| | 12 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠲᠦᠯᠦᠪᠵᠢᠭᠦᠯᠭᠡ ᠶᠢᠨ ᠬᠤᠭᠤᠴᠠᠭᠠᠨ ᠤ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢᠨ ᠰᠣᠨᠢᠨ | ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠲᠥᠯᠥᠪᠵᠢᠭᠦᠯᠭᠡ︾ ᠳᠤ ᠲᠠᠶᠢᠯᠤᠮᠵᠢ ᠬᠢᠭᠰᠡᠨ ᠪᠥᠭᠡᠳ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠲᠠᠨᠢᠯᠴᠠᠭᠤᠯᠤᠭᠰᠠᠨ ᠢᠶᠠᠷ᠂ ︽ᠲᠥᠯᠥᠪᠵᠢᠭᠦᠯᠭᠡ︾ ᠨᠢ ᠨᠡᠶᠢᠲᠡ 4 ᠪᠦᠯᠦᠭ 17 ᠬᠡᠰᠡᠭ ᠢᠶᠠᠷ | ᠪᠦᠷᠢᠯᠳᠦᠪᠡ᠃ ᠡᠭᠦᠨ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ | ᠬᠤᠭᠤᠴᠠᠭᠠᠨ ᠤ ᠭᠤᠣᠯ ᠪᠣᠯᠬᠤ ᠬᠥᠭᠵᠢᠯᠲᠡ ᠶᠢᠨ ᠭᠦᠢᠴᠡᠳᠬᠡᠬᠦ ᠲᠤᠭ᠎ᠠ ᠶᠢᠨ ᠬᠦᠰᠦᠨᠦᠭᠲᠦ ᠶᠢ ᠲᠣᠬᠢᠷᠠᠭᠤᠯᠵᠤ᠂ | ᠲᠥᠯᠥᠭᠡᠯᠡᠬᠦ ᠴᠢᠨᠠᠷᠲᠠᠶ ᠭᠤᠣᠯ ᠪᠣᠯᠬᠤ 25 ᠵᠦᠢᠯ ᠤᠨ ᠬᠥᠭᠵᠢᠯᠲᠡ ᠶᠢᠨ ᠭᠦᠢᠴᠡᠳᠬᠡᠬᠦ ᠲᠤᠭ᠎ᠠ ᠶᠢ ᠲᠣᠭᠲᠠᠭᠠᠪᠠ︔ | 4 ᠲᠤᠰᠬᠠᠶ ᠪᠤᠯᠤᠩ ᠭᠠᠷᠭᠠᠵᠤ᠂ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ ᠶᠢᠨ ᠲᠠᠰ ᠵᠡᠷᠭᠡᠯᠡᠯ ᠢ | ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨᠴᠢ ᠪᠣᠯᠪᠠᠰᠤᠷᠠᠯ ᠢ ᠪᠠᠲᠤᠯᠠᠬᠤ᠂ ᠵᠠᠯᠠᠭᠤ ᠪᠠᠭᠠᠴᠤᠳ ᠤᠨ ᠪᠡᠶ᠎ᠡ ᠶᠢᠨ | ᠲᠠᠮᠢᠷ ᠤᠨ ᠬᠥᠭᠵᠢᠯᠲᠡ ᠶᠢ ᠠᠬᠢᠭᠤᠯᠬᠤ᠂ ᠪᠡᠶ᠎ᠡ ᠶᠢᠨ ᠲᠠᠮᠢᠷ ᠤᠨ ᠠᠵᠤ ᠦᠢᠯᠡᠰ ᠢᠶᠠᠷ ᠵᠢᠱᠢᠶ᠎ᠡ ᠦᠵᠡᠭᠦᠯᠬᠦ ᠵᠡᠷᠭᠡ | ᠳᠥᠷᠪᠡᠨ ᠶᠡᠭᠡ ᠢᠨᠵᠧᠨᠧᠷᠢᠩ ᠢ ᠳᠤᠷᠠᠳᠤᠨ ᠭᠠᠷᠭᠠᠵᠤ᠂ ︽ᠲᠥᠯᠥᠪᠵᠢᠭᠦᠯᠭᠡ︾ ᠶᠢᠨ ᠬᠡᠷᠡᠭᠵᠢᠭᠦᠯᠵᠦ ᠪᠣᠯᠬᠤᠶᠢᠴᠠ | ᠴᠢᠨᠠᠷ ᠪᠠ ᠦᠵᠡᠭᠳᠡᠬᠦ᠋ᠢᠴᠡ ᠴᠢᠨᠠᠷ ᠢ ᠴᠢᠩᠭᠠᠳᠬᠠᠪᠠ᠃ | ︽ᠲᠥᠯᠥᠪᠵᠢᠭᠦᠯᠭᠡ︾ ᠳᠤ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠬᠥᠭᠵᠢᠯᠲᠡ ᠶᠢ ᠪᠥᠬᠦ ᠤᠯᠤᠰ ᠤᠨ ᠳᠤᠮᠳᠠ ᠵᠡᠷᠭᠡ ᠶᠢᠨ ᠬᠢᠷᠢ ᠲᠦᠪᠰᠢᠨ ᠳᠤ ᠬᠦᠷᠦᠭᠦᠯᠵᠦ᠂ ᠠᠷᠠᠳ | ᠣᠯᠠᠨ ᠤ ᠪᠡᠶ᠎ᠡ ᠶᠢᠨ ᠲᠠᠮᠢᠷ ᠲᠤ ᠣᠷᠣᠯᠴᠠᠬᠤ ᠵᠣᠯ ᠵᠢᠷᠭᠠᠯᠲᠤ ᠲᠥᠷᠥᠭᠳᠡᠯ ᠢ ᠢᠯᠡᠳᠲᠡ ᠳᠡᠭᠡᠭᠰᠢᠯᠡᠭᠦᠯᠵᠦ᠂ | ᠪᠡᠶ᠎ᠡ ᠶᠢᠨ ᠲᠠᠮᠢᠷ ᠤᠨ ᠭᠤᠤᠯᠯᠠᠬᠤ ᠥᠷᠢᠰᠦᠯᠳᠦᠬᠦ ᠬᠦᠴᠦᠨ᠂ ᠨᠡᠶᠢᠭᠡᠮ ᠤᠨ ᠨᠥᠯᠥᠭᠡᠯᠡᠬᠦ ᠬᠦᠴᠦᠨ ᠢ ᠢᠯᠡᠳᠲᠡ | ᠴᠢᠩᠭᠠᠷᠠᠭᠤᠯᠤᠨ᠎ᠠ᠃ ᠠᠷᠠᠳ ᠣᠯᠠᠨ ᠤ ᠪᠡᠶ᠎ᠡ ᠶᠢᠨ ᠲᠠᠮᠢᠷ ᠢᠶᠠᠷ ᠪᠡᠶ᠎ᠡ ᠪᠠᠨ ᠴᠢᠬᠢᠷᠠᠭᠵᠢᠭᠤᠯᠬᠤ ᠳᠤ ᠨᠠᠩ ᠲᠥᠬᠦᠮ | ᠪᠣᠯᠭᠠᠵᠤ᠂ ᠪᠡᠶ᠎ᠡ ᠴᠢᠭᠢᠷᠠᠭᠵᠢᠭᠤᠯᠬᠤ ᠤᠷᠮ᠎ᠠ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠣᠷᠣᠯᠴᠠᠬᠤ ᠬᠥᠮᠦᠨ ᠤ ᠲᠤᠭ᠎ᠠ ᠶᠢ ᠦᠷᠭᠦᠯᠵᠢᠯᠡᠨ | ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ | ᠬᠠᠷᠢᠴᠠᠯ ᠢ 38.5% ᠳᠤ ᠬᠦᠷᠦᠭᠦᠯᠵᠦ᠂ ᠮᠢᠩᠭᠠᠨ ᠬᠥᠮᠦᠨ ᠪᠦᠷᠢ ᠳᠤ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠭᠠᠨ ᠵᠢᠯᠣᠭᠤᠳᠣᠭᠴᠢ ᠶᠢ 2.5 ᠬᠥᠮᠦᠨ ᠨᠣᠭᠳᠠᠭᠤᠯᠵᠤ᠂ ᠬᠥᠮᠦᠨ ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ ᠶᠢ | 2.6 ᠺᠦᠸᠠᠳ᠋ ᠮᠧᠲᠷ ᠲᠤ ᠬᠦᠷᠦᠭᠦᠯᠵᠦ᠂ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠰᠢᠨᠵᠢᠯᠡᠯᠲᠡ ᠳᠠᠬᠢ | ᠬᠢᠷᠢ ᠲᠡᠩᠴᠡᠭᠰᠡᠨ ᠨᠣᠷᠮ᠎ᠠ ᠶᠢ 90% ᠳᠤ ᠬᠦᠷᠦᠭᠦᠯᠦᠨ᠎ᠡ ᠭᠡᠵᠦ ᠲᠣᠳᠤᠷᠬᠠᠶᠢᠯᠠᠵᠠᠢ᠃ | ︽ᠲᠥᠯᠥᠪᠵᠢᠭᠦᠯᠭᠡ︾ ᠳᠤ ᠳᠤᠷᠠᠳᠤᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠬᠤᠭᠤᠴᠠᠭᠠᠨ ᠳᠠᠬᠢ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠦᠢᠯᠡᠰ ᠤᠨ ᠵᠢᠷᠭᠤᠭᠠᠨ | ᠶᠡᠭᠡ ᠬᠥᠭᠵᠢᠯᠲᠡ ᠶᠢᠨ ᠬᠠᠷᠠᠯᠲᠠ ᠪᠣᠯ᠄ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢ ᠨᠠᠩ ᠲᠡᠭᠦᠯᠳᠡᠷᠵᠢᠭᠦᠯᠬᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠨᠥᠯᠥᠭᠡᠯᠡᠬᠦ | ᠬᠦᠴᠦᠨ ᠢ ᠢᠯᠡᠳᠲᠡ ᠴᠢᠩᠭᠠᠷᠠᠭᠤᠯᠬᠤ᠂ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠠᠮᠢᠵᠢᠷᠠᠯ ᠤᠨ | ᠬᠦᠴᠦᠨ ᠢ ᠨᠠᠩ ᠴᠢᠩᠭᠠᠷᠠᠭᠤᠯᠬᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ | ᠢᠯᠡᠳᠲᠡ ᠠᠮᠵᠢᠯᠲᠠ ᠪᠦᠲᠦᠮᠵᠢ ᠣᠯᠬᠤ᠂ ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ | ᠲᠦᠭᠡᠮᠡᠯᠵᠢᠭᠦᠯᠬᠦ ᠶᠢ ᠲᠦᠯᠬᠢᠨ ᠠᠬᠢᠭᠤᠯᠬᠤ ᠪᠠ ᠪᠡᠶ᠎ᠡ ᠶᠢᠨ ᠲᠠᠮᠢᠷ ᠤᠨ ᠦᠢᠯᠡᠰ ᠤᠨ ︽ᠤᠶᠠᠨ ᠬᠦᠴᠦᠨ︾ ᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠶᠠᠪᠤᠳᠠᠯ ᠪᠣᠯᠤᠨ᠎ᠠ ᠭᠡᠵᠡᠢ᠃ | ᠣᠶᠢᠯᠠᠭᠠᠭᠰᠠᠨ ᠢᠶᠠᠷ᠂ ︽ᠲᠥᠯᠥᠪᠵᠢᠭᠦᠯᠭᠡ︾ ᠶᠢᠨ ᠶᠡᠷᠦᠩᠬᠡᠶ ᠪᠠᠶᠢᠷᠢᠯᠠᠭᠤᠯᠤᠯᠲᠠ ᠶᠢ ᠦᠨᠳᠦᠰᠦᠯᠡᠨ᠂ | ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠤᠲᠠᠲᠠᠢ ᠲᠠᠢ ᠤᠶᠠᠯᠳᠤᠭᠤᠯᠵᠤ᠂ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠪᠠᠷ ᠪᠡᠶ᠎ᠡ ᠶᠢᠨ | ᠲᠠᠮᠢᠷ ᠤᠨ ᠬᠡᠷᠡᠭᠯᠡᠭᠡ ᠶᠢ ᠠᠬᠢᠭᠤᠯᠬᠤ ᠢᠨᠵᠧᠨᠧᠷᠢᠩ᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠤ ᠦᠢᠯᠡᠰ ᠤᠨ | ᠢᠨᠵᠧᠨᠧᠷᠢᠩ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠵᠢᠱᠢᠶ᠎ᠡ ᠦᠵᠡᠭᠦᠯᠬᠦ ᠢᠨᠵᠧᠨᠧᠷᠢᠩ᠂ ᠵᠠᠯᠠᠭᠤ ᠪᠠᠭᠠᠴᠤᠳ ᠤᠨ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ᠂ ᠬᠥᠯ | ᠪᠥᠮᠪᠦᠭᠡ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠥᠷᠥᠯ ᠵᠦᠢᠯ ᠤᠨ ᠢᠨᠵᠧᠨᠧᠷᠢᠩ᠂ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠨᠡᠪᠴᠢᠭᠦᠯᠬᠦ ᠢᠨᠵᠧᠨᠧᠷᠢᠩ᠂ ᠮᠥᠰᠥ ᠴᠠᠰᠤᠨ ᠤ | ᠪᠡᠶ᠎ᠡ ᠶᠢᠨ ᠲᠠᠮᠢᠷ ᠤᠨ ᠠᠵᠤ ᠦᠢᠯᠡᠰ ᠤᠨ ᠢᠨᠵᠧᠨᠧᠷᠢᠩ ᠵᠡᠷᠭᠡ 7 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ | ᠰᠣᠳᠤᠯᠤᠨ ᠲᠣᠭᠲᠠᠭᠠᠵᠤ᠂ ᠮᠠᠨ ᠤ ᠣᠷᠣᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠭᠰᠡᠨ ᠪᠠᠶᠢᠨ᠎ᠠ᠃ | |