ᠮᠠᠨ ᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠰᠠᠯᠠᠭ᠎ᠠ ᠮᠥᠴᠢᠷ ᠪᠠᠴᠢᠮ ᠪᠠᠶᠢᠳᠠᠯ ᠢ ᠠᠷᠭᠠᠴᠠᠭᠠᠬᠤ ᠡᠯ᠎ᠡ ᠲᠥᠷᠥᠯ ᠤᠨ ᠡᠳ᠋ ᠪᠣᠳᠠᠰ ᠢ 106 ᠲᠦᠮᠡ ᠭᠠᠷᠤᠶ ᠰᠢᠯᠵᠢᠭᠦᠯᠦᠨ ᠲᠣᠬᠢᠷᠠᠭᠤᠯᠪᠠ
ᠨᠡᠶᠢᠲᠡᠯᠡᠭᠰᠡᠨ ᠴᠠᠭ᠄
2021/11/9
           ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠠᠴᠠ ᠪᠠᠴᠢᠮ ᠪᠠᠶᠢᠳᠠᠯ ᠢ ᠠᠷᠭᠠᠴᠠᠭᠠᠬᠤ ᠡᠯ᠎ᠡ ᠲᠥᠷᠥᠯ ᠤᠨ ᠡᠳ᠋ ᠪᠣᠳᠠᠰ ᠢ 106 ᠲᠦᠮᠡ ᠭᠠᠷᠤᠶ ᠰᠢᠯᠵᠢᠭᠦᠯᠦᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠠᠯ᠎ᠠ ᠪᠠᠷ ᠭᠠᠮᠰᠢᠭ ᠠᠴᠠ ᠠᠪᠤᠷᠬᠠᠤ ᠪᠠ ᠡᠮᠴᠢᠯᠡᠭᠡᠨ ᠤ ᠡᠳ᠋ ᠪᠣᠳᠠᠰ ᠤᠨ ᠨᠥᠭᠡᠴᠡᠯᠡᠯᠲᠡ ᠶᠢᠨ ᠰᠠᠭᠤᠷᠢ ᠲᠤᠭ᠎ᠠ ᠡᠯᠪᠡᠭ᠂ ᠰᠢᠢᠳᠪᠦᠷᠢᠯᠡᠯᠲᠡ ᠪᠠᠲᠤᠯᠠᠭ᠎ᠠ ᠲᠠᠢ᠂ ᠳᠡᠮᠵᠢᠯᠭᠡ ᠬᠦᠴᠦᠨ ᠲᠠᠢ ᠪᠠᠶᠢᠬᠤ ᠶᠢ ᠦᠨᠡᠨ ᠬᠦ ᠪᠠᠲᠤᠯᠠᠪᠠ᠃        ᠣᠶᠢᠯᠠᠭᠠᠭᠰᠠᠨ ᠢᠶᠠᠷ᠂ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠲᠠᠯ᠎ᠠ ᠪᠠᠷ᠂ ᠠᠮᠤ ᠪᠤᠳᠠᠭ᠎ᠠ ᠪᠣᠯᠤᠨ ᠡᠳ᠋ ᠪᠣᠳᠠᠰ ᠤᠨ ᠨᠥᠭᠡᠴᠡᠯᠡᠯᠲᠡ ᠶᠢᠨ ᠰᠠᠯᠠᠭ᠎ᠠ ᠮᠥᠴᠢᠷ ᠠᠴᠠ ᠣᠳᠣ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠠᠮᠰᠢᠭ ᠠᠴᠠ ᠠᠪᠤᠷᠠᠨ ᠡᠳ᠋ ᠪᠣᠳᠠᠰ ᠨᠥᠭᠡᠴᠡᠯᠡᠬᠦ 3 ᠨᠥᠭᠡᠴᠡᠯᠡᠯᠲᠡ ᠶᠢᠨ ᠴᠡᠭ ᠢ ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠨᠡᠶᠢᠲᠡ 23 ᠲᠥᠷᠥᠯ ᠵᠦᠢᠯ᠂ 22.51 ᠲᠦᠮᠡ ᠭᠠᠷᠤᠶ ᠨᠥᠭᠡᠴᠡᠯᠡᠨ ᠬᠠᠳᠠᠭᠠᠯᠠᠵᠤ᠂ ᠨᠥᠭᠡᠴᠡᠯᠡᠵᠦ ᠪᠠᠶᠢᠭ᠎ᠠ ᠭᠠᠮᠰᠢᠭ ᠠᠴᠠ ᠠᠪᠤᠷᠠᠬᠤ ᠡᠳ᠋ ᠪᠣᠳᠠᠰ ᠤᠨ ᠪᠠᠶᠢᠳᠠᠯ ᠰᠠᠶᠢᠨ᠂ ᠲᠤᠭ᠎ᠠ ᠬᠡᠮᠵᠢᠶ᠎ᠡ ᠨᠢ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠰᠢᠯᠵᠢᠭᠦᠯᠦᠨ ᠥᠭᠬᠦ ᠮᠡᠳᠡᠭᠳᠡᠯ ᠢ ᠦᠨᠳᠦᠰᠦᠯᠡᠨ ᠴᠠᠭ ᠲᠤᠬᠠᠶ ᠳᠤ ᠨᠢ ᠵᠣᠬᠢᠶᠠᠨ ᠪᠠᠶᠢᠭᠤᠯᠵᠤ ᠰᠢᠯᠵᠢᠭᠦᠯᠦᠨ ᠲᠡᠭᠡᠭᠡᠪᠦᠷᠢᠯᠡᠵᠦ ᠪᠣᠯᠤᠨ᠎ᠠ᠃ ᠣᠳᠣ ᠪᠣᠯᠲᠠᠯ᠎ᠠ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠨᠡᠶᠢᠲᠡ 209251 ᠬᠤᠪᠢ ᠰᠢᠯᠵᠢᠭᠦᠯᠦᠨ ᠲᠦᠭᠡᠭᠡᠵᠦ᠂ ᠢᠯᠠᠩᠭᠤᠶ᠎ᠠ 7 ᠳ᠋ᠤᠭᠠᠷ ᠰᠠᠷ᠎ᠠ ᠳᠤ ᠦᠶᠡᠷ ᠤᠰᠤᠲᠤᠯ ᠤᠨ ᠭᠠᠮᠰᠢᠭ ᠲᠤ ᠠᠪᠲᠠᠭᠰᠠᠨ ᠣᠷᠣᠨ ᠪᠣᠯᠬᠤ ᠬᠥᠯᠥᠨ ᠪᠤᠶᠢᠷ ᠬᠤᠲᠠ ᠪᠠ ᠰᠢᠯᠢ ᠶᠢᠨ ᠭᠤᠣᠯ ᠠᠶᠢᠮᠠᠭ ᠲᠤ ᠭᠠᠮᠰᠢᠭ ᠠᠴᠠ ᠠᠪᠤᠷᠠᠬᠤ ᠡᠳ᠋ ᠪᠣᠳᠠᠰ ᠢ ᠲᠤᠰ ᠲᠤᠰ 21340 ᠬᠤᠪᠢ ᠪᠠᠴᠢᠮ ᠲᠦᠭᠡᠭᠡᠵᠦ᠂ 10 ᠳ᠋ᠤᠭᠠᠷ ᠰᠠᠷ᠎ᠠ ᠳᠤ ᠪᠠᠰᠠ ᠡᠯ᠎ᠡ ᠠᠶᠢᠮᠠᠭ ᠬᠤᠲᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠡᠰᠡᠷᠭᠦᠴᠡᠨ ᠭᠠᠮᠰᠢᠭ ᠠᠴᠠ ᠠᠪᠤᠷᠠᠬᠤ ᠡᠳ᠋ ᠪᠣᠳᠠᠰ ᠢ 24020 ᠬᠤᠪᠢ ᠲᠦᠭᠡᠭᠡᠵᠦ ᠥᠭᠴᠡᠶ᠃        ᠡᠮ ᠡᠮᠨᠡᠯᠭᠡ ᠶᠢᠨ ᠡᠳ᠋ ᠪᠣᠳᠠᠰ ᠢ ᠨᠥᠭᠡᠴᠡᠯᠡᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠭᠤᠯᠭᠠᠭᠰᠠᠨ ᠣᠨ ᠤ ᠨᠥᠭᠡᠴᠡᠯᠡᠬᠦ ᠲᠥᠯᠥᠪᠯᠡᠭᠡ ᠶᠣᠰᠣᠭᠠᠷ᠂ 11 ᠲᠥᠷᠥᠯ ᠤᠨ 1750 ᠭᠠᠷᠤᠶ ᠵᠦᠢᠯ ᠤᠨ ᠡᠮ ᠡᠮᠨᠡᠯᠭᠡ ᠶᠢᠨ ᠡᠳ᠋ ᠪᠣᠳᠠᠰ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 6 ᠲᠦᠷᠦᠯ ᠤᠨ 99 ᠵᠦᠢᠯ ᠤᠨ ᠡᠮ ᠡᠮᠨᠡᠯᠭᠡ ᠶᠢᠨ ᠨᠥᠭᠡᠴᠡᠯᠡᠯ ᠤᠨ ᠭᠠᠷᠴᠠᠭ ᠲᠤ ᠲᠣᠬᠢᠷᠠᠭᠤᠯᠤᠯᠲᠠ ᠬᠢᠵᠦ᠂ 3000 ᠰᠢᠬᠠᠮ ᠲᠦᠷᠦᠯ ᠵᠦᠢᠯ ᠤᠨ ᠡᠮ ᠡᠮᠨᠡᠯᠭᠡ ᠶᠢᠨ ᠨᠥᠭᠡᠴᠡᠯᠡᠯ ᠤᠨ ᠲᠦᠷᠦᠯ ᠵᠦᠢᠯ ᠢ ᠵᠢᠷᠤᠮᠵᠢᠭᠤᠯᠵᠤ᠂ ᠡᠮ ᠡᠮᠨᠡᠯᠭᠡ ᠶᠢᠨ ᠨᠥᠭᠡᠴᠡᠯᠡᠯ ᠤᠨ ᠲᠦᠷᠦᠯ ᠵᠦᠢᠯ ᠤᠨ ᠨᠡᠩ ᠰᠢᠨᠵᠢᠯᠡᠬᠦ ᠤᠬᠠᠭᠠᠨᠴᠢ ᠪᠠᠶᠢᠬᠤ ᠶᠢ ᠦᠨᠡᠨ ᠬᠦ ᠪᠠᠲᠤᠯᠠᠭᠰᠠᠨ ᠤ ᠬᠠᠮᠲᠤ ᠡᠮ ᠡᠮᠨᠡᠯᠭᠡ ᠶᠢᠨ ᠨᠥᠭᠡᠴᠡᠯᠡᠯ ᠤᠨ ᠲᠥᠯᠥᠪᠯᠡᠭᠡ ᠶᠢ ᠴᠢᠩᠭ᠎ᠠ ᠨᠠᠶᠢᠳᠠᠪᠤᠷᠢᠵᠢᠭᠤᠯᠪᠠ᠃ ᠣᠲᠣ ᠪᠣᠯᠲᠠᠯ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠥᠭᠡᠴᠡ ᠡᠳ᠋ ᠪᠣᠳᠠᠰ ᠢ 86 ᠲᠦᠮᠡ ᠭᠠᠷᠤᠶ ᠬᠤᠪᠢ ᠰᠢᠯᠵᠢᠭᠦᠯᠦᠨ ᠬᠡᠷᠡᠭᠯᠡᠵᠦ᠂ 230 ᠲᠦᠮᠡᠨ ᠬᠤᠪᠢ ᠡᠳ᠋ ᠪᠤᠳᠠᠰ ᠢ ᠬᠤᠳᠠᠯᠳᠤᠨ ᠠᠪᠬᠤ ᠪᠠ ᠡᠭᠡᠯᠵᠢᠯᠡᠨ ᠰᠣᠯᠢᠪᠠ︔ 59 ᠲᠦᠮᠡᠨ ᠬᠤᠪᠢ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠨᠥᠭᠡᠴᠡ ᠡᠳ᠋ ᠪᠣᠳᠠᠰ ᠢ ᠬᠢᠨᠠᠨ ᠰᠢᠢᠳᠪᠦᠷᠢᠯᠡᠵᠦ᠂ ᠥᠷᠲᠡᠭ ᠨᠢ 580 ᠲᠦᠮᠡᠨ ᠲᠥᠭᠦᠷᠢᠭ ᠲᠤ ᠬᠦᠷᠪᠡ ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠲᠥᠯᠥᠪᠦᠷᠢ ᠥᠬᠡᠶ ᠪᠠᠷ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠠᠮᠠᠪᠴᠢ ᠶᠢ 2.7 ᠲᠦᠮᠡᠨ ᠬᠤᠪᠢ ᠰᠢᠯᠵᠢᠭᠦᠯᠦᠨ ᠬᠡᠷᠡᠭᠯᠡᠵᠦ᠂ ᠥᠷᠲᠡᠭ ᠨᠢ 13 ᠲᠦᠮᠡᠨ ᠲᠥᠭᠦᠷᠢᠭ ᠲᠤ ᠬᠦᠷᠪᠡ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号