᠶᠢᠨ ᠠᠴᠢ ᠬᠤᠯᠪᠣᠭᠳᠠᠯ ᠲᠠᠢ ᠪᠠᠶᠢᠵᠤ᠂ ᠡᠨᠡ ᠨᠢ ︽ᠭᠡᠰᠡᠷ︾ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠤ᠂ ᠲᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠳᠤ ᠢᠲᠡᠪᠬᠢᠲᠠᠢ ᠦᠢᠯᠡᠳᠦᠯ ᠦᠵᠡᠭᠦᠯᠦᠭᠰᠡᠨ ᠪᠠᠶᠢᠨ᠎ᠠ᠃        ᠭᠤᠷᠪᠠ᠂ ᠲᠤᠮᠳᠠᠲᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠦ ᠰᠣᠶᠣᠯ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠬᠤ ᠲᠠᠯ᠎ᠠ ᠪᠠᠷ᠂ ᠲᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠰᠢᠵᠢᠮ ᠲᠠᠢ ᠤᠶᠠᠯᠲᠤᠭᠤᠯᠤᠨ᠂ ᠲᠤᠮᠳᠠᠲᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠦ ᠰᠣᠶᠣᠯ ᠢ ᠬᠠᠮᠠᠭᠠᠯᠠᠨ ᠤᠯᠠᠮᠵᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠦᠯᠦᠭᠡ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠳᠤ ︽ᠲᠤᠮᠳᠠᠲᠤ ᠤᠯᠤᠰ ᠤᠨ ᠡᠪ ᠬᠠᠮᠲᠦ ᠨᠠᠮ ᠪᠠᠶᠢᠭᠤᠯᠤᠭᠳᠠᠰᠠᠨ 100 ᠵᠢᠯ ᠤᠨ ᠤᠢ ᠶᠢ ᠪᠡᠯᠭᠡᠯᠡᠬᠦ ᠨᠠᠢᠮᠠᠨ ᠮᠤᠵᠢ ᠤᠷᠤᠨ ᠤ ᠢᠷᠦᠭᠡᠯ ᠮᠠᠭᠲᠠᠭᠠᠯ ᠤᠨ ᠤᠷᠤᠯᠳᠤᠭᠠᠨ︾ ᠢ ᠲᠠᠭᠠᠭᠠᠴᠢᠯᠠᠨ ᠬᠢᠭᠰᠡᠨ ᠪᠠᠶᠢᠨ᠎ᠠ᠃ ᠤᠷᠤᠯᠳᠤᠭᠠᠨ ᠳᠤ ᠦᠪᠦᠷ ᠮᠤᠩᠭᠤᠯ᠂ ᠭᠠᠨᠰᠦ᠂ ᠬᠦᠬᠡᠨᠠᠭᠤᠷ ᠵᠡᠷᠭᠡ ᠮᠤᠵᠢ ᠤᠷᠤᠨ ᠠᠴᠠ ᠢᠷᠡᠭᠰᠡᠨ ᠣᠷᠤᠯᠴᠠᠭᠴᠢ ᠤᠷᠤᠯᠴᠠᠵᠤ᠂ ︽ᠲᠤᠮᠳᠠᠲᠤ ᠤᠯᠤᠰ ᠤᠨ ᠡᠪ ᠬᠠᠮᠲᠦ ᠨᠠᠮ ᠪᠠᠶᠢᠭᠤᠯᠤᠭᠳᠠᠰᠠᠨ 100 ᠵᠢᠯ ᠤᠨ ᠤᠢ ᠶᠢ ᠪᠡᠯᠭᠡᠯᠡᠬᠦ᠂ ᠲᠤᠮᠳᠠᠲᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠦ ᠰᠣᠶᠣᠯ ᠢ ᠬᠠᠮᠠᠭᠠᠯᠠᠨ ᠤᠯᠠᠮᠵᠢᠯᠠᠬᠤ︾ ᠭᠤᠣᠯ ᠰᠡᠳᠦᠪ ᠤᠨ ᠲᠤᠭᠤᠷᠢᠨ ᠳᠤ ᠨᠠᠮ ᠤᠨ ᠭᠡᠷᠡᠯ ᠰᠠᠴᠤᠷᠠᠩᠭᠤᠢ ᠲᠡᠦᠬᠡ᠂ ᠠᠭᠤᠤ ᠶᠡᠭᠡ ᠡᠬᠡ ᠤᠯᠤᠰ ᠢᠶᠠᠨ ᠢᠷᠦᠭᠡᠨ ᠮᠠᠭᠲᠠᠭᠰᠠᠨ ᠪᠠᠶᠢᠨ᠎ᠠ᠃ ᠤᠷᠤᠯᠳᠤᠭᠠᠨ ᠨᠢ ᠲᠤᠮᠳᠠᠲᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠦ ᠰᠣᠶᠣᠯ ᠢᠶᠠᠨ ᠨᠡᠩ ᠰᠠᠶᠢᠲᠤᠷ ᠬᠠᠮᠠᠭᠠᠯᠠᠨ ᠤᠯᠠᠮᠵᠢᠯᠠᠵᠤ᠂ ᠲᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠠᠬᠢᠭᠤᠯᠬᠤ ᠳᠤ ᠢᠲᠡᠪᠬᠢᠲᠠᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃        ᠲᠥᠷᠪᠡ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠡᠯᠭᠡᠷᠡᠭᠦᠯᠦᠨ ᠲᠦᠭᠡᠮᠡᠯᠵᠡᠭᠦᠯᠵᠤ᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠨ ᠰᠣᠷᠤᠯᠴᠠᠬᠤ ᠪᠠ ᠬᠡᠷᠡᠭᠯᠡᠬᠦ ᠶᠢ ᠬᠦᠨᠳᠦᠳᠬᠡᠬᠦ ᠪᠠ ᠪᠠᠲᠤᠯᠠᠬᠤ ᠲᠠᠯ᠎ᠠ ᠪᠠᠷ᠂ ᠨᠠᠮ ᠪᠠᠶᠢᠭᠤᠯᠤᠭᠳᠠᠰᠠᠨ 100 ᠵᠢᠯ ᠤᠨ ᠤᠢ ᠶᠢ ᠪᠡᠯᠭᠡᠯᠡᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠤᠭᠴᠠᠯᠠᠬᠤ ᠶᠢᠨ ᠲᠦᠯᠦᠭᠡ᠂ ᠤᠯᠠᠭᠠᠨᠬᠠᠳᠠ ᠶᠢᠨ ᠰᠢᠨ᠎ᠡ ᠬᠤᠲᠠ ᠳᠠᠬᠢ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠣᠷᠭᠠᠭᠤᠯᠢ ᠳᠤ ︽ᠪᠠᠭᠠᠴᠤᠳ ᠤᠨ ᠰᠡᠳᠬᠢᠯ ᠨᠠᠮ ᠳᠠᠭᠠᠨ ᠲᠡᠮᠡᠤᠯᠡᠨ ᠵᠠᠭᠤᠨ ᠵᠢᠯ ᠢᠶᠠᠨ ᠮᠠᠭᠲᠠᠨ ᠲᠠᠭᠤᠯᠠᠬᠤ︾ ᠪᠦᠬᠦ ᠬᠤᠲᠠ ᠶᠢᠨ ᠪᠠᠭ᠎ᠠ ᠰᠣᠷᠭᠠᠭᠤᠯᠢ ᠶᠢᠨ ᠰᠣᠷᠤᠭᠴᠢᠳ ᠤᠨ ᠤᠷᠠᠨ ᠤᠩᠰᠢᠯᠭ᠎ᠠ ᠶᠢᠨ ᠤᠷᠤᠯᠳᠤᠭᠠᠨ ᠶᠢ ᠲᠠᠭᠠᠭᠠᠴᠢᠯᠠᠨ ᠡᠷᠬᠢᠯᠡᠪᠡ᠃ ᠤᠷᠤᠯᠳᠤᠭᠠᠨ ᠳᠤ ᠪᠦᠬᠦ ᠬᠤᠲᠠ ᠶᠢᠨ 7 ᠬᠤᠰᠢᠭᠤ ᠰᠢᠶᠠᠨ ᠲᠤᠭᠤᠷᠢᠭ ᠪᠠ ᠬᠤᠲᠠ ᠶᠢᠨ ᠰᠢᠭᠤᠳ ᠬᠠᠷᠢᠶ᠎ᠠ 2 ᠲᠣᠷᠰᠢᠯᠲᠠ ᠶᠢᠨ ᠪᠠᠭ᠎ᠠ ᠰᠣᠷᠭᠠᠭᠤᠯᠢ ᠶᠢᠨ 51 ᠰᠤᠷᠤᠭᠴᠢᠳ ᠤᠷᠤᠯᠴᠠᠵᠤ᠂ ᠤᠷᠤᠯᠳᠤᠭᠠᠨ ᠢᠶᠠᠷ ᠲᠠᠮᠵᠢᠨ ᠵᠠᠯᠠᠭᠤ ᠪᠠᠭᠠᠴᠤᠳ ᠤᠨ ᠲᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠰᠣᠷᠭᠠᠨ ᠬᠦᠮᠦᠵᠢᠯ ᠢ ᠭᠦᠨᠵᠡᠭᠡᠶᠢᠷᠡᠭᠦᠯᠵᠤ᠂ ᠰᠣᠷᠤᠭᠴᠢᠳ ᠤᠨ ᠰᠤᠶᠤᠯ ᠪᠠ ᠶᠤᠰᠥ ᠰᠤᠷᠲᠠᠬᠤᠨ ᠤ ᠬᠡᠪ ᠴᠢᠨᠠᠷ ᠢ ᠲᠡᠭᠩᠰᠢᠯᠡᠭᠦᠯᠵᠤ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠲᠠᠶᠢᠴᠢᠯᠠᠭᠰᠠᠨ ᠪᠠᠶᠢᠨ᠎ᠠ᠃    
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号