ᠠᠮᠣᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠠᠶᠦᠯᠭᠦᠢ ᠶᠢᠨ ᠤᠬᠠᠮᠰᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠠᠶᠦᠯᠭᠦᠢ ᠶᠢᠨ ᠭᠡᠮ ᠰᠤᠭᠤᠭ ᠢ ᠠᠷᠢᠯᠭᠠᠨ᠂ | ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠶᠦᠯᠭᠦᠢ ᠶᠢ ᠪᠠᠲᠤᠯᠠᠬᠤ ᠶᠢᠨ ᠲᠥᠯᠦᠭᠡ᠂ 12 ᠰᠠᠷ᠎ᠠ ᠶᠢᠨ | 9 ᠤ ᠡᠳᠦᠷ ᠶᠤᠤ ᠵᠢᠶᠠ ᠸᠠ ᠨᠡᠶᠢᠭᠡᠮ ᠲᠣᠭᠤᠷᠢᠭ ᠠᠶᠦᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯᠯᠠᠭ᠎ᠠ | ᠦᠷᠨᠢᠭᠦᠯᠪᠡ᠃ | | | | | | ᠨᠡᠶᠢᠭᠡᠮ ᠲᠤᠭᠤᠷᠢᠭ ᠤᠨ ᠰᠠᠶᠢᠨ ᠳᠤᠷᠠᠴᠤᠳ ᠬᠠᠷᠢᠶ᠎ᠠ ᠲᠣᠭᠤᠷᠢᠭ ᠤᠨ ᠬᠤᠳᠠᠯᠳᠤᠭ᠎ᠠ ᠳᠡᠯᠭᠡᠭᠦᠷ ᠢ | ᠰᠣᠷᠪᠤᠯᠵᠢᠯᠠᠨ᠂ ᠡᠵᠡᠩᠨᠡᠭᠴᠢ ᠳᠤ ︽ᠬᠤᠩᠱᠠᠨ ᠲᠣᠭᠤᠷᠢᠭ ᠤᠨ ᠬᠤᠪᠢ ᠶᠢᠨ ᠡᠵᠡᠩᠨᠡᠭᠴᠢ ᠡᠷᠦᠬᠡ ᠶᠢᠨ ᠠᠶᠦᠯᠬᠦᠢ | ᠦᠢᠯᠡᠳᠪᠦᠷᠢᠯᠡᠯ ᠤᠨ ᠠᠷᠪᠠᠨ ᠵᠣᠷᠪᠤᠰ︾ ᠤᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠪᠠ᠃ ᠬᠠᠷᠢᠶ᠎ᠠ | ᠲᠣᠭᠤᠷᠢᠭ ᠤᠨ ᠬᠤᠳᠠᠯᠳᠤᠭᠠᠨ ᠤ ᠡᠷᠦᠬᠡ ᠶᠢᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠦᠨᠳᠦᠰᠦᠨ ᠤᠬᠠᠮᠰᠠᠷ | ᠪᠠ ᠴᠢᠳᠠᠪᠤᠷᠢ ᠶᠢ ᠳᠡᠭᠡᠭᠰᠢᠯᠡᠭᠦᠯᠵᠦ᠂ ᠠᠶᠦᠯᠭᠦᠢ ᠦᠢᠯᠡᠳᠪᠦᠷᠢᠯᠡᠯ ᠢ ᠪᠠᠲᠤᠯᠠᠬᠤ ᠶᠢᠨ ᠲᠥᠯᠦᠭᠡ᠂ ᠰᠠᠶᠢᠨ | ᠳᠤᠷᠠᠴᠤᠳ ᠭᠠᠯ ᠰᠡᠷᠭᠡᠶᠢᠯᠡᠯᠲᠡ ᠶᠢᠨ ᠠᠶᠦᠯᠭᠦᠢ ᠶᠢᠨ ᠲᠦᠬᠦᠭᠡᠷᠦᠮᠵᠢ ᠶᠢ ᠬᠡᠷᠡᠭᠯᠡᠬᠦ᠂ ᠭᠠᠯ ᠰᠡᠷᠭᠡᠶᠢᠯᠡᠯᠲᠡ ᠶᠢᠨ | ᠠᠶᠦᠯᠭᠦᠢ ᠶᠢᠨ ᠰᠤᠪᠠᠭ ᠤᠨ ᠢᠯᠭᠤᠮ ᠨᠡᠪᠲᠡᠷᠡᠬᠦ ᠶᠢᠨ ᠴᠢᠬᠤᠯᠠ ᠴᠢᠨᠠᠷ᠂ ᠴᠠᠬᠢᠯᠭᠠᠨ ᠬᠡᠢ ᠶᠢᠨ ᠵᠠᠮ ᠱᠤᠭᠤᠮ ᠤᠨ | ᠭᠠᠯ ᠤᠨ ᠠᠶᠤᠯ ᠤᠨ ᠭᠡᠮ ᠰᠤᠭᠤᠭ ᠢ ᠦᠪᠡᠷᠲᠡᠭᠡᠨ ᠪᠠᠶᠢᠴᠠᠭᠠᠬᠤ ᠵᠢᠴᠢ ᠭᠠᠯ ᠤᠨ ᠠᠶᠤᠯ ᠠᠴᠠ ᠦᠪᠡᠷ ᠢ ᠪᠠᠨ | ᠠᠪᠤᠷᠠᠬᠤ ᠵᠡᠷᠭᠡ ᠭᠠᠯ ᠰᠡᠷᠭᠡᠶᠢᠯᠡᠯᠲᠡ ᠶᠢᠨ ᠠᠶᠦᠯᠭᠦᠢ ᠶᠢᠨ ᠮᠡᠳᠡᠯᠭᠡ ᠶᠢᠨ ᠴᠡᠭ ᠢ ᠭᠤᠤᠯᠳᠠᠯᠭ᠎ᠠ ᠲᠠᠢ | ᠲᠠᠶᠢᠯᠪᠤᠷᠢᠯᠠᠪᠠ᠃ ᠲᠤᠰ ᠤᠳᠠᠭᠠᠨ ᠤ ᠠᠵᠢᠯᠯᠠᠭᠠᠨ ᠳᠤ ᠨᠡᠶᠢᠲᠡ300 ᠢᠯᠡᠭᠦᠦ ᠡᠷᠦᠬᠡ ᠶᠢ ᠰᠤᠷᠪᠤᠯᠵᠢᠯᠠᠭᠰᠠᠨ ᠪᠠ | ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃ | | | | |