| | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠭᠤᠴᠢᠨ ᠨᠢᠭᠡᠳᠦᠭᠡᠷ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ 2022 ᠣᠨ ᠤ | 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ | ᠨᠢᠭᠡ᠂ ︽ᠲᠦᠷᠢᠮ︾ ᠢ ᠨᠡᠶᠢᠲᠡᠯᠡᠭᠰᠡᠨ ᠠᠬᠤᠶ ᠪᠠᠶᠢᠳᠠᠯ | ᠬᠥᠮᠦᠨ ᠠᠮᠠ ᠶᠢᠨ ᠨᠠᠰᠤᠵᠢᠯᠲᠠ ᠪᠣᠯ ᠣᠳᠣᠬᠠᠨ ᠤ ᠮᠠᠨ ᠤ ᠤᠯᠤᠰ ᠤᠨ ᠦᠨᠳᠦᠰᠦᠨ ᠪᠠᠶᠢᠳᠠᠯ ᠮᠥᠨ᠃ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ | ᠦᠨᠳᠦᠰᠦᠯᠡᠪᠡᠯ᠂ ᠮᠠᠨ ᠤ ᠤᠯᠤᠰ ᠤᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.64 ᠳ᠋ᠦᠩᠰᠢᠭᠤᠷ | ᠪᠠᠶᠢᠵᠤ᠂ ᠪᠥᠬᠦ ᠤᠯᠤᠰ ᠤᠨ ᠬᠥᠮᠦᠨ ᠠᠮᠠ ᠶᠢᠨ ᠶᠡᠷᠦᠩᠬᠡᠶ ᠲᠣᠭᠠᠨ ᠤ 18.70% ︵ᠡᠭᠦᠨ ᠳᠤ 65 | ᠨᠠᠰᠤᠨ ᠠᠴᠠ ᠳᠡᠭᠡᠭᠰᠢᠬᠢ ᠨᠠᠰᠤᠲᠠᠶᠢᠴᠤᠳ 1.9 ᠳ᠋ᠦᠩᠰᠢᠭᠤᠷ ᠪᠠᠶᠢᠵᠤ᠂ 13.5% ᠶᠢ ᠡᠵᠡᠯᠡᠨ᠎ᠡ︶ ᠶᠢ ᠡᠵᠡᠯᠡᠵᠦ | ᠪᠠᠶᠢᠨ᠎ᠠ᠃ ᠮᠠᠨ ᠤ ᠣᠷᠣᠨ ᠳᠤ ᠣᠲᠣ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 475.7 ᠲᠦᠮᠡ ᠪᠠᠶᠢᠵᠤ | ᠂ ᠪᠥᠬᠦ ᠣᠷᠣᠨ ᠤ ᠬᠥᠮᠦᠨ ᠠᠮᠠ ᠶᠢᠨ ᠶᠡᠷᠦᠩᠬᠡᠶ ᠲᠣᠭᠠᠨ ᠤ 19.8% ᠶᠢ ᠡᠵᠡᠯᠡᠵᠦ᠂ ᠪᠥᠬᠦ ᠤᠯᠤᠰ ᠤᠨ | ᠳᠤᠮᠳᠠᠴᠢ ᠬᠢᠷᠢ ᠬᠡᠮᠵᠢᠶ᠎ᠡ ᠠᠴᠠ 1.1 ᠵᠠᠭᠤᠨ ᠤ ᠴᠡᠭ ᠥᠨᠳᠥᠷ ᠪᠠᠶᠢᠨ᠎ᠠ︔ 65 ᠨᠠᠰᠤᠨ ᠠᠴᠠ ᠳᠡᠭᠡᠭᠰᠢᠬᠢ | ᠨᠠᠰᠤᠲᠠᠶᠢᠴᠤᠳ 313.9 ᠲᠦᠮᠡ ᠪᠠᠶᠢᠵᠤ᠂ ᠨᠠᠰᠤᠲᠠᠶᠢᠴᠤᠳ ᠤᠨ ᠬᠥᠮᠦᠨ ᠠᠮᠠ ᠶᠢᠨ ᠶᠡᠷᠦᠩᠬᠡᠢ ᠲᠣᠭᠠᠨ ᠤ 65. | 9% ᠶᠢ ᠡᠵᠡᠯᠡᠵᠦ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠮᠠᠨ ᠤ ᠣᠷᠣᠨ ᠤ ᠬᠥᠮᠦᠨ ᠠᠮᠠ ᠶᠢᠨ ᠨᠠᠰᠤᠵᠢᠯᠲᠠ ᠶᠢᠨ ᠬᠡᠮᠵᠢᠶ᠎ᠡ ᠪᠠᠰᠠ ᠦᠷᠭᠦᠯᠵᠢᠯᠡᠨ | ᠬᠤᠷᠴᠠᠳᠴᠤ᠂ ᠨᠠᠰᠤᠵᠢᠯ ᠤᠨ ᠨᠡᠶᠢᠭᠡᠮ ᠤᠯᠠᠮ ᠥᠷᠭᠡᠵᠢᠬᠦ ᠪᠣᠯᠤᠨ᠎ᠠ᠃ | ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠪᠣᠯ ᠳᠤᠮᠳᠠᠳᠤ ᠶᠢᠨ ᠦᠨᠳᠦᠰᠦᠲᠡᠨ ᠤ | ᠰᠢᠯᠢᠳᠡᠭ ᠤᠯᠠᠮᠵᠢᠯᠠᠯ ᠮᠥᠨ᠂ ᠨᠠᠰᠤᠲᠠᠨ ᠢᠶᠠᠨ ᠠᠰᠠᠷᠠᠬᠤ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ | ᠦᠢᠯᠡᠰ ᠮᠥᠨ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ | ᠬᠤᠷᠠᠯ ᠳᠤᠷᠠᠳᠤᠭᠰᠠᠨ ᠨᠢ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠵᠤ᠂ ᠬᠡᠷ ᠪᠥᠯᠢ᠂ | ᠨᠡᠶᠢᠭᠡᠮ ᠲᠣᠭᠤᠷᠢᠭ᠂ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ | ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠨ | ᠪᠠᠶᠢᠭᠤᠯᠬᠤ ᠬᠡᠷᠡᠭᠲᠡᠢ ᠭᠡᠵᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠦᠬᠦᠳᠡ ᠬᠤᠷᠠᠯ ᠠᠴᠠ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠶᠢ ᠠᠩᠬ᠎ᠠ ᠤᠳᠠᠭ᠎ᠠ | ᠤᠯᠤᠰ ᠤᠨ ᠪᠠᠶᠢᠯᠳᠤᠬᠤ ᠪᠤᠳᠤᠯᠭ᠎ᠠ ᠶᠢᠨ ᠥᠨᠳᠥᠷᠴᠡ ᠳᠤ ᠳᠡᠭᠡᠭᠰᠢᠯᠡᠭᠦᠯᠪᠡ᠃ ᠣᠶᠢᠷ᠎ᠠ ᠶᠢᠨ ᠵᠢᠯ ᠤᠳ ᠲᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠷᠢᠳ ᠬᠤᠵᠢᠳ ᠣᠯᠠᠨ ᠵᠦᠢᠯ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠵᠤ᠂ ᠨᠠᠰᠤᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠪᠠ᠃ ᠭᠡᠪᠡᠴᠦ ᠮᠠᠨ ᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠳᠤ ᠮᠥᠨ ᠬᠦ | ᠰᠠᠭᠤᠷᠢ ᠪᠡᠯᠡᠳᠬᠡᠮᠵᠢ ᠬᠤᠴᠣᠷᠤᠩᠭᠤᠶ᠂ ᠪᠠᠯᠠ ᠮᠥᠩᠭᠦ ᠶᠢᠨ ᠣᠷᠣᠭᠤᠯᠤᠯᠲᠠ ᠬᠦᠷᠦᠯᠴᠡᠬᠦ ᠥᠬᠡᠶ᠂ ᠲᠡᠳᠬᠦᠨ | ᠳᠡᠮᠵᠢᠬᠦ ᠲᠥᠷᠥ ᠶᠢᠨ ᠪᠣᠳᠣᠯᠭ᠎ᠠ ᠣᠯᠠᠨ ᠪᠢᠰᠢ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠤᠲᠠᠮᠠᠭ᠂ ᠬᠢᠨᠠᠨ | ᠬᠠᠮᠢᠶᠠᠷᠬᠤ ᠲᠣᠭᠲᠠᠴᠠ ᠰᠢᠯᠤᠭᠤᠨ ᠪᠤᠰᠤ ᠵᠡᠷᠭᠡ ᠠᠰᠠᠭᠤᠳᠠᠯ ᠣᠷᠣᠰᠢᠵᠤ᠂ ᠣᠷᠣᠨ ᠨᠤᠲᠤᠭ ᠤᠨ ᠬᠠᠤᠯᠢ | ᠲᠣᠭᠲᠠᠭᠠᠬᠤ ᠬᠡᠯᠪᠡᠷᠢ ᠪᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠳᠤ ᠲᠤᠯᠭᠠᠷᠠᠵᠤ | ᠪᠠᠶᠢᠭ᠎ᠠ ᠪᠣᠳᠠᠲᠠᠶ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠭᠦᠨ ᠤ ᠤᠯᠠᠮ ᠢᠶᠠᠷ ᠥᠷᠭᠡᠨ ᠣᠯᠠᠨ | ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠨᠠᠰᠤᠵᠢᠯ ᠤᠨ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠴᠢᠬᠤᠯᠠᠲᠠᠶ ᠪᠠᠶᠢᠨ᠎ᠠ᠃ | ᠬᠤᠶᠠᠷ᠂ ︽ᠲᠦᠷᠢᠮ︾ ᠢ ᠨᠡᠶᠢᠲᠡᠯᠡᠵᠦ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ | ︽ᠳᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ | ᠶᠡᠷᠦᠩᠬᠡᠢ ᠱᠦᠵᠢ ᠰᠢ ᠶᠢᠨ ᠫᠢᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ | ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ | ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠣᠶᠢᠷ᠎ᠠ ᠶᠢᠨ ᠵᠢᠯ ᠤᠨ ᠲᠤᠷᠰᠢᠲᠠ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷᠯᠢᠭ ᠬᠥᠭᠵᠢᠯᠲᠡ ᠶᠢ ᠠᠬᠢᠭᠤᠯᠤᠭᠰᠠᠨ ᠪᠦᠲᠦᠮᠵᠢᠲᠡᠶ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠡᠮᠬᠢᠯᠡᠨ ᠳᠢᠭᠯᠡᠭᠰᠡᠨ ᠤ ᠬᠠᠮᠲᠤ | ᠲᠣᠭᠲᠠᠪᠤᠷᠢᠵᠢᠭᠤᠯᠵᠤ᠂ ᠬᠠᠤᠯᠢ ᠴᠠᠭᠠᠵᠠ ᠶᠢᠨ ᠲᠣᠭᠲᠠᠭᠠᠯ ᠪᠣᠯᠭᠠᠨ ᠳᠡᠭᠡᠭᠰᠢᠯᠡᠭᠦᠯᠵᠦ᠂ ᠴᠢᠩᠭ᠎ᠠ ᠬᠢᠵᠠᠭᠠᠷᠯᠠᠬᠤ | ᠬᠦᠴᠦᠨ ᠪᠠ ᠬᠡᠷᠡᠭᠵᠢᠭᠦᠯᠬᠦ ᠬᠦᠴᠦᠨ ᠢ ᠴᠢᠩᠭᠠᠷᠠᠭᠤᠯᠤᠭᠰᠠᠨ ᠶᠠᠪᠤᠳᠠᠯ ᠨᠢ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠦᠪᠡᠭᠲᠡᠶ᠂ ᠡᠮᠵᠡᠭᠲᠡᠢ᠂ ᠲᠥᠭᠵᠢᠷᠡᠯ ᠠᠰᠠᠭᠤᠳᠠᠯ ᠢ ᠰᠢᠢᠳᠪᠦᠷᠢᠯᠡᠵᠦ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ︽ᠲᠦᠷᠢᠮ︾ ᠢ ᠲᠣᠭᠲᠠᠭᠠᠵᠤ ᠨᠡᠶᠢᠲᠡᠯᠡᠭᠰᠡᠨ ᠶᠠᠪᠤᠳᠠᠯ ᠪᠣᠯ ᠬᠥᠮᠦᠨ ᠠᠮᠠ ᠶᠢᠨ ᠨᠠᠰᠤᠵᠢᠯᠲᠠ ᠶᠢ | ᠢᠳᠡᠪᠬᠢᠲᠡᠶ ᠪᠠᠷ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ | ᠮᠥᠨ᠃ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠪᠠᠷ ᠠᠷᠭᠠᠴᠠᠭᠠᠬᠤ ᠪᠣᠯ ᠨᠢᠭᠡ ᠵᠦᠢᠯ ᠤᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ ᠠᠤᠭ᠎ᠠ ᠶᠡᠭᠡ ᠰᠢᠰᠲ᠋ᠧᠮᠲᠦ | ᠢᠨᠵᠧᠨᠧᠷᠢᠩ ᠮᠥᠨ᠂ ᠡᠷᠬᠡᠪᠰᠢ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ᠂ ᠭᠡᠷ ᠪᠦᠯᠢ ᠪᠣᠯᠤᠨ | ᠨᠠᠰᠤᠲᠠᠶᠢᠴᠤᠳ ᠢ ᠪᠠᠭᠲᠠᠭᠠᠭᠰᠠᠨ ᠡᠯ᠎ᠡ ᠲᠠᠯ᠎ᠠ ᠶᠢᠨ ᠬᠦᠴᠦᠨ ᠢ ᠭᠦᠢᠴᠡᠳ ᠳᠠᠶᠢᠴᠢᠯᠠᠵᠤ᠂ ᠪᠡᠯᠡ ᠮᠥᠩᠭᠦ᠂ | ᠠᠵᠢᠯᠳᠠᠨ᠂ ᠲᠠᠯᠠᠪᠤᠷ ᠭᠠᠵᠠᠷ᠂ ᠪᠡᠯᠡᠳᠬᠡᠮᠵᠢ᠂ ᠲᠥᠬᠦᠭᠡᠷᠦᠮᠵᠢ ᠵᠡᠷᠭᠡ ᠡᠯ᠎ᠡ ᠲᠦᠷᠦᠯ ᠤᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠲᠠᠢ | ᠵᠣᠬᠢᠴᠠᠭᠰᠠᠨ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠯᠴᠠᠭ᠎ᠠ ᠶᠢ ᠪᠤᠢ ᠪᠣᠯᠭᠠᠵᠤ᠂ ᠬᠥᠮᠦᠨ ᠪᠦᠬᠦᠨ ᠳᠤ ᠨᠠᠰᠤᠵᠢᠯ ᠤᠨ ᠠᠰᠠᠷᠠᠮᠵᠢ ᠶᠢᠨ | ᠦᠨᠳᠦᠰᠦᠨ ᠦᠢᠯᠡᠴᠢᠯᠡᠭᠡ ᠶᠢ ᠬᠦᠷᠲᠡᠭᠡᠬᠦ ᠦᠨᠡᠨ ᠬᠦ ᠪᠠᠲᠤᠯᠠᠬᠤ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ | ᠬᠠᠩᠭᠠᠨ᠎ᠠ᠃ | ︽ᠲᠦᠷᠢᠮ︾ ᠢ ᠲᠣᠭᠲᠠᠭᠠᠵᠤ ᠨᠡᠶᠢᠲᠡᠯᠡᠭᠰᠡᠨ ᠶᠠᠪᠤᠳᠠᠯ ᠪᠣᠯ ︽ᠨᠠᠰᠤᠲᠠᠶᠢᠴᠤᠳ ᠤᠨ ᠡᠷᠬᠡ ᠠᠰᠢᠭ ᠢ | ᠪᠠᠲᠤᠯᠠᠬᠤ ᠬᠠᠤᠯᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠢᠯᠡᠷᠡᠯ ᠪᠣᠯᠤᠨ᠎ᠠ᠃ 2018 | ᠣᠨ ᠤ 12 ᠳ᠋ᠤᠭᠠᠷ ᠰᠠᠷ᠎ᠠ ᠳᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯᠳᠤᠭᠠᠨ ᠠᠴᠠ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ᠶᠢ ᠬᠢᠨᠠᠨ ᠶᠠᠷᠢᠯᠴᠠᠵᠤ ᠪᠠᠲᠤᠯᠠᠪᠠ᠃ ᠮᠠᠨ ᠤ ᠣᠷᠣᠨ | 2018 ᠣᠨ ᠤ 10 ᠳ᠋ᠤᠭᠠᠷ ᠰᠠᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠲᠦᠷᠢᠮ︾ ᠢ ᠨᠡᠶᠢᠲᠡᠯᠡᠨ ᠬᠡᠷᠡᠭᠵᠢᠭᠦᠯᠪᠡ᠃ ᠲᠣᠰ ᠤᠳᠠᠭ᠎ᠠ | ᠲᠣᠭᠲᠠᠭᠠᠵᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠳᠦᠷᠢᠮ︾ ᠨᠢ ︽ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ | ᠶᠢᠨ ᠬᠠᠤᠯᠢ ᠲᠣᠭᠲᠠᠭᠠᠬᠤ ᠵᠣᠷᠢᠭ ᠰᠠᠨᠠᠭ᠎ᠠ ᠪᠠ ᠦᠨᠳᠦᠰᠦᠨ ᠵᠠᠷᠴᠢᠮ ᠢ ᠪᠦᠷᠢᠮᠦᠰᠦᠨ ᠵᠢᠷᠤᠮᠯᠠᠵᠤ᠂ ︽ᠲᠦᠷᠢᠮ︾ | ᠳᠠᠬᠢ ᠮᠠᠰᠢ ᠣᠯᠠᠨ ᠵᠦᠢᠯ ᠵᠤᠷᠪᠤᠰ ᠪᠠ ᠠᠭᠤᠯᠭ᠎ᠠ ᠨᠢ ︽ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ | ᠬᠠᠤᠯᠢ︾ ᠶᠢᠨ ᠬᠤᠯᠪᠣᠭᠳᠠᠯ ᠪᠥᠬᠦᠶ ᠵᠦᠢᠯ ᠵᠤᠷᠪᠤᠰ ᠢ ᠤᠯᠠᠮ ᠨᠢᠭᠡ ᠠᠯᠬᠤᠮ ᠨᠠᠷᠢᠯᠢᠬᠵᠢᠭᠤᠯᠤᠨ | ᠪᠣᠳᠠᠲᠠᠶᠢᠵᠢᠭᠤᠯᠤᠭᠰᠠᠨ ᠤ ᠬᠠᠮᠲᠤ ᠪᠠᠰᠠ ᠥᠪᠡᠷᠲᠡᠭᠡᠨ ᠵᠠᠰᠠᠬᠤ ᠣᠷᠣᠨ ᠤ ︽ᠨᠠᠰᠤᠲᠠᠶᠢᠴᠤᠳ ᠤᠨ ᠡᠷᠬᠡ ᠠᠰᠢᠭ ᠢ | ᠪᠠᠲᠤᠯᠠᠬᠤ ᠲᠦᠷᠢᠮ︾ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠴᠢᠬᠤᠯᠠ ᠨᠥᠬᠦᠪᠥᠷᠢ ᠪᠠ ᠪᠦᠷᠢᠨᠰᠢᠭᠦᠯᠦᠯ | ᠬᠢᠭᠰᠡᠨ ᠪᠠᠶᠢᠨ᠎ᠠ᠃ | ︽ᠲᠦᠷᠢᠮ︾ ᠢ ᠲᠣᠭᠲᠠᠭᠠᠨ ᠨᠡᠶᠢᠲᠡᠯᠡᠭᠰᠡᠨ ᠶᠠᠪᠤᠳᠠᠯ ᠪᠣᠯ ᠮᠠᠨ ᠤ ᠣᠷᠣᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠦᠴᠦᠲᠡᠶ ᠲᠤᠯᠭᠠᠭᠤᠷᠢᠯᠠᠯ | ᠪᠣᠯᠤᠨ᠎ᠠ᠃ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠮᠠᠨ ᠤ ᠣᠷᠣᠨ ︽ᠭᠡᠷ ᠪᠦᠯᠢ᠂ | ᠨᠡᠶᠢᠭᠡᠮ ᠲᠣᠭᠤᠷᠢᠭ᠂ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ | ᠰᠤᠪᠢᠯᠠᠯᠲᠠ ᠶᠢ ᠤᠶᠠᠯᠳᠤᠭᠤᠯᠤᠭᠰᠠᠨ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ | ᠲᠦᠷᠭᠡᠪᠴᠢᠯᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠬᠤ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠡᠶᠢᠳᠬᠡᠨ ᠰᠢᠯᠢᠳᠡᠭᠵᠢᠭᠦᠯᠬᠦ᠂ ᠬᠠᠩᠭᠠᠯᠭ᠎ᠠ ᠶᠢᠨ | ᠴᠢᠳᠠᠪᠤᠷᠢ ᠶᠢᠨ ᠪᠠᠲᠤᠯᠠᠭ᠎ᠠ ᠶᠢ ᠴᠢᠩᠭᠠᠳᠬᠠᠬᠤ᠂ ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ | ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢ | ᠴᠢᠩᠭᠠᠷᠠᠭᠤᠯᠬᠤ ᠵᠡᠷᠭᠡ ᠲᠠᠯ᠎ᠠ ᠪᠠᠷ ᠰᠢᠨ᠎ᠡ ᠠᠬᠢᠴᠠ ᠪᠠ ᠰᠢᠪᠲᠤᠯᠤᠯᠲᠠ ᠲᠠᠢ ᠪᠣᠯᠭᠠᠬᠤ ᠪᠠᠷ ᠬᠦᠴᠦᠯᠡᠨ ᠴᠢᠷᠮᠠᠶᠢᠵᠤ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ | ᠡᠷᠬᠡ ᠲᠡᠭᠰᠢ᠂ ᠨᠡᠩ ᠦᠷᠭᠦᠯᠵᠢᠯᠡᠬᠦ᠋ᠢᠴᠡ᠂ ᠨᠡᠩ ᠠᠮᠤᠷ ᠲᠦᠪᠰᠢᠨ ᠬᠥᠭᠵᠢᠯᠲᠡ ᠶᠢ ᠠᠬᠢᠭᠤᠯᠵᠤ᠂ ᠡᠭᠦᠨ ᠤ | ᠤᠯᠠᠮ ᠢᠶᠠᠷ ᠠᠷᠠᠳ ᠤᠨ ᠠᠮᠢᠳᠤᠷᠠᠯ ᠢ ᠬᠦᠴᠦᠲᠡᠢ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠠᠬᠢᠭᠤᠯᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠡᠶᠡᠯᠡᠭᠦᠯᠦᠨ᠎ᠡ᠃ | ︽ᠲᠦᠷᠢᠮ︾ ᠢ ᠲᠣᠭᠲᠠᠭᠠᠨ ᠨᠡᠶᠢᠲᠡᠯᠡᠭᠰᠡᠨ ᠶᠠᠪᠤᠳᠠᠯ ᠪᠣᠯ ᠨᠠᠰᠤᠲᠠᠶᠢᠴᠤᠳ ᠤᠨ ᠬᠡᠷᠡᠭᠴᠡᠭᠡ | ᠱᠠᠭᠠᠷᠳᠠᠯᠭ᠎ᠠ ᠪᠠ ᠨᠡᠶᠢᠭᠡᠮ ᠤᠨ ᠡᠯ᠎ᠡ ᠡᠲᠡᠭᠡᠳ ᠤᠨ ᠬᠦᠰᠡᠯ ᠡᠷᠡᠮᠡᠯᠵᠡᠯ ᠳᠤ ᠬᠠᠷᠢᠭᠤ ᠥᠭᠬᠦ ᠪᠣᠳᠠᠲᠤ ᠠᠵᠢᠯᠯᠠᠭ᠎ᠠ | ᠮᠥᠨ᠃ ᠣᠶᠢᠯᠠᠭᠠᠭᠰᠠᠨ ᠢᠶᠠᠷ᠂ ᠣᠳᠣᠬᠠᠨ ᠳᠤ ᠭᠤᠸᠠᠩᠳᠦ᠋ᠩ᠂ ᠾᠤᠪᠸᠢ᠂ ᠵᠢᠶᠠᠩᠰᠦ᠂ ᠱᠠᠨᠳᠦ᠋ᠩ᠂ ᠱᠠᠩᠬᠠᠶ᠂ | ᠭᠠᠨᠰᠦ᠂ ᠭᠦᠢᠵᠸᠦ ᠵᠡᠷᠭᠡ ᠮᠤᠵᠢ ᠬᠤᠲᠠ ᠮᠤᠵᠢ ᠶᠢᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠦᠷᠢᠮ ᠢ ᠨᠡᠶᠢᠲᠡᠯᠡᠵᠦ᠂ ᠨᠠᠨᠵᠢᠩ᠂ ᠳ᠋ᠧᠵᠸᠦ᠂ ᠾᠧᠹᠸᠢ᠂ ᠰᠦᠵᠧᠦ ᠵᠡᠷᠭᠡ ᠲᠤᠰᠬᠠᠶ ᠣᠷᠣᠨ ᠬᠤᠲᠠ ᠣᠷᠣᠨ | ᠨᠤᠲᠤᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠢᠮ ᠢ ᠲᠣᠭᠲᠠᠭᠠᠭᠰᠠᠨ ᠪᠠᠶᠢᠨ᠎ᠠ᠃ ᠥᠪᠡᠷᠲᠡᠭᠡᠨ | ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠢᠮ ᠢ ᠲᠣᠭᠲᠠᠭᠠᠨ ᠨᠡᠶᠢᠲᠡᠯᠡᠬᠦ ᠨᠢ | ᠨᠠᠰᠤᠲᠠᠶᠢᠴᠤᠳ ᠤᠨ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ ᠰᠡᠳᠬᠢᠯ ᠰᠠᠨᠠᠭ᠎ᠠ ᠶᠢ | ᠲᠠᠶᠢᠳᠬᠤᠷᠠᠭᠤᠯᠬᠤ᠂ ᠵᠤᠭ᠎ᠠ ᠴᠡᠩᠭᠡᠯ ᠵᠡᠷᠭᠡ ᠲᠠᠯ᠎ᠠ ᠶᠢᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ︽ | ᠥᠲᠡᠯᠪᠡᠴᠦ ᠠᠰᠠᠷᠠᠮᠵᠢ ᠲᠠᠢ ᠪᠠᠶᠢᠬᠤ᠂ ᠥᠲᠡᠯᠪᠡᠴᠦ ᠲᠦᠰᠢᠭ ᠲᠠᠢ ᠪᠠᠶᠢᠬᠤ᠂ ᠥᠲᠡᠯᠪᠡᠴᠦ ᠵᠤᠭ᠎ᠠ ᠲᠠᠢ ᠪᠠᠶᠢᠬᠤ᠂ | ᠥᠲᠡᠯᠪᠡᠴᠦ ᠠᠮᠤᠷ ᠠᠮᠤᠭᠤᠯᠠᠩ ᠪᠠᠶᠢᠬᠤ︾ ᠶᠢ ᠪᠡᠶᠡᠯᠡᠭᠦᠯᠬᠦ ᠳᠤ ᠠᠰᠢᠭᠲᠠᠶ ᠪᠠᠷ ᠪᠠᠷᠠᠬᠤ ᠥᠬᠡᠶ᠂ ᠪᠠᠰᠠ | ᠪᠠᠶᠢᠳᠠᠯ ᠤᠨ ᠬᠥᠭᠵᠢᠯᠲᠡ ᠳᠤ ᠵᠣᠬᠢᠴᠠᠭᠤᠯᠤᠨ᠂ ᠣᠯᠠᠨ ᠨᠡᠶᠢᠲᠡ ᠶᠢᠨ ᠪᠣᠳᠣᠯ ᠰᠠᠨᠠᠭ᠎ᠠ ᠶᠢ ᠲᠤᠰᠬᠠᠵᠤ᠂ | ᠨᠡᠶᠢᠭᠡᠮ ᠤᠨ ᠬᠠᠷᠢᠭᠤᠴᠠᠯᠭ᠎ᠠ ᠶᠢ ᠢᠯᠡᠷᠡᠭᠦᠯᠬᠦ ᠳᠤ ᠠᠰᠢᠭᠲᠠᠶ ᠶᠤᠮ᠃ | ᠭᠤᠷᠪᠠ᠂ ︽ᠲᠦᠷᠢᠮ︾ ᠤᠨ ᠭᠤᠣᠯ ᠠᠭᠤᠯᠭ᠎ᠠ | ︽ᠲᠦᠷᠢᠮ︾ ᠳᠤ ᠶᠡᠷᠦᠩᠬᠡᠶ ᠳᠦᠷᠢᠮ᠂ ᠪᠡᠯᠡᠳᠬᠡᠮᠵᠢ ᠶᠢᠨ ᠲᠥᠯᠥᠪᠵᠢᠭᠦᠯᠭᠡ ᠬᠢᠭᠡᠳ ᠪᠥᠲᠥᠭᠡᠨ | ᠪᠠᠶᠢᠭᠤᠯᠤᠯᠲᠠ᠂ ᠬᠤᠲᠠ ᠬᠥᠳᠡᠭᠡ ᠶᠢᠨ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠡᠮᠴᠢᠯᠡᠭᠡ | ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠠᠵᠢᠯᠲᠠᠨ᠂ ᠲᠡᠳᠬᠦᠨ ᠳᠡᠮᠵᠢᠬᠦ ᠪᠠᠲᠤᠯᠠᠭ᠎ᠠ ᠬᠠᠩᠭᠠᠬᠤ᠂ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ | ᠬᠠᠷᠢᠭᠤᠴᠠᠯᠭ᠎ᠠ᠂ ᠳᠠᠭᠠᠯᠳᠤᠭᠤᠯᠤᠯ ᠲᠦᠷᠢᠮ ᠵᠡᠷᠭᠡ 10 ᠪᠦᠯᠦᠭ 80 ᠵᠦᠢᠯ ᠤᠨ ᠪᠣᠳᠠᠲᠠᠶ ᠲᠣᠭᠲᠠᠭᠠᠯ ᠭᠠᠷᠭᠠᠵᠠᠶ | ᠃ ᠲᠡᠭᠦᠨ ᠤ ᠠᠭᠤᠯᠭ᠎ᠠ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ | ᠦᠵᠦ ᠵᠢᠷᠤᠭ ᠲᠥᠯᠥᠪᠯᠡᠭᠡ ᠠᠴᠠ ᠠᠪᠤᠭᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠣᠳᠠᠲᠠᠶ | ᠭᠤᠭᠴᠤᠭ᠎ᠠ ᠬᠦᠷᠲᠡᠯᠡᠬᠢ ᠡᠯ᠎ᠡ ᠲᠠᠯ᠎ᠠ ᠶᠢ ᠬᠠᠮᠤᠷᠴᠤ᠂ ᠴᠢᠩᠭ᠎ᠠ ᠬᠢᠵᠠᠭᠠᠷᠯᠠᠬᠤ ᠳᠦᠷᠢᠮ ᠪᠠᠶᠢᠬᠤ ᠪᠠᠷ ᠪᠠᠷᠠᠬᠤ | ᠦᠭᠡᠢ ᠪᠠᠰᠠ ᠵᠣᠷᠢᠭᠵᠢᠭᠤᠯᠵᠤ ᠤᠷᠮᠠᠰᠢᠭᠤᠯᠬᠤ ᠠᠷᠭ᠎ᠠ ᠬᠡᠮᠵᠢᠶ᠎ᠡ ᠲᠠᠢ ᠪᠠᠶᠢᠵᠤ᠂ ᠶᠡᠷᠦᠩᠬᠡᠶ ᠳᠤ ᠪᠠᠨ ᠡᠷᠬᠡ ᠪᠣᠯᠤᠨ | ᠡᠭᠦᠷᠭᠡ ᠶᠢ ᠨᠢᠭᠡᠳᠬᠡᠭᠰᠡᠨ᠂ ᠡᠷᠬᠡ ᠲᠡᠭᠰᠢ ᠴᠢᠨᠠᠷ ᠪᠣᠯᠤᠨ ᠲᠥᠪ ᠭᠤᠣᠯᠴᠢ ᠴᠢᠨᠠᠷ ᠢ ᠤᠶᠠᠯᠳᠤᠭᠤᠯᠤᠭᠰᠠᠨ | ᠣᠨᠴᠠᠯᠢᠭ ᠢ ᠬᠠᠷᠠᠭᠤᠯᠪᠠ᠃ ᠡᠭᠦᠨ ᠳᠤ ᠭᠤᠣᠯᠳᠠᠭᠤ ᠳᠣᠣᠷᠠᠬᠢ 9 ᠲᠠᠯ᠎ᠠ ᠶᠢᠨ ᠬᠤᠯᠪᠣᠭᠳᠠᠯ ᠪᠦᠬᠦᠢ ᠲᠣᠭᠲᠠᠭᠠᠯ | ᠪᠤᠢ᠄ | ᠨᠢᠭᠡ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶ ᠵᠠᠭᠠᠭᠯᠠᠨ ᠲᠣᠭᠲᠠᠭᠠᠪᠠ᠃ ︽ᠲᠦᠷᠢᠮ︾ ᠳᠤ | ᠲᠣᠳᠣᠷᠬᠠᠶ ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠣᠰ ᠱᠠᠲᠤᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ | ᠲᠥᠰᠦᠪ ᠲᠤ ᠪᠠᠨ ᠣᠷᠣᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠳᠤᠮᠳᠠᠬᠢ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠢᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠬᠤ | ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠭᠤᠣᠯᠴᠢᠯᠠᠨ ᠬᠠᠮᠢᠶᠠᠷᠴᠤ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠬᠠᠷᠢᠶ᠎ᠠ ᠣᠷᠣᠨ ᠤ ᠪᠠᠨ | ᠳᠣᠲᠣᠷᠠᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ | ᠰᠠᠭᠤᠭᠠᠯᠢ ᠠᠷᠠᠳ ᠤᠨ ᠵᠥᠪᠯᠡᠯ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠦᠨᠳᠦᠰᠦᠨ ᠱᠠᠲᠤᠨ ᠤ ᠤᠯᠠᠨ | ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠪᠣᠯᠤᠨ ᠳᠠᠪᠠᠭᠤᠯᠢᠭ ᠢᠶᠠᠨ | ᠪᠠᠳᠠᠷᠠᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠬᠠᠪᠰᠤᠷᠤᠨ ᠰᠠᠶᠢᠲᠤᠷ ᠬᠢᠬᠦ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ | ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ | ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠢᠶ᠎ᠠ ᠪᠥᠬᠦᠶ | ᠠᠵᠢᠯ ᠢ ᠰᠠᠶᠢᠲᠤᠷ ᠬᠢᠬᠦ ᠬᠡᠷᠡᠭᠲᠡᠶ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ᠵᠢᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ | ᠨᠠᠰᠤᠲᠠᠶᠢᠴᠤᠳ ᠤᠨ ᠵᠣᠬᠢᠶᠠᠨ ᠪᠠᠶᠢᠭᠤᠯᠤᠯᠲᠠ᠂ ᠪᠤᠶᠠᠨ ᠤ ᠦᠢᠯᠡᠰ ᠤᠨ ᠵᠣᠬᠢᠶᠠᠨ ᠪᠠᠶᠢᠭᠤᠯᠤᠯᠲᠠ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ | ᠲᠤᠰᠢᠶᠠᠯ ᠬᠠᠷᠢᠭᠤᠴᠠᠯᠭ᠎ᠠ ᠪᠤᠶᠤ ᠲᠦᠷᠢᠮ ᠢ ᠦᠨᠳᠦᠰᠦᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠠᠵᠢᠯ ᠳᠤ ᠣᠷᠣᠯᠴᠠᠬᠤ ᠬᠡᠷᠡᠭᠲᠡᠢ ᠭᠡᠵᠡᠢ᠃ | ᠬᠤᠶᠠᠷ ᠲᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠥᠪᠵᠢᠭᠦᠯᠭᠡ | ᠪᠣᠯᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠬᠤᠲᠠ ᠬᠥᠳᠡᠭᠡ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ︽ᠲᠦᠷᠢᠮ︾ ᠳᠤ ᠲᠣᠭᠲᠠᠭᠠᠭᠰᠠᠨ ᠨᠢ᠄ ᠠᠶᠢᠮᠠᠭ ᠤᠨ ᠵᠠᠬᠢᠷᠭ᠎ᠠ᠂ | ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠳᠠᠯᠢ ᠱᠠᠲᠤᠨ ᠤ ᠪᠠᠶᠢᠭᠠᠯᠢ ᠶᠢᠨ ᠡᠬᠢ | ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠠᠢ | ᠬᠠᠮᠲᠤᠷᠠᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ ᠬᠥᠮᠦᠨ | ᠠᠮᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ | ᠪᠦᠳᠦᠭᠡᠠ ᠪᠠᠶᠢᠭᠤᠯᠤᠯᠲᠠ ᠳᠤ ᠭᠠᠵᠠᠷ ᠬᠡᠷᠡᠭᠯᠡᠬᠦ ᠳᠤ ᠤᠯᠤᠰ ᠤᠨ ᠥᠮᠴᠢᠯᠡᠯ ᠤᠨ ᠰᠢᠯᠵᠢᠭᠦᠯᠦᠨ ᠥᠭᠭᠦᠭᠰᠡᠨ ᠭᠠᠵᠠᠷ | ᠰᠢᠷᠣᠶ ᠪᠤᠶᠤ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠬᠠᠤᠯᠢ ᠶᠣᠰᠣᠭᠠᠷ ᠬᠡᠷᠡᠭᠯᠡᠵᠦ ᠪᠣᠯᠣᠨ᠎ᠠ︔ ᠠᠰᠢᠭ | ᠣᠯᠵᠠᠪᠤᠷᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠳᠤ ᠭᠠᠵᠠᠷ ᠬᠡᠷᠡᠭᠯᠡᠬᠦ ᠳᠤ ᠲᠦᠷᠢᠶᠡᠰᠦᠯᠡᠭᠦᠯᠬᠦ᠂ ᠰᠢᠯᠵᠢᠭᠦᠯᠦᠨ ᠬᠤᠳᠠᠯᠳᠤᠬᠤ ᠵᠡᠷᠭᠡ ᠠᠷᠭ᠎ᠠ | ᠮᠠᠶ᠋ᠢᠭ ᠢᠶᠠᠷ ᠬᠡᠷᠡᠭᠯᠡᠭᠦᠯᠵᠦ ᠪᠣᠯᠣᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠬᠠᠷᠠᠭᠠᠯᠵᠠᠯ ᠤᠨ ᠠᠷᠭ᠎ᠠ ᠬᠡᠮᠵᠢᠶ᠎ᠡ ᠲᠣᠭᠲᠠᠭᠠᠨ᠂ | ᠭᠠᠷᠳᠠᠮ ᠭᠦᠢᠴᠡᠳᠬᠡᠬᠦ ᠲᠡᠰ ᠳᠠᠷᠠᠭᠠᠯᠠᠯ ᠢ ᠳᠥᠭᠦᠮᠴᠢᠯᠡᠵᠦ᠂ ᠨᠡᠶᠢᠭᠡᠮ ᠤᠨ ᠬᠦᠴᠦᠨ ᠢ ᠳᠡᠮᠵᠢᠬᠦ ᠪᠠ ᠬᠥᠲᠥᠯᠥᠨ | ᠵᠢᠯᠣᠭᠤᠳᠴᠤ ᠪᠠᠶᠢᠭᠠᠳ ᠨᠥᠬᠦᠴᠡᠯ ᠪᠦᠷᠢᠳᠦᠭᠰᠡᠨ ᠰᠤᠯᠠ ᠪᠠᠶᠢᠬᠤ ᠠᠯᠪᠠᠨ ᠭᠡᠷ ᠪᠠᠶᠢᠰᠢᠩ᠂ ᠪᠣᠯᠪᠠᠰᠤᠷᠠᠯ ᠤᠨ | ᠲᠥᠪ᠂ ᠰᠤᠷᠭᠠᠭᠤᠯᠢ᠂ ᠵᠣᠴᠢᠳ ᠪᠠᠭᠤᠳᠠᠯ᠂ ᠵᠣᠴᠢᠯᠠᠬᠤ ᠭᠠᠵᠠᠷ᠂ ᠰᠤᠪᠢᠯᠠᠯᠲᠠ ᠶᠢᠨ ᠭᠠᠵᠠᠷ᠂ ᠦᠢᠯᠡᠳᠪᠦᠷᠢ ᠶᠢᠨ | ᠭᠡᠷ ᠪᠠᠶᠢᠰᠢᠩ᠂ ᠬᠤᠳᠠᠯᠳᠤᠭᠠᠨ ᠤ ᠪᠡᠯᠡᠳᠬᠡᠮᠵᠢ ᠵᠡᠷᠭᠡ ᠶᠢ ᠬᠠᠤᠯᠢ ᠶᠣᠰᠣᠭᠠᠷ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠡᠯᠡᠳᠬᠡᠮᠵᠢ ᠪᠣᠯᠭᠠᠨ ᠥᠭᠡᠷᠡᠴᠢᠯᠡᠵᠦ ᠪᠣᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ | ᠬᠥᠭᠵᠢᠭᠦᠯᠬᠦ ᠳᠤ ᠤᠷᠢᠳ ᠢᠶᠠᠷ ᠬᠡᠷᠡᠭᠯᠡᠬᠦ ᠶᠢ ᠵᠣᠷᠢᠭᠵᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ | ᠪᠠᠶᠢᠭᠤᠯᠤᠭᠰᠠᠨ ᠪᠠ ᠥᠷᠭᠡᠳᠬᠡᠨ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠵᠠᠭᠤᠨ ᠡᠷᠦᠬᠡ | ᠪᠦᠷᠢ ᠳᠤ 20 ᠺᠤᠸᠠᠲ ᠮᠧᠲᠷ ᠠᠴᠠ ᠳᠤᠲᠠᠭᠤ ᠥᠬᠡᠶ ᠪᠠᠷᠢᠯᠭ᠎ᠠ ᠶᠢᠨ ᠲᠠᠯᠠᠪᠠᠶ ᠶᠢᠨ ᠪᠠᠷᠢᠮᠵᠢᠶ᠎ᠠ ᠪᠠᠷ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ ᠶᠢᠨ ᠬᠠᠮᠲᠤ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠯᠦᠭᠡ ᠵᠡᠷᠭᠡ ᠳᠤᠨᠢ ᠲᠥᠯᠥᠪᠵᠢᠭᠦᠯᠵᠦ᠂ ᠵᠡᠷᠭᠡ ᠳᠤᠨᠢ ᠪᠥᠲᠥᠭᠡᠨ | ᠪᠠᠶᠢᠭᠤᠯᠵᠤ᠂ ᠵᠡᠷᠭᠡ ᠳᠤᠨᠢ ᠰᠢᠯᠭᠠᠨ ᠠᠪᠴᠤ᠂ ᠵᠡᠷᠭᠡ ᠳᠤᠨᠢ ᠲᠥᠯᠥᠪᠦᠷᠢ ᠥᠬᠡᠶ ᠪᠠᠷ ᠲᠤᠰᠢᠶᠠᠨ ᠥᠭᠬᠦ ᠬᠡᠷᠡᠭᠲᠡᠶ᠃ | ᠨᠢᠭᠡᠨᠲᠡ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠡᠯᠡᠳᠬᠡᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠭᠰᠠᠨ ᠥᠬᠡᠶ ᠪᠤᠶᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠡᠯᠡᠳᠬᠡᠮᠵᠢ ᠨᠢ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠪᠠᠷᠢᠮᠵᠢᠶ᠎ᠠ ᠳᠤ | ᠬᠦᠷᠦᠭᠰᠡᠨ ᠥᠬᠡᠶ ᠪᠠᠶᠢᠪᠠᠯ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠵᠠᠭᠤᠨ ᠡᠷᠦᠬᠡ ᠪᠦᠷᠢ ᠳᠤ 20 ᠺᠤᠸᠠᠲ ᠮᠧᠳ᠋ᠷ ᠠᠴᠠ ᠳᠤᠲᠠᠭᠤ ᠥᠬᠡᠶ ᠪᠠᠷᠢᠯᠭ᠎ᠠ ᠶᠢᠨ ᠲᠠᠯᠠᠪᠠᠶ ᠶᠢᠨ | ᠪᠠᠷᠢᠮᠵᠢᠶ᠎ᠠ ᠪᠠᠷ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠬᠤᠳᠠᠯᠳᠤᠨ ᠠᠪᠬᠤ᠂ ᠰᠣᠯᠢᠬᠤ᠂ | ᠲᠦᠷᠢᠶᠡᠰᠦᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠬᠢᠷᠠᠭᠤᠯᠤᠯᠲᠠ ᠬᠢᠬᠦ ᠬᠡᠷᠡᠭᠲᠡᠶ ᠭᠡᠵᠡᠢ᠃ | ᠭᠤᠷᠪᠠ ᠳᠤ᠂ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠦᠨᠳᠦᠰᠦᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃ ︽ᠲᠦᠷᠢᠮ︾ ᠳᠤ | ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠲᠠ | ᠬᠥᠳᠡᠭᠡ ᠶᠢᠨ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠷᠥ ᠶᠢᠨ ᠪᠣᠳᠣᠯᠭ᠎ᠠ ᠪᠠ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠶᠢᠭᠤᠯᠤᠨ ᠪᠦᠷᠢᠨᠰᠢᠭᠦᠯᠵᠦ᠂ | ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠢ ᠨᠡᠶᠢᠭᠡᠮ | ᠲᠣᠭᠤᠷᠢᠭ ᠲᠤ ᠲᠦᠰᠢᠭᠯᠡᠨ ᠣᠶᠢᠷ᠎ᠠ ᠬᠠᠪᠢ ᠳᠤ ᠪᠠᠨ ᠲᠥᠬᠦᠮ ᠦᠵᠡᠭᠦᠯᠬᠦ᠂ ᠠᠮᠤᠷ ᠲᠦᠪᠰᠢᠨ ᠴᠢᠨᠠᠷ ᠰᠠᠶᠢᠲᠠᠶ᠂ | ᠦᠨ᠎ᠡ ᠬᠠᠩᠰᠢ ᠨᠢ ᠵᠦᠶ ᠵᠣᠬᠢᠰᠲᠠᠶ ᠪᠠᠶᠢᠬᠤ ᠵᠠᠷᠴᠢᠮ ᠶᠣᠰᠣᠭᠠᠷ ᠬᠤᠲᠠ ᠬᠥᠳᠡᠭᠡ ᠶᠢᠨ ᠨᠠᠰᠤᠲᠠᠶᠢᠴᠤᠳ ᠲᠤ ᠬᠡᠷ | ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠣᠯᠭᠤᠬᠤ ᠶᠢ ᠠᠬᠢᠭᠤᠯᠬᠤ | ᠪᠠ ᠳᠡᠮᠵᠢᠯᠭᠡ ᠦᠵᠡᠭᠦᠯᠬᠦ ᠬᠡᠷᠡᠭᠲᠡᠶ᠃ ᠬᠤᠲᠠ ᠬᠥᠳᠡᠭᠡ ᠶᠢᠨ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠭᠤᠤᠯᠳᠠᠭᠤ ᠠᠮᠢᠳᠤᠷᠠᠯ ᠤᠨ ᠬᠠᠷᠠᠭᠠᠯᠵᠠᠯ᠂ ᠡᠷᠡᠭᠦᠯ ᠮᠡᠨᠳᠦ ᠶᠢᠨ | ᠰᠤᠪᠢᠯᠠᠯᠲᠠ᠂ ᠣᠶᠤᠨ ᠰᠠᠨᠠᠭᠠᠨ ᠤ ᠲᠠᠶᠢᠳᠬᠤᠷᠠᠭᠤᠯᠤᠯ᠂ ᠪᠠᠴᠢᠮ ᠠᠪᠤᠷᠠᠨ ᠲᠤᠰᠠᠯᠠᠯᠲᠠ᠂ ᠬᠠᠤᠯᠢ ᠴᠠᠭᠠᠵᠠ ᠶᠢᠨ | ᠯᠠᠪᠯᠠᠭ᠎ᠠ᠂ ᠨᠠᠰᠤᠲᠠᠶᠢᠴᠤᠳ ᠤᠨ ᠬᠥᠮᠦᠵᠢᠯ᠂ ᠰᠣᠶᠣᠯ ᠵᠤᠭ᠎ᠠ ᠴᠡᠩᠭᠡᠯ᠂ ᠪᠡᠶ᠎ᠡ ᠶᠢᠨ ᠲᠠᠮᠢᠷ ᠪᠡᠶ᠎ᠡ | ᠴᠢᠭᠢᠷᠠᠭᠵᠢᠭᠤᠯᠤᠯᠲᠠ᠂ ᠰᠡᠯᠡᠭᠦᠴᠡᠯ ᠰᠤᠪᠢᠯᠠᠯᠲᠠ ᠵᠡᠷᠭᠡ 6 ᠶᠡᠭᠡ ᠲᠥᠷᠥᠯ 21 ᠵᠦᠢᠯ ᠤᠨ ᠪᠣᠳᠠᠲᠠᠶ ᠦᠢᠯᠡᠴᠢᠯᠡᠭᠡ | ᠪᠠᠭᠲᠠᠨ᠎ᠠ︔ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠳᠤ ᠭᠤᠤᠯᠳᠠᠭᠤ ᠠᠮᠢᠳᠤᠷᠠᠯ ᠤᠨ ᠬᠠᠷᠠᠭᠠᠯᠵᠠᠯ᠂ ᠡᠳᠦᠷ | ᠲᠤᠲᠤᠮ ᠤᠨ ᠡᠷᠡᠭᠦᠯ ᠮᠡᠨᠳᠦ᠂ ᠣᠶᠤᠨ ᠰᠠᠨᠠᠭᠠᠨ ᠤ ᠲᠠᠶᠢᠳᠬᠤᠷᠠᠭᠤᠯᠤᠯ᠂ ᠰᠣᠶᠣᠯ ᠰᠤᠷᠭᠠᠨ ᠬᠥᠮᠦᠵᠢᠯ᠂ | ᠪᠡᠶ᠎ᠡ ᠶᠢᠨ ᠲᠠᠮᠢᠷ ᠵᠤᠭ᠎ᠠ ᠴᠡᠩᠭᠡᠯ ᠵᠡᠷᠭᠡ 4 ᠶᠡᠭᠡ ᠲᠥᠷᠥᠯ 16 ᠵᠦᠢᠯ ᠤᠨ ᠪᠣᠳᠠᠲᠠᠶ ᠦᠢᠯᠡᠴᠢᠯᠡᠭᠡ ᠪᠠᠭᠲᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠥᠬᠦᠪᠥᠷᠢ ᠥᠭᠬᠦ᠂ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷ ᠪᠦᠯᠢ ᠶᠢᠨ ᠪᠠ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠳᠡᠮᠵᠢᠬᠦ ᠶᠢᠨ ᠬᠠᠮᠲᠤ᠂ ᠠᠵᠤ | ᠠᠮᠢᠳᠤᠷᠠᠯ ᠨᠢ ᠬᠦᠴᠢᠷᠳᠡᠯᠲᠡᠶ ᠦᠲᠡᠭᠦᠰ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠪᠤᠶᠤ ᠬᠡᠰᠡᠭ ᠠᠯᠳᠠᠭᠰᠠᠨ᠂ | ᠭᠤᠣᠨᠢ ᠪᠡᠶ᠎ᠡ᠂ ᠭᠠᠭᠴᠠᠭᠠᠷ ᠬᠤᠴᠣᠷᠤᠭᠰᠠᠨ᠂ ᠬᠡᠷ ᠲᠤ ᠪᠠᠨ ᠦᠯᠡᠳᠡᠭᠰᠡᠨ ᠪᠠ ᠲᠥᠯᠥᠪᠯᠡᠭᠡᠲᠦ ᠦᠷᠡᠵᠢᠯ ᠤᠨ | ᠣᠨᠴᠠᠭᠠᠢ ᠬᠡᠷ ᠪᠦᠯᠢ ᠵᠡᠷᠭᠡ ᠨᠠᠰᠤᠲᠠᠶᠢᠴᠤᠳ ᠤᠨ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ ᠪᠠᠲᠤᠯᠠᠬᠤ ᠬᠡᠷᠡᠭᠲᠡᠶ ᠭᠡᠵᠡᠢ᠃ | ᠳᠥᠷᠪᠡ ᠳᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠪᠠ ᠡᠵᠡᠩᠨᠡᠯᠲᠡ ᠶᠢᠨ | ᠵᠢᠷᠤᠮᠵᠢᠯ ᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠭᠲᠠᠭᠠᠵᠠᠶ᠃ ︽ᠲᠦᠷᠢᠮ︾ ᠳᠤ | ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠬᠦᠴᠦᠨ ᠤ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠷᠭᠢᠯᠡᠬᠦ ᠶᠢ ᠵᠣᠷᠢᠭᠵᠢᠭᠤᠯᠬᠤ ᠬᠡᠷᠡᠭᠲᠡᠢ᠃ ᠵᠠᠰᠠᠭ ᠤᠨ | ᠣᠷᠳᠣᠨ ᠠᠴᠠ ᠪᠠᠯᠠ ᠣᠷᠣᠭᠤᠯᠵᠤ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠨᠠᠶᠢᠳᠠᠨ | ᠬᠠᠮᠢᠶᠠᠷᠤᠭᠤᠯᠬᠤ᠂ ᠲᠦᠷᠢᠶᠡᠰᠦᠯᠡᠨ ᠡᠵᠡᠩᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠵᠢᠯᠯᠠᠭᠤᠯᠵᠤ ᠪᠣᠯᠤᠨ᠎ᠠ᠃ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠰᠠᠭᠤᠵᠤ ᠪᠠᠶᠢᠭ᠎ᠠ ᠨᠠᠰᠤᠲᠠᠨ ᠪᠤᠶᠤ ᠲᠡᠭᠦᠨ ᠤ ᠣᠷᠣᠯᠠᠭᠴᠢ ᠲᠠᠢ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠥᠪᠳᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ ᠪᠠ | ᠡᠭᠦᠷᠭᠡ ᠶᠢ ᠲᠣᠳᠣᠷᠬᠠᠶᠢᠯᠠᠬᠤ ᠬᠡᠷᠡᠭᠲᠡᠢ︔ ᠠᠰᠠᠷᠠᠮᠵᠢ ᠶᠢᠨ ᠬᠦᠷᠢᠶᠡᠯᠡᠩ ᠳᠤ ᠰᠠᠭᠤᠬᠤ ᠨᠠᠰᠤᠲᠠᠶᠢᠴᠤᠳ ᠤᠨ ᠪᠡᠶ᠎ᠡ | ᠮᠠᠬᠠᠪᠣᠳ ᠰᠡᠳᠬᠢᠯ ᠰᠠᠨᠠᠭᠠᠨ ᠤ ᠡᠷᠡᠭᠦᠯ ᠮᠡᠨᠳᠦ ᠶᠢᠨ ᠪᠠᠶᠢᠳᠠᠯ ᠳᠤ ᠠᠰᠠᠷᠠᠮᠵᠢ ᠳᠤ ᠰᠠᠭᠤᠬᠤ ᠪᠠ ᠲᠣᠭᠲᠠᠮᠠᠯ | ᠬᠤᠭᠤᠴᠠᠭ᠎ᠠ ᠪᠦᠬᠦᠢ ᠦᠨᠡᠯᠡᠨ ᠵᠢᠱᠢᠯᠲᠡ ᠬᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ | ᠬᠠᠷᠠᠭᠠᠯᠵᠠᠵᠤ ᠰᠤᠪᠢᠯᠠᠬᠤ ᠵᠡᠷᠭᠡ ᠳᠡᠰ ᠢ ᠲᠣᠭᠲᠠᠭᠠᠬᠤ ᠪᠤᠶᠤ ᠬᠤᠪᠢᠷᠠᠭᠤᠯᠬᠤ ᠬᠡᠷᠡᠭᠲᠡᠶ︔ ᠠᠶᠤᠯᠭᠦᠢ | ᠦᠢᠯᠡᠳᠪᠦᠷᠢᠯᠡᠯ ᠪᠠ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂ ᠭᠠᠯ ᠰᠡᠷᠭᠡᠶᠢᠯᠡᠨ ᠤᠨᠲᠠᠷᠠᠭᠠᠬᠤ᠂ ᠠᠮᠤᠷ ᠲᠦᠪᠰᠢᠨ ᠤ | ᠵᠢᠵᠢᠭᠦᠷ ᠵᠢᠪᠬᠦ᠂ ᠪᠡᠯᠡᠳᠬᠡᠮᠵᠢ ᠲᠥᠬᠦᠭᠡᠷᠦᠮᠵᠢ ᠪᠠ ᠢᠳᠡᠭᠡᠨ ᠤ ᠵᠦᠢᠯ ᠡᠮ ᠤᠨ ᠵᠦᠢᠯ ᠵᠡᠷᠭᠡ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ︔ ᠭᠡᠨᠡᠳᠲᠡ ᠶᠢᠨ ᠬᠡᠷᠡᠭ ᠢ | ᠪᠠᠴᠢᠮ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠠᠭᠴᠠᠭᠠᠬᠤ ᠰᠣᠷᠢᠯᠲᠠ ᠪᠠ | ᠠᠮᠤᠷ ᠲᠦᠪᠰᠢᠨ ᠤ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ | ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠥᠷᠨᠢᠭᠦᠯᠬᠦ ᠶᠢ ᠨᠢ ᠵᠣᠷᠢᠭᠵᠢᠭᠤᠯᠵᠤ᠂ ᠲᠣᠭᠲᠠᠭᠠᠭᠰᠠᠨ ᠨᠥᠬᠦᠴᠡᠯ ᠳᠤ ᠨᠡᠶᠢᠴᠡᠬᠦ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠠᠰᠤᠲᠠᠶᠢᠴᠤᠳ ᠤᠨ ᠣᠷᠣᠨ ᠰᠠᠭᠤᠴᠠ ᠳᠤ ᠬᠡᠷ ᠪᠦᠯᠢ ᠶᠢᠨ | ᠬᠠᠷᠠᠭᠠᠯᠵᠠᠨ ᠠᠰᠠᠷᠠᠬᠤ ᠣᠷᠣ ᠭᠠᠷᠭᠠᠬᠤ ᠳᠤ ᠳᠡᠮᠵᠢᠯᠭᠡ ᠦᠵᠡᠭᠦᠯᠬᠦ ᠬᠡᠷᠡᠭᠲᠡᠢ᠃ ᠨᠠᠷᠠᠲᠤ ᠲᠥᠷᠥᠯ ᠲᠡᠮᠳᠡᠭᠵᠢᠭᠰᠡᠨ᠂ | ᠬᠡᠯᠬᠢᠶᠡᠵᠢᠭᠰᠡᠨ᠂ ᠲᠤᠰᠬᠠᠶᠢᠵᠢᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠬᠥᠭᠵᠢᠭᠦᠯᠬᠦ ᠶᠢ | ᠵᠣᠷᠢᠭᠵᠢᠭᠤᠯᠬᠤ ᠬᠡᠷᠡᠭᠲᠡᠢ ᠭᠡᠵᠡᠢ᠃ | ᠲᠠᠪᠤ ᠳᠤ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠬᠤ ᠲᠠᠯ᠎ᠠ ᠪᠠᠷ | ᠤᠳᠤᠷᠢᠳᠤᠮᠵᠢ ᠶᠢᠨ ᠴᠢᠨᠠᠷᠲᠠᠶ ᠵᠢᠯᠣᠭᠤᠳᠣᠯᠭ᠎ᠠ ᠳᠤᠷᠠᠳᠪᠠ᠃ ︽ᠲᠦᠷᠢᠮ︾ ᠳᠤ ᠲᠣᠭᠲᠠᠭᠠᠭᠰᠠᠨ ᠨᠢ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ | ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ | ᠡᠮᠴᠢᠯᠡᠭᠡᠨ ᠤ ᠪᠠᠶᠢᠭᠤᠯᠤᠮᠵᠢ ᠭᠠᠷᠭᠠᠬᠤ ᠶᠢ ᠳᠡᠮᠵᠢᠵᠦ᠂ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢ ᠵᠢᠯᠣᠭᠤᠳᠤᠨ ᠨᠠᠰᠤᠲᠠᠶᠢᠴᠤᠳ ᠢ ᠠᠰᠠᠷᠠᠬᠤ ᠣᠷᠣ ᠭᠠᠷᠭᠠᠬᠤ ᠬᠡᠷᠡᠭᠲᠡᠶ᠃ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠳᠣᠲᠣᠷ᠎ᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ | ᠲᠣᠭᠲᠠᠭᠠᠭᠰᠠᠨ ᠨᠥᠬᠦᠴᠡᠯ ᠳᠤ ᠨᠡᠶᠢᠴᠡᠵᠦ ᠪᠠᠶᠢᠪᠠᠯ᠂ ᠡᠮᠴᠢᠯᠡᠭᠡᠨ ᠤ ᠪᠠᠲᠤᠯᠠᠭ᠎ᠠ ᠶᠢᠨ ᠴᠡᠭ ᠲᠣᠭᠲᠠᠭᠠᠬᠤ | ᠬᠡᠪᠴᠢᠶᠡᠨ ᠳᠤ ᠣᠷᠣᠭᠤᠯᠵᠤ ᠪᠣᠯᠣᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠭᠡᠳ ᠡᠮᠴᠢᠯᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠨ | ᠠᠵᠢᠯᠯᠠᠬᠤ ᠶᠢ ᠠᠬᠢᠭᠤᠯᠵᠤ᠂ ᠤᠷᠢᠳᠴᠢᠯᠠᠨ ᠪᠣᠯᠵᠣᠵᠤ ᠡᠮᠨᠡᠭᠦᠯᠬᠦ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ᠂ | ᠲᠦᠷᠭᠡᠨ ᠡᠮᠨᠡᠭᠦᠯᠬᠦ ᠵᠡᠷᠭᠡ ᠡᠮᠴᠢᠯᠡᠭᠡᠨ ᠤ ᠦᠢᠯᠡᠴᠢᠯᠡᠭᠡᠨ ᠤ ᠰᠢᠭᠤᠳ ᠵᠠᠮ ᠢ ᠪᠠᠶᠢᠭᠤᠯᠵᠤ᠂ ᠨᠠᠰᠤᠲᠠᠶᠢᠴᠤᠳ ᠤᠨ | ᠡᠮᠴᠢᠯᠡᠭᠡᠨ ᠤ ᠦᠢᠯᠡᠴᠢᠯᠡᠭᠡ ᠬᠦᠷᠲᠡᠬᠦ ᠳᠤ ᠲᠥᠬᠦᠮ ᠦᠵᠡᠭᠦᠯᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ | ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠦᠨᠳᠦᠰᠦᠨ | ᠱᠠᠲᠤᠨ ᠤ ᠡᠮ ᠬᠡᠷᠡᠭᠯᠡᠬᠦ ᠬᠠᠮᠢᠶᠠᠷᠤᠯᠲᠠ ᠶᠢᠨ ᠲᠦᠷᠢᠮ ᠪᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠯᠡᠬᠦ | ᠡᠮ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠵᠦᠢᠯ ᠤᠨ ᠲᠣᠬᠢᠷᠠᠭᠤᠯᠤᠯᠲᠠ ᠶᠢ ᠪᠠᠲᠤᠯᠠᠵᠤ᠂ | ᠨᠠᠰᠤᠲᠠᠶᠢᠴᠤᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠢ ᠡᠮᠨᠡᠨ | ᠵᠠᠰᠠᠬᠤ ᠳᠤ ᠲᠥᠬᠦᠮ ᠦᠵᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠪᠠᠶᠢᠭᠤᠯᠤᠮᠵᠢ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ | ᠨᠠᠰᠤᠲᠠᠶᠢᠴᠤᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ ᠥᠭᠴᠦ᠂ ᠲᠣᠭᠲᠠᠮᠠᠯ | ᠬᠤᠭᠤᠴᠠᠭ᠎ᠠ ᠲᠠᠢ ᠪᠠᠷ ᠰᠦᠢᠳᠬᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠬᠦ᠂ ᠡᠷᠡᠭᠦᠯ ᠮᠡᠨᠳᠦ ᠶᠢᠨ | ᠵᠢᠯᠣᠭᠤᠳᠣᠯᠭ᠎ᠠ ᠬᠢᠬᠦ᠂ ᠡᠷᠡᠭᠦᠯᠵᠢᠯ ᠤᠨ ᠯᠠᠪᠯᠠᠭ᠎ᠠ ᠥᠭᠬᠦ᠂ ᠭᠡᠷ ᠲᠤ ᠨᠢ ᠬᠦᠷᠴᠦ ᠡᠮᠴᠢᠯᠡᠬᠦ ᠵᠡᠷᠭᠡ ᠦᠢᠯᠡᠴᠢᠯᠡᠭᠡ ᠶᠢ | ᠬᠠᠩᠭᠠᠬᠤ ᠬᠡᠷᠡᠭᠲᠡᠶ᠃ ᠨᠥᠬᠦᠴᠡᠯ ᠪᠦᠬᠦᠢ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠴᠢᠯᠡᠭᠡᠨ ᠤ | ᠪᠠᠶᠢᠭᠤᠯᠤᠮᠵᠢ ᠤᠨ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ ᠭᠠᠷᠭᠠᠬᠤ᠂ ᠨᠠᠰᠤᠲᠠᠶᠢᠴᠤᠳ ᠤᠨ ᠡᠪᠡᠳᠴᠢᠲᠡᠨ ᠤ | ᠣᠷᠣ ᠨᠡᠮᠡᠵᠦ ᠭᠠᠷᠭᠠᠬᠤ ᠶᠢ ᠨᠢ ᠵᠣᠷᠢᠭᠵᠢᠭᠤᠯᠬᠤ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶᠂ ᠲᠤᠰᠬᠠᠶ | ᠡᠮ ᠡᠮᠨᠡᠯᠭᠡ ᠶᠢᠨ ᠪᠠᠶᠢᠭᠤᠯᠤᠮᠵᠢ ᠶᠢᠨ ᠨᠠᠰᠤᠲᠠᠶᠢᠴᠤᠳ ᠤᠨ ᠡᠪᠡᠳᠴᠢᠨ ᠤ ᠲᠤᠰᠬᠠᠶ ᠰᠠᠯᠠᠭ᠎ᠠ ᠪᠠᠶᠢᠭᠤᠯᠬᠤ ᠶᠢ ᠨᠢ | ᠵᠣᠷᠢᠭᠵᠢᠭᠤᠯᠬᠤ ᠬᠡᠷᠡᠭᠲᠡᠢ᠃ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠮᠵᠢ | ᠬᠡᠷᠡᠭᠴᠡᠭᠡ ᠪᠠᠨ ᠦᠨᠳᠦᠰᠦᠯᠡᠨ᠂ ᠠᠮᠤᠷ ᠲᠠᠶᠢᠪᠤᠩ ᠰᠤᠪᠢᠯᠠᠯᠲᠠ ᠶᠢᠨ ᠡᠪᠡᠳᠴᠢᠲᠡᠨ ᠤ ᠣᠷᠣᠨ ᠭᠠᠷᠭᠠᠬᠤ ᠪᠤᠶᠤ | ᠠᠮᠤᠷ ᠲᠠᠶᠢᠪᠤᠩ ᠰᠤᠪᠢᠯᠠᠯᠲᠠ ᠶᠢᠨ ᠣᠷᠣ ᠭᠠᠷᠭᠠᠵᠤ ᠪᠣᠯᠤᠨ᠎ᠠ ᠭᠡᠵᠡᠢ᠃ | ᠵᠢᠷᠭᠤᠭ᠎ᠠ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ ︽ᠲᠦᠷᠢᠮ︾ ᠳᠤ ᠲᠣᠭᠲᠠᠭᠠᠭᠰᠠᠨ ᠨᠢ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ | ᠡᠷᠭᠢᠯᠡᠭᠰᠡᠳ ᠲᠠᠢ ᠬᠠᠤᠯᠢ ᠶᠣᠰᠣᠭᠠᠷ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠵᠤ᠂ ᠠᠵᠢᠯ ᠤᠨ ᠨᠥᠬᠦᠴᠡᠯ ᠢᠶᠠᠨ | ᠰᠠᠶᠢᠵᠢᠷᠠᠭᠤᠯᠤᠨ᠂ ᠬᠥᠳᠡᠯᠮᠦᠷᠢ ᠶᠢᠨ ᠬᠠᠮᠠᠭᠠᠯᠠᠯᠲᠠ ᠪᠠ ᠠᠵᠢᠯ ᠮᠡᠷᠭᠡᠵᠢᠯ ᠤᠨ ᠬᠠᠮᠠᠭᠠᠯᠠᠯᠲᠠ ᠶᠢ ᠴᠢᠩᠭᠠᠳᠬᠠᠵᠤ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠡᠷᠭᠢᠯᠡᠭᠰᠡᠳ ᠲᠤ ᠬᠠᠤᠯᠢ ᠶᠣᠰᠣᠭᠠᠷ ᠨᠡᠶᠢᠭᠡᠮ ᠤᠨ | ᠳᠠᠭᠠᠳᠬᠠᠯ ᠢ ᠲᠤᠰᠢᠶᠠᠵᠤ ᠥᠭᠬᠦ ᠶᠢᠨ ᠬᠠᠮᠲᠤ ᠲᠡᠳᠡᠨ ᠳᠤ ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ | ᠪᠠᠶᠢᠴᠠᠭᠠᠯᠲᠠ ᠬᠢᠯᠭᠡᠬᠦ ᠪᠠᠷ ᠲᠣᠬᠢᠷᠠᠭᠤᠯᠬᠤ ᠬᠡᠷᠡᠭᠲᠡᠶ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ | ᠡᠷᠬᠢᠯᠡᠭᠰᠡᠳ ᠤᠨ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ ᠪᠠ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠲᠡᠳᠡᠨ ᠤ ᠠᠵᠢᠯ ᠮᠡᠷᠭᠡᠵᠢᠯ ᠤᠨ ᠶᠣᠰᠣ | ᠮᠣᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ ᠵᠡᠷᠭᠡ ᠰᠠᠯᠠᠭ᠎ᠠ | ᠮᠥᠴᠢᠷ ᠤᠳ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠳᠤ ᠲᠦᠰᠢᠭᠯᠡᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠶ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠡᠷᠭᠢᠯᠡᠵᠦ ᠪᠠᠶᠢᠭ᠎ᠠ ᠠᠵᠢᠯ ᠡᠷᠭᠢᠯᠡᠬᠦ ᠡᠮᠴᠢ᠂ | ᠰᠤᠪᠢᠯᠠᠭᠴᠢ᠂ ᠡᠷᠡᠭᠦᠯᠵᠢᠭᠦᠯᠬᠦ ᠡᠮᠴᠢ ᠵᠡᠷᠭᠡ ᠲᠤᠰᠬᠠᠶ ᠮᠡᠷᠭᠡᠵᠢᠯ ᠤᠨ ᠠᠵᠢᠯᠲᠠᠨ ᠳᠤ ᠡᠮᠴᠢᠯᠡᠭᠡᠨ ᠤ | ᠪᠠᠶᠢᠭᠤᠯᠤᠮᠵᠢ ᠲᠠᠢ ᠠᠳᠠᠯᠢᠬᠠᠨ ᠠᠵᠢᠯ ᠡᠷᠭᠢᠯᠡᠬᠦ ᠬᠢᠷᠢ ᠬᠡᠮ᠂ ᠳᠡᠩᠰᠡᠯᠡᠵᠦ ᠬᠢᠨᠠᠨ ᠰᠢᠯᠭᠠᠬᠤ ᠲᠦᠷᠢᠮ ᠢ | ᠬᠡᠷᠡᠭᠵᠢᠭᠦᠯᠵᠦ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ᠂ ᠦᠷᠭᠦᠯᠵᠢᠯᠡᠨ ᠰᠤᠷᠭᠠᠨ ᠬᠥᠮᠦᠵᠢᠭᠦᠯᠬᠦ ᠵᠡᠷᠭᠡ | ᠲᠠᠯ᠎ᠠ ᠪᠠᠷ ᠡᠮᠴᠢᠯᠡᠭᠡᠨ ᠤ ᠪᠠᠶᠢᠭᠤᠯᠤᠮᠵᠢ ᠶᠢᠨ ᠠᠳᠠᠯᠢ ᠲᠥᠷᠥᠯ ᠤᠨ ᠲᠤᠰᠬᠠᠶ ᠮᠡᠷᠭᠡᠵᠢᠯ ᠤᠨ ᠠᠵᠢᠯᠲᠠᠨ ᠲᠠᠢ | ᠠᠳᠠᠯᠢᠬᠠᠨ ᠬᠠᠷᠠᠭᠠᠯᠵᠠᠯ ᠬᠦᠷᠲᠡᠭᠡᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠠᠪᠴᠤ ᠪᠠᠶᠢᠭᠠᠳ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠢᠯ ᠡᠷᠭᠢᠯᠡᠭᠰᠡᠳ ᠤᠨ ᠡᠩᠨᠡᠭᠡ ᠶᠢ ᠲᠣᠭᠲᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠢᠯ ᠡᠷᠭᠢᠯᠡᠭᠰᠡᠳ ᠤᠨ ᠬᠥᠯᠥᠰᠥ ᠣᠯᠭᠤᠮᠵᠢ ᠶᠢ ᠵᠦᠶ ᠵᠣᠬᠢᠰᠲᠠᠶ ᠨᠡᠮᠡᠭᠳᠡᠭᠦᠯᠵᠦ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠡᠷᠭᠢᠯᠡᠭᠰᠡᠳ ᠤᠨ ᠪᠣᠯᠪᠠᠰᠤᠷᠠᠯ ᠤᠨ ᠵᠠᠷᠤᠳᠠᠯ ᠤᠨ | ᠨᠥᠬᠦᠪᠥᠷᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠲᠤᠯᠤᠭ᠎ᠠ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠬᠤ ᠠᠯᠢ ᠤᠯᠠᠨ ᠲᠡᠳᠬᠦᠨ ᠳᠡᠮᠵᠢᠬᠦ ᠪᠠᠲᠤᠯᠠᠭ᠎ᠠ ᠶᠢᠨ ᠲᠦᠷᠢᠮ ᠢ ᠢᠵᠢ ᠪᠦᠷᠢᠳᠦᠭᠦᠯᠦᠨ ᠪᠦᠷᠢᠨᠰᠢᠭᠦᠯᠪᠡ᠃ | ︽ᠲᠦᠷᠢᠮ︾ ᠳᠤ ᠲᠣᠭᠲᠠᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ᠂ ᠡᠳ᠋ ᠤᠨ ᠵᠠᠰᠠᠭ ᠤᠨ ᠪᠠᠶᠢᠳᠠᠯ ᠪᠠ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ | ᠲᠣᠭᠲᠠᠭᠠᠨ ᠨᠡᠶᠢᠲᠡᠯᠡᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠶᠢᠨ ᠵᠢᠯᠣᠭᠤᠳᠬᠤ ᠴᠢᠨᠠᠷᠲᠠᠶ ᠭᠠᠷᠴᠠᠭ ᠲᠤ ᠣᠷᠣᠭᠤᠯᠬᠤ ᠬᠡᠷᠡᠭᠲᠡᠶ᠃ | ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠠᠷᠴᠠᠭ ᠤᠨ ᠶᠣᠰᠣᠭᠠᠷ ᠵᠠᠰᠠᠭ ᠤᠨ ᠣᠷᠳᠣᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠬᠤ ᠶᠢ ᠠᠬᠢᠭᠤᠯᠵᠤ᠂ ᠠᠮᠢᠳᠤᠷᠠᠯ ᠤᠨ ᠬᠠᠷᠠᠭᠠᠯᠵᠠᠯ᠂ | ᠡᠷᠡᠭᠦᠯᠵᠢᠯ ᠤᠨ ᠰᠤᠪᠢᠯᠠᠯᠲᠠ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠦᠢᠯᠡᠴᠢᠯᠡᠭᠡ ᠶᠢ | ᠭᠤᠤᠯᠳᠠᠯᠭ᠎ᠠ ᠲᠠᠢ ᠬᠤᠳᠠᠯᠳᠤᠨ ᠠᠪᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠮᠢᠶ᠎ᠠ ᠪᠥᠬᠦᠶ ᠳᠠᠭᠠᠳᠬᠠᠯ᠂ | ᠠᠰᠠᠷᠠᠮᠵᠢ ᠵᠢᠴᠢ ᠲᠡᠩᠬᠡᠷᠡᠭᠦᠯᠦᠨ ᠲᠤᠰᠠᠯᠠᠬᠤ ᠶᠢ ᠬᠠᠷᠢᠯᠴᠠᠨ ᠵᠣᠯᠭᠠᠭᠤᠯᠤᠭᠰᠠᠨ ᠣᠷᠳᠣ ᠬᠤᠭᠤᠴᠠᠭ᠎ᠠ ᠪᠠᠷ | ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠲᠦᠷᠢᠮ ᠢ ᠪᠠᠶᠢᠭᠤᠯᠵᠤ᠂ ᠣᠷᠳᠣ ᠬᠤᠭᠤᠴᠠᠭ᠎ᠠ ᠪᠠᠷ ᠴᠢᠳᠠᠪᠤᠷᠢ ᠪᠠᠨ | ᠠᠯᠳᠠᠭᠰᠠᠨ ᠨᠠᠰᠤᠲᠠᠶᠢᠴᠤᠳ ᠤᠨ ᠬᠡᠷ ᠪᠦᠯᠢ ᠶᠢᠨ ᠪᠠ ᠨᠡᠶᠢᠭᠡᠮ ᠲᠣᠭᠤᠷᠢᠭ᠂ ᠪᠠᠶᠢᠭᠤᠯᠤᠮᠵᠢ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠦᠷᠭᠦᠯᠵᠢᠯᠡᠨ ᠬᠦᠷᠲᠡᠬᠦ ᠳᠤ ᠪᠠᠲᠤᠯᠠᠭ᠎ᠠ ᠬᠠᠩᠭᠠᠬᠤ ᠬᠡᠷᠡᠭᠲᠡᠶ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠳ ᠨᠠᠰᠤᠲᠠᠶᠢᠴᠤᠳ ᠤᠨ ᠴᠢᠳᠠᠪᠤᠷᠢ ᠶᠢ ᠦᠨᠡᠯᠡᠨ ᠵᠢᠱᠢᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠨᠠᠰᠤᠲᠠᠶᠢᠴᠤᠳ ᠤᠨ ᠦᠲᠡᠭᠦᠰ ᠤᠨ ᠨᠡᠮᠡᠭᠦᠷᠢ᠂ ᠠᠵᠤ ᠠᠮᠢᠳᠤᠷᠠᠯ ᠨᠢ ᠬᠦᠴᠢᠷᠳᠡᠯᠲᠡᠶ ᠨᠠᠰᠤᠲᠠᠶᠢᠴᠤᠳ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ᠂ ᠠᠮᠢᠳᠤᠷᠠᠯ ᠢᠶᠠᠨ ᠥᠪᠡᠷ ᠢᠶᠠᠨ ᠠᠷᠭᠠᠴᠠᠭᠠᠵᠤ | ᠳᠡᠶᠢᠯᠬᠦ ᠥᠬᠡᠶ ᠭᠡᠵᠦ ᠮᠠᠭᠠᠳᠯᠠᠨ ᠲᠣᠭᠲᠠᠭᠠᠭᠰᠠᠨ ᠠᠵᠤ ᠠᠮᠢᠳᠤᠷᠠᠯ ᠨᠢ ᠬᠦᠴᠢᠷᠳᠡᠯ ᠲᠠᠢ ᠨᠠᠰᠤᠲᠠᠶᠢᠴᠤᠳ ᠢ | ᠠᠰᠠᠷᠠᠨ ᠰᠤᠪᠢᠯᠠᠬᠤ ᠨᠥᠬᠦᠪᠥᠷᠢ᠂ ᠨᠠᠰᠤᠲᠠᠶᠢᠴᠤᠳ ᠤᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠵᠡᠷᠭᠡ | ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃ | ᠨᠠᠢᠮᠠ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠬᠢᠨᠠᠯᠲᠠ ᠬᠠᠮᠢᠶᠠᠷᠤᠯᠲᠠ ᠶᠢᠨ | ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ᠃ ︽ᠲᠦᠷᠢᠮ︾ ᠳᠤ ᠲᠣᠭᠲᠠᠭᠠᠭᠰᠠᠨ ᠨᠢ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠨ ᠬᠠᠮᠢᠶᠠᠷᠬᠤ | ᠲᠦᠷᠢᠮ ᠢ ᠪᠦᠷᠢᠨᠰᠢᠭᠦᠯᠦᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠪᠠ ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠡᠮᠵᠢᠬᠦ | ᠲᠥᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠪᠠ ᠦᠢᠯᠡᠴᠢᠯᠡᠭᠡᠨ ᠤ ᠶᠠᠰᠤ ᠴᠢᠨᠠᠷ ᠢ ᠨᠢ ᠬᠢᠨᠠᠨ ᠬᠡᠮᠵᠢᠬᠦ | ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠭᠰᠠᠨ ᠪᠠ | ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠡᠮᠵᠢᠭᠰᠡᠨ ᠦᠷ᠎ᠡ ᠳ᠋ᠦᠩ ᠢ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠶᠢᠨ | ᠬᠠᠮᠲᠤ ᠲᠡᠭᠦᠨ ᠤ ᠬᠤᠯᠪᠣᠭᠳᠠᠯ ᠪᠦᠬᠦᠢ ᠨᠥᠬᠦᠪᠥᠷᠢ ᠣᠯᠬᠤ ᠶᠢᠨ ᠬᠢᠨᠢ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ᠪᠣᠯᠭᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠵᠠᠰᠠᠭ ᠤᠨ ᠣᠷᠳᠣᠨ ᠠᠴᠠ ᠪᠠᠯᠠ ᠣᠷᠣᠭᠤᠯᠤᠨ ᠡᠷᠭᠢᠯᠡᠭᠰᠡᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠳ᠋ ᠤᠨ ᠶᠠᠪᠤᠳᠠᠯ ᠤᠨ ᠪᠠᠶᠢᠳᠠᠯ᠂ ᠡᠳ᠋ ᠤᠨ ᠵᠠᠰᠠᠭ ᠤᠨ | ᠴᠢᠨᠠᠷᠲᠠᠶ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ ᠳᠠᠬᠢ ᠬᠠᠤᠯᠢ ᠪᠤᠰᠤ ᠪᠠᠷ ᠪᠠᠯᠠ | ᠴᠤᠭᠯᠠᠭᠤᠯᠬᠤ᠂ ᠬᠢᠬᠠᠨ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠯᠪᠣᠭᠳᠠᠯ ᠪᠥᠬᠦᠶ | ᠪᠠᠶᠢᠳᠠᠯ ᠳᠤ ᠬᠢᠨᠠᠨ ᠬᠡᠮᠵᠢᠯᠲᠡ ᠪᠠ ᠵᠠᠳᠠᠯᠤᠯᠲᠠ ᠬᠢᠵᠦ᠂ ᠲᠦᠭᠰᠢᠭᠦᠷᠢ ᠶᠢᠨ ᠰᠠᠨᠠᠭᠤᠯᠤᠮᠵᠢ ᠶᠢ ᠴᠢᠩᠭᠠᠳᠬᠠᠬᠤ ᠶᠢᠨ | ᠬᠠᠮᠲᠤ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢᠭᠡᠳᠦᠯᠲᠡᠶ ᠵᠠᠭᠠᠯᠳᠤᠬᠤ᠂ | ᠢᠯᠡᠴᠢᠯᠡᠨ ᠮᠡᠳᠡᠭᠦᠯᠬᠦ ᠤᠲᠠᠰᠤ ᠪᠤᠶᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ | ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠯᠦᠭᠡ | ᠬᠤᠯᠪᠣᠭᠳᠠᠬᠤ ᠵᠠᠭᠠᠯᠳᠤᠯᠭ᠎ᠠ᠂ ᠢᠯᠡᠴᠢᠯᠡᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠵᠠᠭᠠᠯᠳᠤᠯᠭ᠎ᠠ᠂ | ᠢᠯᠡᠴᠢᠯᠡᠯᠲᠡ ᠶᠢ ᠣᠯᠤᠭᠰᠠᠨ ᠤ ᠳᠠᠷᠠᠭ᠎ᠠ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ ᠪᠥᠭᠡᠳ ᠰᠢᠢᠳᠪᠦᠷᠢᠯᠡᠭᠰᠡᠨ | ᠦᠷ᠎ᠡ ᠳ᠋ᠦᠩ ᠢᠶᠠᠨ ᠵᠠᠭᠠᠯᠳᠤᠭᠴᠢ᠂ ᠢᠯᠡᠴᠢᠯᠡᠭᠴᠢ ᠳᠤ ᠮᠡᠳᠡᠭᠳᠡᠬᠦ ᠬᠡᠷᠡᠭᠲᠡᠶ᠃ | ᠶᠢᠰᠦ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠬᠠᠤᠯᠢ ᠴᠠᠭᠠᠵᠠ ᠶᠢᠨ | ᠴᠠᠭᠠᠵᠠᠯᠠᠬᠤ ᠦᠢᠯᠡ ᠠᠵᠢᠯᠯᠠᠭ᠎ᠠ ᠪᠠ ᠵᠣᠬᠢᠴᠠᠩᠭᠤᠶ ᠰᠢᠳᠬᠡᠬᠦ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃ ︽ | ᠳᠦᠷᠢᠮ︾ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ ᠪᠡᠯᠡᠳᠬᠡᠮᠵᠢ ᠶᠢ ᠲᠣᠭᠲᠠᠭᠠᠯ | ᠶᠣᠰᠣᠭᠠᠷ ᠪᠠᠶᠢᠭᠤᠯᠤᠭᠰᠠᠨ ᠦᠭᠡᠶ ᠪᠥᠭᠡᠳ ᠲᠤᠰᠢᠶᠠᠨ ᠥᠭᠴᠦ ᠬᠡᠷᠡᠭᠯᠡᠭᠦᠯᠦᠭᠰᠡᠨ ᠦᠭᠡᠶ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠯᠲᠡ ᠶᠢᠨ ᠰᠢᠨᠵᠢ ᠴᠢᠨᠠᠷ ᠢ ᠳᠤᠷ᠎ᠠ ᠪᠠᠷ ᠢᠶᠠᠨ | ᠥᠭᠡᠷᠡᠴᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠡᠵᠡᠯᠡᠭᠰᠡᠨ᠂ | ᠬᠤᠬᠢᠷᠠᠭᠤᠯᠤᠭᠰᠠᠨ ᠪᠤᠶᠤ ᠳᠤᠷ᠎ᠠ ᠪᠠᠷ ᠢᠶᠠᠨ ᠨᠤᠷᠠᠭᠠᠭᠰᠠᠨ ᠵᠡᠷᠭᠡ ᠪᠠᠶᠢᠳᠠᠯ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠢᠯᠲᠠᠨ ᠨᠠᠰᠤᠲᠠᠨ ᠢ ᠬᠠᠷᠢᠶᠠᠭᠰᠠᠨ᠂ ᠳᠣᠷᠣᠮᠵᠢᠯᠠᠭᠰᠠᠨ᠂ ᠬᠠᠯᠠ ᠦᠵᠡᠭᠦᠯᠦᠭᠰᠡᠨ᠂ | ᠵᠣᠳᠣᠭᠰᠠᠨ᠂ ᠨᠠᠰᠤᠲᠠᠨ ᠤ ᠡᠳ᠋ ᠬᠤᠭᠰᠢᠯ ᠢ ᠬᠤᠯᠠᠭᠠᠶᠢᠯᠠᠭᠰᠠᠨ᠂ ᠮᠡᠬᠡᠯᠡᠨ ᠠᠪᠤᠭᠰᠠᠨ᠂ ᠠᠯᠪᠠᠳᠠᠯᠭ᠎ᠠ ᠪᠠᠷ ᠬᠢᠬᠠᠨ | ᠠᠪᠤᠭᠰᠠᠨ ᠪᠤᠶᠤ ᠵᠣᠷᠢᠭᠤᠳᠠ ᠡᠪᠳᠡᠨ ᠰᠦᠢᠳᠬᠡᠭᠰᠡᠨ᠂ ᠦᠢᠯᠡᠴᠢᠯᠡᠭᠡᠨ ᠤ ᠠᠵᠢᠯᠯᠠᠭ᠎ᠠ ᠳᠤᠮᠳᠠ ᠣᠯᠵᠤ ᠮᠡᠳᠡᠭᠰᠡᠨ | ᠨᠠᠰᠤᠲᠠᠶᠢᠴᠤᠳ ᠤᠨ ᠬᠤᠪᠢ ᠶᠢᠨ ᠨᠢᠭᠤᠴᠠ ᠶᠢ ᠵᠠᠳᠠᠷᠠᠭᠤᠯᠤᠭᠰᠠᠨ ᠵᠡᠷᠭᠡ ᠦᠢᠯᠡ ᠠᠵᠢᠯᠯᠠᠭ᠎ᠠ ᠵᠢᠴᠢ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠠᠰᠠᠷᠠᠮᠵᠢ ᠶᠢᠨ ᠬᠦᠷᠢᠶᠡᠯᠡᠩ ᠳᠤ ᠰᠠᠭᠤᠬᠤ ᠳᠤ ᠲᠣᠭᠲᠠᠭᠠᠯ ᠶᠣᠰᠣᠭᠠᠷ ᠦᠨᠡᠯᠡᠨ | ᠵᠢᠱᠢᠯᠲᠡ ᠬᠢᠭᠰᠡᠨ ᠦᠭᠡᠶ᠂ ᠰᠠᠭᠤᠵᠤ ᠪᠠᠶᠢᠭ᠎ᠠ ᠨᠠᠰᠤᠲᠠᠨ ᠪᠤᠶᠤ ᠲᠡᠭᠦᠨ ᠤ ᠣᠷᠣᠯᠠᠭᠴᠢ ᠲᠠᠢ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠵᠥᠪᠳᠡᠯᠴᠡᠭᠡᠷ ᠲᠣᠭᠲᠠᠭᠰᠠᠨ ᠦᠭᠡᠶ᠂ ᠲᠣᠭᠲᠠᠭᠠᠭᠰᠠᠨ ᠪᠠᠷᠢᠮᠵᠢᠶ᠎ᠠ ᠪᠤᠶᠤ | ᠵᠢᠷᠤᠮᠵᠢᠯ ᠶᠣᠰᠣᠭᠠᠷ ᠦᠢᠯᠡᠴᠢᠯᠡᠭᠡ ᠬᠠᠩᠭᠠᠭᠰᠠᠨ ᠦᠭᠡᠶ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠡᠯᠡᠳᠬᠡᠮᠵᠢ ᠶᠢ ᠠᠰᠢᠭᠯᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠣᠷᠢᠯᠲᠠ ᠲᠠᠢ ᠬᠤᠯᠪᠣᠭᠳᠠᠯ ᠦᠭᠡᠶ | ᠠᠵᠢᠯᠯᠠᠭ᠎ᠠ ᠥᠷᠨᠢᠭᠦᠯᠦᠭᠰᠡᠨ᠂ ᠦᠢᠯᠡᠴᠢᠯᠡᠭᠡ ᠪᠠᠨ ᠲᠦᠷ ᠵᠣᠭᠰᠣᠭᠠᠬᠤ ᠪᠤᠶᠤ ᠪᠦᠷᠢᠮᠦᠰᠦᠨ ᠵᠣᠭᠰᠣᠭᠠᠬᠤ ᠳᠤ ᠪᠠᠨ | ᠰᠠᠭᠤᠵᠤ ᠪᠠᠶᠢᠭ᠎ᠠ ᠨᠠᠰᠤᠲᠠᠶᠢᠴᠤᠳ ᠢ ᠲᠣᠭᠲᠠᠭᠠᠯ ᠶᠣᠰᠣᠭᠠᠷ ᠲᠣᠬᠢᠲᠠᠶ ᠲᠥᠪᠬᠢᠨᠡᠭᠦᠯᠦᠭᠰᠡᠨ ᠦᠭᠡᠶ ᠵᠡᠷᠭᠡ | ᠪᠠᠶᠢᠳᠠᠯ ᠳᠤ ᠴᠥᠮ ᠵᠠᠯᠬᠠᠭᠠᠨ ᠴᠡᠭᠡᠷᠯᠡᠭᠦᠯᠬᠦ ᠪᠠ ᠰᠢᠳᠬᠡᠬᠦ ᠵᠣᠬᠢᠴᠠᠩᠭᠤᠶ ᠠᠷᠭ᠎ᠠ ᠬᠡᠮᠵᠢᠶ᠎ᠡ ᠶᠢ ᠲᠣᠳᠣᠷᠬᠠᠶ | ᠲᠣᠭᠲᠠᠭᠠᠭᠰᠠᠨ ᠪᠠᠶᠢᠨ᠎ᠠ᠃ | ᠲᠦᠷᠪᠡ᠂ ︽ᠲᠦᠷᠢᠮ︾ ᠢ ᠰᠤᠷᠤᠯᠴᠠᠵᠤ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠬᠡᠷᠬᠢᠨ ᠰᠠᠶᠢᠲᠤᠷ ᠬᠢᠬᠦ ᠪᠤᠢ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠦᠷᠢᠮ︾ ᠨᠢ ᠣᠷᠣᠨ ᠨᠤᠲᠤᠭ ᠤᠨ ᠨᠢᠭᠡᠨ ᠬᠠᠤᠯᠢ ᠲᠣᠭᠲᠠᠭᠠᠯᠲᠠ ᠪᠣᠯᠣᠭᠰᠠᠨ ᠤ ᠬᠤᠪᠢ ᠳᠤ᠂ | ᠨᠡᠶᠢᠲᠡᠯᠡᠭᠰᠡᠨ ᠤ ᠳᠠᠷᠠᠭ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠠᠬᠢᠭᠤᠯᠤᠨ᠎ᠠ᠃ | ᠨᠢᠭᠡ ᠳᠤ᠂ ︽ᠲᠦᠷᠢᠮ︾ ᠢ ᠰᠤᠷᠤᠯᠴᠠᠵᠤ ᠤᠬᠠᠭᠤᠯᠬᠤ ᠠᠵᠢᠯ ᠢ ᠥᠷᠭᠡᠨ ᠢᠶᠠᠷ ᠵᠣᠬᠢᠶᠠᠨ ᠪᠠᠶᠢᠭᠤᠯᠵᠤ | ᠥᠷᠨᠢᠭᠦᠯᠦᠨ᠎ᠡ᠃ ᠰᠣᠨᠢᠨ᠂ ᠷᠠᠳᠢᠣ᠋᠂ ᠲᠧᠯᠸᠢᠰ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠫᠣᠷᠲ᠋ᠧᠯ | ᠰᠦᠯᠵᠢᠶᠡᠨ ᠥᠷᠲᠡᠭᠡ᠂ ᠸᠢᠴᠠᠲ᠂ ᠪᠢᠴᠢᠯ ᠪᠯᠤᠭ᠂ Tik tok ᠵᠡᠷᠭᠡ ᠰᠦᠯᠵᠢᠶᠡᠨ ᠤ ᠵᠠᠭᠤᠴᠢᠯᠠᠭᠤᠷ ᠢ | ᠭᠦᠢᠴᠡᠳ ᠠᠰᠢᠭᠯᠠᠨ᠂ ᠪᠥᠬᠦ ᠠᠭᠤᠯᠭ᠎ᠠ ᠪᠠᠷ ᠨᠡᠪᠲᠡᠷᠡᠭᠦᠯᠬᠦ᠂ ᠨᠢᠭᠡ ᠠᠰᠠᠭᠤᠯᠲᠠ ᠶᠢ ᠨᠢᠭᠡ ᠬᠠᠷᠢᠭᠤᠯᠬᠤ᠂ ᠠᠬᠤᠶ | ᠪᠠᠶᠢᠳᠠᠯ ᠢ ᠳᠦᠷᠰᠦᠯᠡᠨ ᠦᠵᠡᠭᠦᠯᠬᠦ᠂ ᠭᠠᠷ ᠳᠡᠪᠲᠡᠷ ᠵᠣᠬᠢᠶᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ | ᠵᠡᠷᠭᠡ ᠣᠯᠠᠨ ᠵᠦᠢᠯ ᠤᠨ ᠬᠡᠯᠪᠡᠷᠢ ᠪᠠᠷ ︽ᠲᠦᠷᠢᠮ︾ ᠢ ᠤᠬᠠᠭᠤᠯᠵᠤ᠂ ︽ᠲᠦᠷᠢᠮ︾ ᠤᠨ ᠠᠭᠤᠯᠭ᠎ᠠ ᠶᠢ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ︽ᠲᠦᠷᠢᠮ︾ ᠢ ᠣᠶᠢᠯᠠᠭᠠᠬᠤ ᠬᠡᠮᠵᠢᠶ᠎ᠡ ᠶᠢ ᠴᠢᠷᠮᠠᠶᠢᠨ | ᠳᠡᠭᠡᠭᠰᠢᠯᠡᠭᠦᠯᠦᠨ᠎ᠡ᠃ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠨᠢ ︽ᠲᠦᠷᠢᠮ︾ ᠤᠨ ᠲᠤᠰᠬᠠᠶ | ᠰᠡᠳᠦᠪᠲᠦ ᠰᠤᠷᠤᠯᠴᠠᠯᠭ᠎ᠠ ᠶᠢ ᠥᠷᠨᠢᠭᠦᠯᠵᠦ᠂ ᠠᠷᠠᠳ ᠤᠨ ᠶᠠᠪᠤᠳᠠᠯ ᠤᠨ ᠺᠠᠳ᠋ᠷ ᠠᠵᠢᠯᠲᠠᠨ ᠠᠵᠢᠯᠴᠢᠨ ᠤ ︽ | ᠲᠦᠷᠢᠮ︾ ᠤᠨ ᠪᠣᠳᠠᠲᠠᠶ ᠠᠭᠤᠯᠭ᠎ᠠ ᠶᠢ ᠭᠦᠢᠴᠡᠳ ᠣᠶᠢᠯᠠᠭᠠᠨ ᠡᠵᠡᠮᠰᠢᠬᠦ ᠶᠢ ᠦᠨᠡᠨ ᠬᠦ ᠪᠠᠲᠤᠯᠠᠵᠤ᠂ ᠠᠵᠢᠯ ᠤᠨ | ᠦᠢᠯᠡᠳᠦᠯᠭᠡ ᠳᠤᠮᠳᠠ ᠪᠦᠲᠦᠮᠵᠢᠲᠡᠶ ᠬᠡᠷᠡᠭᠯᠡᠬᠦ ᠪᠣᠯᠭᠠᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ | ᠬᠦᠷᠢᠶᠡᠯᠡᠩ᠂ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠵᠡᠷᠭᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠ | ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠵᠡᠷᠭᠡ ᠲᠠᠯᠠᠪᠤᠷ ᠭᠠᠵᠠᠷ ᠲᠤ ᠬᠠᠮᠢᠶᠠᠷᠤᠯᠲᠠ ᠪᠠ | ᠦᠢᠯᠡᠴᠢᠯᠡᠭᠡᠨ ᠤ ᠬᠥᠮᠦᠰ ᠵᠢᠴᠢ ᠨᠠᠰᠤᠲᠠᠶᠢᠴᠤᠳ ᠲᠤ ᠦᠢᠯᠡᠴᠢᠯᠡᠬᠦ ᠬᠦᠮᠦᠰ ᠢ ᠵᠣᠬᠢᠶᠠᠨ ᠪᠠᠶᠢᠭᠤᠯᠤᠨ ︽ᠲᠦᠷᠢᠮ | ︾ ᠤᠨ ᠬᠠᠮᠢᠶ᠎ᠠ ᠪᠥᠬᠦᠶ ᠠᠭᠤᠯᠭ᠎ᠠ ᠶᠢ ᠰᠤᠷᠤᠯᠴᠠᠨ ᠣᠶᠢᠯᠠᠭᠠᠭᠤᠯᠵᠤ᠂ ᠵᠠᠰᠠᠭ ᠤᠨ ᠣᠷᠳᠣᠨ᠂ ᠨᠡᠶᠢᠭᠡᠮ᠂ ᠬᠡᠷ | ᠪᠦᠯᠢ ᠵᠢᠴᠢ ᠨᠠᠰᠤᠲᠠᠶᠢᠴᠤᠳ ᠤᠨ ᠬᠤᠪᠢ ᠬᠥᠮᠦᠨ ᠤ ᠢᠳᠡᠪᠬᠢ ᠦᠢᠯᠡᠳᠦᠯ ᠢ ᠨᠢ ᠪᠠᠳᠠᠷᠠᠭᠤᠯᠤᠨ᠂ ︽ᠲᠦᠷᠢᠮ︾ | ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠤᠨ᠎ᠠ᠃ | ᠬᠤᠶᠠᠷ ᠲᠤ᠂ ︽ᠲᠦᠷᠢᠮ︾ ᠢ ᠲᠤᠭᠤᠰᠢᠯᠠᠭᠤᠯᠬᠤ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ | ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ᠂ ︽ᠲᠦᠷᠢᠮ︾ ᠳᠤ ᠲᠣᠭᠲᠠᠭᠠᠭᠰᠠᠨ ᠬᠠᠷᠠᠯᠲᠠᠲᠤ ᠡᠭᠦᠷᠭᠡ᠂ ᠠᠵᠢᠯ ᠤᠨ ᠠᠷᠭ᠎ᠠ | ᠬᠡᠮᠵᠢᠶ᠎ᠡ ᠪᠠ ᠬᠠᠷᠢᠭᠤᠴᠠᠯᠭᠠᠲᠤ ᠨᠢᠭᠡᠴᠢ ᠶᠢ ᠲᠣᠳᠣᠷᠬᠠᠶᠢᠯᠠᠵᠤ᠂ ᠨᠠᠰᠤᠵᠢᠯ ᠤᠨ ︽ᠲᠦᠷᠢᠮ︾ ᠤᠨ | ᠦᠢᠯᠡᠴᠢᠯᠡᠭᠡᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠦᠢᠯᠡᠳᠦᠯ ᠢ | ᠰᠠᠶᠢᠲᠤᠷ ᠪᠠᠳᠠᠷᠠᠭᠤᠯᠤᠨ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠠᠵᠢᠯ ᠤᠨ ᠨᠡᠶᠢᠯᠡᠮᠡᠯ | ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ︽ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠨᠢᠭᠡᠳᠦᠯᠲᠡᠶ | ᠲᠥᠯᠥᠪᠯᠡᠨ ᠠᠬᠢᠭᠤᠯᠤᠨ᠎ᠠ᠃ ᠡᠭᠦᠨ ᠤ ᠬᠠᠮᠲᠤ᠂ ᠡᠯ᠎ᠡ ᠠᠶᠢᠮᠠᠭ ᠬᠤᠲᠠ ᠳᠤ ︽ᠲᠦᠷᠢᠮ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠰᠠᠨᠠᠯ ᠪᠤᠶᠤ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠠᠵᠢᠯ ᠤᠨ | ᠬᠠᠷᠠᠯᠲᠠ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠬᠡᠮᠵᠢᠶᠡᠵᠢᠭᠦᠯᠵᠦ᠂ | ︽ᠲᠦᠷᠢᠮ︾ ᠢ ᠦᠨᠳᠦᠰᠦᠨ ᠱᠠᠲᠤᠨ ᠳᠤ ᠭᠦᠢᠴᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ ᠭᠡᠵᠦ ᠱᠠᠭᠠᠷᠳᠠᠨ᠎ᠠ᠃ | ᠭᠤᠷᠪᠠ ᠳᠤ᠂ ᠢᠵᠢ ᠪᠦᠷᠢᠳᠦᠯ ᠤᠨ ᠲᠦᠷᠢᠮ ᠳᠤ ᠵᠠᠰᠠᠪᠤᠷᠢ ᠣᠷᠣᠭᠤᠯᠤᠨ ᠪᠦᠷᠢᠨᠰᠢᠭᠦᠯᠦᠨ᠎ᠡ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ | ᠢᠵᠢ ᠪᠦᠷᠢᠳᠦᠯ ᠤᠨ ᠲᠦᠷᠢᠮ ᠢ ᠬᠢᠨᠠᠮᠠᠭᠠᠶ ᠡᠮᠬᠢᠯᠡᠨ ᠳᠢᠭᠯᠡᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ | ᠪᠣᠳᠣᠯᠭ᠎ᠠ ᠶᠢᠨ ᠲᠦᠷᠢᠮ ᠳᠠᠬᠢ ︽ᠲᠦᠷᠢᠮ︾ ᠲᠠᠢ ᠵᠦᠷᠢᠶᠡᠨ ᠲᠠᠢ ᠪᠠᠶᠢᠬᠤ ᠵᠦᠢᠯ ᠢ ᠴᠠᠭ ᠲᠤᠬᠠᠶ ᠳᠤ ᠨᠢ | ᠢᠯᠭᠠᠷᠠᠭᠤᠯᠤᠨ ᠳᠢᠭᠯᠡᠵᠦ ᠬᠦᠴᠦᠨ ᠥᠬᠡᠶ ᠪᠣᠯᠭᠠᠬᠤ ᠪᠤᠶᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠤᠨ᠎ᠠ︔ | ︽ᠲᠦᠷᠢᠮ︾ ᠳᠤ ᠱᠠᠭᠠᠷᠳᠠᠭᠰᠠᠨ ᠣᠷᠳᠣ ᠬᠤᠭᠤᠴᠠᠭ᠎ᠠ ᠪᠠᠷ ᠬᠠᠷᠠᠭᠠᠯᠵᠠᠯ ᠢ ᠪᠠᠲᠤᠯᠠᠬᠤ᠂ ᠣᠨᠴᠠᠭᠠᠶ ᠬᠦᠴᠢᠷᠳᠡᠯᠲᠡᠶ | ᠬᠦᠮᠦᠰ ᠢ ᠰᠤᠷᠪᠤᠯᠵᠢᠯᠠᠬᠤ᠂ ᠨᠠᠰᠤᠲᠠᠶᠢᠴᠤᠳ ᠤᠨ ᠶᠡᠷᠦᠩᠬᠡᠶᠢᠯᠡᠭᠰᠡᠨ ᠴᠢᠳᠠᠪᠤᠷᠢ ᠶᠢ ᠦᠨᠡᠯᠡᠨ ᠵᠢᠱᠢᠬᠦ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠪᠠ ᠦᠢᠯᠡᠴᠢᠯᠡᠭᠡᠨ ᠤ | ᠶᠠᠰᠤ ᠴᠢᠨᠠᠷ ᠢ ᠬᠢᠨᠠᠨ ᠬᠡᠮᠵᠢᠬᠦ ᠵᠡᠷᠭᠡ ᠢᠵᠢ ᠪᠥᠷᠢᠳᠦᠭᠦᠯᠬᠦ ᠲᠦᠷᠢᠮ ᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠱᠠᠯᠠᠪᠳᠠᠨ ᠵᠣᠬᠢᠴᠠᠭᠤᠯᠵᠤ ᠪᠠᠶᠢᠭᠠᠳ ᠰᠤᠳᠤᠯᠤᠨ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠪᠠᠯᠠᠢ ᠣᠷᠣᠨ ᠪᠠ | ᠬᠤᠭᠤᠰᠣᠨ ᠭᠠᠵᠠᠷ ᠢ ᠨᠥᠬᠦᠪᠦᠷᠢᠯᠡᠨ᠎ᠡ᠃ ᠡᠭᠦᠨ ᠤ ᠬᠠᠮᠲᠤ᠂ ᠨᠠᠰᠤᠵᠢᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠪᠠᠷᠢᠮᠵᠢᠶ᠎ᠠ ᠶᠢ | ᠦᠨᠳᠦᠰᠦᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ᠂ ᠬᠡᠷ | ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠠᠰᠤᠲᠠᠶᠢᠴᠤᠳ ᠤᠨ | ᠦᠢᠯᠡᠳᠬᠦᠨ ᠬᠡᠷᠡᠭᠯᠡᠬᠦᠨ ᠵᠡᠷᠭᠡ ᠲᠠᠯ᠎ᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠦᠷᠭᠡᠬᠡᠨ ᠲᠣᠭᠲᠠᠭᠠᠵᠤ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠠᠵᠢᠯ ᠲᠥᠷᠥᠯ ᠤᠨ ᠬᠠᠮᠢᠶᠠᠷᠤᠯᠲᠠ ᠪᠠ | ᠡᠵᠡᠩᠨᠡᠯᠲᠡ ᠶᠢᠨ ᠦᠢᠯᠡᠴᠢᠯᠡᠭᠡᠨ ᠤ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠳᠤ ᠵᠣᠬᠢᠴᠠᠭᠤᠯᠤᠨ ᠳᠡᠭᠡᠭᠰᠢᠯᠡᠭᠦᠯᠬᠦ ᠶᠢ | ᠠᠬᠢᠭᠤᠯᠤᠨ᠎ᠠ᠃ | ᠲᠦᠷᠪᠡ ᠳᠤ᠂ ︽ᠲᠦᠷᠢᠮ︾ ᠪᠠ ᠬᠤᠯᠪᠣᠭᠳᠠᠯ ᠪᠦᠬᠦᠢ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ | ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︽︿ᠠᠷᠪᠠᠨ ᠳᠥᠷᠪᠡᠳᠦᠭᠡᠷ ᠲᠠᠪᠤᠨ ᠵᠢᠯ﹀ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢ | ᠲᠣᠭᠲᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ | ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠵᠢᠯᠣᠭᠤᠳᠬᠤ | ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠥᠭᠵᠢᠯᠲᠡ ᠶᠢᠨ ᠬᠠᠷᠠᠯᠲᠠ᠂ ᠭᠤᠤᠯ ᠡᠭᠦᠷᠭᠡ ᠪᠠ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃ ᠪᠢᠳᠡ ︽ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠪᠠ ᠬᠠᠮᠢᠶ᠎ᠠ ᠪᠦᠬᠦᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ︽ᠳᠦᠷᠢᠮ︾ ᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢᠨ ᠴᠢᠬᠤᠯᠠ ᠬᠠᠤᠯᠢ ᠴᠠᠭᠠᠵᠠ ᠶᠢᠨ ᠵᠢᠷᠤᠮᠯᠠᠯ ᠪᠣᠯᠭᠠᠵᠤ᠂ ᠬᠤᠯᠪᠣᠭᠳᠠᠯ ᠪᠥᠬᠦᠶ | ᠲᠥᠯᠥᠪᠵᠢᠭᠦᠯᠭᠡ ᠶᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠬᠡᠷᠡᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ᠬᠠᠷᠠᠯᠲᠠ ᠪᠠᠨ ᠨᠢᠭᠡᠳᠬᠡᠵᠦ᠂ ᠠᠷᠭ᠎ᠠ ᠵᠠᠮ ᠢᠶᠠᠨ ᠨᠢᠭᠡᠳᠬᠡᠵᠦ᠂ | ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠬᠤ ᠶᠢ ᠪᠠᠷᠢᠮᠲᠠᠯᠠᠨ᠂ ᠱᠠᠲᠤ ᠦᠶ᠎ᠡ ᠶᠢᠨ | ᠴᠢᠨᠠᠷᠲᠠᠶ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠪᠠᠷ ᠪᠠᠷᠠᠬᠤ ᠥᠬᠡᠶ ᠪᠠᠰᠠ ᠠᠯᠤᠰ ᠬᠡᠲᠦ ᠶᠢ ᠪᠠᠲᠤᠯᠠᠬᠤ ᠪᠠᠶᠢᠭᠤᠯᠤᠯ | ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠣᠭᠲᠠᠴᠯᠠᠭᠠ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠤᠨ᠎ᠠ᠃ | ᠲᠠᠪᠤ ᠳᠤ᠂ ︽ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ | ᠬᠢᠨᠠᠯᠲᠠ ᠪᠠᠶᠢᠴᠠᠭᠠᠯᠲᠠ ᠶᠢ ᠴᠠᠭ ᠲᠤ ᠨᠢ ᠲᠣᠬᠢᠷᠠᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠬᠢᠷᠠᠭᠤᠯᠤᠯᠲᠠ ᠶᠣᠰᠣᠭᠠᠷ ︽ᠳᠦᠷᠢᠮ | ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢᠨ | ᠠᠵᠢᠯ ᠢ ᠴᠠᠭ ᠲᠤ ᠨᠢ ᠲᠣᠬᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠪᠠᠶᠢᠳᠠᠯ ᠳᠤ | ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ︽ᠳᠦᠷᠢᠮ︾ ᠢ ᠦᠨᠳᠦᠰᠦᠨ ᠱᠠᠲᠤᠨ ᠳᠤ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠣᠨᠣᠪᠴᠢᠲᠠᠶ ᠡᠵᠡᠮᠰᠢᠬᠦ ᠶᠢᠨ ᠬᠠᠮᠲᠤ ᠪᠦᠬᠦ | ᠲᠠᠯ᠎ᠠ ᠶᠢᠨ ᠦᠨᠡᠯᠡᠯᠲᠡ ᠬᠢᠵᠦ᠂ ︽ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ | ᠣᠯᠤᠭᠰᠠᠨ ᠠᠵᠢᠯ ᠤᠨ ᠦᠷ᠎ᠡ ᠪᠦᠲᠦᠮᠵᠢ ᠪᠠ ᠰᠠᠶᠢᠨ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠶ ᠳᠤ ᠨᠢ | ᠳ᠋ᠦᠩᠨᠡᠵᠦ᠂ ︽ᠲᠦᠷᠢᠮ︾ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠵᠢᠴᠢ | ᠰᠢᠯᠲᠠᠭᠠᠨ ᠢ ᠨᠠᠷᠢᠨ ᠬᠢᠨᠠᠮᠠᠭᠠᠶ ᠵᠠᠳᠠᠯᠤᠨ ᠰᠤᠳᠤᠯᠵᠤ ᠮᠠᠭᠠᠳᠯᠠᠭᠠᠳ᠂ ᠠᠵᠢᠯ ᠢᠶᠠᠨ ᠤᠯᠠᠮ ᠨᠢᠭᠡ ᠠᠯᠬᠤᠮ | ᠴᠢᠩᠭᠠᠳᠬᠠᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠴᠤ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠳᠤ | ᠲᠤᠰᠢᠶᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠭᠤᠯᠤᠨ᠎ᠠ᠃ |