| - 2021 ᠣᠨ ᠤ 3 ᠰᠠᠷ᠎ᠠ ᠶᠢᠨ 2 ᠤᠨ ᠡᠳᠦᠷ | ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ | ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠳᠡᠭᠡᠷ᠎ᠡ ᠲᠤᠭᠤᠷᠢᠭ ᠤᠨ ᠳᠠᠷᠤᠭ᠎ᠠ ᠯᠢᠨ ᠵᠢᠩ ᠬᠤᠸᠠ | ᠲᠦᠯᠦᠭᠡᠯᠡᠭᠴᠢᠳ ᠡ᠄ ᠤᠳᠤ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠢ ᠲᠦᠯᠦᠭᠡᠯᠡᠨ ᠶᠡᠭᠡ | ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠤᠯᠪᠠᠦ᠂ ᠲᠡᠭᠦᠨᠴᠢᠯᠡᠨ ᠲᠣᠭᠤᠷᠢᠭ ᠤᠨ ᠤᠯᠤᠰ | ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠤᠭᠠᠷᠠᠢ᠃ | ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ | ᠠᠬᠤᠢ ᠨᠡᠶᠢᠭᠡᠮ ᠤᠨ ᠬᠦᠭᠵᠢᠯᠲᠡ ᠶᠢᠨ ᠡᠷᠭᠢᠴᠡᠭᠦᠯᠦᠯ | 2020 ᠣᠨ ᠪᠣᠯ ᠨᠢᠭᠡᠨ ᠡᠭᠡᠯ ᠪᠤᠰᠤ ᠵᠢᠯ ᠶᠣᠮ᠃ ᠪᠤᠳᠤᠯᠢᠶᠠᠨᠲᠠᠢ ᠬᠤᠷᠸ᠎ᠠ ᠠᠵᠣ ᠠᠬᠤᠢ ᠶᠢᠨ | ᠬᠠᠨᠳᠤᠰᠢ ᠪᠠ ᠬᠦᠴᠢᠷ ᠲᠦᠪᠡᠭ ᠲᠠᠢ ᠦᠭᠡᠷᠡᠴᠢᠯᠡᠯᠲᠡ ᠬᠦᠭᠵᠢᠭᠦᠯᠦᠯᠲᠡ ᠶᠢᠨ ᠡᠭᠦᠷᠭᠡ ᠳᠤᠤᠷ᠎ᠠ᠂ ᠣᠨᠴᠠᠭᠠᠶᠢᠯᠠᠨ | ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠤᠴᠢᠲᠠᠢ ᠴᠤᠬᠢᠯᠲᠠ ᠳᠤ᠂ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢ | ᠪᠠᠶᠢᠷᠢᠯᠠᠭᠤᠯᠤᠯᠲᠠ ᠶᠢ ᠭᠦᠨᠵᠡᠭᠡᠢ ᠲᠣᠭᠤᠰᠢᠯᠠᠭᠤᠯᠵᠤ᠂ ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ | ᠪᠤᠯᠤᠨ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠢᠳᠡᠪᠬᠢᠲᠡᠢ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠦᠭᠵᠢᠯᠲᠡ ᠶᠢ ᠨᠢᠭᠡᠲᠦᠯᠲᠡᠢ ᠲᠦᠯᠦᠪᠵᠢᠭᠦᠯᠵᠦ᠂ ︽ᠵᠢᠷᠭᠤᠭᠠᠨ ᠲᠤᠭᠲᠠᠭᠤᠨ︾ ᠤ ᠠᠵᠢᠯ ᠢ | ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠵᠤ ᠠᠬᠤᠢ ᠶᠢᠨ ᠰᠡᠷᠭᠦᠯᠲᠡ ᠶᠢᠨ ᠬᠠᠨᠳᠤᠰᠢ ᠪᠠᠶᠢᠳᠠᠯ ᠤᠷᠢᠳᠴᠢᠯᠠᠨ ᠵᠢᠱᠢᠯᠲᠡ ᠠᠴᠠ ᠰᠠᠶᠢᠨ ᠪᠠᠶᠢᠵᠤ᠂ | ᠨᠡᠶᠢᠭᠡᠮ ᠤᠨ ᠶᠡᠭᠡ ᠬᠠᠨᠳᠤᠰᠢ ᠡᠶ᠎ᠡ ᠵᠣᠬᠢᠴᠠᠯᠲᠠᠢ ᠲᠤᠭᠲᠠᠭᠤᠨ ᠪᠠᠶᠢᠵᠤ᠂ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠲᠦᠯᠦᠪᠵᠢᠭᠦᠯᠭᠡ ᠶᠢ ᠠᠮᠵᠢᠯᠲᠠ ᠲᠠᠢ ᠪᠠᠷ ᠪᠡᠶᠡᠯᠡᠭᠦᠯᠪᠡ᠃ ᠪᠦᠬᠦ ᠵᠢᠯ ᠤᠨ ᠭᠠᠵᠠᠷ ᠣᠷᠤᠨ ᠤ | ᠦᠢᠯᠡᠳᠪᠦᠷᠢᠯᠡᠯ ᠤᠨ ᠶᠡᠷᠦᠩᠬᠡᠢ ᠦᠷᠲᠡᠭ 298.2 ᠳ᠋ᠦᠩᠰᠢᠭᠤᠷ ᠲᠦᠭᠦᠷᠢᠭ ᠲᠤ ᠬᠦᠷᠴᠦ᠂ 1.9% ᠪᠠᠷ | ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠲᠤᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ 101.1 | ᠳ᠋ᠦᠩᠰᠢᠭᠤᠷ ᠲᠦᠭᠦᠷᠢᠭ ᠬᠦᠷᠴᠦ᠂ 17.2% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ | ᠪᠤᠷᠤᠯᠠᠭᠤᠯᠤᠭᠰᠠᠨ ᠶᠡᠷᠦᠩᠬᠡᠢ ᠲᠤᠭ᠎ᠠ 158 ᠳ᠋ᠦᠩᠰᠢᠭᠤᠷ ᠲᠦᠭᠦᠷᠢᠭ ᠬᠦᠷᠪᠡ᠃ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠤᠯᠭ᠎ᠠ 28.6 ᠳ᠋ᠦᠩᠰᠢᠭᠤᠷ ᠲᠦᠭᠦᠷᠢᠭ ᠲᠤ ᠬᠦᠷᠴᠦ᠂ 6% ᠪᠠᠷ ᠨᠡᠮᠡᠭᠳᠡᠪᠡ᠃ ᠬᠤᠲᠠ | ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠡᠵᠡᠮᠳᠡᠵᠦ ᠪᠤᠯᠠᠬᠤᠶᠢᠴᠠ ᠣᠷᠤᠯᠭ᠎ᠠ | ᠲᠤᠰᠪᠤᠷᠢ 38959 ᠲᠦᠭᠦᠷᠢᠭ ᠪᠠ 23148 ᠲᠦᠭᠦᠷᠢᠭ ᠬᠦᠷᠴᠦ᠂ ᠲᠤᠰᠪᠤᠷᠢ 2% ᠪᠠ 8.6% ᠪᠠᠷ | ᠨᠡᠮᠡᠭᠳᠡᠪᠡ᠃ ᠨᠢᠭᠡ ᠵᠢᠯ ᠤᠨ ᠲᠤᠷᠰᠢ ᠪᠢᠳᠡ ᠭᠤᠤᠯᠳᠠᠭᠤ ᠳᠤᠤᠷᠠᠬᠢ ᠠᠵᠢᠯ ᠢ ᠬᠢᠪᠡ᠄ | ︵ᠨᠢᠭᠡ︶ ᠰᠢᠨ᠎ᠡ ᠲᠢᠲᠡᠮᠯᠢᠭ ᠠᠭᠤᠰᠬᠢᠨ ᠦᠷᠪᠢᠰᠦᠯ ᠢ ᠪᠦᠬᠦ ᠬᠦᠴᠦᠨ ᠢᠶᠠᠷ ᠢᠶᠠᠨ ᠡᠰᠡᠷᠭᠦᠴᠡᠪᠡ᠃ | ᠠᠷᠠᠳ ᠲᠦᠮᠡᠨ ᠢ ᠳᠡᠭᠡᠳᠦᠯᠡᠨ᠂ ᠠᠮᠢ ᠨᠠᠰᠤ ᠶᠢ ᠳᠡᠭᠡᠳᠦᠯᠡᠵᠦ᠂ ᠪᠠᠴᠢᠮ ᠠᠴᠠ ᠠᠪᠤᠷᠠᠬᠤ ᠶᠢ ᠴᠠᠭ ᠲᠤᠬᠠᠢ ᠳᠤ ᠨᠢ | ᠳᠠᠶᠢᠴᠢᠯᠠᠬᠤ ᠪᠠ ᠲᠣᠬᠢᠷᠠᠭᠤᠯᠵᠤ᠂ ᠲᠦᠷᠦᠯ ᠬᠤᠪᠢᠶᠠᠨ ᠣᠨᠤᠪᠴᠢᠲᠠᠢ ᠡᠵᠡᠮᠳᠡᠬᠦ ᠠᠷᠭ᠎ᠠ ᠪᠤᠳᠤᠯᠭ᠎ᠠ ᠠᠪᠴᠤ᠂ | ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠠᠪᠴᠠᠯ ᠢ ᠡᠷᠡᠰ ᠬᠡᠷᠡᠭᠵᠢᠭᠦᠯᠵᠦ᠂ ᠬᠢᠵᠢᠭ ᠲᠠᠷᠬᠠᠬᠤ ᠶᠢ ᠪᠦᠲᠦᠮᠵᠢᠲᠡᠢ | ᠬᠤᠷᠢᠭᠯᠠᠪᠠ᠃ ᠨᠠᠮ ᠤᠨ ᠪᠠᠶᠢᠭᠤᠯᠤᠯᠲᠠ ᠶᠢᠨ ᠬᠤᠯᠪᠤᠭᠠᠲᠤ ᠴᠤᠭᠴᠠ ᠶᠢᠨ ᠬᠠᠮᠵᠢᠯᠴᠠᠨ ᠨᠢᠭᠲᠠᠷᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ 153 ᠬᠢᠵᠢᠭ ᠤᠨ ᠪᠠᠶᠢᠳᠠᠯ ᠢ ᠡᠵᠡᠮᠳᠡᠬᠦ ᠨᠠᠮ ᠤᠨ ᠭᠡᠰᠢᠭᠦᠳ ᠤᠨ ᠰᠢᠪᠲᠤᠯᠤᠯᠲᠠ ᠶᠢᠨ | ᠠᠩᠭᠢ ᠶᠢ ᠪᠠᠶᠢᠭᠤᠯᠵᠤ᠂ 4000 ᠢᠯᠡᠬᠦᠦ ᠨᠠᠮ ᠤᠨ ᠭᠡᠰᠢᠭᠦᠨ ᠺᠠᠳ᠋ᠷ ᠡᠮᠦᠨ᠎ᠡ ᠹᠷᠤᠨᠲ ᠲᠤ ᠭᠠᠪᠰᠢᠭᠠᠶᠢᠯᠠᠵᠤ᠂ | ᠡᠮ ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠲᠤᠲᠤᠭᠠᠲᠤ ᠶᠢ ᠬᠠᠮᠠᠭᠠᠯᠠᠬᠤ ᠠᠷᠠᠳ ᠤᠨ | ᠴᠠᠭᠳᠠᠭ᠎ᠠ᠂ ᠰᠠᠶᠢᠨ ᠳᠤᠷᠠᠴᠤᠳ ᠠᠶᠤᠯ ᠪᠡᠷᠬᠡ ᠠᠴᠠ ᠠᠶᠤᠬᠤ ᠦᠭᠡᠢ᠂ ᠡᠮᠦᠨ᠎ᠡ ᠹᠷᠤᠨᠲ ᠢ ᠪᠠᠲᠤ ᠰᠠᠬᠢᠵᠤ᠂ | ᠨᠡᠶᠢᠭᠡᠮ ᠤᠨ ᠡᠯ᠎ᠡ ᠡᠲᠡᠭᠡᠳ ᠤᠨ ᠬᠢᠨ ᠬᠠᠯᠠᠭᠤᠨ ᠰᠡᠳᠬᠢᠯ ᠢᠶᠠᠷ ᠡᠳ᠋ ᠪᠤᠳᠠᠰ ᠵᠤᠭᠤᠰ ᠮᠦᠩᠭᠦ ᠬᠠᠨᠳᠢᠪᠯᠠᠵᠤ᠂ | ᠲᠣᠭᠤᠷᠢᠭ ᠤᠨ ᠺᠠᠳ᠋ᠷ ᠤᠯᠠᠨ ᠲᠦᠮᠡᠨ ᠬᠠᠮᠵᠢᠯᠴᠠᠨ ᠬᠠᠪᠰᠤᠷᠤᠯᠴᠠᠵᠤ᠂ ᠬᠢᠵᠢᠭ ᠤᠨ ᠰᠡᠷᠭᠡᠶᠢᠯᠡᠯᠲᠡ ᠶᠢᠨ ᠪᠠᠲᠤ | ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠬᠢᠵᠢᠭ ᠢ ᠰᠡᠷᠭᠡᠶᠢᠯᠡᠬᠦ ᠠᠭᠤᠤ ᠶᠡᠭᠡ ᠵᠣᠷᠢᠭ ᠰᠠᠨᠠᠭ᠎ᠠ ᠶᠢ | ᠢᠯᠡᠷᠡᠭᠦᠯᠪᠡ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠳᠤ ︽ᠳᠦᠷᠪᠡᠨ ᠡᠷᠲᠡ︾ ᠶᠢᠨ ᠠᠷᠭ᠎ᠠ ᠬᠡᠮᠵᠢᠶ᠎ᠡ | ᠠᠪᠴᠤ᠂ ᠠᠩᠬᠠᠨ ᠤ ᠤᠨᠤᠰᠢᠯᠠᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ | ᠤᠷᠢᠳᠴᠢᠯᠠᠨ ᠪᠠᠶᠢᠴᠠᠭᠠᠬᠤ ᠰᠠᠯᠪᠤᠷᠢ ᠡᠮᠴᠢᠯᠡᠭᠡᠨ ᠤ ᠴᠡᠭ᠂ ᠬᠠᠯᠠᠭᠤᠷᠠᠬᠤ ᠶᠢ ᠰᠡᠷᠭᠡᠶᠢᠯᠡᠬᠦ ᠡᠭᠦᠳᠡᠨ ᠡᠮᠨᠡᠯᠭᠡ ᠪᠠ | ᠲᠤᠰᠬᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠲᠠᠯᠠᠪᠤᠷ ᠢ ᠴᠠᠭ ᠲᠤᠬᠠᠢ ᠳᠤᠨᠢ ᠦᠭᠡᠷᠡᠴᠢᠯᠡᠨ | ᠪᠠᠶᠢᠭᠤᠯᠵᠤ᠂ ᠪᠦᠭᠡᠮ ᠬᠦᠴᠢᠯ ᠤᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠢ ᠪᠠᠶᠢᠭᠤᠯᠵᠤ ᠠᠰᠢᠭᠯᠠᠨ᠂ | ᠪᠠᠶᠢᠴᠠᠭᠠᠬᠤ ᠶᠤᠰᠤᠲᠠᠢ ᠶᠢ ᠪᠦᠬᠦᠨ ᠢ ᠪᠠᠶᠢᠴᠠᠭᠠᠵᠤ᠂ ᠰᠠᠬᠢᠬᠤ ᠶᠤᠰᠤᠲᠠᠢ ᠶᠢ ᠪᠠᠲᠤ ᠰᠠᠬᠢᠨ᠂ ᠰᠡᠵᠢᠭᠯᠡᠯᠲᠡᠢ | ᠡᠪᠡᠳᠴᠢᠨ ᠤ ᠵᠢᠱᠢᠶ᠎ᠡ ᠪᠠ ᠲᠤᠲᠤᠯᠠᠭᠰᠠᠨ ᠡᠪᠡᠳᠴᠢᠨ ᠤ ᠵᠢᠱᠢᠶ᠎ᠡ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ | ᠰᠠᠬᠢᠪᠠ᠃ ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠦᠷᠭᠦᠯᠵᠢᠯᠡᠨ ᠪᠦᠷᠢᠨᠰᠢᠭᠦᠯᠵᠦ᠂ | ᠡᠮᠴᠢᠯᠡᠭᠡᠨ ᠤ ᠡᠳ᠋ ᠪᠤᠳᠠᠰ ᠤᠨ ᠪᠠᠴᠢᠮ ᠢ ᠠᠷᠭᠠᠴᠠᠬᠤ ᠨᠦᠭᠡᠴᠡ ᠶᠢᠨ ᠬᠠᠩᠭᠠᠯᠲᠠᠲᠠᠢ ᠪᠠᠶᠢᠬᠤ ᠶᠢ ᠪᠠᠲᠤᠯᠠᠵᠤ᠂ | ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠡᠷᠡᠰ | ᠪᠠᠲᠤᠯᠠᠪᠠ᠃ | ︵ᠬᠤᠶᠠᠷ︶ ᠨᠠᠷᠢᠯᠢᠭ ᠤᠨᠤᠪᠴᠢᠲᠠᠢ ᠠᠷᠭ᠎ᠠ ᠠᠪᠴᠠᠯ ᠢᠶᠠᠷ ᠠᠵᠤ ᠠᠬᠤᠢ ᠶᠢᠨ ᠨᠡᠮᠡᠭᠳᠡᠯ ᠢ ᠲᠤᠭᠲᠠᠭᠤᠨ ᠠᠬᠢᠭᠤᠯᠪᠠ | ᠃ | ︵ᠭᠤᠷᠪᠠ︶ ᠬᠦᠴᠦᠨ ᠢᠶᠠᠨ ᠲᠦᠪᠯᠡᠷᠡᠭᠦᠯᠦᠨ ᠰᠢᠨ᠎ᠡ ᠶᠢ ᠡᠬᠦᠳᠴᠦ ᠠᠵᠤ ᠦᠢᠯᠡᠰ ᠤᠨ ᠳᠡᠰ ᠳᠡᠪᠰᠢᠬᠦ ᠶᠢ | ᠠᠬᠢᠭᠤᠯᠪᠠ᠃ | ︵ᠳᠦᠷᠪᠡ︶ ᠪᠤᠳᠠᠲᠤ ᠦᠷ᠎ᠡ ᠠᠰᠢᠭ ᠢ ᠴᠢᠬᠤᠯᠠᠴᠢᠯᠠᠨ ᠦᠭᠡᠷᠡᠴᠢᠯᠡᠯᠲᠡ ᠨᠡᠭᠡᠭᠡᠯᠲᠡ ᠶᠢ ᠠᠬᠢᠭᠤᠯᠪᠠ᠃ | ︵ᠲᠠᠪᠤ︶ ᠲᠤᠲᠤᠭᠠᠳᠤ ᠭᠠᠳᠠᠭᠠᠳᠤ ᠶᠢ ᠬᠠᠷᠢᠯᠴᠠᠨ ᠤᠶᠠᠯᠳᠤᠭᠤᠯᠤᠨ ᠲᠤᠬᠢᠯᠢᠭ ᠣᠷᠴᠢᠨ ᠢ ᠪᠦᠲᠦᠭᠡᠨ ᠪᠠᠶᠢᠭᠤᠯᠪᠠ᠃ | | ︵ᠵᠢᠷᠭᠤᠭ᠎ᠠ︶ ᠤᠯᠠᠨ ᠠᠷᠭ᠎ᠠ ᠠᠪᠴᠠᠯ ᠢᠶᠠᠷ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠪᠡ᠃ | ︵ᠳᠤᠯᠤᠭ᠎ᠠ︶ ᠬᠠᠤᠯᠢ ᠶᠤᠰᠤᠭᠠᠷ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ ᠠᠬᠢᠭᠤᠯᠪᠠ᠃ | ᠲᠦᠯᠦᠭᠡᠯᠡᠭᠴᠢᠳ ᠡ᠂ 2020 ᠣᠨ ᠳᠤ ᠡᠯ᠎ᠡ ᠲᠦᠷᠦᠯ ᠤᠨ ᠠᠵᠢᠯ ᠳᠤᠪᠤᠶᠢᠮ᠎ᠠ ᠠᠮᠵᠢᠯᠲᠠ ᠤᠯᠵᠤ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠪᠡ᠃ ᠲᠠᠪᠤᠨ | ᠵᠢᠯ ᠤᠨ ᠲᠤᠷᠰᠢ ᠪᠢᠳᠡ ᠬᠦᠴᠦᠨ ᠢᠶᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠬᠠᠲᠠᠭᠤᠵᠢᠨ ᠤᠷᠤᠭᠰᠢᠯᠠᠵᠤ᠂ | ᠴᠢᠬᠤᠯᠠ ᠶᠡᠭᠡ ᠳᠠᠪᠠᠯᠲᠠ ᠶᠢ ᠪᠡᠶᠡᠯᠡᠭᠦᠯᠦᠨ᠂ ᠴᠢᠬᠤᠯᠠ ᠶᠡᠭᠡ ᠠᠮᠵᠢᠯᠲᠠ ᠶᠢ ᠣᠯᠪᠠ᠃ | ᠬᠤᠶᠠᠷ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠭᠤᠣᠯ ᠬᠠᠷᠠᠯᠲᠠ ᠡᠭᠦᠷᠭᠡ | ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠦᠮ ᠤᠨ ᠣᠳᠤᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠥᠲᠦᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠲᠠᠪᠤᠨ ᠵᠢᠯ ᠪᠣᠯᠤᠨ᠎ᠠ᠂ | |