ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠭᠤᠷᠪᠠᠳᠤᠭᠠᠷ ᠤᠳᠠᠭ᠎ᠠ ᠶᠢᠨ ᠬᠤᠷᠠᠯ ᠬᠢᠪᠡ ᠱᠢ ᠲᠠᠢ ᠹᠧᠩ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2021/11/29
           11 ᠰᠠᠷ᠎ᠠ ᠶᠢᠨ 28 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠭᠤᠷᠪᠠᠳᠤᠭᠠᠷ ᠤᠳᠠᠭ᠎ᠠ ᠶᠢᠨ ᠬᠤᠷᠠᠯ ᠬᠢᠪᠡ᠃        ᠱᠢ ᠲᠠᠢ ᠹᠧᠩ ᠬᠤᠷᠠᠯ ᠢ ᠡᠷᠬᠢᠯᠡᠵᠠᠢ᠃       ᠬᠤᠷᠠᠯ ᠠᠴᠠ ᠡᠯ᠎ᠡ ᠲᠥᠯᠥᠭᠡᠯᠡᠭᠴᠢᠳ ᠤᠨ ᠪᠦᠯᠬᠦᠮ ︵ᠳᠤᠭᠤᠶᠢᠯᠠᠩ︶ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠢᠯᠡᠳᠭᠡᠯ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠶᠠᠷᠢᠯᠴᠠᠭᠰᠠᠨ ᠪᠠᠶᠢᠳᠠᠯ ᠤᠨ ᠲᠤᠬᠠᠢ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃        ᠬᠤᠷᠠᠯ ᠠᠴᠠ ᠡᠯ᠎ᠡ ᠲᠥᠯᠥᠭᠡᠯᠡᠭᠴᠢᠳ ᠤᠨ ᠪᠦᠯᠬᠦᠮ ︵ᠳᠤᠭᠤᠶᠢᠯᠠᠩ︶ ᠤᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠶᠢ ᠶᠠᠷᠢᠯᠴᠠᠬᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠤ ᠵᠢᠱᠢᠭᠳᠡᠭᠴᠢ ᠶᠢᠨ ᠪᠡᠯᠡᠳᠭᠡᠯ ᠰᠣᠩᠭᠤᠭᠤᠯᠢ ᠶᠢᠨ ᠨᠡᠷᠡᠰ ᠢ ᠪᠠᠲᠤᠯᠠᠪᠠ᠃        ᠬᠤᠷᠠᠯ ᠠᠴᠠ ᠶᠡᠭᠡ ᠬᠤᠷᠠᠯ ᠤᠨ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ ᠪᠠ ᠪᠢᠯᠧᠲ ᠬᠢᠨᠠᠭᠴᠢ ᠶᠢᠨ ᠨᠡᠷᠡᠰ ᠢ ᠪᠠᠲᠤᠯᠠᠵᠤ᠂ ᠶᠡᠭᠡ ᠬᠤᠷᠠᠯ ᠤᠨ ᠪᠢᠯᠧᠲ ᠪᠦᠷᠢᠳᠭᠡᠭᠴᠢ ᠶᠢᠨ ᠨᠡᠷᠡᠰ ᠢ ᠨᠡᠶᠢᠲᠡᠯᠡᠪᠡ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号