ᠬᠤᠩᠱᠠᠨ ᠲᠣᠭᠤᠷᠢᠭ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠰᠦᠢᠳᠬᠡᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2021/12/20
        12 ᠰᠠᠷ᠎ᠠ ᠶᠢᠨ 15 ᠤ ᠡᠳᠦᠷ ᠬᠤᠩᠱᠠᠨ ᠲᠣᠭᠤᠷᠢᠭ ᠤᠨ ᠰᠢᠨᠵᠢᠯᠡᠭᠡ ᠮᠡᠷᠭᠡᠵᠢᠯ ᠤᠨ ᠲᠣᠪᠴᠢᠶ᠎ᠠ ᠤᠯᠠᠭᠠᠨᠬᠠᠳᠠ ᠬᠤᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ ᠲᠠᠢ ᠬᠠᠮᠵᠢᠯᠴᠠᠨ᠂ 2021 ᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠤᠷᠤᠭᠤᠯᠤᠯᠲᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠪᠦᠯᠦᠭ ᠬᠤᠪᠢᠶᠠᠨ ᠵᠤᠬᠢᠶᠠᠨ ᠪᠠᠶᠢᠭᠤᠯᠵᠤ ᠡᠷᠬᠢᠯᠡᠪᠡ᠂ ᠬᠤᠩᠱᠠᠨ ᠲᠣᠭᠤᠷᠢᠭ ᠤᠨ ᠬᠤᠷᠢᠭᠠᠳ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠡᠳ᠋  ᠤᠨ ᠵᠠᠰᠠᠭ ᠤᠨ ᠭᠤᠤᠯ ᠬᠠᠮᠢᠶᠠᠷᠤᠭᠴᠢ ᠨᠢᠭᠡᠳᠦᠭᠡᠷ ᠪᠦᠯᠦᠭ ᠪᠤᠯᠪᠠᠰᠤᠷᠠᠯ ᠳᠤ ᠤᠷᠤᠯᠴᠠᠪᠠ᠃        ᠬᠤᠷᠠᠯ ᠳᠡᠭᠡᠷ᠎ᠡ ᠰᠤᠳᠤᠯᠤᠨ ᠨᠡᠭᠡᠭᠡᠬᠦ ᠰᠦᠢᠳᠬᠡᠯ ᠤᠨ ᠲᠤᠰᠬᠠᠢ ᠮᠡᠷᠭᠡᠵᠢᠯᠲᠡᠨ ᠰᠤᠳᠤᠯᠤᠨ ᠨᠡᠭᠡᠭᠡᠬᠦ ᠰᠦᠢᠳᠬᠡᠯ ᠤᠨ ᠨᠠᠮᠠᠨ ᠪᠤᠳᠤᠵᠤ ᠰᠠᠭᠤᠯᠭᠠᠨ ᠠᠪᠬᠤ᠂ R&D ᠪᠦᠷᠢᠳᠬᠡᠯ ᠤᠨ ᠠᠵᠢᠯ ᠤᠨ ᠲᠠᠭᠯᠠᠬᠤ ᠱᠠᠭᠠᠷᠳᠠᠯᠭ᠎ᠠ ᠪᠠ ᠪᠠᠷᠢᠮᠵᠢᠶ᠎ᠡ ᠳᠤ ᠨᠠᠷᠢᠨ ᠲᠠᠶᠢᠯᠪᠤᠷᠢ ᠬᠢᠵᠦ᠂ ᠳᠤᠬᠠᠢ ᠶᠢᠨ ᠲᠠᠯᠠᠪᠤᠷ ᠲᠤ ᠠᠵᠤ ᠠᠬᠤᠶᠢᠯᠠᠯ ᠤᠨ ᠠᠰᠠᠭᠤᠨ ᠯᠠᠪᠯᠠᠯᠲᠠ ᠳᠤ ᠬᠠᠷᠢᠭᠤ ᠦᠭᠴᠦ᠂ ᠠᠵᠤ ᠠᠬᠤᠶᠢᠯᠠᠯ ᠢ ᠬᠠᠪᠰᠤᠷᠤᠨ ᠠᠵᠢᠯᠯᠠᠭᠠᠨ ᠤ ᠳᠤᠮᠳᠠ ᠲᠤᠬᠢᠶᠠᠯᠳᠤᠭᠰᠠᠨ ᠠᠰᠠᠭᠤᠳᠠᠯ ᠢ ᠰᠢᠢᠳᠪᠦᠷᠢᠯᠡᠵᠦ᠂ ᠰᠤᠳᠤᠯᠤᠨ ᠨᠡᠭᠡᠭᠡᠬᠦ ᠬᠦᠳᠡᠯᠭᠡᠭᠡᠨ ᠤ ᠲᠦᠷᠦᠯ ᠵᠦᠢᠯ ᠢ ᠨᠢᠭᠡ  ᠶᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠨ᠂ ᠰᠤᠳᠤᠯᠤᠨ ᠨᠡᠭᠡᠭᠡᠬᠦ ᠪᠡᠯᠡ ᠣᠷᠤᠭᠤᠯᠤᠯᠲᠠ ᠶᠢᠨ ᠰᠦᠢᠳᠬᠡᠯ ᠢ ᠪᠦᠷᠢᠳᠬᠡᠨ ᠳᠠᠩᠰᠠᠯᠠᠬᠤ ᠶᠤᠰᠤᠲᠠᠢ ᠶᠢ ᠨᠢ ᠪᠦᠬᠦᠨ ᠢ ᠪᠦᠷᠢᠳᠬᠡᠨ ᠳᠠᠩᠰᠠᠯᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号