ᠮᠠᠨ ᠤ ᠣᠷᠣᠨ ᠤ 2 ᠬᠥᠮᠦᠨ ᠨᠠᠢᠮᠠᠳᠤᠭᠠᠷ ᠬᠤᠭᠤᠴᠠᠭᠠᠨ ᠤ ᠪᠥᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠪᠠᠷ ᠰᠣᠩᠭᠤᠭᠳᠠᠵᠤ 8 ᠬᠥᠮᠦᠨ ᠨᠡᠷ᠎ᠡ ᠳᠤᠷᠠᠳᠤᠭᠳᠠᠭᠰᠠᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2021/11/8
           ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠳᠤ ᠱᠠᠩᠨᠠᠯ ᠣᠯᠭᠤᠬᠤ ᠶᠣᠰᠣᠯᠠᠯ 11 ᠳ᠋ᠦ᠋ᠭᠡᠷ ᠰᠠᠷ᠎ᠠ ᠶᠢᠨ 5 ᠤ ᠡᠳᠦᠷ ᠪᠡᠭᠡᠵᠢᠩ ᠳᠤ ᠶᠠᠪᠤᠭᠳᠠᠪᠠ᠃ ᠮᠠᠨ ᠤ ᠣᠷᠣᠨ ᠤ ᠳᠦᠭᠦ᠋ᠢᠮ᠎ᠠ᠂ ᠳ᠋ᠦ᠋ ᠬᠠᠢ ᠺᠤᠸᠠᠨ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠬᠦᠷᠳᠡᠵᠤ᠂ 8 ᠬᠥᠮᠦᠨ ᠨᠡᠷ᠎ᠡ ᠳᠤᠷᠠᠳᠤᠭᠳᠠᠭᠰᠠᠨ ᠱᠠᠩᠨᠠᠯ ᠬᠦᠷᠳᠡᠵᠡᠢ        ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠶᠢ ᠬᠤᠶᠠᠷ ᠵᠢᠯ ᠳᠤ ᠨᠢᠭᠡ ᠬᠤᠭᠤᠴᠠᠭ᠎ᠠ ᠰᠢᠯᠭᠠᠷᠠᠭᠤᠯᠤᠨ ᠬᠥᠬᠢᠭᠦᠯᠵᠦ᠂ ᠲᠥᠪ ᠤᠨ ᠤᠬᠠᠭᠤᠯᠬᠤ ᠬᠡᠯᠲᠡᠰ᠂ ᠲᠥᠪ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠡᠯᠲᠡᠰ ᠵᠡᠷᠭᠡ ᠰᠠᠯᠠᠭ᠎ᠠ ᠮᠥᠴᠢᠷ ᠬᠠᠮᠲᠤᠷᠠᠨ ᠥᠷᠨᠢᠭᠦᠯᠳᠡᠭ᠃ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠶᠢ ᠰᠢᠯᠭᠠᠷᠠᠭᠤᠯᠤᠨ ᠰᠣᠩᠭᠤᠬᠤ ᠳᠤ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ᠂ ᠦᠨᠡᠨᠴᠢ ᠢᠲᠡᠭᠡᠮᠵᠢᠲᠡᠢ᠂ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠦᠭᠰᠡᠨ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠭᠰᠠᠨ ᠵᠡᠷᠭᠡ ᠲᠠᠪᠤᠨ ᠲᠦᠷᠦᠯ ᠤᠨ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠶᠢ ᠨᠡᠶᠢᠳᠡ 68 ᠬᠥᠮᠦᠨ ᠪᠠ 254 ᠨᠡᠷ᠎ᠡ ᠳᠤᠷᠠᠳᠤᠭᠳᠠᠭᠰᠠᠨ ᠱᠠᠩᠨᠠᠯ ᠬᠦᠷᠳᠡᠭᠴᠢ ᠶᠢ ᠰᠣᠩᠭᠤᠨ ᠭᠠᠷᠭᠠᠪᠠ᠃        ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠨᠣᠮᠤᠭᠠᠨ ᠰᠤᠮᠤᠨ ᠤ ᠮᠠᠯᠴᠢᠨ ᠳᠦᠭᠦ᠋ᠢᠮ᠎ᠠ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ ᠶᠣᠰᠣ ᠰᠤᠷᠲᠠᠬᠤᠨ ᠤ ᠵᠢᠱᠢᠶᠡᠴᠢ ᠪᠠᠷ ᠦᠨᠡᠯᠡᠭᠳᠡᠪᠡ᠃ 60 ᠭᠠᠷᠤᠶ ᠵᠢᠯ ᠤᠨ ᠡᠮᠦᠨ᠎ᠡ᠂ ᠲᠡᠷᠡ ᠱᠠᠩᠬᠠᠶ ᠵᠢᠴᠢ ᠡᠷᠬᠢᠨ ᠲᠣᠭᠤᠷᠢᠨ ᠤ 28 ᠥᠨᠥᠴᠢᠨ ᠬᠡᠤᠬᠡᠳ ᠢ ᠦᠷᠡᠴᠢᠯᠡᠨ ᠲᠡᠵᠢᠭᠡᠵᠦ᠂ ᠡᠷᠡᠭᠦᠯ ᠢᠶᠠᠷ ᠪᠤᠶᠢᠵᠢᠭᠤᠯᠵᠠᠶ᠃ ᠮᠥᠨ ᠴᠦ ᠮᠠᠯᠵᠢᠬᠤ ᠣᠷᠣᠨ ᠤ ᠬᠤᠴᠣᠷᠤᠩᠭᠤᠢ ᠨᠥᠬᠦᠴᠡᠯ ᠳᠣᠣᠷ᠎ᠠ ᠬᠥᠩᠭᠡᠵᠢᠭᠦᠯᠬᠦ ᠣᠨᠴᠠᠭᠠᠶ ᠠᠷᠭ᠎ᠠ ᠶᠢ ᠰᠤᠷᠴᠤ ᠡᠵᠡᠮᠰᠢᠨ ᠂ ᠡᠮ ᠡᠮᠨᠡᠯᠭᠡ ᠳᠤᠲᠠᠭᠳᠠᠵᠤ ᠪᠠᠶᠢᠭᠰᠠᠨ ᠵᠢᠯ ᠤᠳ ᠲᠤ 40 ᠭᠠᠷᠤᠶ ᠬᠥᠩᠭᠡᠵᠢᠭᠴᠢ ᠶᠢᠨ ᠠᠮᠢ ᠨᠠᠰᠤ ᠶᠢ ᠠᠪᠤᠷᠠᠵᠠᠶ᠃ ᠡᠭᠦᠨ ᠤ ᠬᠠᠮᠲᠤ᠂ ᠲᠡᠷᠡ ᠳᠡᠷᠭᠡᠳᠡᠬᠢ ᠬᠥᠭᠰᠢᠨ ᠨᠢᠯᠬᠠᠰ ᠢᠶᠠᠨ ᠬᠠᠷᠠᠭᠠᠯᠵᠠᠵᠤ᠂ ᠶᠠᠳᠠᠷᠠᠭᠰᠠᠨ ᠢ ᠬᠠᠪᠰᠤᠷᠤᠨ ᠵᠦᠳᠡᠷᠡᠭᠰᠡᠨ ᠢ ᠲᠤᠰᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠤᠰᠤᠳ ᠲᠤ ᠲᠤᠰᠠ ᠳᠡᠮ ᠪᠣᠯᠬᠤ᠂ ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠶᠣᠰᠣ ᠰᠤᠷᠲᠠᠬᠤᠨ ᠤ ᠵᠣᠷᠢᠭ ᠰᠠᠨᠠᠭ᠎ᠠ ᠶᠢ ᠲᠠᠶᠢᠯᠪᠤᠷᠢᠯᠠᠪᠠ︔ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠤᠭᠤᠲᠤ ᠶᠢᠨ ᠪᠠᠷᠠᠭᠤᠨ ᠳᠠᠬᠢ ᠮᠠᠰᠢᠨ ᠤ ᠶᠠᠪᠤᠳᠠᠯ ᠤᠨ ᠬᠡᠰᠡᠭ ᠤᠨ ᠪᠤᠭᠤᠲᠤ ᠶᠢᠨ ᠲᠡᠭᠡᠭᠡᠪᠦᠷᠢ ᠳᠤ ᠦᠢᠯᠡᠳᠪᠦᠷᠢ ᠶᠢᠨ ᠲᠠᠰᠤᠭ ᠤᠨ ᠴᠠᠬᠢᠯᠭᠠᠨ ᠬᠦᠴᠦᠨ ᠤ ᠪᠤᠬ᠎ᠠ ᠲᠡᠷᠭᠡᠨ ᠤ ᠵᠢᠯᠣᠭᠤᠴᠢ ᠳ᠋ᠦ᠋ ᠬᠠᠢ ᠺᠤᠸᠠᠨ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠦᠨᠡᠨᠴᠢ ᠢᠲᠡᠭᠡᠮᠵᠢᠲᠡᠢ ᠵᠢᠱᠢᠶᠡᠴᠢ ᠪᠠᠷ ᠦᠨᠡᠯᠡᠭᠳᠡᠪᠡ᠃ ᠲᠡᠷᠡ 36 ᠵᠢᠯ ᠢ ᠨᠢᠭᠡ ᠯᠡ ᠡᠳᠦᠷ ᠮᠡᠲᠦ ᠪᠠᠷ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ 36 ᠵᠢᠯ ᠳᠠᠷᠠᠭᠠᠯᠠᠨ ᠲᠦᠷᠢᠮ ᠲᠣᠭᠲᠠᠭᠠᠯ ᠢ ᠵᠥᠷᠢᠴᠡᠭᠰᠡᠨ ᠦᠭᠡᠢ᠂ ᠰᠠᠬᠢᠯᠭ᠎ᠠ ᠪᠠᠲᠤ ᠶᠢ ᠵᠥᠷᠢᠴᠡᠭᠰᠡᠨ ᠦᠭᠡᠢ᠂ ᠬᠠᠷᠢᠭᠤᠴᠠᠯᠭ᠎ᠠ ᠳᠤ ᠪᠠᠨ ᠣᠰᠣᠯᠳᠠᠭᠰᠠᠨ ᠦᠭᠡᠢ᠂ ᠴᠠᠭ ᠠᠴᠠ ᠬᠤᠴᠣᠷᠤᠭᠤᠯᠤᠭᠰᠠᠨ ᠦᠭᠡᠢ᠂ ᠠᠶᠠᠨᠴᠢᠳ ᠲᠤ ᠵᠠᠭᠠᠯᠳᠤᠭᠳᠠᠭᠰᠠᠨ ᠦᠭᠡᠢ ︽5 ᠬᠤᠭᠤᠰᠤᠨ︾ ᠲᠡᠮᠳᠡᠭᠯᠡᠯ ᠢ ᠡᠭᠦᠳᠴᠦ᠂ ᠪᠠᠰᠠ ᠲᠤᠬᠠᠶᠢᠯᠠᠭᠰᠠᠨ ᠠᠵᠢᠯ ᠳᠤ ᠪᠠᠨ ᠭᠠᠷᠮᠠᠭᠠᠢ᠂ ᠬᠢᠷᠢ ᠲᠦᠪᠰᠢᠨ ᠢᠶᠠᠷ ᠥᠨᠳᠥᠷ ᠨᠢᠭᠡᠨ ᠰᠠᠯᠠᠭ᠎ᠠ ᠡᠩᠨᠡᠭᠡ ᠶᠢ ᠬᠥᠮᠥᠵᠢᠭᠦᠯᠦᠨ ᠭᠠᠷᠭᠠᠵᠠᠢ᠃        ᠮᠠᠨ ᠤ ᠣᠷᠣᠨ ᠤ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠠᠵᠢᠯ ᠲᠥᠷᠥᠯ ᠤᠨ ᠹᠦ᠋ ᠪᠢᠩ ᠪᠢᠩ᠂ ᠬᠥ᠋ ᠷᠦᠢ ᠭᠠᠩ᠂ ᠵᠠᠩ ᠴᠦᠨ ᠱᠧᠩ᠂ ᠯᠦ ᠷᠧᠨ ᠹᠧᠩ᠂ ᠪᠠᠭᠠᠲᠤᠷ᠂ ᠬᠠᠨ ᠵᠢᠶᠠ ᠲᠦᠩ᠂ ᠴᠢᠶᠣᠤ ᠯᠠᠶ ᠱᠧᠩ᠂ ᠴᠧᠩ ᠹᠧᠩ ᠵᠢᠤᠸᠠᠨ ᠵᠡᠷᠭᠡ 8 ᠬᠥᠮᠦᠨ ᠨᠠᠢᠮᠠᠳᠤᠭᠠᠷ ᠬᠤᠭᠤᠴᠠᠭᠠᠨ ᠤ ᠪᠥᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠶᠢᠨ ᠨᠡᠷ᠎ᠡ ᠳᠤᠷᠠᠳᠤᠭᠳᠠᠭᠰᠠᠨ ᠱᠠᠩᠨᠠᠯ ᠭᠥᠷᠳᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号