| | 11 ᠰᠠᠷ᠎ᠠ ᠶᠢᠨ 27 ᠤ ᠦᠳᠡ ᠶᠢᠨ ᠬᠤᠶᠢᠨ᠎ᠠ ᠠᠴᠠ 28 ᠤ ᠡᠳᠦᠷ ᠪᠣᠯᠲᠠᠯ᠎ᠠ᠂ ᠮᠧᠩ ᠹᠠᠨ ᠯᠢ᠂ ᠯᠢᠦ | ᠱᠤᠸᠠᠩ᠂ ᠶᠠᠩ ᠸᠧᠢ ᠳ᠋ᠦᠩ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠪᠣᠤ ᠭᠠᠩ᠂ ᠵᠧᠩ ᠬᠤᠩ ᠹᠠᠨ᠂ ᠮᠠ | ᠴᠢᠩ ᠯᠧᠢ᠂ ᠮᠧᠩ ᠰᠢᠶᠠᠨ ᠳ᠋ᠦᠩ ᠦᠪᠡᠷ ᠦᠪᠡᠷ ᠤᠨ ᠪᠠᠶᠢᠭ᠎ᠠ ᠲᠥᠯᠥᠭᠡᠯᠡᠭᠴᠢᠳ ᠤᠨ ᠪᠦᠯᠬᠦᠮ ᠤᠨ ᠢᠶᠠᠨ | ᠲᠥᠯᠥᠭᠡᠯᠡᠭᠴᠢᠳ ᠲᠠᠢ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ | ᠬᠤᠷᠢᠶᠠᠨ ᠤ ᠢᠯᠡᠳᠬᠡᠯ ᠪᠠ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠪᠡ᠃ | ᠮᠧᠩ ᠹᠠᠨ ᠯᠢ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠢᠯᠡᠳᠭᠡᠯ ᠤᠨ ᠤᠳᠭ᠋᠎ᠠ ᠭᠦᠨ᠂ ᠬᠠᠷᠠᠭᠠᠰᠤ ᠥᠷᠭᠡᠨ᠂ ᠠᠭᠤᠯᠤᠭᠳᠠᠬᠤᠨ ᠪᠠᠶᠠᠯᠢᠭ ᠪᠠᠶᠢᠵᠤ᠂ ᠢᠯᠡ | ᠲᠣᠳᠣ ᠤᠯᠤᠰ ᠲᠦᠷᠦᠴᠢ ᠴᠢᠨᠠᠷ᠂ ᠶᠡᠭᠡ ᠲᠠᠯ᠎ᠠ ᠶᠢᠨ ᠦᠵᠡᠯᠲᠡ᠂ ᠠᠷᠠᠳᠴᠢ ᠴᠢᠨᠠᠷ᠂ ᠴᠠᠭ ᠦᠶᠡᠴᠢ ᠴᠢᠨᠠᠷ | ᠪᠣᠯᠤᠨ ᠬᠤᠷᠴᠠ ᠴᠢᠩᠭ᠎ᠠ ᠲᠡᠦᠬᠡ ᠶᠢᠨ ᠬᠠᠷᠢᠭᠤᠴᠠᠯᠭᠠᠲᠤ ᠰᠡᠳᠭᠢᠯᠭᠡ ᠶᠢ ᠢᠯᠡᠷᠡᠭᠦᠯᠦᠭᠰᠡᠨ ᠨᠢᠭᠡᠨ | ᠭᠤᠣᠯᠯᠠᠭᠴᠢ ᠪᠠᠨ ᠬᠠᠮᠠᠭᠠᠯᠠᠵᠤ᠂ ᠤᠭ ᠰᠠᠨᠠᠭ᠎ᠠ ᠪᠠᠨ ᠦᠯᠦ ᠮᠠᠷᠲᠠᠨ᠂ ᠬᠥᠮᠦᠰ ᠤᠨ ᠰᠡᠳᠬᠢᠯ ᠢ ᠤᠷᠮᠠᠰᠢᠭᠤᠯᠵᠤ | ᠵᠣᠷᠢᠭᠵᠢᠭᠤᠯᠤᠭᠰᠠᠨ ᠰᠠᠶᠢᠨ ᠢᠯᠡᠳᠭᠡᠯ ᠪᠣᠯᠤᠨ᠎ᠠ᠃ ᠪᠤᠭᠤᠲᠤ ᠬᠤᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠤᠨ᠂ ᠴᠢᠨᠠᠷ | ᠰᠠᠶᠢᠳᠠᠢ ᠠᠮᠢᠳᠤᠷᠠᠯ ᠢ ᠢᠳᠡᠪᠬᠢᠲᠡᠢ ᠡᠭᠦᠳᠴᠦ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ | ᠂ ᠥᠨᠳᠥᠷ ᠪᠦᠲᠦᠮᠵᠢᠲᠡᠢ ᠵᠠᠰᠠᠯᠲᠠ ᠶᠢ ᠲᠦᠷᠭᠡᠳᠭᠡᠨ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠳᠤ ᠣᠳᠣᠬᠢᠴᠢᠯᠠᠭᠰᠠᠨ ᠰᠢᠨ᠎ᠡ ᠪᠤᠭᠤᠲᠤ ᠶᠢ ᠪᠦᠬᠦ ᠬᠦᠴᠦᠨ ᠢᠶᠠᠷ ᠢᠶᠠᠨ | ᠪᠦᠲᠦᠭᠡᠨ ᠪᠠᠶᠢᠭᠤᠯᠵᠤ᠂ ᠪᠦᠬᠦ ᠣᠷᠣᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠴᠢᠳᠠᠯ ᠢᠶᠠᠨ ᠨᠠᠮᠠᠷᠢᠯᠡᠨ᠎ᠠ ᠭᠡᠵᠤ ᠭᠡᠯᠡᠪᠠ᠃ | ᠯᠢᠦ ᠱᠤᠸᠠᠩ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠢᠯᠡᠳᠭᠡᠯ ᠨᠢ ᠲᠤᠭ ᠢ ᠥᠨᠳᠥᠷ ᠮᠠᠨᠳᠤᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠡᠭᠦᠷᠭᠡ | ᠬᠠᠷᠢᠭᠤᠴᠠᠯᠭ᠎ᠠ ᠶᠢ ᠵᠣᠷᠢᠭᠲᠠᠢ ᠡᠬᠦᠷᠭᠡᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠬᠥᠮᠦᠰ ᠤᠨ ᠰᠡᠳᠭᠢᠯ ᠢ | ᠤᠷᠮᠠᠰᠢᠭᠤᠯᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠭᠰᠠᠨ ᠮᠠᠰᠢ ᠰᠠᠶᠢᠨ ᠤᠯᠤᠰ ᠲᠥᠷᠥ ᠶᠢᠨ | ᠢᠯᠡᠳᠭᠡᠯ ᠪᠠᠶᠢᠵᠤ᠂ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠵᠢᠷᠤᠭ ᠲᠦᠰᠦᠪ ᠢ ᠵᠢᠷᠤᠭᠯᠠᠪᠠ᠃ | ᠢᠯᠡᠳᠭᠡᠯ ᠨᠢ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ᠂ ᠵᠢᠯᠣᠭᠤᠳᠬᠤ | ᠴᠢᠨᠠᠷ ᠢᠶᠠᠷ ᠮᠠᠰᠢ ᠴᠢᠩᠭ᠎ᠠ ᠪᠠᠶᠢᠵᠤ᠂ ᠮᠠᠰᠢ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠳᠤᠯ | ᠳᠠᠮᠵᠢᠭᠤᠯᠵᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠡᠷᠡᠰ ᠦᠢᠯᠡᠳᠦᠯᠭᠡᠵᠢᠭᠦᠯᠬᠦ ᠶᠢᠨ ᠳᠠᠭᠤᠷᠢᠶᠠᠯ | ᠪᠣᠯᠤᠭᠰᠠᠨ ᠪᠠᠶᠢᠨ᠎ᠠ᠃ ᠢᠯᠡᠳᠭᠡᠯ ᠨᠢ ᠡᠷᠡᠮᠠᠭᠡᠶᠢᠯᠡᠨ ᠤᠷᠤᠭᠰᠢᠯᠠᠬᠤ ᠴᠢᠭᠯᠡᠯ ᠪᠠ ᠪᠡᠶᠡᠯᠡᠭᠦᠯᠬᠦ ᠠᠷᠭ᠎ᠠ ᠵᠠᠮ ᠢ | ᠲᠣᠳᠣᠷᠬᠠᠢ ᠵᠢᠭᠠᠵᠦ ᠦᠭᠬᠦᠭᠰᠡᠨ ᠮᠥᠷᠲᠡᠭᠡᠨ ᠪᠢᠳᠡᠨ ᠤ ᠦᠵᠡᠯ ᠰᠠᠨᠠᠭ᠎ᠠ ᠪᠠ ᠠᠵᠢᠯ ᠤᠨ ᠳᠤᠮᠳᠠᠬᠢ ᠮᠠᠰᠢ ᠣᠯᠠᠨ | ᠲᠥᠭᠡᠷᠢᠭᠳᠡᠯ ᠢ ᠠᠷᠢᠯᠭᠠᠭᠰᠠᠨ ᠪᠠᠶᠢᠨ᠎ᠠ᠃ ᠢᠯᠡᠳᠭᠡᠯ ᠨᠢ ︽ᠭᠤᠷᠪᠠᠨ ᠤᠬᠳᠤ ᠪᠤᠯᠬᠤ ᠦᠭᠡᠢ︾ ᠪᠠᠷ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃ ᠡᠨᠡ ᠪᠣᠯ ᠤᠯᠤᠰ | ᠲᠥᠷᠥ ᠶᠢᠨ ᠱᠠᠭᠠᠷᠳᠠᠯᠭ᠎ᠠ᠂ ᠤᠯᠤᠰ ᠲᠥᠷᠥ ᠶᠢᠨ ᠤᠯᠠᠭᠠᠨ ᠱᠤᠭᠤᠮ ᠮᠥᠨ᠃ ᠢᠯᠡᠳᠭᠡᠯ ᠨᠢ ︽ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠥᠷᠢᠴᠡᠯ | ᠭᠠᠷᠬᠤ ᠳᠤ ᠬᠦᠷᠪᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠥᠴᠦᠬᠡᠨ ᠴᠦ ᠲᠠᠲᠠᠭᠠᠯᠵᠠᠯ | ᠥᠬᠡᠢ ᠪᠠᠷ ᠲᠡᠷᠢᠭᠦᠨ ᠳᠤ ᠲᠠᠯᠪᠢᠬᠤ ᠬᠡᠷᠡᠭᠲᠡᠢ︾ ᠵᠢᠴᠢ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ | ᠬᠥᠭᠵᠢᠭᠦᠯᠬᠦ ᠶᠢ ᠲᠦᠷᠭᠡᠳᠭᠡᠬᠦ ᠲᠠᠯ᠎ᠠ ᠪᠠᠷ ᠳᠤᠷᠠᠳᠤᠭᠰᠠᠨ ︽ᠲᠠᠪᠤᠨ ᠡᠷᠬᠡᠪᠰᠢ︾ ᠱᠠᠭᠠᠷᠳᠠᠯᠭ᠎ᠠ ᠨᠢ ᠤᠯᠠᠭᠠᠨ | ᠱᠤᠭᠤᠮ ᠢ ᠦᠨᠳᠦᠰᠦᠨ ᠠᠴᠠ ᠨᠢ ᠲᠣᠳᠣᠷᠬᠠᠢ ᠲᠤᠭᠳᠠᠭᠠᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠢᠳᠡᠭᠡᠯ ᠵᠤᠷᠢᠭ ᠢ ᠭᠦᠢᠴᠡᠳ ᠢᠯᠡᠷᠡᠭᠦᠯᠵᠡᠢ᠃ ᠡᠬᠦᠨ ᠢ ᠪᠢᠳᠡ ᠡᠷᠡᠰ ᠪᠠᠳᠤ ᠬᠡᠷᠡᠭᠵᠢᠭᠦᠯᠵᠦ᠂ | ᠪᠣᠳᠠᠲᠠᠢ ᠳᠤ ᠨᠠᠶᠢᠳᠠᠪᠤᠷᠢᠵᠢᠭᠤᠯᠤᠨ᠂ ᠴᠥᠬᠦᠷᠡᠰᠢ ᠦᠭᠡᠢ ᠲᠡᠮᠡᠴᠡᠳᠡᠭ ᠯᠡ ᠶᠤᠮ ᠪᠣᠯ ᠥᠪᠥᠷ ᠮᠣᠩᠭᠤᠯ ᠤᠨ | ᠬᠥᠭᠵᠢᠯᠲᠡ ᠶᠢᠨ ᠴᠣ᠋ ᠰᠢᠨ᠎ᠡ ᠪᠠᠶᠢᠳᠠᠯ ᠢ ᠡᠭᠦᠳᠬᠦ ᠨᠢ ᠯᠠᠪᠲᠠᠢ ᠶᠤᠮ ᠭᠡᠵᠤ ᠭᠡᠯᠡᠪᠠ᠃ | ᠶᠠᠩ ᠸᠧᠢ ᠳ᠋ᠦᠩ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠱᠢ ᠲᠠᠢ ᠹᠧᠩ ᠨᠥᠬᠦᠷ ᠤᠨ ᠬᠢᠭᠰᠡᠨ | ᠢᠯᠡᠳᠭᠡᠯ ᠤᠨ ᠤᠳᠬ᠎ᠠ ᠬᠦᠨ᠂ ᠰᠡᠳᠭᠢᠴᠡ ᠲᠣᠳᠣᠷᠬᠠᠢ᠂ ᠠᠷᠭ᠎ᠠ ᠪᠣᠳᠠᠲᠠᠢ ᠪᠠᠶᠢᠵᠤ᠂ ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠬᠦ ᠤᠯᠤᠰ ᠲᠥᠷᠥ ᠶᠢᠨ ᠡᠭᠦᠷᠭᠡᠯᠡᠯ ᠢ | ᠢᠯᠡᠷᠡᠭᠦᠯᠵᠦ᠂ ᠤᠭ ᠰᠠᠨᠠᠭ᠎ᠠ ᠪᠠᠨ ᠦᠯᠦ ᠮᠠᠷᠲᠠᠨ᠂ ᠠᠷᠠᠳ ᠲᠦᠮᠡᠨ ᠢ ᠳᠡᠭᠡᠳᠦᠯᠡᠬᠦ ᠴᠢᠩ ᠦᠨᠡᠨᠴᠢ ᠬᠠᠶᠢᠷ᠎ᠠ | ᠰᠡᠳᠬᠢᠯᠭᠡ ᠠᠭᠤᠯᠤᠭᠳᠠᠵᠦ᠂ ᠰᠢᠨ᠎ᠡ ᠴᠠᠭ ᠦᠶ᠎ᠡ ᠳᠤ ᠡᠷᠡᠮᠡᠭᠡᠶᠢᠯᠡᠨ ᠤᠷᠤᠭᠰᠢᠯᠠᠬᠤ᠂ ᠰᠢᠨ᠎ᠡ ᠠᠶᠠᠨ ᠳᠤ | ᠡᠷᠡᠯᠬᠡᠭᠯᠡᠨ ᠲᠡᠮᠡᠴᠡᠬᠦ ᠴᠤᠭ ᠪᠠᠳᠠᠷᠠᠩᠭᠤᠢ ᠳᠦᠷᠰᠦ ᠪᠠᠶᠢᠳᠠᠯ ᠢ ᠢᠯᠡᠷᠡᠭᠦᠯᠵᠦ᠂ ᠲᠥᠪ ᠬᠤᠷᠢᠶᠠᠨ ᠤ ᠵᠣᠷᠢᠭ | ᠰᠠᠨᠠᠭ᠎ᠠ ᠲᠠᠢ ᠨᠡᠶᠢᠴᠡᠵᠦ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠡᠶᠢᠴᠡᠵᠦ᠂ ᠨᠠᠮ ᠤᠨ ᠭᠡᠰᠢᠭᠦᠨ ᠣᠯᠠᠨ | ᠲᠦᠮᠡᠨ ᠤ ᠬᠦᠰᠡᠯ ᠡᠷᠡᠮᠡᠯᠵᠡᠯ ᠲᠠᠢ ᠨᠡᠶᠢᠴᠡᠵᠦ᠂ ᠠᠯᠤᠰ ᠬᠡᠳᠦ ᠶᠢᠨ ᠵᠣᠭᠰᠣᠴᠠ ᠲᠠᠢ᠂ ᠠᠯᠤᠰ ᠬᠡᠳᠦ ᠶᠢᠨ | ᠬᠠᠷᠠᠯᠲᠠ ᠲᠠᠢ᠂ ᠡᠷᠴᠢ ᠵᠣᠷᠢᠭ ᠢ ᠬᠥᠪᠴᠢᠯᠡᠵᠦ᠂ ᠬᠥᠮᠦᠰ ᠢ ᠵᠤᠷᠢᠬᠵᠢᠭᠤᠯᠵᠤ ᠤᠷᠤᠭᠰᠢᠯᠠᠭᠤᠯᠤᠭᠰᠠᠨ ᠰᠠᠶᠢᠨ | ᠢᠯᠡᠳᠬᠡᠯ ᠪᠣᠯᠤᠨ᠎ᠠ᠃ ᠪᠦᠬᠦ ᠣᠷᠣᠨ ᠢᠶᠠᠷ ᠢᠶᠠᠨ ︽ᠲᠠᠪᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ︾ | ᠳᠤ ᠠᠩᠬᠠᠷᠤᠯ ᠢᠶᠠᠨ ᠬᠠᠨᠳᠤᠭᠤᠯᠤᠨ ᠬᠦᠴᠦᠨ ᠢᠶᠠᠨ ᠲᠥᠪᠯᠡᠷᠡᠭᠦᠯᠵᠦ᠂ ᠨᠡᠩ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠭᠦᠷᠭᠡᠯᠡᠨ᠂ ᠦᠵᠡᠯ ᠰᠠᠨᠠᠭ᠎ᠠ ᠣᠨᠣᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ | ᠤᠯᠤᠰ ᠲᠥᠷᠥ ᠶᠢᠨ ᠠᠮᠢ ᠠᠬᠤᠢ ᠶᠢ ᠦᠷᠭᠦᠯᠵᠢᠯᠡᠨ ᠰᠡᠷᠬᠦᠭᠡᠨ ᠴᠡᠪᠡᠷᠰᠢᠬᠦᠯᠵᠤ᠂ ᠰᠤᠷᠲᠠᠯ ᠴᠢᠬᠡᠴᠢ ᠣᠪᠣᠷ ᠲᠥᠪ | ᠤᠯᠤᠰ ᠲᠥᠷᠥ ᠶᠢᠨ ᠠᠮᠢ ᠠᠬᠤᠢ ᠪᠣᠯᠤᠨ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ | ᠲᠣᠭᠤᠷᠢᠨ ᠢ ᠬᠦᠴᠦᠯᠡᠨ ᠪᠣᠢ ᠪᠣᠯᠭᠠᠬᠤ ᠭᠡᠷᠡᠭᠳᠡᠢ ᠭᠡᠵᠤ ᠭᠡᠯᠡᠪᠠ᠃ | ᠵᠠᠩ ᠱᠤᠤ ᠴᠦᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠰᠢ ᠲᠠᠢ ᠹᠧᠩ ᠨᠥᠬᠦᠷ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢ ᠲᠦᠯᠦᠭᠡᠯᠡᠨ ᠬᠢᠭᠰᠡᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠤᠯᠤᠰ ᠲᠦᠷᠦᠴᠢ | ᠴᠢᠨᠠᠷ᠂ ᠴᠠᠭ ᠦᠶᠡᠴᠢ ᠴᠢᠨᠠᠷ᠂ ᠦᠢᠯᠡᠳᠦᠯᠭᠡᠲᠦ ᠴᠢᠨᠠᠷ ᠢᠶᠠᠷ ᠮᠠᠰᠢ ᠴᠢᠩᠭ᠎ᠠ ᠶᠤᠮ᠃ ᠡᠷᠭᠡᠪᠰᠢ ᠠᠮᠢ ᠠᠬᠤᠢ ᠶᠢ | ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠪᠦᠲᠦᠴᠡ ᠶᠢᠨ ᠲᠣᠬᠢᠷᠠᠭᠤᠯᠤᠯᠲᠠ ᠶᠢ | ᠠᠬᠢᠭᠤᠯᠬᠤ ᠲᠠᠯ᠎ᠠ ᠪᠠᠷ ᠠᠩᠬᠠᠷᠤᠯ ᠢᠶᠠᠨ ᠲᠦᠪᠯᠡᠷᠡᠬᠦᠯᠦᠨ ᠬᠦᠴᠦᠯᠡᠵᠦ᠂ ᠥᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠭᠦᠯᠬᠦ ᠲᠠᠯ᠎ᠠ ᠪᠠᠷ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠠᠷᠢᠮᠵᠢᠶᠠᠯᠠᠨ ᠬᠠᠷᠭᠤᠭᠤᠯᠵᠦ ᠦᠨᠳᠦᠷ | ᠪᠡᠷᠢᠮᠵᠢᠶ᠎ᠠ ᠲᠤᠭᠳᠠᠭᠠᠬᠤ ᠲᠠᠯ᠎ᠠ ᠪᠠᠷ ᠲᠡᠷᠢᠭᠦᠨ ᠤ ᠳᠠᠭᠤᠷᠢᠶᠠᠯ ᠪᠤᠯᠬᠤ ᠪᠠᠷ ᠴᠢᠷᠮᠠᠶᠢᠵᠤ᠂ ᠠᠵᠢᠯ ᠬᠢᠵᠦ ᠦᠢᠯᠡᠰ | ᠪᠣᠰᠬᠠᠬᠤ ᠨᠢᠭᠲᠠᠷᠠᠯ ᠤᠨ ᠬᠦᠴᠦᠨ᠂ ᠲᠦᠪᠯᠡᠷᠡᠩᠬᠦᠢ ᠬᠦᠴᠦᠨ᠂ ᠬᠥᠲᠥᠯᠦᠨ ᠳᠠᠭᠠᠭᠤᠯᠬᠤ ᠬᠦᠴᠦᠨ ᠢ | ᠴᠢᠩᠭᠠᠳᠬᠠᠬᠤ ᠬᠡᠷᠡᠭᠲᠡᠢ᠃ ᠦᠨᠡᠨ ᠢ ᠪᠡᠷᠢᠮᠲᠠᠯᠠᠨ ᠪᠣᠳᠠᠳᠠᠢ ᠶᠢ ᠡᠷᠬᠢᠮᠯᠡᠵᠦ᠂ ᠬᠦᠴᠦᠯᠡᠨ ᠴᠢᠷᠮᠠᠶᠢᠵᠦ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠢᠯᠡᠳᠭᠡᠯ ᠳᠤ ᠵᠢᠷᠤᠭᠯᠠᠭᠰᠠᠨ ᠠᠤᠭ᠎ᠠ ᠵᠢᠷᠤᠭ ᠲᠥᠰᠥᠪ ᠢ ᠰᠠᠶᠢᠳᠤᠷ | ᠪᠣᠳᠠᠲᠠᠶᠢᠵᠢᠭᠤᠯᠬᠤ ᠭᠡᠷᠡᠭᠳᠠᠢ ᠭᠡᠵᠤ ᠭᠡᠯᠡᠪᠠ᠃ | ᠳ᠋ᠤᠸᠠᠨ ᡁᠢ ᠴᠢᠶᠠᠩ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠢᠯᠡᠳᠭᠡᠯ ᠨᠢ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠠᠵᠤ᠂ ᠶᠡᠭᠡ ᠲᠠᠯ᠎ᠠ ᠳᠤ | ᠵᠣᠭᠰᠣᠨ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠠᠨ᠂ ᠪᠦᠬᠦ ᠲᠠᠯ᠎ᠠ ᠶᠢ ᠡᠵᠡᠮᠳᠡᠵᠤ ᠬᠥᠭᠵᠢᠯᠲᠡ ᠶᠢ ᠡᠷᠢᠯᠬᠢᠯᠡᠵᠤ᠂ | ᠠᠷᠠᠳ ᠲᠦᠮᠡᠨ ᠤ ᠰᠡᠳᠭᠢᠯ ᠳᠤ ᠬᠦᠨ ᠬᠠᠳᠠᠩᠰᠢᠨ᠂ ᠪᠢᠳᠡᠨ ᠤ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠳᠤ ︽ᠵᠠᠮ ᠱᠤᠭᠤᠮ ᠤᠨ ᠵᠢᠷᠤᠭᠯᠠᠯ︾ ᠪᠠ ︽ᠪᠠᠷᠢᠯᠭ᠎ᠠ ᠶᠢᠨ ᠵᠢᠷᠤᠭ ᠲᠦᠰᠦᠪ︾ | ᠬᠠᠩᠭᠠᠵᠠᠢ᠃ ᠡᠷᠭᠡᠪᠰᠢ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠤᠨ᠂ ᠠᠵᠢᠯ ᠦᠢᠯᠡᠰ ᠤᠨ ᠬᠥᠭᠵᠢᠯᠲᠡ ᠶᠢᠨ ᠤᠯᠤᠰ ᠲᠥᠷᠥ ᠶᠢᠨ ᠵᠥᠪ ᠴᠢᠭᠯᠡᠯ ᠢ ᠪᠠᠲᠤᠯᠠᠬᠤ | ᠬᠡᠷᠡᠭᠲᠡᠢ︔ ᠨᠢᠭᠡᠳᠦᠮᠡᠯ ᠹᠷᠣᠨᠲ ᠤᠨ ᠳᠠᠪᠠᠭᠤᠯᠢᠭ ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ | ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠶᠢ ᠲᠠᠰᠤᠷᠠᠯᠲᠠ ᠦᠭᠡᠢ ᠠᠬᠢᠭᠤᠯᠵᠤ᠂ | ᠱᠠᠰᠢᠨ ᠰᠤᠷᠲᠠᠬᠤᠨ ᠢ ᠢᠳᠡᠪᠬᠢᠳᠠᠢ ᠬᠦᠳᠤᠯᠤᠨ ᠵᠢᠯᠤᠭᠤᠳᠴᠤ ᠨᠡᠶᠢᠭᠡᠮ ᠵᠢᠷᠤᠮᠲᠤ ᠨᠡᠶᠢᠭᠡᠮ ᠯᠦᠭᠡ | ᠵᠣᠬᠢᠴᠠᠯᠳᠤᠭᠤᠯᠬᠤ ᠬᠡᠷᠡᠭᠲᠡᠢ ᠭᠡᠵᠤ ᠭᠡᠯᠡᠪᠠ᠃ | ᠪᠣᠤ ᠭᠠᠩ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠢᠯᠡᠳᠭᠡᠯ ᠨᠢ ︽ᠬᠤᠶᠠᠷ ᠢ ᠬᠠᠮᠠᠭᠠᠯᠠᠬᠤ︾ ᠤᠯᠤᠰ ᠲᠥᠷᠥ ᠶᠢᠨ ᠥᠨᠳᠥᠷᠴᠡ ᠳᠤ ᠵᠣᠭᠰᠣᠵᠤ᠂ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠥᠪᠥᠷ ᠮᠣᠩᠭᠤᠯ ᠤᠨ ᠨᠡᠶᠢᠭᠡᠮ | ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠡᠭᠦᠷᠭᠡᠯᠡᠵᠦ | ᠪᠦᠬᠦᠢ ᠴᠢᠬᠤᠯᠠ ᠶᠡᠭᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ | ᠵᠢᠭᠠᠵᠤ ᠭᠠᠷᠭᠠᠪᠠ᠂ ᠡᠨᠡ ᠪᠣᠯ ᠰᠢᠨ᠎ᠡ ᠴᠠᠭ ᠦᠶ᠎ᠡ ᠳᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ | ᠬᠥᠲᠥᠯᠦᠨ ᠳᠠᠭᠠᠭᠤᠯᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠨ᠎ᠠ᠃ ᠬᠥᠬᠡᠬᠤᠲᠠ ᠶᠢᠨ ᠬᠢᠨ | ᠲᠤᠰ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ | ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤᠮᠳᠠ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠶᠢ ᠤᠨᠢᠨ ᠳᠡᠭᠡᠷ᠎ᠡ ᠨᠢ ᠲᠦᠯᠦᠪᠵᠢᠬᠦᠯᠵᠦ᠂ ᠬᠤᠲᠠ ᠶᠢᠨ ᠴᠢᠳᠠᠪᠬᠢ ᠶᠢ ᠪᠦᠬᠦ ᠬᠦᠴᠦᠨ ᠢᠶᠠᠷ ᠢᠶᠠᠨ | ᠳᠡᠭᠡᠭᠰᠢᠯᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠤᠷᠢᠳ ᠢᠶᠠᠷ ᠪᠡᠶᠡᠯᠡᠭᠦᠯᠵᠦ᠂ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤᠮᠳᠠ | ᠣᠷᠣᠨ ᠤ ᠲᠥᠪ ᠤᠨ ᠬᠠᠷᠢᠭᠤᠴᠠᠯᠭ᠎ᠠ ᠡᠭᠦᠷᠭᠡᠯᠡᠯ ᠢ ᠦᠨᠡᠨ ᠬᠦ ᠲᠤᠳᠤᠷᠠᠭᠤᠯᠵᠤ᠂ ᠣᠷᠣᠨ ᠤ ᠲᠥᠪ ᠤᠨ ᠬᠦᠴᠦᠨ | ᠴᠢᠳᠠᠯ ᠢᠶᠠᠨ ᠨᠠᠮᠠᠷᠢᠯᠡᠨ᠎ᠠ ᠭᠡᠵᠤ ᠭᠡᠯᠡᠪᠠ᠃ | ᠵᠧᠩ ᠬᠤᠩ ᠹᠠᠨ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠨᠢ ᠲᠤᠤᠷᠡᠬᠢ ᠮᠡᠳᠦ | ᠬᠡᠳᠦᠨ ᠲᠤᠪᠤᠶᠢᠮ᠎ᠠ ᠣᠨᠴᠠᠯᠢᠭ ᠲᠠᠢ᠃ ᠨᠢᠭᠡ ᠳᠤ᠂ ᠡᠷᠡᠰ ᠪᠠᠲᠤ ᠤᠯᠤᠰ ᠲᠦᠷᠦᠴᠢ ᠴᠢᠨᠠᠷᠲᠠᠶ᠃ ᠢᠯᠡᠳᠭᠡᠯ ᠨᠢ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠲᠤᠰᠬᠠᠢ | ᠪᠦᠯᠦᠭ ᠢᠶᠠᠷ ᠶᠠᠷᠢᠵᠤ᠂ ᠪᠦᠬᠦ ᠠᠭᠤᠯᠭ᠎ᠠ ᠳᠤ ᠲᠤᠭᠤᠰᠢᠯᠠᠭᠤᠯᠤᠨ ᠲᠤᠪᠤᠶᠢᠯᠭᠠᠨ ᠴᠢᠬᠤᠯᠠᠴᠢᠯᠠᠪᠠ᠃ ᠬᠤᠶᠠᠷ ᠲᠤ᠂ | ᠭᠦᠨ ᠭᠦᠨᠵᠡᠭᠡᠢ ᠦᠵᠡᠯ ᠰᠠᠨᠠᠭᠠᠴᠢ ᠴᠢᠨᠠᠷᠲᠠᠢ᠃ ᠲᠣᠭᠲᠠᠭᠠᠭᠰᠠᠨ ᠭᠤᠣᠯ ᠰᠡᠳᠦᠪ ᠭᠤᠣᠯ ᠰᠢᠵᠢᠮ ᠠᠴᠠ | ᠡᠬᠢᠯᠡᠬᠡᠳ ᠳᠤᠷᠠᠳᠤᠭᠰᠠᠨ ᠬᠠᠷᠠᠯᠲᠠ ᠡᠭᠦᠷᠭᠡ᠂ ᠪᠠᠶᠢᠷᠢᠯᠠᠭᠤᠯᠤᠭᠰᠠᠨ ᠠᠵᠢᠯ ᠤᠨ ᠲᠤᠬᠢᠷᠠᠭᠤᠯᠤᠯᠳᠠ ᠬᠦᠷᠲᠡᠯ᠎ᠡ ᠪᠦᠷ | ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠶᠣᠰᠣ ᠵᠦᠢ ᠭᠦᠨ ᠤᠬᠠᠭᠠᠨ ᠢ ᠭᠦᠢᠴᠡᠳ ᠢᠯᠡᠷᠡᠭᠦᠯᠵᠡᠢ᠃ | ᠭᠤᠷᠪᠠ ᠳᠤ᠂ ᠢᠯᠡ ᠲᠣᠳᠣ ᠴᠠᠭ ᠦᠶᠡᠴᠢ ᠴᠢᠨᠠᠷ ᠲᠠᠢ᠃ ᠥᠪᠥᠷ ᠮᠣᠩᠭᠤᠯ ᠤᠨ ᠬᠥᠭᠵᠢᠯᠲᠡ ᠶᠢ ︽ᠬᠤᠣᠰ | ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠶᠡᠭᠡ ᠲᠠᠯ᠎ᠠ ᠳᠤ ᠲᠠᠯᠪᠢᠨ ᠬᠢᠨᠠᠨ ᠠᠵᠢᠵᠤ᠂ ᠰᠢᠨ᠎ᠡ ᠠᠶᠠᠨ ᠢᠶᠠᠨ | ᠡᠬᠢᠯᠡᠭᠦᠯᠬᠦ᠂ ᠰᠢᠨ᠎ᠡ ᠬᠠᠭᠤᠳᠠᠰᠤ ᠶᠢ ᠪᠢᠴᠢᠭᠯᠡᠬᠦ ᠦᠨᠳᠦᠷᠴᠡ ᠠᠴᠠ ᠲᠥᠯᠥᠪᠵᠢᠭᠦᠯᠵᠤ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠭᠡᠷᠡᠭᠳᠡᠢ ᠭᠡᠪᠠ᠃ ᠳᠥᠷᠪᠡ ᠳᠤ᠂ ᠮᠠᠰᠢ | ᠴᠢᠩᠭ᠎ᠠ ᠵᠢᠯᠣᠭᠤᠳᠬᠤ ᠴᠢᠨᠠᠷ ᠲᠠᠢ᠃ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠪᠤᠯᠤᠨ ᠠᠷᠠᠳ ᠤᠨ | ᠬᠦᠰᠡᠯ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠠᠷᠠᠳ ᠤᠨ ᠰᠡᠳᠭᠢᠯ ᠢ ᠴᠢᠩᠭ᠎ᠠ ᠡᠵᠡᠮᠳᠡᠵᠦ᠂ ᠠᠷᠠᠳ ᠤᠨ | ᠲᠥᠯᠥᠭᠡ ᠭᠡᠬᠦ ᠴᠢᠩ ᠦᠨᠡᠨᠴᠢ ᠬᠠᠶᠢᠷ᠎ᠠ ᠰᠡᠳᠭᠢᠯᠭᠡ ᠪᠠ ᠪᠠᠲᠤ ᠴᠢᠩᠭ᠎ᠠ ᠲᠡᠦᠬᠡ ᠶᠢᠨ ᠡᠭᠦᠷᠭᠡᠯᠡᠯ ᠢ ᠢᠯᠡᠷᠡᠭᠦᠯᠪᠡ | ᠭᠡᠵᠠᠢ᠃ | ᠮᠠ ᠴᠢᠩ ᠯᠸᠢ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠢᠯᠡᠳᠭᠡᠯ ᠤᠨ ᠤᠯᠤᠰ ᠲᠦᠷᠦ ᠶᠢᠨ ᠵᠣᠭᠰᠣᠴᠠ ᠥᠨᠳᠥᠷ ᠪᠠᠶᠢᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠠᠭᠤᠯᠭ᠎ᠠ ᠳᠤ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢ ᠬᠦᠢᠴᠡᠳ ᠢᠯᠡᠷᠡᠬᠦᠯᠵᠠᠢ︔ ᠢᠯᠡᠳᠭᠡᠯ ᠳᠤ ᠲᠥᠯᠥᠪᠵᠢᠭᠦᠯᠵᠦ | ᠪᠠᠶᠢᠭ᠎ᠠ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠣᠨᠣᠪᠴᠢᠲᠠᠢ ᠪᠠᠶᠢᠵᠤ᠂ ᠶᠡᠷᠦᠩᠬᠡᠢ ᠱᠦᠵᠢ ᠰᠢ ᠶᠢᠨ | ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ | ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠭᠦᠨᠵᠡᠭᠡᠢ ᠡᠵᠡᠮᠳᠡᠵᠦ᠂ ᠠᠮᠢ | ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠬᠤ ᠬᠡᠷᠡᠭᠳᠡᠢ ᠭᠡᠪᠡ︔ | ᠢᠯᠡᠳᠭᠡᠯ ᠤᠨ ᠪᠠᠶᠢᠷᠢᠯᠠᠭᠤᠯᠤᠯᠳᠠ ᠠᠷᠭ᠎ᠠ ᠬᠡᠮᠵᠢᠶ᠎ᠡ ᠪᠣᠳᠠᠲᠠᠢ ᠪᠠᠶᠢᠵᠤ᠂ ᠬᠤᠶᠢᠰᠢᠳᠠ ᠶᠢᠨ ᠲᠠᠪᠤᠨ ᠵᠢᠯ ᠤᠨ | ᠲᠡᠮᠡᠴᠡᠬᠦ ᠬᠠᠷᠠᠯᠲᠠ᠂ ᠴᠢᠷᠮᠠᠶᠢᠬᠤ ᠴᠢᠭᠯᠡᠯ ᠪᠣᠯᠤᠨ ᠠᠵᠢᠯ ᠤᠨ ᠡᠭᠦᠷᠭᠡ ᠶᠢ ᠲᠣᠳᠣᠷᠬᠠᠢ ᠵᠢᠭᠠᠵᠤ ᠭᠠᠷᠭᠠᠪᠠ᠃ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠢᠨ ᠢᠯᠡᠳᠭᠡᠯ ᠳᠤ ᠪᠠᠶᠢᠷᠢᠯᠠᠭᠤᠯᠤᠭᠰᠠᠨ | ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠴᠢᠮ ᠪᠠᠶᠢᠳᠠᠯ ᠢ | ᠠᠷᠭᠠᠴᠠᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠤᠨ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ | ᠪᠠ ᠦᠨᠳᠦᠰᠦᠲᠡᠨ ᠤ ᠪᠦᠯᠬᠦᠮᠳᠡᠯ ᠢ ᠦᠷᠭᠦᠯᠵᠢᠯᠡᠨ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠠ᠃ | ᠮᠧᠩ ᠰᠢᠶᠠᠨ ᠳ᠋ᠦᠩ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠢᠯᠡᠳᠭᠡᠯ ᠨᠢ ᠨᠢᠭᠡᠨ ᠲᠤᠭ ᠢ ᠥᠨᠳᠥᠷ ᠮᠠᠨᠳᠤᠭᠤᠯᠵᠤ᠂ ᠪᠦᠬᠦ ᠲᠠᠯ᠎ᠠ ᠶᠢ ᠪᠤᠳᠤᠯᠬᠢᠯᠠᠨ᠂ ᠡᠷᠡᠰ ᠪᠠᠲᠤ | ᠤᠯᠤᠰ ᠲᠦᠷᠦ ᠶᠢᠨ ᠴᠢᠨᠠᠷ ᠪᠠ ᠳᠡᠭᠡᠳᠦ ᠬᠡᠮᠵᠢᠶᠡᠨ ᠤ ᠪᠠᠶᠢᠯᠳᠤᠬᠤ ᠪᠤᠳᠤᠯᠭ᠎ᠠ ᠶᠢᠨ ᠴᠢᠨᠠᠷ ᠢ ᠢᠯᠡᠷᠡᠬᠦᠯᠦᠭᠰᠡᠨ | ᠰᠠᠶᠢᠨ ᠢᠯᠡᠳᠭᠡᠯ ᠪᠣᠯᠤᠨ᠎ᠠ︔ ᠨᠢᠭᠡᠨ ᠴᠢᠭᠯᠡᠯ ᠢᠶᠠᠨ ᠣᠨᠣᠪᠴᠢᠲᠠᠢ ᠡᠵᠡᠮᠳᠡᠵᠤ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠬᠢᠮᠯᠡᠵᠤ᠂ ᠢᠯᠡ ᠲᠣᠳᠣ ᠴᠠᠭ ᠦᠶᠡᠴᠢ ᠴᠢᠨᠠᠷ ᠪᠠ ᠲᠦᠢᠯ ᠤᠨ ᠴᠢᠩᠭ᠎ᠠ ᠵᠢᠯᠣᠭᠤᠳᠬᠤ ᠴᠢᠨᠠᠷ ᠲᠠᠢ ᠰᠠᠶᠢᠨ | ᠢᠯᠡᠳᠭᠡᠯ ᠪᠤᠯᠤᠨ᠎ᠠ᠃ ᠢᠯᠡᠳᠭᠡᠯ ᠨᠢ ᠦᠨᠡᠨ ᠠᠴᠠ ᠵᠥᠪ ᠢ ᠡᠷᠢᠨ ᠠᠵᠢᠯ ᠢᠶᠠᠨ ᠳ᠋ᠦᠩᠨᠡᠭᠰᠡᠨ ᠪᠠᠶᠢᠨ᠎ᠠ᠂ ᠪᠢᠳᠡ | ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ ᠢᠷᠡᠭᠰᠡᠨ ᠪᠡᠷᠬᠡ ᠬᠠᠲᠠᠭᠤᠵᠢᠯᠲᠠᠢ ᠥᠩᠭᠡᠷᠡᠯᠲᠡ ᠳᠤᠮᠳᠠ ᠠᠴᠠ | ᠭᠦᠨᠵᠡᠭᠡᠢ ᠬᠥᠮᠦᠵᠢᠯ ᠬᠦᠷᠳᠡᠵᠤ᠂ ᠬᠦᠴᠢᠷ ᠪᠡᠷᠭᠡ ᠶᠢ ᠲᠠᠪᠠᠨ ᠲᠤᠭᠤᠯᠤᠭᠰᠠᠨ ᠶᠡᠷᠦ ᠪᠤᠰᠤ ᠶᠢᠨ ᠠᠮᠵᠢᠯᠲᠠ | ᠪᠦᠲᠦᠮᠵᠢ ᠠᠴᠠ ᠮᠠᠰᠢ ᠶᠡᠭᠡ ᠵᠤᠷᠢᠬᠵᠢᠭᠤᠯᠤᠯ ᠤᠯᠤᠭᠰᠡᠨ ᠶᠤᠮ᠃ ᠢᠯᠡᠳᠭᠡᠯ ᠨᠢ ᠢᠯᠡ ᠲᠣᠳᠣ ᠭᠤᠣᠯ | ᠰᠡᠳᠦᠪ ᠢᠶᠠᠷ ᠪᠦᠬᠦ ᠠᠭᠤᠯᠭ᠎ᠠ ᠪᠠᠨ ᠶᠡᠷᠦᠩᠬᠡᠶᠢᠯᠡᠨ ᠵᠢᠯᠤᠭᠤᠳᠤᠭᠤᠯᠵᠠᠢ᠂ ᠪᠢᠳᠠᠨᠤᠰ ᠢ ᠨᠡᠩ ᠡᠷᠡᠰ ᠪᠠᠲᠤ ᠤᠯᠤᠰ | ᠲᠦᠷᠦ ᠶᠢᠨ ᠵᠣᠭᠰᠣᠴᠠ ᠪᠠᠷ ᠴᠢᠭᠯᠡᠯ ᠢᠶᠠᠨ ᠪᠠᠲᠤ ᠡᠵᠡᠮᠳᠠᠭᠦᠯᠵᠤ᠂ ᠶᠡᠭᠡ ᠲᠠᠯ᠎ᠠ ᠶᠢ ᠪᠣᠳᠣᠯᠬᠢᠯᠠᠬᠤ ᠦᠵᠡᠯ | ᠰᠠᠨᠠᠭᠠᠨ ᠤ ᠠᠬᠤᠢ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠳᠠᠨᠢᠭᠤᠯᠤᠬᠰᠡᠨ ᠶᠤᠮ᠃ ᠲᠦᠩᠯᠢᠶᠣᠤ | ᠬᠤᠲᠠ ᠶᠢᠨ ᠬᠢᠨ ᠢᠯᠡᠳᠭᠡᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠵᠠᠷᠴᠢᠮ ᠢ ᠪᠠᠲᠤ ᠡᠵᠡᠮᠳᠡᠨ᠂ | ᠴᠢᠬᠤᠯᠠ ᠠᠭᠤᠯᠭ᠎ᠠ ᠶᠢ ᠨᠡᠪᠲᠡᠷᠠᠳᠠᠯᠠ ᠣᠶᠢᠯᠠᠭᠠᠵᠤ᠂ ᠬᠠᠷᠠᠯᠲᠠ ᠪᠠᠨ ᠲᠣᠭᠲᠠᠭᠠᠨ᠂ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠠᠬᠢᠴᠠ ᠪᠠᠨ ᠦᠨᠡᠨ ᠬᠦ ᠲᠦᠷᠭᠡᠳᠭᠡᠨ᠎ᠠ ᠭᠡᠵᠤ ᠭᠡᠯᠡᠪᠠ᠃ | |