| | | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠭᠠᠭᠠᠬᠤ | ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠨᠥᠭᠦᠴᠡᠯ ᠰᠠᠶᠢᠲᠠᠢ | ᠣᠷᠴᠢᠨ ᠢ ᠰᠢᠯᠢᠳᠡᠭᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ | ᠵᠢᠱᠢᠬᠦ ᠠᠵᠢᠯ ᠢ ᠪᠥᠬᠦ ᠬᠦᠴᠦᠨ ᠢᠶᠠᠷ ᠢᠶᠠᠨ ᠠᠭᠢᠭᠤᠯᠵᠠᠢ᠃ | 11 ᠳ᠋ᠦ᠋ᠭᠡᠷ ᠰᠠᠷ᠎ᠠ ᠪᠣᠯᠲᠠᠯ᠎ᠠ᠂ ᠪᠥᠬᠦ ᠣᠷᠣᠨ ᠤ 56 ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠡᠶᠡᠯᠡᠭᠦᠯᠬᠦ ᠴᠢᠬᠤᠯᠠᠲᠠᠢ 782 ᠦᠨᠡᠯᠡᠨ ᠵᠢᠱᠢᠬᠦ ᠵᠦᠢᠯᠡᠰ ᠤᠨ ᠳᠣᠲᠤᠷᠠᠬᠢ 282 ᠵᠦᠢᠯᠡᠰ ᠢ | ᠨᠢᠭᠡᠨᠲᠡ ᠪᠡᠶᠡᠯᠡᠭᠦᠯᠵᠦ᠂ ᠪᠡᠶᠡᠯᠡᠭᠦᠯᠦᠭᠰᠡᠨ ᠠᠬᠢᠴᠠ ᠨᠢ 36.0% ᠳᠤ ᠬᠦᠷᠪᠡ᠃ ᠠᠶᠢᠮᠠᠭ ᠬᠤᠲᠠ ᠪᠠᠷ ᠬᠤᠪᠢᠶᠠᠨ | ᠦᠵᠡᠪᠡᠯ᠂ ᠪᠡᠶᠡᠯᠡᠭᠦᠯᠦᠭᠰᠡᠨ ᠠᠬᠢᠴᠠ ᠨᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠭᠠᠵᠠᠷ | ᠣᠷᠣᠨ 6 ᠪᠠᠶᠢᠵᠤ᠂ ᠲᠣᠰ ᠪᠦᠷᠢ ᠪᠠᠶᠠᠨᠨᠠᠭᠤᠷ ᠬᠤᠲᠠ 91.3%᠂ ᠮᠠᠨᠵᠤᠤᠷ ᠬᠤᠲᠠ 85.7%᠂ ᠠᠯᠠᠱᠠ | ᠠᠶᠢᠮᠠᠭ 75.0%᠂ ᠬᠢᠩᠭᠠᠨ ᠠᠶᠢᠮᠠᠭ 60.0%᠂ ᠪᠤᠭᠤᠲᠤ ᠬᠤᠲᠠ 55.2%᠂ ᠲᠦᠩᠯᠢᠶᠣᠤ ᠬᠤᠲᠠ 51. | 1% ᠪᠣᠯᠤᠨ᠎ᠠ︔ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠳᠣᠤᠷ᠎ᠠ ᠭᠠᠵᠠᠷ ᠣᠷᠣᠨ 8 ᠪᠠᠶᠢᠨ᠎ᠠ᠂ | ᠲᠡᠳᠡᠭᠡᠷ ᠨᠢ ᠲᠣᠰ ᠲᠣᠰ ᠬᠥᠬᠡᠬᠤᠲᠠ 8.5%᠂ ᠬᠥᠯᠥᠨ ᠪᠤᠶᠢᠷ ᠬᠤᠲᠠ 20.8%᠂ ᠤᠯᠠᠭᠠᠨᠬᠠᠳᠠ ᠬᠤᠲᠠ | 24.6%᠂ ᠰᠢᠯᠢ ᠶᠢᠨ ᠭᠤᠤᠯ ᠠᠶᠢᠮᠠᠭ 28.9%᠂ ᠤᠯᠠᠭᠠᠨᠴᠠᠪ ᠬᠤᠲᠠ 27.1%᠂ ᠡᠷᠢᠶᠡᠨ ᠬᠤᠲᠠ 33. | 3%᠂ ᠣᠷᠳᠣᠰ ᠬᠤᠲᠠ 35.8%᠂ ᠦᠬᠠᠶ ᠬᠤᠲᠠ 35.7% ᠪᠣᠯᠤᠨ᠎ᠠ᠃ ᠠᠵᠢᠯ ᠢᠶᠠᠷ ᠬᠤᠪᠢᠶᠠᠨ ᠦᠵᠡᠪᠡᠯ | ᠂ ᠲᠦᠷᠦᠭᠦᠦ ᠭᠤᠷᠪᠠ ᠳᠤ ᠣᠷᠤᠭᠰᠠᠨ ᠨᠢ ᠣᠷᠴᠢᠨ ᠠᠬᠤᠶ ᠶᠢᠨ ᠨᠥᠯᠥᠭᠡᠯᠡᠯ ᠤᠨ ᠦᠨᠡᠯᠡᠯᠲᠡ 73.7%᠂ | ᠤᠰᠤᠨ ᠤ ᠡᠬᠢ ᠪᠠᠶᠠᠯᠢᠭ ᠤᠨ ᠨᠤᠲᠠᠯᠠᠯᠲᠠ 50.5%᠂ ᠭᠠᠵᠠᠷ ᠬᠦᠷᠦᠰᠦᠨ ᠤ ᠭᠠᠢ ᠭᠠᠮᠰᠢᠭ ᠤᠨ ᠠᠶᠤᠯᠲᠤ | ᠴᠢᠨᠠᠷ ᠤᠨ ᠦᠨᠡᠯᠡᠯᠲᠡ 36.2% ᠪᠣᠯᠤᠨ᠎ᠠ︔ ᠰᠡᠭᠦᠯᠴᠢ ᠶᠢᠨ 3 ᠨᠡᠷᠡᠰ ᠲᠤ ᠵᠢᠭᠰᠠᠭᠠᠭᠳᠠᠭᠰᠠᠨ ᠨᠢ ᠠᠭᠤᠷ | ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ 3.0%᠂ ᠦᠶᠡᠷ ᠤᠰᠤᠳᠤᠯ ᠤᠨ ᠨᠥᠯᠦᠭᠡᠯᠡᠯ ᠤᠨ | ᠦᠨᠡᠯᠡᠯᠲᠡ 8.2%᠂ ᠡᠨᠧᠷᠭᠢ ᠠᠷᠪᠢᠯᠠᠬᠤ ᠦᠨᠡᠯᠡᠯᠲᠡ 16.3% ᠪᠣᠯᠤᠨ᠎ᠠ᠃ |