ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/12/3
           12 ᠳ᠋ᠤᠭᠠᠷ ᠰᠠᠷ᠎ᠠ ᠶᠢᠨ 2 ᠤᠨ ᠡᠳᠦᠷ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠵᠢᠩᠬᠢᠨᠢ ᠪᠠᠷ ᠪᠠᠶᠢᠭᠤᠯᠤᠭᠳᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠵᠠᠩ ᠱᠣᠤ ᠴᠦᠨ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠳᠡᠳ᠋ ᠳᠠᠷᠤᠭ᠎ᠠ ᠵᠧᠤ ᠳ᠋ᠧ ᠴᠠᠩ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠤ᠂ ᠥᠪᠥᠷ ᠮᠣᠩᠭᠤᠯ ᠤᠨ ᠲᠣᠪᠴᠢᠶ᠎ᠠ ᠶᠢᠨ ᠫᠠᠶᠢᠰᠠ ᠶᠢ ᠰᠡᠬᠦᠪᠡ᠃        ᠲᠣᠰ ᠤᠳᠠᠭᠠᠨ ᠤ ᠠᠭᠤᠷᠬᠠᠶ ᠶᠢᠨ ᠠᠮᠤᠷ ᠲᠦᠪᠰᠢᠨ ᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠭᠤᠷᠬᠠᠶ ᠶᠢᠨ ᠠᠶᠤᠯ ᠦᠭᠡᠢ ᠠᠵᠢᠯ ᠢ ᠠᠬᠢᠭᠤᠯᠬᠤ ᠨᠢᠭᠡᠨ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠭᠤᠣᠯᠳᠠᠭᠤ ᠬᠠᠷᠢᠶ᠎ᠠ ᠣᠷᠣᠨ ᠤ ᠳᠣᠲᠣᠷᠠᠬᠢ ᠠᠭᠤᠷᠬᠠᠶ ᠶᠢᠨ ᠠᠮᠤᠷ ᠲᠦᠪᠰᠢᠨ ᠤ ᠤᠯᠤᠰ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ᠂ ᠣᠷᠣᠨ ᠨᠤᠲᠤᠭ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠪᠠᠶᠢᠴᠠᠭᠠᠵᠤ᠂ ᠬᠠᠷᠢᠶ᠎ᠠ ᠣᠷᠣᠨ ᠤ ᠳᠣᠲᠣᠷᠠᠬᠢ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠳᠤ ᠬᠠᠤᠯᠢ ᠶᠣᠰᠣᠭᠠᠷ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠦᠨ᠂ ᠠᠭᠤᠷᠬᠠᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠵᠤ᠂ ᠨᠡᠭᠦᠷᠡᠰᠦᠨ ᠠᠭᠤᠷᠬᠠᠶ ᠪᠠ ᠨᠡᠭᠦᠷᠡᠰᠦᠨ ᠤ ᠪᠤᠰᠤ ᠠᠭᠤᠷᠬᠠᠶ ᠶᠢᠨ ᠬᠦᠨᠳᠦ ᠶᠡᠭᠡ ᠵᠢᠴᠢ ᠲᠡᠭᠦᠨ ᠠᠴᠠ ᠳᠣᠷᠣᠭᠰᠢᠬᠢ ᠦᠢᠯᠡᠳᠪᠦᠷᠢᠯᠡᠯ ᠤᠨ ᠠᠶᠤᠯ ᠥᠭᠡᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃        ᠫᠠᠶᠢᠰᠠ ᠰᠡᠬᠦᠬᠦ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠲᠣᠰ ᠤᠳᠠᠭᠠᠨ ᠤ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠬᠤᠯᠠ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠠᠭᠤᠷᠬᠠᠶ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠢ ᠡᠷᠡᠰ ᠬᠤᠷᠢᠭᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠡᠭᠦᠷᠭᠡ ᠶᠢ ᠦᠨᠡᠨ ᠬᠦ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠪᠣᠶ ᠪᠣᠯᠭᠠᠨ᠎ᠠ ᠭᠡᠵᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号