ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠬᠤᠷᠠᠯ ᠳᠡᠭᠡᠷ᠎ᠡ ᠥᠨᠳᠥᠷ ᠲᠦᠪᠰᠢᠨ ᠢᠶᠠᠷ ᠬᠠᠮᠠᠭᠠᠯᠠᠵᠦ ᠴᠢᠨᠠᠷ ᠰᠠᠶᠢᠲᠠᠶ ᠬᠥᠭᠵᠢᠬᠦᠯᠬᠦ ᠳᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠴᠢᠳᠠᠮᠠᠭᠠᠶ ᠪᠠᠷ ᠵᠢᠳᠬᠦᠯ ᠴᠢᠷᠮᠠᠶᠢᠯᠭ᠎ᠠ ᠭᠠᠷᠭᠠᠵᠤ ᠡᠬᠡ ᠭᠤᠤᠯ ᠢᠶᠠᠨ ᠬᠠᠮᠠᠭᠠᠯᠠᠨ ᠵᠤᠯ ᠵᠢᠷᠭᠠᠯ ᠤᠨ ᠭᠤᠤᠯ ᠢ ᠴᠣᠭᠴᠠᠯᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/12/3
       12 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠮᠠᠭᠠᠯᠠᠯᠲᠠ ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃        ᠸᠠᠩ ᠯᠢ ᠰᠢᠶᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ︽ᠤᠯᠤᠰ ᠤᠨ ᠶᠡᠭᠡ ᠶᠠᠪᠤᠳᠠᠯ︾ ᠮᠥᠨ᠂ ᠥᠪᠥᠷ ᠮᠣᠩᠭᠤᠯ ᠤᠨ ᠡᠷᠬᠡᠪᠰᠢ ᠰᠠᠶᠢᠲᠤᠷ ᠪᠡᠶᠡᠯᠡᠭᠦᠯᠬᠦ ᠴᠢᠬᠤᠯᠠ ᠶᠡᠭᠡ ᠲᠡᠦᠬᠡᠲᠦ ᠡᠭᠦᠷᠭᠡ᠂ ᠡᠷᠬᠡᠪᠰᠢ ᠰᠠᠶᠢᠲᠤᠷ ᠭᠦᠢᠴᠡᠳᠭᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ᠂ ᠪᠦᠬᠦ ᠲᠠᠯ᠎ᠠ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠳᠤ ᠵᠤᠬᠰᠤᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠦᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ ᠴᠢᠨᠠᠷ ᠢ ᠭᠦᠨᠵᠡᠭᠡᠶ ᠲᠠᠨᠢᠵᠤ᠂ ᠡᠨᠡ ᠬᠦ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ︽ᠬᠤᠶᠠᠷ ᠢ ᠬᠠᠮᠠᠭᠠᠯᠠᠬᠤ︾ ᠰᠢᠯᠭᠠᠭᠤᠷ ᠪᠣᠯᠭᠠᠵᠤ᠂ ᠥᠪᠥᠷ ᠮᠣᠩᠭᠤᠯ ᠤᠨ ᠬᠠᠲᠤᠨ ᠭᠤᠤᠯ ᠳᠠᠭᠠᠤ ᠭᠠᠵᠠᠷ ᠣᠷᠣᠨ ᠤ ︽ᠭᠤᠷᠪᠠᠨ ᠰᠢᠨ᠎ᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠪᠠ ᠰᠢᠨ᠎ᠡ ᠵᠠᠮ ᠢᠶᠠᠷ ᠰᠠᠶᠢᠲᠤᠷ ᠵᠠᠮᠨᠠᠬᠤ ᠭᠤᠤᠯ ᠭᠠᠷᠳᠠᠴᠠ ᠪᠤᠯᠤᠬᠰᠡᠨ ᠤ ᠬᠤᠪᠢ ᠳᠤ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠲᠡᠩᠴᠡᠭᠦᠷᠢᠳᠠᠢ᠂ ᠰᠢᠰᠲ᠋ᠧᠮᠲᠦ ᠵᠠᠰᠠᠯᠲᠠ᠂ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠳᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠤ᠂ ᠰᠢᠷᠭᠠᠭᠤ ᠲᠡᠮᠡᠴᠡᠨ ᠪᠣᠳᠠᠲᠠᠶ ᠠᠵᠢᠯᠯᠠᠵᠤ᠂ ᠱᠠᠯᠠᠪᠳᠠᠭᠤᠯᠤᠨ ᠠᠳᠬᠤᠵᠤ ᠲᠦᠷᠭᠡᠨ ᠰᠢᠢᠳᠪᠤᠷᠢᠯᠡᠵᠤ᠂ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠠᠰᠤᠷᠠᠯᠲᠠ ᠥᠬᠡᠶ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃        ᠸᠠᠩ ᠯᠢ ᠰᠢᠶᠠ᠂ ︽ᠭᠤᠤᠯᠳᠠᠯᠭ᠎ᠠ ᠨᠢ ᠬᠠᠮᠠᠭᠠᠯᠠᠯᠳᠠ ᠳᠤ ᠪᠠᠶᠢᠵᠤ᠂ ᠵᠠᠩᠭᠢᠯᠠᠭ᠎ᠠ ᠨᠢ ᠵᠠᠰᠠᠯᠳᠠ ᠳᠤ ᠪᠠᠶᠢᠬᠤ︾ ᠱᠠᠭᠠᠷᠳᠠᠯᠭ᠎ᠠ ᠶᠢ ᠪᠠᠲᠤ ᠡᠵᠡᠮᠳᠡᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠴᠢᠬᠤᠯᠠ ᠶᠡᠭᠡ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠵᠦ᠂ ᠵᠠᠩᠭᠢᠯᠠᠭ᠎ᠠ ᠶᠢᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠠᠶᠢᠷᠢᠰᠢᠭᠤᠯᠤᠯᠲᠠ ᠶᠢᠨ ᠴᠢᠨᠠᠷᠲᠠᠢ ᠲᠤᠬᠢᠷᠠᠭᠤᠯᠤᠯᠳᠠ ᠶᠢᠨ ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠵᠦ᠂ ᠪᠦᠲᠦᠴᠡ ᠶᠢᠨ ᠴᠢᠨᠠᠷᠲᠠᠢ ᠵᠥᠷᠢᠴᠡᠯ ᠤᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠬᠠᠳᠤᠨ ᠭᠤᠣᠯ ᠤᠨ ᠠᠮᠢ ᠠᠬᠤᠢ ᠶᠢᠨ ᠪᠦᠰᠡ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠪᠣᠬᠢᠷᠲᠤᠯ ᠦᠭᠡᠢ ᠤᠨᠴᠠᠯᠢᠭ ᠳᠠᠪᠠᠭᠤᠯᠢᠭ ᠪᠦᠬᠦᠢ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠪᠦᠬᠦ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠬᠠᠮᠤᠭ ᠤᠨ ᠬᠠᠲᠠᠭᠤ ᠬᠢᠵᠠᠭᠠᠷᠯᠠᠯ ᠪᠣᠯᠭᠠᠵᠤ᠂ ︽ᠤᠰᠤ ᠪᠠᠷ ᠬᠤᠳᠠ ᠶᠢ ᠲᠤᠭᠳᠠᠭᠠᠬᠤ᠂ ᠤᠰᠤ ᠪᠠᠷ ᠭᠠᠵᠠᠷ ᠢ ᠲᠤᠭᠳᠠᠭᠠᠬᠤ᠂ ᠤᠰᠤ ᠪᠠᠷ ᠬᠦᠮᠦᠨ ᠠᠮᠠ ᠶᠢ ᠲᠤᠭᠳᠠᠭᠠᠬᠤ᠂ ᠤᠰᠤ ᠪᠠᠷ ᠭᠠᠷᠤᠯᠳᠠ ᠶᠢ ᠲᠤᠭᠳᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠪᠣᠯᠤᠨ ᠡᠷᠴᠢᠮ ᠤᠨ ᠬᠤᠤᠰ ᠬᠢᠵᠠᠭᠠᠷᠯᠠᠯ ᠢ ᠴᠢᠩᠭᠠᠳᠬᠠᠵᠤ᠂ ᠤᠰᠤᠨ ᠤ ᠡᠬᠢ ᠰᠤᠷᠪᠤᠯᠵᠢ ᠢᠯᠠᠩᠭᠤᠶ᠎ᠠ ᠤᠤᠭᠤᠬᠤ ᠤᠰᠤᠨ ᠤ ᠰᠤᠷᠪᠤᠯᠵᠢ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠬᠤᠪᠣᠷ ᠨᠠᠨᠳᠢᠨ ᠤᠰᠤᠨ ᠤ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ᠂ ᠥᠨᠳᠥᠷ ᠪᠦᠲᠦᠮᠵᠢᠲᠡᠶ ᠠᠷᠪᠢᠯᠠᠨ ᠠᠰᠢᠭᠯᠠᠬᠤ ᠬᠡᠷᠡᠭᠲᠡᠶ᠃ ᠣᠷᠴᠢᠨ ᠲᠣᠭᠤᠷᠢᠨ ᠤ ᠪᠣᠬᠢᠷᠲᠤᠯ ᠢ ᠬᠦᠴᠦᠯᠡᠨ ᠵᠠᠰᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠲᠦᠷᠭᠡᠳᠬᠡᠨ ᠪᠠᠶᠢᠭᠤᠯᠵᠤ᠂ ᠭᠤᠣᠯ ᠤᠨ ᠬᠡᠪᠡᠯᠢ ᠶᠢᠨ ︽ᠲᠦᠷᠪᠡᠨ ᠵᠠᠮᠪᠠᠷᠠᠭ᠎ᠠ ᠦᠭᠡᠢ ᠪᠠᠶᠢᠲᠠᠯ︾ ᠢ ᠡᠷᠡᠰ ᠴᠡᠭᠴᠡᠯᠡᠨ ᠵᠠᠰᠠᠵᠤ᠂ ᠭᠤᠤᠯ ᠤᠨ ᠲᠠᠩ ᠤᠨ ᠣᠷᠣᠨ ᠤ ᠰᠠᠭᠤᠭᠠᠯᠢ ᠠᠷᠠᠳ ᠢ ᠨᠡᠭᠦᠯᠭᠡᠨ ᠰᠢᠯᠵᠢᠬᠦᠯᠬᠦ ᠪᠠ ᠪᠥᠲᠥᠬᠡᠨ ᠪᠠᠶᠢᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠦᠶᠡᠷ ᠢ ᠰᠡᠷᠭᠡᠶᠢᠯᠡᠬᠦ ᠰᠢᠰᠲ᠋ᠧᠮ ᠤᠨ ᠪᠦᠲᠦᠬᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠠᠮᠤᠷ ᠲᠦᠪᠰᠢᠨ ᠤ ᠲᠠᠯᠳᠠ ᠭᠡᠮ ᠢ ᠬᠦᠴᠦᠯᠡᠨ ᠠᠷᠢᠯᠭᠠᠵᠤ᠂ ᠬᠠᠳᠤᠨ ᠭᠤᠣᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠪᠠ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠬᠤᠴᠣᠷᠤᠩᠭᠤᠶ᠂ ᠳᠤᠤᠷᠠᠳᠤ ᠲᠠᠰ ᠤᠨ ᠂ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠨ ᠰᠢᠭᠰᠢᠭᠳᠡᠭᠦᠯᠵᠦ᠂ ︽ᠪᠤᠬᠢᠷᠳᠤᠯ ᠶᠡᠬᠡᠳᠡᠢ ᠡᠨᠧᠷᠬᠢ ᠶᠢᠨ ᠬᠤᠷᠤᠭᠳᠠᠭᠤᠯᠤᠯ ᠶᠡᠬᠡᠳᠡᠢ︾ ᠲᠥᠷᠥᠯ ᠵᠦᠶ᠋ᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠰᠢᠨ᠎ᠡ ᠡᠨᠧᠷᠭᠢ ᠶᠢᠨ ᠠᠵᠤ ᠦᠶ᠋ᠯᠡᠰ ᠢ ᠪᠤᠵᠠᠭᠠᠶᠢᠷᠠᠭᠤᠯᠤᠨ ᠬᠦᠴᠦᠷᠭᠡᠭᠵᠢᠭᠦᠯᠵᠦ ᠰᠢᠯᠢᠲᠡᠭᠵᠢᠭᠦᠯᠦᠨ ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠴᠢᠨᠠᠷ ᠰᠠᠶᠢᠲᠠᠢ ᠬᠦᠭᠵᠢᠭᠦᠯᠵᠦ᠂ ᠰᠢᠨ᠎ᠡ ᠠᠵᠤ ᠦᠶ᠋ᠯᠡᠰ ᠰᠢᠨ᠎ᠡ ᠬᠥᠳᠡᠯᠭᠡᠬᠦ ᠴᠢᠳᠠᠪᠤᠷᠢ ᠶᠢ ᠲᠦᠷᠭᠡᠨ ᠪᠤᠶᠢᠵᠢᠭᠤᠯᠵᠤ᠂ ᠦᠷᠬᠦᠯᠵᠢᠯᠡᠡ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠳᠠᠭᠠᠭᠤᠯᠤᠭᠴᠢ ᠪᠣᠯᠬᠤ ᠬᠡᠷᠡᠭᠲᠡᠶ ᠭᠡᠵᠤ ᠴᠢᠬᠤᠯᠠᠴᠢᠯᠠᠪᠠ᠃        ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠤᠤ ᠴᠦᠨ᠂ ᠯᠢ ᠪᠢᠩ ᠷᠦᠩ ᠬᠤᠷᠠᠯ ᠳᠤ ᠣᠷᠣᠯᠴᠠᠵᠤ᠂ ᠬᠠᠲᠤᠨ ᠭᠤᠤᠯ ᠳᠠᠭᠠᠤ ᠶᠢᠨ ᠡᠯ᠎ᠡ ᠠᠶᠢᠮᠠᠭ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号