ᠬᠤᠲᠠ ᠶᠢᠨ ᠵᠠᠰᠠᠭ ᠤᠨ ᠣᠷᠳᠣᠨ 2021 ᠣᠨ ᠤ ᠠᠷᠪᠠᠨ ᠳᠣᠯᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/29
           11 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ 2021 ᠣᠨ ᠤ ᠠᠷᠪᠠᠨ ᠳᠣᠯᠤᠳᠤᠭᠠᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ︽ᠤᠯᠠᠭᠠᠨᠬᠠᠳᠠ ᠬᠤᠳᠠ ᠶᠢᠨ ᠬᠤᠳᠠ ᠶᠢᠨ ᠲᠡᠷᠭᠡ ᠵᠣᠭᠰᠣᠭᠠᠬᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠪᠠ ︽ᠤᠯᠠᠭᠠᠨᠬᠠᠳᠠ ᠬᠤᠳᠠ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠡᠷᠡᠭ ᠤᠨ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠥᠰᠦᠯ︾ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃        ᠬᠤᠷᠠᠯ ᠠᠴᠠ᠂ ᠬᠤᠳᠠ ᠶᠢᠨ ᠲᠡᠷᠭᠡ ᠵᠣᠭᠰᠣᠭᠠᠬᠤ ᠲᠥᠬᠦᠭᠡᠷᠦᠮᠵᠢ ᠪᠣᠯ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠴᠢᠬᠤᠯᠠ ᠪᠠᠲᠤᠯᠠᠭ᠎ᠠ ᠮᠥᠨ᠂ ᠪᠠᠰᠠ ᠴᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠃ ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠶᠢᠨ ᠵᠢᠵᠢᠭ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ ᠶᠡᠭᠡ ᠪᠠᠷ ᠨᠡᠮᠡᠭᠳᠡᠵᠦ᠂ ᠲᠡᠷᠭᠡ ᠵᠣᠭᠰᠤᠭᠠᠬᠤ ᠲᠥᠬᠦᠭᠡᠷᠦᠮᠵᠢ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠣᠪᠤᠶᠢᠮ᠎ᠠ ᠪᠣᠯᠵᠣ ᠪᠠᠶᠢᠨ᠎ᠠ᠃ ᠡᠯ᠎ᠡ ᠬᠠᠮᠢᠶ᠎ᠠ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠬᠤᠲᠠ ᠶᠢᠨ ᠲᠡᠷᠭᠡ ᠵᠣᠭᠰᠣᠭᠠᠬᠤ ᠬᠠᠩᠭᠠᠯᠭ᠎ᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠲᠡᠷᠭᠡ ᠵᠣᠭᠰᠣᠭᠠᠬᠤ ᠬᠠᠮᠢᠶᠠᠷᠤᠯᠲᠠ ᠶᠢ ᠴᠢᠩᠭᠠᠷᠠᠭᠤᠯᠤᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠠᠮᠤᠷ ᠲᠦᠪᠰᠢᠨ ᠪᠥᠭᠡᠳ ᠵᠢᠷᠤᠮᠵᠢᠯ ᠲᠠᠢ᠂ ᠪᠣᠯᠪᠠᠰᠤᠨ ᠪᠥᠭᠡᠳ ᠡᠮᠬᠢ ᠵᠢᠷᠤᠮ ᠲᠠᠢ᠂ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠬᠤᠲᠠ ᠶᠢᠨ ᠲᠡᠷᠭᠡ ᠵᠣᠭᠰᠣᠭᠠᠬᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ︽ᠬᠡᠷᠡᠭ ᠤᠨ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ︾ ᠠᠵᠢᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠬᠠᠮᠢᠶ᠎ᠠ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠠᠵᠢᠯ ᠤᠨ ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠡᠭᠦᠷᠭᠡᠯᠡᠭᠴᠢ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠤᠷᠬᠠᠶᠢᠯᠠᠨ᠂ ᠬᠠᠮᠢᠶ᠎ᠠ ᠪᠥᠬᠦᠶ ᠪᠣᠯᠪᠠᠰᠤᠷᠠᠭᠤᠯᠤᠯ ᠢ ᠰᠠᠶᠢᠲᠤᠷ ᠬᠢᠵᠦ᠂ ︽ᠲᠦᠰᠦᠯ ᠢᠶᠠᠷ ᠥᠭᠡᠷᠡᠴᠢᠯᠡᠯᠲᠡ ᠶᠢ ᠠᠬᠢᠭᠤᠯᠬᠤ︾ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ︽ᠬᠡᠷᠡᠭ ᠤᠨ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ︾ ᠠᠵᠢᠯ ᠢ ᠪᠦᠲᠦᠮᠵᠢᠲᠡᠶ ᠪᠥᠭᠡᠳ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠲᠠ ᠶᠢᠨ ᠤᠳᠤᠷᠢᠳᠤᠯᠭ᠎ᠠ ᠱᠧᠩ ᠰᠢᠶᠣᠣ ᠶᠢᠥ᠂ ᠬᠤ᠋ ᠴᠢᠩ ᠹᠧᠩ᠂ ᠰᠦᠨ ᠬᠠᠶ ᠲᠤᠤ᠂ ᠭᠦᠸᠧ ᠰᠢ᠂ ᠯᠢ ᠵᠢᠩ ᠵᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ ᠬᠤᠷᠠᠯ ᠳᠤ ᠣᠷᠤᠯᠴᠠᠪᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号