| 3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ 2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠦᠬᠦᠴᠡᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ | ᠬᠤᠷᠠᠯᠳᠣᠭᠤᠯᠪᠠ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ ᠤ ᠳᠡᠳ᠋ ᠳᠠᠷᠤᠭ᠎ᠠ᠂ ᠰᠣᠨᠢᠨ | ᠮᠡᠳᠡᠭᠡᠨ ᠤ ᠥᠭᠦᠯᠡᠭᠴᠢ ᠯᠢᠦ ᠬᠠᠶ ᠪᠥᠸᠧ ᠭᠤᠤᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ | ᠴᠠᠭ ᠠᠭᠤᠷ ᠤᠨ ᠲᠤᠪᠴᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠ ᠭᠠᠮᠰᠢᠭ ᠢ ᠪᠠᠭᠠᠰᠬᠠᠬᠤ ᠭᠠᠵᠠᠷ ᠤᠨ | ᠳᠠᠷᠤᠭ᠎ᠠ ᠨᠢᠦ ᠪᠦᠦ ᠯᠢᠶᠠᠩ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠲᠥᠪ ᠤᠨ ᠳᠡᠭᠡᠳᠦ | ᠵᠡᠷᠭᠡ ᠶᠢᠨ ᠢᠨᠵᠧᠨᠧᠷ ᠶᠠᠩ ᠵᠢᠩ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠬᠢᠭᠡᠳ ᠲᠠᠷᠢᠶᠠᠯᠠᠩ ᠤᠨ ᠴᠠᠭ | ᠠᠭᠤᠷ ᠤᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠦ᠋ ᠿᠦᠩ ᠱᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ | ᠣᠷᠣᠯᠴᠠᠭᠰᠠᠨ ᠪᠥᠭᠡᠳ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃ | 2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠴᠠᠭ ᠠᠭᠤᠷ ᠤᠨ ᠨᠦᠬᠦᠴᠡᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠤᠨ ᠨᠡᠶᠢᠳᠡᠯᠡᠬᠦ ᠦᠬᠡ | ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ ᠤ ᠳᠡᠳ᠋ ᠳᠠᠷᠤᠭ᠎ᠠ᠂ ᠰᠣᠨᠢᠨ ᠮᠡᠳᠡᠭᠡᠨ ᠤ | ᠥᠭᠦᠯᠡᠭᠴᠢ ᠯᠢᠦ ᠬᠠᠶ ᠪᠥᠸᠧ ᠬᠠᠪᠤᠷ ᠤᠨ ᠤᠯᠠᠷᠢᠯ ᠪᠣᠯ ᠮᠠᠨ ᠤ ᠣᠷᠣᠨ ᠤ ᠭᠠᠩ ᠬᠠᠭᠤᠷᠠᠶ᠂ ᠬᠦᠢᠳᠡᠨ | ᠤᠷᠤᠰᠬᠠᠯ᠂ ᠬᠢᠷᠠᠭᠤ ᠬᠥᠯᠳᠡᠭᠦᠦ᠂ ᠶᠡᠭᠡ ᠰᠠᠯᠬᠢ᠂ ᠡᠯᠡᠰᠦ ᠲᠣᠭᠤᠰᠣ ᠵᠡᠷᠭᠡ ᠴᠠᠭ ᠠᠭᠤᠷ ᠤᠨ ᠭᠠᠮᠰᠢᠭ ᠵᠢᠴᠢ | ᠬᠠᠳᠤᠨ ᠭᠤᠣᠯ ᠤᠨ ᠬᠠᠯᠢᠶ᠎ᠠ ᠦᠶᠡᠷ᠂ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠵᠡᠷᠭᠡ ᠠᠴᠠ | ᠡᠭᠦᠰᠦᠭᠰᠡᠨ ᠭᠠᠮᠰᠢᠭ ᠤᠯᠠᠨ ᠭᠠᠷᠬᠤ᠂ ᠣᠯᠠᠨᠲᠠ ᠡᠭᠦᠰᠬᠦ ᠤᠯᠠᠷᠢᠯ ᠪᠣᠯᠤᠨ᠎ᠠ᠃ ᠣᠳᠣᠬᠠᠨ ᠳᠤ᠂ ᠲᠠᠷᠢᠶᠠᠯᠠᠬᠤ | ᠣᠷᠣᠨ ᠪᠠᠷᠠᠭᠤᠨ ᠠᠴᠠ ᠵᠡᠭᠦᠨᠰᠢ ᠪᠠᠨ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠣᠷᠣᠵᠤ᠂ ᠮᠠᠯᠵᠢᠬᠤ | ᠣᠷᠣᠨ ᠲᠥᠯ ᠲᠤᠰᠴᠤ ᠪᠤᠶᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠬᠠᠪᠤᠷ ᠤᠨ ᠤᠯᠠᠷᠢᠯ ᠤᠨ | ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠬᠦ ᠨᠢ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ | ᠡᠳᠦᠭᠡ 2020 ᠣᠨ ᠤ ᠪᠥᠬᠦ ᠣᠷᠣᠨ ᠤ ᠭᠤᠤᠯ ᠪᠣᠯᠬᠤ ᠴᠠᠭ ᠠᠭᠤᠷ ᠤᠨ ᠭᠠᠮᠰᠢᠭ᠂ ᠴᠠᠭ | ᠠᠭᠤᠷ ᠤᠨ ᠦᠢᠯᠡᠴᠢᠯᠡᠭᠡᠨ ᠤ ᠪᠠᠶᠢᠳᠠᠯ ᠵᠢᠴᠢ ᠡᠨᠡ ᠵᠢᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠥᠬᠦᠴᠡᠯ ᠵᠢᠴᠢ ᠭᠤᠤᠯ ᠪᠣᠯᠬᠤ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠰᠠᠨᠠᠭᠤᠯᠭ᠎ᠠ ᠶᠢ ᠳᠣᠤᠷᠠᠬᠢ ᠮᠡᠲᠦ ᠵᠠᠷᠯᠠᠶ᠎ᠠ᠄ | ᠨᠢᠭᠡ᠂ 2020 ᠣᠨ ᠤ ᠥᠪᠥᠷ ᠮᠣᠩᠭᠤᠯ ᠤᠨ ᠭᠤᠤᠯ ᠪᠣᠯᠬᠤ ᠴᠠᠭ ᠠᠭᠤᠷ ᠤᠨ ᠭᠠᠮᠰᠢᠭ ᠵᠢᠴᠢ ᠴᠠᠭ | ᠠᠭᠤᠷ ᠤᠨ ᠦᠢᠯᠡᠴᠢᠯᠡᠭᠡᠨ ᠤ ᠠᠵᠢᠯ ᠤᠨ ᠪᠠᠶᠢᠳᠠᠯ | ︵ᠨᠢᠭᠡ︶ 2020 ᠣᠨ ᠤ ᠥᠪᠥᠷ ᠮᠣᠩᠭᠤᠯ ᠤᠨ ᠭᠤᠤᠯ ᠪᠣᠯᠬᠤ ᠴᠠᠭ ᠠᠭᠤᠷ ᠤᠨ ᠭᠠᠮᠰᠢᠭ | 2020 ᠣᠨ ᠳᠤ᠂ ᠪᠥᠬᠦ ᠣᠷᠣᠨ ᠤ ᠣᠯᠠᠨ ᠭᠠᠵᠠᠷ ᠲᠤ ᠭᠠᠩ ᠬᠠᠭᠰᠠᠷᠠᠭᠠᠨ᠂ ᠰᠢᠷᠦᠭᠦᠨ ᠪᠣᠷᠣᠭᠠᠨ | ᠦᠶᠡᠷ ᠤᠰᠤᠲᠤᠯ᠂ ᠮᠥᠨᠳᠥᠷ᠂ ᠶᠡᠭᠡ ᠰᠠᠯᠬᠢ ᠵᠡᠷᠭᠡ ᠴᠠᠭ ᠠᠭᠤᠷ ᠤᠨ ᠭᠠᠮᠰᠢᠭ ᠵᠢᠴᠢ ᠣᠯᠠᠷᠢᠮᠠᠯ ᠪᠤᠶᠤ ᠡᠭᠦᠰᠦᠮᠡᠯ | ᠭᠠᠮᠰᠢᠭ ᠭᠠᠷᠴᠤ᠂ 415.96 ᠲᠦᠮᠡᠨ ᠬᠥᠮᠦᠨ ᠭᠠᠮᠰᠢᠭᠳᠠᠨ᠂ 7 ᠬᠥᠮᠦᠨ ᠠᠳᠡᠵᠦ᠂ ᠲᠠᠷᠢᠮᠠᠯ ᠤᠨ | ᠭᠠᠮᠰᠢᠭᠳᠠᠭᠰᠠᠨ ᠲᠠᠯᠠᠪᠠᠶ ᠨᠢ 235.7 ᠲᠦᠮᠡᠨ ᠾᠧᠺᠲ᠋ᠠᠷ᠂ ᠬᠤᠷᠢᠶᠠᠯᠲᠠ ᠠᠯᠳᠠᠭᠰᠠᠨ ᠲᠠᠯᠠᠪᠠᠶ 23.9 ᠲᠦᠮᠡᠨ | ᠾᠧᠺᠲ᠋ᠠᠷ᠂ 111.04 ᠳ᠋ᠦᠩᠰᠢᠭᠤᠷ ᠲᠥᠭᠦᠷᠢᠭ ᠤᠨ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠪᠠᠶᠢᠨ᠎ᠠ᠃ | ᠴᠠᠭ ᠠᠭᠤᠷ ᠤᠨ ᠭᠠᠮᠰᠢᠭ ᠠᠴᠠ ᠪᠣᠯᠵᠣ ᠠᠳᠡᠭᠰᠡᠨ ᠬᠥᠮᠦᠨ ᠤ ᠲᠤᠭ᠎ᠠ 2019 ᠣᠨ ᠤ ᠬᠢ ᠲᠠᠢ ᠠᠳᠠᠯᠢ ᠪᠠᠶᠢᠵᠤ | ᠂ ᠭᠠᠮᠰᠢᠭᠳᠠᠭᠰᠠᠨ ᠬᠥᠮᠦᠨ ᠠᠮᠠ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ᠂ ᠬᠤᠷᠢᠶᠠᠯᠲᠠ ᠠᠯᠳᠠᠭᠰᠠᠨ ᠲᠠᠯᠠᠪᠠᠶ | ᠵᠢᠴᠢ ᠠᠵᠤ ᠠᠬᠤᠶ ᠶᠢᠨ ᠬᠤᠬᠢᠷᠠᠯ ᠨᠢ ᠲᠣᠰ ᠲᠣᠰ 2019 ᠣᠨ ᠤ ᠬᠢ ᠠᠴᠠ 88.5%᠂ 59.5%᠂ 117. | 8%᠂ 137.8% ᠪᠠᠷ ᠨᠡᠮᠡᠭᠳᠡᠵᠡᠶ᠃ | 2020 ᠣᠨ ᠳᠤ᠂ ᠪᠦᠬᠦ ᠣᠷᠣᠨ ᠳᠤ ᠭᠠᠩ ᠬᠠᠭᠰᠠᠷᠠᠭᠠᠨ ᠠᠴᠠ ᠪᠤᠯᠵᠤ 210.6 ᠲᠦᠮᠡᠨ ᠬᠥᠮᠦᠨ | ᠭᠠᠮᠰᠢᠭᠳᠠᠪᠠ᠃ ᠡᠭᠦᠨ ᠳᠤ᠂ ᠮᠠᠯᠵᠢᠬᠤ ᠣᠷᠣᠨ ᠨᠢ ᠬᠦᠨᠳᠦ ᠭᠠᠩ ᠬᠠᠭᠰᠠᠷᠠᠭᠠᠨ ᠢᠶᠠᠷ ᠭᠤᠤᠯᠯᠠᠵᠤ᠂ ᠭᠤᠤᠯᠳᠠᠭᠤ | 6 ᠳ᠋ᠤᠭᠠᠷ ᠰᠠᠷ᠎ᠠ ᠶᠢᠨ ᠳᠤᠮᠳᠠᠴᠢ ᠠᠴᠠ 7 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ ᠡᠭᠦᠰᠴᠦ᠂ ᠬᠥᠯᠥᠨ | ᠪᠤᠶᠢᠷ ᠤᠨ ᠪᠠᠷᠠᠭᠤᠨ ᠬᠡᠰᠡᠭ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠤᠶᠢᠲᠤ ᠬᠡᠰᠡᠭ᠂ ᠤᠯᠠᠭᠠᠨᠴᠠᠪ ᠤᠨ | ᠳᠤᠮᠳᠠ ᠬᠡᠰᠡᠭ᠂ ᠬᠥᠬᠡᠬᠤᠲᠠ᠂ ᠪᠠᠶᠠᠨᠨᠠᠭᠤᠷ ᠤᠨ ᠶᠡᠬᠡᠩᠬᠢ ᠬᠡᠰᠡᠭ᠂ ᠣᠷᠳᠣᠰ ᠤᠨ ᠡᠮᠦᠨᠡᠲᠦ ᠬᠡᠰᠡᠭ ᠵᠢᠴᠢ ᠠᠯᠠᠱᠠ | ᠠᠶᠢᠮᠠᠭ ᠤᠨ ᠶᠡᠬᠡᠩᠬᠢ ᠬᠡᠰᠡᠭ ᠭᠠᠵᠠᠷ ᠣᠷᠣᠨ ᠳᠤ ᠢᠯᠡᠷᠡᠪᠡ︔ ᠲᠠᠷᠢᠶᠠᠯᠠᠬᠤ ᠣᠷᠣᠨ ᠨᠢ ᠳᠤᠮᠳᠠ ᠵᠡᠷᠭᠡ ᠶᠢᠨ ᠭᠠᠩ | ᠬᠠᠭᠰᠠᠷᠠᠭᠠᠨ ᠢᠶᠠᠷ ᠭᠤᠤᠯᠯᠠᠵᠤ᠂ ᠭᠤᠤᠯᠳᠠᠭᠤ 5 ᠳ᠋ᠤᠭᠠᠷ ᠰᠠᠷ᠎ᠠ᠂ 6 ᠳ᠋ᠤᠭᠠᠷ ᠰᠠᠷ᠎ᠠ ᠶᠢᠨ ᠳᠤᠮᠳᠠᠴᠢ ᠪᠠ 7 | ᠳ᠋ᠤᠭᠠᠷ ᠰᠠᠷ᠎ᠠ ᠶᠢᠨ ᠰᠡᠭᠦᠯᠴᠢ ᠪᠠᠷ ᠡᠭᠦᠰᠴᠦ᠂ ᠲᠦᠩᠯᠢᠶᠣᠤ ᠶᠢᠨ ᠵᠡᠭᠦᠨ ᠡᠮᠦᠨᠡᠲᠦ ᠬᠡᠰᠡᠭ᠂ ᠤᠯᠠᠭᠠᠨᠬᠠᠳᠠ ᠶᠢᠨ | ᠳᠤᠮᠳᠠ ᠬᠡᠰᠡᠭ᠂ ᠤᠯᠠᠭᠠᠨᠴᠠᠪ ᠤᠨ ᠶᠡᠬᠡᠩᠬᠢ ᠬᠡᠰᠡᠭ᠂ ᠬᠥᠬᠡᠬᠤᠲᠠ ᠶᠢᠨ ᠳᠤᠮᠳᠠ ᠬᠡᠰᠡᠭ᠂ ᠪᠤᠭᠤᠲᠤ ᠶᠢᠨ | ᠬᠤᠶᠢᠲᠤ ᠬᠡᠰᠡᠭ ᠢᠶᠠᠷ ᠢᠯᠡᠷᠡᠪᠡ᠃ | ᠪᠥᠬᠦ ᠣᠷᠣᠨ ᠳᠤ ᠰᠢᠷᠦᠭᠦᠨ ᠪᠣᠷᠣᠭᠠᠨ ᠦᠶᠡᠷ ᠤᠰᠤᠲᠤᠯ 73 ᠬᠤᠰᠢᠭᠤ ᠰᠢᠶᠠᠨ ᠤᠳᠠᠭ᠎ᠠ ᠡᠬᠦᠰᠴᠦ᠂ | ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ | ᠬᠤᠰᠢᠭᠤ᠂ ᠦᠶᠤᠸᠠᠨ ᠰᠢᠶᠠᠨ᠂ ᠠᠷᠤᠨ ᠬᠤᠰᠢᠭᠤ᠂ ᠳᠥᠷᠪᠡᠳ ᠬᠤᠰᠢᠭᠤ ᠵᠡᠷᠭᠡ 49 ᠬᠤᠰᠢᠭᠤ ᠰᠢᠶᠠᠨ ᠳᠤ | ᠬᠤᠯᠪᠣᠭᠳᠠᠵᠤ᠂ 47.2 ᠲᠦᠮᠡᠨ ᠬᠥᠮᠦᠨ ᠠᠮᠠ ᠭᠠᠮᠰᠢᠭᠳᠠᠵᠤ᠂ 44.7 ᠲᠦᠮᠡᠨ ᠾᠧᠺᠲ᠋ᠠᠷ ᠲᠠᠷᠢᠶᠠᠨ ᠭᠠᠵᠠᠷ | ᠭᠠᠮᠰᠢᠭᠳᠠᠵᠠᠶ᠃ | ᠪᠥᠬᠦ ᠣᠷᠣᠨ ᠳᠤ ᠮᠥᠨᠳᠥᠷ ᠤᠨ ᠭᠠᠮᠰᠢᠭ 106 ᠬᠤᠰᠢᠭᠤ ᠰᠢᠶᠠᠨ ᠤᠳᠠᠭ᠎ᠠ ᠡᠭᠦᠰᠴᠦ᠂ ᠯᠢᠨᠾᠧ | ᠲᠣᠭᠤᠷᠢᠭ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠨᠢᠩᠴᠧᠩ ᠰᠢᠶᠠᠨ᠂ | ᠤᠷᠠᠳ ᠤᠨ ᠡᠮᠦᠨᠡᠲᠦ ᠬᠤᠰᠢᠭᠤ ᠵᠡᠷᠭᠡ 47 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ | ᠠᠮᠠ 51.5 ᠲᠦᠮᠡ᠂ ᠲᠠᠷᠢᠶᠠᠨ ᠭᠠᠵᠠᠷ 28.0 ᠲᠦᠮᠡᠨ ᠾᠧᠺᠲ᠋ᠠᠷ ᠲᠤ ᠬᠦᠷᠴᠦ᠂ ᠡᠭᠦᠨ ᠳᠤ ᠭᠠᠮᠰᠢᠭᠳᠠᠭᠰᠠᠨ | ᠲᠠᠯᠠᠪᠠᠶ 13.7 ᠲᠦᠮᠡᠨ ᠾᠧᠺᠲ᠋ᠠᠷ ᠲᠤ ᠬᠦᠷᠪᠡ᠃ ᠪᠥᠬᠦ ᠣᠷᠣᠨ ᠳᠤ ᠶᠡᠭᠡ ᠰᠠᠯᠬᠢᠨ ᠤ ᠭᠠᠮᠰᠢᠭ 32 ᠬᠤᠰᠢᠭᠤ | ᠰᠢᠶᠠᠨ ᠤᠳᠠᠭ᠎ᠠ ᠡᠭᠦᠰᠴᠦ᠂ ᠺᠠᠶᠢᠯᠦ ᠰᠢᠶᠠᠨ᠂ ᠳᠠᠯᠠᠳ ᠬᠤᠰᠢᠭᠤ᠂ ᠣᠲᠤᠭ ᠬᠤᠰᠢᠭᠤ᠂ ᠦᠶᠤᠸᠠᠨ ᠰᠢᠶᠠᠨ᠂ | ᠣᠲᠤᠭ ᠤᠨ ᠡᠮᠦᠨᠡᠲᠦ ᠬᠤᠰᠢᠭᠤ ᠵᠡᠷᠭᠡ 19 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ | ᠠᠮᠠ 36.3 ᠲᠦᠮᠡ᠂ ᠲᠠᠷᠢᠶᠠᠨ ᠭᠠᠵᠠᠷ 16.8 ᠲᠦᠮᠡᠨ ᠾᠧᠺᠲ᠋ᠠᠷ ᠬᠦᠷᠴᠡᠢ᠃ ᠪᠥᠬᠦ ᠣᠷᠣᠨ ᠳᠤ ᠶᠡᠭᠡ | ᠴᠠᠰᠤᠨ ᠤ ᠭᠠᠮᠰᠢᠭ 23 ᠬᠤᠰᠢᠭᠤ ᠰᠢᠶᠠᠨ ᠤᠳᠠᠭ᠎ᠠ ᠡᠭᠦᠰᠴᠦ᠂ ᠠᠤᠬᠠᠨ ᠬᠤᠰᠢᠭᠤ᠂ ᠰᠦᠩᠱᠠᠨ ᠲᠣᠭᠤᠷᠢᠭ᠂ | ᠠᠷᠤ ᠬᠤᠷᠴᠢᠨ ᠬᠤᠰᠢᠭᠤ᠂ ᠣᠩᠨᠢᠭᠤᠳ ᠬᠤᠰᠢᠭᠤ᠂ ᠺᠠᠶᠢᠯᠦ ᠰᠢᠶᠠᠨ ᠵᠡᠷᠭᠡ 22 ᠬᠤᠰᠢᠭᠤ ᠰᠢᠶᠠᠨ ᠳᠤ | ᠬᠤᠯᠪᠣᠭᠳᠠᠵᠤ᠂ ᠵᠠᠮ ᠤᠨ ᠭᠠᠳᠠᠷᠭᠤ ᠳᠤ ᠴᠠᠰᠤ ᠬᠤᠷᠠᠵᠤ᠂ ᠴᠠᠬᠢᠯᠭᠠᠨ ᠬᠠᠩᠭᠠᠬᠤ ᠱᠤᠭᠤᠮ᠂ ᠰᠠᠭᠤᠭᠠᠯᠢ | ᠠᠷᠠᠳ ᠤᠨ ᠣᠷᠣᠨ ᠰᠠᠭᠤᠴᠠ᠂ ᠪᠡᠯᠡᠳᠭᠡᠮᠵᠢᠳᠤ ᠲᠠᠷᠢᠶᠠᠯᠠᠩ ᠪᠠ ᠲᠡᠵᠢᠭᠡᠨ ᠦᠷᠡᠵᠢᠭᠦᠯᠬᠦ ᠦᠢᠯᠡᠰ ᠠᠳᠠᠯᠢ ᠪᠤᠰᠤ | ᠬᠡᠮᠵᠢᠶ᠎ᠡ ᠪᠠᠷ ᠡᠪᠳᠡᠭᠳᠡᠵᠦ᠂ 3.5 ᠲᠦᠮᠡᠨ ᠬᠥᠮᠦᠨ ᠭᠠᠮᠰᠢᠭᠳᠠᠵᠤ᠂ 251 ᠾᠧᠺᠲ᠋ᠠᠷ ᠲᠠᠷᠢᠶᠠᠨ ᠭᠠᠵᠠᠷ᠂ | 4312 ᠲᠠᠰᠤᠯᠭ᠎ᠠ ᠲᠣᠮᠣ ᠬᠦᠯᠦᠮᠵᠢ ᠬᠤᠬᠢᠷᠠᠵᠠᠶ᠃ ᠪᠥᠬᠦ ᠣᠷᠣᠨ ᠳᠤ ᠬᠦᠯᠳᠡᠬᠦᠦ ᠶᠢᠨ ᠭᠠᠮᠰᠢᠭ 7 ᠬᠤᠰᠢᠭᠤ | ᠰᠢᠶᠠᠨ ᠤᠳᠠᠭ᠎ᠠ ᠡᠭᠦᠰᠴᠦ᠂ ᠬᠠᠩᠭᠢᠨ ᠬᠤᠶᠢᠲᠤ ᠬᠤᠰᠢᠭᠤ᠂ ᠳ᠋ᠤᠩᠺᠸᠣ ᠰᠢᠶᠠᠨ᠂ ᠦᠶᠤᠸᠠᠨ ᠰᠢᠶᠠᠨ᠂ ᠯᠢᠨᠾᠧ | ᠲᠣᠭᠤᠷᠢᠭ᠂ ᠳᠠᠯᠠᠳ ᠬᠤᠰᠢᠭᠤ ᠵᠡᠷᠭᠡ 7 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ ᠠᠮᠠ | 1.5 ᠲᠦᠮᠡ᠂ ᠲᠠᠷᠢᠶᠠᠨ ᠭᠠᠵᠠᠷ 1876 ᠾᠧᠺᠲ᠋ᠠᠷ ᠲᠤ ᠬᠦᠷᠪᠡ᠃ | ︵ᠬᠤᠶᠠᠷ︶ 2020 ᠣᠨ ᠤ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠭᠰᠠᠨ ᠦᠢᠯᠡᠴᠢᠯᠡᠭᠡᠨ ᠤ ᠪᠠᠶᠢᠳᠠᠯ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠲᠠᠰᠤᠷᠠᠯᠲᠠ ᠦᠭᠡᠢ ᠴᠢᠩᠭᠠᠷᠠᠪᠠ᠃ | ᠥᠪᠥᠷ ᠮᠣᠩᠭᠤᠯ ᠤᠨ ᠴᠠᠭ ᠠᠭᠤᠷ ᠤᠨ ᠲᠤᠪᠴᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠰᠢᠷᠢᠰ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠳᠤᠮᠳᠠᠳᠤ | ᠤᠯᠤᠰ ᠤᠨ ᠴᠠᠭ ᠠᠭᠤᠷ ᠤᠨ ᠲᠤᠪᠴᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠴᠠᠭ | ᠠᠭᠤᠷ ᠤᠨ ᠦᠢᠯᠡᠴᠢᠯᠡᠭᠡᠨ ᠤ ᠤᠳᠤᠷᠢᠳᠬᠤ ᠳᠤᠭᠤᠶᠢᠯᠠᠩ ᠤᠨ ᠬᠤᠷᠠᠯ᠂ ᠦᠶᠡᠷ ᠤᠨ ᠬᠤᠭᠤᠴᠠᠭᠠᠨ ᠤ | ᠲᠠᠶᠢᠴᠢᠯᠠᠯᠳᠠ ᠶᠢᠨ ᠬᠤᠷᠠᠯ᠂ ᠲᠣᠪᠴᠢᠶᠠᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠡᠷᠭᠡ ᠬᠤᠷᠠᠯ ᠢ | ᠬᠤᠷᠠᠯᠳᠤᠭᠤᠯᠬᠤ ᠪᠠᠷ ᠳᠠᠮᠵᠢᠭᠤᠯᠤᠨ᠂ ᠴᠠᠭ ᠠᠭᠤᠷ ᠤᠨ ᠦᠢᠯᠡᠴᠢᠯᠡᠭᠡᠨ ᠳᠤ ᠪᠣᠳᠠᠲᠠᠢ ᠲᠤᠬᠢᠷᠠᠭᠤᠯᠤᠯᠳᠠ | ᠪᠠᠶᠢᠷᠢᠯᠠᠭᠤᠯᠤᠯᠲᠠ ᠬᠢᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠪᠠᠭᠤᠷᠠᠢ ᠭᠤᠭᠴᠤᠭ᠎ᠠ ᠶᠢ | ᠨᠠᠷᠢᠨ ᠬᠢᠨᠠᠮᠠᠭᠠᠢ ᠡᠷᠢᠵᠦ ᠴᠡᠭᠴᠡᠯᠡᠨ ᠰᠠᠶᠢᠵᠢᠷᠠᠭᠤᠯᠪᠡ᠃ | ᠬᠤᠶᠠᠷ ᠲᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ | ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠤᠢᠢᠷ᠎ᠠ ᠶᠢᠨ ᠵᠢᠯ ᠠᠴᠠ ᠨᠠᠰᠢ᠂ ᠥᠪᠥᠷ ᠮᠣᠩᠭᠤᠯ ᠤᠨ | ᠴᠠᠭ ᠠᠭᠤᠷ ᠤᠨ ᠲᠤᠪᠴᠢᠶ᠎ᠠ ᠤᠷᠢᠳ ᠬᠤᠵᠢᠳ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠠᠮᠢ | ᠠᠬᠤᠢ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ᠂ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭᠠᠨ ᠤ ᠲᠣᠭᠲᠠᠴᠠ ᠶᠢ | ᠭᠦᠨᠵᠡᠭᠡᠶᠢᠷᠡᠭᠦᠯᠪᠡ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠯᠦᠭᠡ ᠦᠶᠡᠷ ᠤᠨ ᠬᠤᠭᠤᠴᠠᠭᠠᠨ ᠤ ᠭᠠᠵᠠᠷ | ᠰᠢᠨᠵᠢᠯᠡᠭᠡᠨ ᠤ ᠭᠠᠶ ᠭᠠᠮᠰᠢᠭ ᠤᠨ ᠴᠠᠭ ᠠᠭᠤᠷ ᠤᠨ ᠠᠶᠤᠯ ᠤᠨ ᠤᠷᠢᠳᠴᠢᠯᠠᠨ ᠰᠡᠷᠡᠮᠵᠢᠯᠡᠭᠦᠯᠬᠦ ᠶᠢ ᠤᠯᠠᠮ ᠨᠢᠭᠡ | ᠠᠯᠬᠤᠮ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠯᠦᠭᠡ ᠬᠠᠮᠵᠢᠯᠴᠠᠨ ᠮᠠᠯᠵᠢᠬᠤ ᠲᠠᠷᠢᠶᠠᠯᠠᠬᠤ | ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠢ ᠠᠬᠢᠭᠤᠯᠵᠤ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠯᠦᠭᠡ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ ᠶᠢ ᠠᠬᠢᠭᠤᠯᠵᠤ᠂ ᠪᠥᠬᠦ ᠣᠷᠣᠨ ᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠮᠡᠷᠭᠡᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ 8 | ᠵᠦᠢᠯ ᠤᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠨᠠᠷᠢᠨ | ᠲᠦᠷᠢᠮ ᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠪᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠨ | ᠬᠤᠷᠢᠭᠯᠠᠬᠤ ᠠᠵᠢᠯ ᠤᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ 30 ᠰᠠᠯᠠᠭ᠎ᠠ | ᠮᠥᠴᠢᠷ ᠲᠠᠢ ᠶᠠᠷᠢᠯᠴᠠᠨ ᠰᠣᠯᠢᠯᠴᠠᠵᠤ᠂ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ | ᠡᠯ᠎ᠡ ᠵᠦᠢᠯ ᠤᠨ ᠠᠵᠢᠯ ᠢ ᠲᠥᠯᠬᠢᠨ ᠠᠬᠢᠭᠤᠯᠬᠤ ᠶᠢ ᠬᠠᠮᠲᠤᠪᠠᠷ ᠵᠥᠪᠳᠡᠯᠴᠡᠵᠦ᠂ ᠵᠣᠬᠢᠶᠠᠨ ᠪᠠᠶᠢᠭᠤᠯᠤᠯᠲᠠ ᠶᠢᠨ | ᠰᠢᠰᠲᠤᠮᠵᠢ᠂ ᠬᠢᠨᠠᠨ ᠰᠢᠯᠭᠠᠬᠤ ᠰᠢᠰᠲᠤᠮᠵᠢ᠂ ᠪᠡᠯᠡᠳᠬᠡᠯ ᠲᠥᠰᠦᠯ ᠤᠨ ᠰᠢᠰᠲᠤᠮᠵᠢ ᠪᠣᠯᠤᠨ ᠲᠦᠭᠰᠢᠭᠦᠷᠢ ᠶᠢᠨ | ᠬᠠᠮᠢᠶᠠᠷᠤᠯᠲᠠ ᠶᠢᠨ ᠰᠢᠰᠲᠤᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠭᠤᠷᠪᠠ ᠳᠤ᠂ ᠴᠠᠭ ᠠᠭᠤᠷ ᠤᠨ ᠭᠠᠶ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ | ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ 2020 ᠣᠨ ᠳᠤ᠂ | ᠪᠥᠬᠦ ᠣᠷᠣᠨ ᠳᠤ ᠰᠢᠨ᠎ᠡ ᠨᠢᠭᠡ ᠦᠶ᠎ᠡ ᠶᠢᠨ ᠴᠠᠭ ᠠᠭᠤᠷ ᠤᠨ 5 ᠷᠠᠳᠠᠷ ᠢ ᠲᠠᠰ ᠳᠡᠪᠰᠢᠭᠦᠯᠦᠨ ᠥᠭᠡᠷᠡᠴᠢᠯᠡᠵᠦ᠂ | ᠪᠥᠬᠦ ᠤᠯᠤᠰ ᠤᠨ ᠠᠩᠬᠠᠨ ᠤ ᠪᠦᠯᠦᠭ ᠤᠨ ᠳᠣᠬᠢᠭᠤᠷ ᠲᠤᠯᠤᠭᠠᠨ ᠣᠲᠣ ᠠᠦ᠋ᠲ᠋ᠣ᠋ ᠠᠭᠠᠷ ᠬᠠᠶᠢᠬᠤ ᠰᠢᠰᠲ᠋ᠧᠮ ᠢ | ᠪᠠᠶᠢᠭᠤᠯᠵᠦ᠂ ᠭᠠᠵᠠᠷ ᠳᠡᠭᠡᠷᠡᠬᠢ ᠴᠠᠭ ᠠᠭᠤᠷ ᠤᠨ ᠠᠵᠢᠭᠯᠠᠯᠲᠠ ᠶᠢ ᠠᠦ᠋ᠲ᠋ᠣᠴᠢᠯᠠᠬᠤ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠴᠠᠭ ᠠᠭᠤᠷ ᠤᠨ ᠠᠵᠢᠭᠯᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲᠤᠮ | ISO9001 ᠭᠡᠷᠡᠴᠢᠯᠡᠯᠲᠡ ᠶᠢ ᠥᠩᠭᠡᠷᠡᠭᠡᠪᠡ᠃ ᠡᠯ᠎ᠡ ᠲᠦᠷᠦᠯ ᠤᠨ ᠴᠠᠭ ᠠᠭᠤᠷ ᠤᠨ ᠭᠠᠮᠰᠢᠭ ᠢ ᠬᠢᠨᠠᠨ | ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠲᠣᠭᠲᠠᠭᠤᠨ ᠢᠶᠠᠷ | ᠳᠡᠭᠡᠭᠰᠢᠯᠡᠭᠦᠯᠪᠡ᠂ ᠡᠭᠦᠨ ᠳᠤ ᠰᠢᠷᠦᠭᠦᠨ ᠪᠣᠷᠣᠭᠠᠨ ᠤ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠶᠢᠨ ᠬᠡᠮᠵᠢᠶ᠎ᠡ 86. | 9% ᠳᠤ ᠬᠦᠷᠴᠦ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠰᠡᠷᠡᠮᠵᠢ ᠶᠢᠨ ᠤᠷᠢᠳᠴᠢᠯᠠᠭᠰᠠᠨ | ᠬᠡᠮᠵᠢᠶ᠎ᠡ ᠨᠢ 55 ᠮᠢᠨᠦ᠋ᠲ ᠲᠤ ᠬᠦᠷᠴᠡᠢ᠃ ᠦᠶᠡᠷ ᠤᠨ ᠬᠤᠭᠤᠴᠠᠭᠠᠨ ᠤ 12 ᠤᠳᠠᠭᠠᠨ ᠤ ᠣᠷᠣᠨ ᠪᠦᠰᠡ ᠶᠢᠨ | ᠰᠢᠷᠦᠭᠦᠨ ᠪᠣᠷᠣᠭᠠᠨ ᠤ ᠴᠠᠭ ᠠᠭᠤᠷ ᠤᠨ ᠶᠠᠪᠤᠴᠠ ᠶᠢ ᠠᠮᠵᠢᠯᠲᠠ ᠲᠠᠢ ᠪᠠᠷ ᠤᠷᠢᠳᠴᠢᠯᠠᠨ ᠮᠡᠳᠡᠭᠡᠯᠡᠵᠦ᠂ 9 ᠳ᠋ᠣᠭᠡᠷ | ᠰᠠᠷ᠎ᠠ ᠳᠤ ᠵᠡᠭᠦᠨ ᠬᠤᠶᠢᠲᠤ ᠣᠷᠣᠨ ᠤ ᠬᠠᠭᠠᠰ ᠰᠠᠷ᠎ᠠ ᠶᠢᠨ ᠳᠣᠲᠣᠷ᠎ᠠ 3 ᠲᠠᠶᠢᠹᠤᠩ ᠰᠠᠯᠬᠢᠨ ᠤ ᠬᠠᠭᠤᠷᠠᠶ ᠳᠤ | ᠭᠠᠷᠬᠤ ᠨᠥᠯᠥᠭᠡ᠂ 11 ᠳ᠋ᠣᠭᠡᠷ ᠰᠠᠷ᠎ᠠ ᠳᠤ ᠶᠡᠭᠡ ᠬᠡᠪᠴᠢᠶᠡᠨ ᠤ ᠲᠦᠢᠯ ᠤᠨ ᠶᠡᠭᠡ ᠴᠠᠰᠤ ᠤᠷᠤᠭᠰᠠᠨ ᠵᠡᠷᠭᠡ | ᠲᠡᠦᠬᠡᠨ ᠳᠤ ᠬᠤᠪᠣᠷ ᠲᠣᠬᠢᠶᠠᠯᠳᠤᠬᠤ ᠭᠠᠮᠰᠢᠭᠲᠤ ᠴᠠᠭ ᠠᠭᠤᠷ ᠢ ᠪᠦᠲᠦᠮᠵᠢᠲᠡᠶ ᠠᠷᠭᠠᠴᠠᠭᠠᠪᠠ᠃ ᠢᠯᠠᠩᠭᠤᠶ᠎ᠠ | ᠲᠠᠶᠢᠹᠤᠩ ᠰᠠᠯᠬᠢ ︽ᠮᠠᠶ᠋ᠢᠰᠠᠺ︾ ᠶᠢᠨ ᠨᠥᠯᠥᠭᠡ ᠪᠠᠷ᠂ ᠮᠠᠨ ᠤ ᠣᠷᠣᠨ ᠤ ᠵᠡᠭᠦᠨ ᠬᠡᠰᠡᠭ ᠤᠨ ᠭᠠᠵᠠᠷ ᠣᠷᠣᠨ ᠳᠤ | 143.9mm ᠤᠨ ᠬᠠᠮᠤᠭ ᠤᠨ ᠶᠡᠭᠡ ᠪᠣᠷᠣᠭᠠᠨ ᠣᠷᠣᠵᠤ᠂ 12 ᠲᠠᠰ ᠠᠴᠠ ᠳᠡᠭᠡᠭᠰᠢᠬᠢ ᠬᠦᠴᠦᠲᠡᠶ ᠰᠠᠯᠬᠢ | ᠰᠠᠯᠬᠢᠯᠠᠵᠤ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ 2 ᠡᠳᠦᠷ ᠤᠨ ᠡᠮᠦᠨ᠎ᠡ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠲᠤ ᠰᠢᠢᠳᠪᠦᠷᠢᠲᠦ ᠪᠣᠳᠣᠯᠭ᠎ᠠ ᠶᠢᠨ | ᠦᠢᠯᠡᠴᠢᠯᠡᠭᠡᠨ ᠤ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ | ᠮᠥᠴᠢᠷ ᠤᠳ ᠳᠣᠭᠰᠢᠨ ᠪᠣᠷᠣᠭᠠᠨ᠂ ᠶᠡᠭᠡ ᠰᠠᠯᠬᠢ᠂ ᠠᠶᠤᠩᠭ᠎ᠠ ᠴᠠᠬᠢᠯᠭᠠᠨ ᠵᠡᠷᠭᠡ ᠰᠡᠷᠡᠮᠵᠢ ᠶᠢᠨ ᠳᠣᠬᠢᠶ᠎ᠠ ᠶᠢ | ᠨᠡᠶᠢᠲᠡ 75 ᠬᠤᠭᠤᠴᠠᠭ᠎ᠠ ᠨᠡᠶᠢᠲᠡᠯᠡᠵᠦ᠂ ᠰᠡᠷᠡᠮᠵᠢ ᠶᠢᠨ ᠣᠨᠣᠪᠴᠢ ᠶᠢᠨ ᠬᠡᠮᠵᠢᠶ᠎ᠡ 91.3% ᠬᠦᠷᠴᠦ᠂ | ᠶᠡᠷᠦᠩᠬᠡᠶᠢᠯᠡᠭᠰᠡᠨ ᠰᠡᠷᠡᠮᠵᠢ ᠶᠢᠨ ᠤᠷᠢᠳᠴᠢᠯᠠᠭᠰᠠᠨ ᠬᠡᠮᠵᠢᠶ᠎ᠡ 2 ᠴᠠᠭ ᠠᠴᠠ ᠲᠠᠪᠠᠪᠠ᠃ | ᠳᠥᠷᠪᠡ ᠳᠤ᠂ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠳᠡᠯᠡᠭᠰᠡᠨ ᠬᠠᠮᠤᠷᠬᠤ ᠬᠡᠪᠴᠢᠶ᠎ᠡ | ᠲᠠᠰᠤᠷᠠᠯᠲᠠ ᠥᠬᠡᠶ ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠯᠤᠭ᠎ᠠ | ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ︽ᠲᠣᠰᠬᠤᠨ ᠪᠣᠯᠭᠠᠨ ᠳᠤ ᠨᠡᠪᠲᠡᠷᠡᠭᠦᠯᠬᠦ︾ | ᠰᠢᠰᠲ᠋ᠧᠮ ᠬᠢᠭᠡᠳ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠨᠡᠶᠢᠲᠡᠯᠡᠬᠦ ᠠᠷᠭ᠎ᠠ ᠵᠠᠮ ᠢᠶᠠᠨ ᠤᠯᠠᠮ ᠨᠢᠭᠡ ᠠᠯᠬᠤᠮ ᠥᠷᠭᠡᠳᠬᠡᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠪᠡ᠃ ᠪᠥᠬᠦ ᠣᠷᠣᠨ ᠤ ᠡᠯ᠎ᠡ ᠱᠠᠲᠤᠨ ᠤ ᠴᠠᠭ ᠠᠭᠤᠷ ᠤᠨ | ᠰᠠᠯᠠᠭ᠎ᠠ ᠮᠥᠴᠢᠷ ᠤᠳ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ | ᠰᠢᠰᠲ᠋ᠧᠮ ᠵᠢᠴᠢ ᠲᠧᠯᠸᠢᠰ᠂ ᠷᠠᠳᠢᠣ᠋᠂ ᠭᠠᠷ ᠤᠲᠠᠰᠤᠨ ᠤ ᠣᠬᠤᠷ ᠮᠡᠳᠡᠭᠡ ᠵᠢᠴᠢ ᠸᠢᠴᠠᠲ ᠪᠢᠴᠢᠯ ᠪᠦᠷᠭᠡ ᠵᠡᠷᠭᠡ | ᠰᠢᠨ᠎ᠡ ᠵᠠᠭᠤᠴᠢᠯᠠᠭᠤᠷ ᠲᠤ ᠲᠦᠰᠢᠭᠯᠡᠨ ᠡᠯ᠎ᠡ ᠱᠠᠲᠤᠨ ᠤ ᠤᠷᠢᠳᠴᠢᠯᠠᠨ ᠰᠡᠷᠡᠮᠵᠢᠯᠡᠭᠦᠯᠬᠦ ᠬᠠᠷᠢᠭᠤᠴᠠᠯᠭᠠᠲᠠᠨ ᠪᠠ | ᠨᠡᠶᠢᠭᠡᠮ ᠨᠡᠶᠢᠲᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠥᠨᠳᠥᠷ | ᠪᠦᠲᠦᠮᠵᠢᠲᠡᠶ ᠪᠠᠷ ᠨᠡᠶᠢᠲᠡᠯᠡᠪᠡ᠃ ᠪᠥᠬᠦ ᠣᠷᠣᠨ ᠳᠤ ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠡᠶᠢᠲᠡ 9190 ᠵᠤᠷᠪᠤᠰ ᠨᠡᠶᠢᠲᠡᠯᠡᠵᠦ᠂ 12379 ᠪᠠᠷ ᠳᠠᠮᠵᠢᠭᠤᠯᠤᠨ ᠡᠯ᠎ᠡ ᠱᠠᠲᠤᠨ ᠤ | ᠬᠠᠷᠢᠭᠤᠴᠠᠯᠭᠠᠲᠠᠨ ᠳᠤ ᠤᠷᠢᠳᠴᠢᠯᠠᠨ ᠰᠡᠷᠡᠮᠵᠢᠯᠡᠭᠦᠯᠬᠦ ᠣᠬᠤᠷ ᠮᠡᠳᠡᠭᠡ ᠶᠢ 1002 ᠲᠦᠮᠡᠨ ᠬᠥᠮᠦᠨ ᠤᠳᠠᠭ᠎ᠠ | ᠨᠡᠶᠢᠲᠡᠯᠡᠪᠡ᠃ | ᠲᠠᠪᠤ ᠳᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠰᠢᠷᠦᠭᠦᠨ ᠪᠣᠷᠣᠭᠠᠨ ᠦᠶᠡᠷ ᠤᠰᠤᠲᠤᠯ᠂ ᠭᠠᠩ ᠬᠠᠭᠤᠷᠠᠶ᠂ ᠴᠠᠰᠤ ᠰᠢᠭᠤᠷᠭ᠎ᠠ᠂ ᠶᠡᠭᠡ ᠰᠠᠯᠬᠢ᠂ ᠬᠢᠷᠠᠭᠤ | ᠬᠥᠯᠳᠡᠭᠦᠦ ᠵᠡᠷᠭᠡ ᠴᠠᠭ ᠠᠭᠤᠷ ᠤᠨ ᠭᠠᠮᠰᠢᠭ ᠵᠢᠴᠢ ᠬᠠᠲᠤᠨ ᠭᠤᠣᠯ ᠤᠨ ᠬᠠᠯᠢᠶ᠎ᠠ ᠦᠶᠡᠷ᠂ ᠣᠶ ᠰᠢᠭᠤᠶ ᠶᠢᠨ | ᠲᠦᠢᠮᠡᠷ ᠤᠨ ᠭᠠᠮᠰᠢᠭ ᠵᠡᠷᠭᠡ ᠠᠴᠠ ᠡᠭᠦᠰᠦᠭᠰᠡᠨ ᠭᠠᠮᠰᠢᠭ ᠲᠤ ᠴᠢᠭᠯᠡᠭᠦᠯᠦᠨ᠂ ᠴᠠᠭ ᠠᠭᠤᠷ ᠤᠨ ᠰᠠᠯᠠᠭ᠎ᠠ | ᠮᠥᠴᠢᠷ ᠤᠳ ᠨᠠᠷᠢᠨ ᠨᠢᠮᠪᠠᠶ ᠬᠢᠨᠠᠨ ᠬᠡᠮᠵᠢᠵᠦ᠂ ᠦᠷᠭᠦᠯᠵᠢᠯᠡᠨ ᠤᠷᠢᠳᠴᠢᠯᠠᠨ ᠮᠡᠳᠡᠭᠡᠯᠡᠵᠦ᠂ ᠬᠤᠯᠪᠣᠭᠠᠯᠠᠨ | ᠵᠥᠪᠳᠡᠯᠴᠡᠵᠦ᠂ ᠮᠥᠷᠳᠡᠨ ᠦᠢᠯᠡᠴᠢᠯᠡᠵᠦ᠂ ᠣᠨᠣᠪᠴᠢᠲᠠᠶ ᠪᠠᠷ ᠤᠷᠢᠳᠴᠢᠯᠠᠨ ᠮᠡᠳᠡᠭᠡᠯᠡᠵᠦ᠂ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠳᠤ | ᠬᠠᠮᠵᠢᠯᠴᠠᠬᠤ ᠪᠠᠨ ᠡᠬᠢᠯᠡᠭᠦᠯᠵᠦ᠂ ᠨᠠᠮ ᠵᠠᠰᠠᠭ ᠤᠨ ᠤᠳᠤᠷᠢᠳᠤᠯᠭ᠎ᠠ ᠶᠢᠨ ᠳᠠᠭᠤᠳᠠᠯᠭ᠎ᠠ ᠶᠢᠨ ᠦᠢᠯᠡᠴᠢᠯᠡᠭᠡ ᠶᠢ | ᠥᠷᠨᠢᠭᠦᠯᠵᠦ᠂ ᠬᠤᠯᠪᠤᠭᠳᠠᠯ ᠪᠥᠬᠦᠶ ᠭᠠᠵᠠᠷ ᠣᠷᠣᠨ ᠨᠤᠭᠤᠳ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ | ᠶᠣᠰᠣᠭᠠᠷ ᠲᠡᠭᠡᠭᠡᠪᠦᠷᠢᠯᠡᠬᠦ ᠶᠢ ᠵᠣᠭᠰᠣᠭᠠᠬᠤ᠂ ᠬᠢᠴᠢᠶᠡᠯ ᠵᠣᠭᠰᠣᠭᠠᠬᠤ᠂ ᠠᠵᠢᠯ ᠵᠣᠭᠰᠣᠭᠠᠬᠤ ᠲᠣᠭᠲᠠᠴᠠ ᠶᠢ | ᠡᠬᠢᠯᠡᠭᠦᠯᠵᠦ᠂ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠡ᠃ ᠡᠭᠦᠨ ᠳᠤ᠂ | 2020 ᠣᠨ ᠤ 11 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯᠠᠬᠢ ᠮᠠᠨ ᠤ ᠣᠷᠣᠨ ᠤ ᠳᠤᠮᠳᠠ | ᠵᠡᠭᠦᠨ ᠬᠡᠰᠡᠭ ᠤᠨ ᠣᠨᠴᠠ ᠶᠡᠭᠡ ᠴᠠᠰᠤ ᠰᠢᠭᠤᠷᠭᠠᠨ ᠤ ᠶᠠᠪᠤᠴᠠ ᠳᠤ ᠴᠢᠭᠯᠡᠭᠦᠯᠦᠨ᠂ ᠡᠯ᠎ᠡ ᠱᠠᠲᠤᠨ ᠤ ᠴᠠᠭ | ᠠᠭᠤᠷ ᠤᠨ ᠰᠠᠯᠠᠭ᠎ᠠ ᠮᠥᠴᠢᠷ ᠤᠨ ᠬᠢᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ 72 | ᠴᠠᠭ ᠤᠨ ᠡᠮᠦᠨ᠎ᠡ ᠰᠢᠷᠦᠭᠦᠨ ᠴᠠᠰᠤ᠂ ᠶᠡᠭᠡ ᠰᠠᠯᠬᠢ ᠪᠠ ᠳᠤᠯᠠᠭᠠᠨ ᠤ ᠬᠡᠮᠵᠢᠶ᠎ᠡ ᠶᠡᠭᠡ ᠪᠠᠷ ᠲᠤᠷᠤᠭᠰᠢᠯᠠᠬᠤ ᠴᠠᠭ | ᠠᠭᠤᠷ ᠤᠨ ᠤᠷᠢᠳᠴᠢᠯᠠᠭᠰᠠᠨ ᠮᠡᠳᠡᠭᠡ ᠶᠢ ᠨᠡᠶᠢᠳᠡᠯᠡᠵᠦ᠂ ᠤᠷᠢᠳᠴᠢᠯᠠᠨ ᠮᠡᠳᠡᠭᠡᠯᠡᠬᠦ ᠪᠠᠨ ᠴᠠᠭ ᠲᠤᠬᠠᠶ ᠳᠤᠨᠢ | ᠦᠷᠭᠦᠯᠵᠢᠯᠡᠨ ᠰᠢᠨᠡᠳᠬᠡᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡ 229 ᠨᠡᠶᠢᠲᠡᠯᠡᠵᠦ᠂ | ᠬᠠᠮᠤᠭ ᠤᠨ ᠲᠡᠷᠢᠭᠦᠨ ᠳᠤ ᠰᠢᠢᠳᠪᠦᠷᠢᠲᠦ ᠪᠣᠳᠣᠯᠭ᠎ᠠ ᠶᠢᠨ ᠰᠠᠯᠠᠭ᠎ᠠ ᠮᠥᠴᠢᠷ ᠲᠤ ᠮᠠᠲ᠋ᠧᠷᠢᠶᠠᠯ ᠢᠶᠠᠨ ᠮᠡᠳᠡᠭᠦᠯᠦᠨ | ᠬᠦᠷᠭᠡᠵᠦ᠂ ᠰᠡᠷᠭᠡᠶᠢᠯᠡᠬᠦ ᠠᠷᠭ᠎ᠠ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠂ ᠡᠯ᠎ᠡ ᠰᠠᠯᠠᠭ᠎ᠠ ᠮᠥᠴᠢᠷ ᠤᠨ | ᠰᠡᠷᠭᠡᠶᠢᠯᠡᠯᠲᠡ ᠶᠢᠨ ᠠᠵᠢᠯ ᠢ ᠡᠷᠲᠡ ᠠᠴᠠ ᠪᠠᠶᠢᠷᠢᠯᠠᠭᠤᠯᠬᠤ᠂ ᠡᠷᠲᠡ ᠠᠴᠠ ᠲᠣᠬᠢᠷᠠᠭᠤᠯᠬᠤ ᠳᠤ ᠰᠢᠨᠵᠢᠯᠡᠬᠦ | ᠤᠬᠠᠭᠠᠨᠴᠢ ᠦᠨᠳᠦᠰᠦᠯᠡᠯ ᠬᠠᠩᠭᠠᠪᠠ᠃ ᠡᠨᠡ ᠤᠳᠠᠭᠠᠨ ᠤ ᠴᠠᠭ ᠠᠭᠤᠷ ᠤᠨ ᠶᠠᠪᠤᠴᠠ ᠳᠤ ᠴᠠᠭ ᠠᠭᠤᠷ ᠤᠨ | ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠣᠷᠢᠳᠴᠢᠯᠠᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠡᠶᠢᠲᠡᠯᠡᠬᠦ ᠲᠠᠪᠴᠠᠩ ᠢᠶᠠᠷ ᠡᠯ᠎ᠡ ᠱᠠᠲᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠬᠠᠷᠢᠭᠤᠴᠠᠯᠭᠠᠲᠠᠨ ᠳᠤ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ 30.86 | ᠲᠦᠮᠡᠨ ᠬᠥᠮᠦᠨ ᠤᠳᠠᠭ᠎ᠠ ᠨᠡᠶᠢᠲᠡᠯᠡᠵᠦ᠂ ᠡᠭᠦᠨ ᠤ ᠬᠠᠮᠲᠤ᠂ ᠷᠠᠳᠢᠣ᠋ ᠨᠡᠪᠲᠡᠷᠡᠭᠦᠯᠭᠡ᠂ ᠲᠧᠯᠸᠢᠰ ᠵᠢᠴᠢ ᠸᠢᠴᠠᠲ ᠤᠨ | ᠣᠯᠠᠨ ᠨᠡᠶᠢᠲᠡ ᠶᠢᠨ ᠲᠡᠪᠴᠠᠩ᠂ ᠲᠢᠺ ᠲᠤᠺ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ | ᠨᠡᠶᠢᠭᠡᠮ ᠨᠡᠶᠢᠲᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠣᠨᠣᠪᠴᠢᠲᠠᠶ ᠪᠥᠭᠡᠳ ᠴᠠᠭ | ᠲᠤᠬᠠᠶ ᠳᠤᠨᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠨᠢ ᠡᠯ᠎ᠡ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠵᠢᠯᠣᠭᠤᠳᠣᠯᠭ᠎ᠠ ᠳᠤ ᠰᠢᠢᠳᠪᠦᠷᠢᠲᠦ ᠪᠣᠳᠣᠯᠭ᠎ᠠ ᠶᠢᠨ | ᠦᠨᠳᠦᠰᠦᠯᠡᠯ ᠬᠠᠩᠭᠠᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠳᠤ ᠪᠠᠲᠤᠯᠠᠭ᠎ᠠ | ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠳᠤᠮᠳᠠᠳᠤ | ᠤᠯᠤᠰ ᠤᠨ ᠴᠠᠭ ᠠᠭᠤᠷ ᠤᠨ ᠲᠤᠪᠴᠢᠶᠠᠨ ᠤ ᠬᠦᠢᠴᠡᠳ ᠨᠤᠲᠠᠯᠠᠯᠲᠠ ᠶᠢ ᠣᠯᠤᠭᠰᠠᠨ ᠪᠠᠶᠢᠨ᠎ᠠ᠃ | ᠬᠤᠶᠠᠷ᠂ 2021 ᠣᠨ ᠤ ᠬᠠᠪᠤᠷ ᠤᠨ ᠤᠯᠠᠷᠢᠯ ᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠥᠬᠦᠴᠡᠯ | ︵ᠨᠢᠭᠡ︶ ᠡᠮᠦᠨᠡᠬᠢ ᠬᠤᠭᠤᠴᠠᠭᠠᠨ ᠤ ᠪᠥᠬᠦ ᠣᠷᠣᠨ ᠤ ᠴᠠᠭ ᠠᠭᠤᠷ ᠤᠨ ᠠᠭᠤᠷ ᠠᠮᠢᠰᠬᠤᠯ ᠤᠨ | ᠣᠨᠴᠠᠯᠢᠭ ᠵᠢᠴᠢ ᠲᠠᠷᠢᠶᠠᠯᠠᠩ ᠮᠠᠯ ᠠᠵᠤ ᠠᠬᠤᠶ ᠳᠤ ᠦᠵᠡᠭᠦᠯᠬᠦ ᠨᠥᠯᠥᠭᠡ | ᠨᠢᠳᠤᠨᠤᠨ ᠡᠪᠦᠯ ︵2020 ᠣᠨ ᠤ 12 ᠰᠠᠷ᠎ᠠ ᠠᠴᠠ 2021 ᠣᠨ ᠤ 2 ᠰᠠᠷ᠎ᠠ ᠪᠣᠯᠲᠠᠯ᠎ᠠ︶ ᠬᠥᠯᠥᠨ | ᠪᠤᠶᠢᠷ ᠬᠤᠲᠠ ᠶᠢᠨ ᠳᠤᠮᠳᠠ ᠪᠠᠷᠠᠭᠤᠨ ᠬᠡᠰᠡᠭ᠂ ᠤᠯᠠᠭᠠᠨᠴᠠᠪ ᠬᠤᠲᠠ ᠠᠴᠠ ᠪᠠᠷᠠᠭᠤᠨᠰᠢᠬᠢ ᠭᠠᠵᠠᠷ ᠣᠷᠣᠨ ᠤ | ᠠᠭᠠᠷ ᠤᠨ ᠳᠤᠯᠠᠭᠠᠨ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ 0.1~ 4. 1℃ | ᠥᠨᠳᠥᠷ ᠪᠠᠶᠢᠵᠤ᠂ ᠪᠤᠰᠤᠳ ᠭᠠᠵᠠᠷ ᠣᠷᠣᠨ ᠳᠣᠤᠷ᠎ᠠ ᠰᠢᠭ᠋ ᠪᠠᠶᠢᠨ᠎ᠠ︔ 2 ᠳ᠋ᠤᠭᠠᠷ ᠰᠠᠷ᠎ᠠ ᠠᠴᠠ ᠨᠠᠰᠢ ᠪᠥᠬᠦ | ᠣᠷᠣᠨ ᠤ ᠳᠤᠮᠳᠠᠴᠢ ᠠᠭᠠᠷ ᠤᠨ ᠳᠤᠯᠠᠭᠠᠨ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 3.4℃ | ᠥᠨᠳᠥᠷ ᠪᠣᠯᠵᠣ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.0℃ ᠥᠨᠳᠥᠷ ᠪᠣᠯᠵᠣ᠂ 1961 | ᠣᠨ ᠠᠴᠠ ᠨᠠᠰᠢᠬᠢ ᠠᠳᠠᠯᠢ ᠬᠤᠭᠤᠴᠠᠭᠠᠨ ᠤ 3 ᠳ᠋ᠤᠭᠠᠷ ᠥᠨᠳᠥᠷ ᠲᠤ ᠬᠦᠷᠪᠡ᠃ | ᠨᠢᠳᠤᠨᠤᠨ ᠡᠪᠦᠯ ᠤᠨ ᠤᠯᠠᠷᠢᠯ ᠳᠤ ᠪᠥᠬᠦ ᠣᠷᠣᠨ ᠤ ᠬᠤᠷ᠎ᠠ ᠲᠤᠨᠳᠠᠰᠣ ᠡᠩ ᠤᠨ ᠵᠢᠯ ᠤᠨ ᠠᠳᠠᠯᠢ | ᠬᠤᠭᠤᠴᠠᠭᠠᠨ ᠳᠤ ᠣᠶᠢᠷᠠᠳᠴᠤ᠂ 2 ᠳ᠋ᠤᠭᠠᠷ ᠰᠠᠷ᠎ᠠ ᠳᠤ ᠪᠥᠬᠦ ᠣᠷᠣᠨ ᠤ ᠶᠡᠬᠡᠩᠬᠢ ᠭᠠᠵᠠᠷ ᠤᠨ ᠬᠤᠷ᠎ᠠ | ᠲᠤᠨᠳᠠᠰᠣ ᠶᠢᠨ ᠬᠡᠮᠵᠢᠶ᠎ᠡ ᠳᠤᠮᠳᠠᠴᠢ ᠪᠠᠷ 2.6 ᠮᠢᠯᠢᠮᠧᠲᠷ ᠢᠯᠡᠭᠦᠤ ᠪᠣᠯᠵᠣ᠂ 1961 ᠣᠨ ᠠᠴᠠ ᠨᠠᠰᠢᠬᠢ ᠠᠳᠠᠯᠢ | ᠬᠤᠭᠤᠴᠠᠭᠠᠨ ᠤ 4 ᠳ᠋ᠤᠭᠡᠷ ᠲᠤ ᠬᠦᠷᠴᠡᠶ᠃ ᠣᠳᠣᠬᠠᠨ ᠳᠤ᠂ ᠮᠠᠨ ᠤ ᠣᠷᠣᠨ ᠤ ᠬᠥᠯᠥᠨ ᠪᠤᠶᠢᠷ ᠬᠤᠲᠠ ᠶᠢᠨ | ᠶᠡᠬᠡᠩᠬᠢ ᠬᠡᠰᠡᠭ᠂ ᠬᠢᠩᠭᠠᠨ ᠠᠶᠢᠮᠠᠭ ᠤᠨ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠵᠡᠭᠦᠨ ᠬᠡᠰᠡᠭ᠂ | ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠶᠢᠨ ᠬᠤᠶᠢᠲᠤ | ᠬᠡᠰᠡᠭ᠂ ᠪᠤᠭᠤᠲᠤ ᠬᠤᠲᠠ ᠶᠢᠨ ᠵᠡᠭᠦᠨ ᠬᠡᠰᠡᠭ᠂ ᠪᠠᠶᠠᠨᠨᠠᠭᠤᠷ ᠬᠤᠲᠠ ᠶᠢᠨ ᠬᠡᠰᠡᠭ ᠭᠠᠵᠠᠷ ᠲᠤ ᠬᠤᠷᠠᠭᠰᠠᠨ | ᠴᠠᠰᠤ ᠲᠠᠢ᠂ ᠬᠤᠷᠠᠭᠰᠠᠨ ᠴᠠᠰᠤᠨ ᠤ ᠲᠠᠯᠠᠪᠠᠶ ᠨᠢ ᠪᠠᠷᠤᠭ 40.49 ᠲᠦᠮᠡᠨ ᠲᠡᠭᠰᠢ ᠳᠥᠷᠪᠡᠯᠵᠢᠨ ᠺᠢᠯᠦᠮᠧᠲᠷ᠂ | ᠪᠥᠬᠦ ᠣᠷᠣᠨ ᠤ ᠶᠡᠷᠦᠩᠬᠡᠶ ᠲᠠᠯᠠᠪᠠᠶ ᠶᠢᠨ 34.22% ᠢ ᠡᠵᠡᠯᠡᠵᠦ᠂ ᠬᠤᠷᠠᠭᠰᠠᠨ ᠴᠠᠰᠤᠨ ᠤ ᠬᠠᠮᠤᠭ ᠤᠨ | ᠭᠦᠨ ᠨᠢ 30.0 ᠰᠡᠨᠲ᠋ᠢᠮᠧᠲᠷ ᠬᠦᠷᠴᠦ᠂ ᠬᠥᠯᠥᠨ ᠪᠤᠶᠢᠷ ᠬᠤᠲᠠ ᠶᠢᠨ ᠭᠡᠭᠡᠨ ᠭᠤᠤᠯ ᠬᠤᠲᠠ ᠳᠤ ᠢᠯᠡᠷᠡᠪᠡ᠃ | ᠨᠢᠳᠤᠨᠤᠨ ᠤ 11 ᠳ᠋ᠤᠭᠡᠷ ᠰᠠᠷ᠎ᠠ ᠶᠢᠨ ᠡᠬᠢ ᠪᠠᠷ ᠬᠥᠯᠳᠡᠬᠦ ᠠᠴᠠ ᠡᠮᠦᠨ᠎ᠡ᠂ ᠪᠥᠬᠦ ᠣᠷᠣᠨ ᠤ ᠬᠥᠷᠥᠰᠥᠨ ᠤ | ᠢᠷᠣᠭᠠᠷ ᠤᠨ ᠴᠢᠬᠢᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠣᠶᠢᠷᠠᠳᠴᠤ᠂ ᠥᠩᠭᠡᠷᠡᠭᠰᠡᠨ ᠵᠢᠯ ᠤᠨ | ᠠᠳᠠᠯᠢ ᠬᠤᠭᠤᠴᠠᠭᠠᠨ ᠤ ᠬᠢ ᠠᠴᠠ ᠰᠠᠶᠢᠨ ᠪᠣᠯᠵᠠᠶ᠃ 1 — 2 ᠳ᠋ᠤᠭᠠᠷ ᠰᠠᠷ᠎ᠠ ᠳᠤ ᠳᠤᠮᠳᠠ ᠪᠠ ᠵᠡᠭᠦᠨ | ᠬᠡᠰᠡᠭ ᠤᠨ ᠭᠠᠵᠠᠷ ᠣᠷᠣᠨ ᠳᠤ ᠬᠤᠷ᠎ᠠ ᠲᠤᠨᠳᠠᠰᠣ ᠨᠡᠯᠢᠶᠡᠳ ᠣᠯᠠᠰᠢᠷᠠᠵᠤ᠂ ᠢᠯᠠᠩᠭᠤᠶ᠎ᠠ 2 ᠳ᠋ᠤᠭᠠᠷ ᠰᠠᠷ᠎ᠠ ᠳᠤ | ᠪᠥᠬᠦ ᠣᠷᠣᠨ ᠤ ᠶᠡᠬᠡᠩᠬᠢ ᠭᠠᠵᠠᠷ ᠲᠤ ᠬᠤᠷ᠎ᠠ ᠲᠤᠨᠳᠠᠰᠣ ᠢᠯᠡᠷᠭᠡᠢ ᠣᠯᠠᠰᠢᠷᠠᠵᠤ᠂ ᠮᠠᠯᠵᠢᠬᠤ ᠲᠠᠷᠢᠶᠠᠯᠠᠬᠤ | ᠣᠷᠣᠨ ᠤ ᠬᠥᠷᠥᠰᠥ ᠰᠢᠷᠣᠶ ᠶᠢᠨ ᠴᠢᠬᠢᠭ ᠢ ᠬᠠᠮᠠᠭᠠᠯᠠᠨ ᠴᠢᠬᠢᠭ ᠢ ᠨᠡᠮᠡᠭᠳᠡᠭᠦᠯᠬᠦ ᠳᠤ ᠲᠦᠢᠯ ᠤᠨ ᠠᠰᠢᠭᠲᠠᠶ ᠪᠤᠯᠵᠤ᠂ | ᠣᠳᠣᠬᠠᠨ ᠳᠤ ᠲᠠᠷᠢᠶᠠᠯᠠᠬᠤ ᠣᠷᠣᠨ ᠤ ᠨᠡᠯᠢᠶᠡᠳ ᠰᠠᠶᠢᠨ ᠴᠢᠬᠢᠭ ᠤᠨ ᠪᠠᠶᠢᠳᠠᠯ ᠠᠷᠪᠠᠨ ᠤ ᠲᠤᠯᠤᠭᠠᠨ ᠬᠤᠪᠢ ᠶᠢ | ᠳᠠᠪᠠᠵᠤ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠢᠯᠡᠳᠲᠡ ᠰᠠᠶᠢᠨ ᠪᠠᠶᠢᠨ᠎ᠠ᠃ ᠭᠡᠪᠡᠴᠦ | ᠠᠭᠠᠷ ᠤᠨ ᠳᠤᠯᠠᠭᠠᠨ ᠥᠨᠳᠥᠷ᠂ ᠢᠯᠠᠩᠭᠤᠶ᠎ᠠ 2 ᠳ᠋ᠤᠭᠠᠷ ᠰᠠᠷ᠎ᠠ ᠳᠤ ᠢᠯᠡᠷᠬᠡᠶ ᠥᠨᠳᠥᠷ ᠪᠠᠶᠢᠳᠠᠭ ᠠᠴᠠ ᠬᠤᠤᠷᠲᠤ | ᠬᠤᠷᠣᠬᠠᠶ ᠶᠢᠨ ᠥᠨᠳᠡᠭᠡ ᠪᠠ ᠡᠪᠡᠳᠴᠢᠨ ᠤ ᠪᠠᠺᠲ᠋ᠧᠷᠢ ᠶᠢᠨ ᠡᠪᠦᠯᠵᠢᠬᠦ ᠳᠤ ᠠᠰᠢᠭᠲᠠᠶ ᠨᠥᠬᠦᠴᠡᠯ ᠢ ᠬᠠᠩᠭᠠᠵᠤ᠂ | ᠬᠠᠪᠤᠷ ᠵᠣᠨ ᠤ ᠤᠯᠠᠷᠢᠯ ᠤᠨ ᠡᠪᠡᠳᠴᠢᠨ ᠬᠤᠷᠣᠬᠠᠶ ᠶᠢᠨ ᠭᠠᠮᠰᠢᠭ ᠠᠮᠠᠷᠬᠠᠨ ᠡᠭᠦᠰᠴᠦ ᠲᠡᠯᠭᠡᠷᠡᠳᠡᠭ᠃ ᠡᠪᠦᠯ ᠤᠨ | ᠤᠯᠠᠷᠢᠯ ᠤᠨ ᠠᠭᠠᠷ ᠤᠨ ᠳᠤᠯᠠᠭᠠᠨ ᠥᠨᠳᠥᠷ ᠪᠠᠶᠢᠬᠤ ᠨᠢ ᠡᠪᠦᠯ ᠬᠠᠪᠤᠷ ᠤᠨ ᠤᠯᠠᠷᠢᠯ ᠳᠤ ᠮᠠᠯ ᠬᠠᠷᠢᠭᠤᠯᠬᠤ ᠪᠠ | ᠲᠥᠯ ᠲᠤᠰᠴᠤ ᠪᠤᠶᠢᠵᠢᠭᠤᠯᠬᠤ ᠵᠡᠷᠭᠡ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠲᠦᠢᠯ ᠤᠨ ᠠᠰᠢᠭᠲᠠᠶ | ᠪᠠᠶᠢᠳᠠᠭ᠃ | ︵ᠬᠤᠶᠠᠷ︶ ᠬᠠᠪᠤᠷ ᠤᠨ ᠤᠯᠠᠷᠢᠯ ᠤᠨ ᠠᠭᠤᠷ ᠠᠮᠢᠰᠬᠤᠯ ᠤᠨ ᠬᠠᠨᠳᠤᠰᠢ ᠶᠢᠨ ᠲᠦᠰᠦᠭᠡᠯᠡᠯᠳᠡ | ᠵᠢᠱᠢᠯᠲᠡ ᠪᠠᠷ 2021 ᠣᠨ ᠤ ᠬᠠᠪᠤᠷ ᠤᠨ ᠤᠯᠠᠷᠢᠯ ᠳᠤ ᠪᠥᠬᠦ ᠣᠷᠣᠨ ᠤ ᠬᠤᠷ᠎ᠠ ᠲᠤᠨᠳᠠᠰᠤᠨ ᠤ | ᠬᠡᠮᠵᠢᠶ᠎ᠡ 3.6 ~ 92.3 ᠮᠢᠯᠢᠮᠧᠲᠷ ᠪᠣᠯᠤᠨ᠎ᠠ᠃ ᠡᠭᠦᠨ ᠳᠤ ᠬᠥᠯᠥᠨ ᠪᠤᠶᠢᠷ ᠬᠤᠲᠠ ᠶᠢᠨ ᠡᠮᠦᠨ᠎ᠡ ᠬᠡᠰᠡᠭ᠂ | ᠬᠢᠩᠭᠠᠨ ᠠᠶᠢᠮᠠᠭ ᠤᠨ ᠬᠤᠶᠢᠲᠤ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠡᠮᠦᠨ᠎ᠡ ᠬᠡᠰᠡᠭ᠂ ᠰᠢᠯᠢ ᠶᠢᠨ | ᠭᠤᠤᠯ ᠠᠶᠢᠮᠠᠭ ᠤᠨ ᠡᠮᠦᠨ᠎ᠡ ᠬᠡᠰᠡᠭ ᠪᠠ ᠪᠠᠷᠠᠭᠤᠨ ᠬᠤᠶᠢᠲᠤ ᠬᠡᠰᠡᠭ᠂ ᠤᠯᠠᠭᠠᠨᠴᠠᠪ ᠬᠤᠲᠠ᠂ ᠬᠥᠬᠡᠬᠤᠲᠠ᠂ | ᠪᠤᠭᠤᠲᠤ ᠬᠤᠲᠠ ᠪᠠ ᠣᠷᠳᠣᠰ ᠬᠤᠲᠠ ᠶᠢᠨ ᠵᠡᠭᠦᠨ ᠬᠡᠰᠡᠭ ᠤᠨ ᠬᠤᠷ᠎ᠠ ᠲᠤᠨᠳᠠᠰᠤᠨ ᠤ ᠬᠡᠮᠵᠢᠶ᠎ᠡ ᠨᠢ 19.0 ~ | 92.3 ᠮᠢᠯᠢᠮᠧᠲᠷ ᠤᠨ ᠬᠤᠭᠤᠷᠣᠨᠳᠣ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 0 ~ 2 | ᠬᠤᠪᠢ ᠢᠯᠡᠭᠦᠤ ᠪᠠᠶᠢᠳᠠᠭ︔ ᠪᠤᠰᠤᠳ ᠭᠠᠵᠠᠷ ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ ᠨᠢ 3.6 ~ 75.1 | ᠮᠢᠯᠢᠮᠧᠲᠷ ᠤᠨ ᠬᠤᠭᠤᠷᠣᠨᠳᠣ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 0 ~ 2 ᠬᠤᠪᠢ | ᠳᠤᠲᠠᠭᠤ ᠪᠠᠶᠢᠳᠠᠭ᠃ | ᠬᠠᠪᠤᠷ ᠤᠨ ᠤᠯᠠᠷᠢᠯ ᠳᠤ ᠪᠥᠬᠦ ᠣᠷᠣᠨ ᠤ ᠳᠤᠮᠳᠠᠴᠢ ᠠᠭᠠᠷ ᠤᠨ ᠳᠤᠯᠠᠭᠠᠨ ᠨᠢ — 1.5 ~ 13. | 7℃ ᠪᠠᠶᠢᠳᠠᠭ᠃ ᠡᠭᠦᠨ ᠳᠤ ᠬᠥᠯᠥᠨ ᠪᠤᠶᠢᠷ ᠬᠤᠲᠠ ᠪᠣᠯᠤᠨ ᠬᠢᠩᠭᠠᠨ ᠠᠶᠢᠮᠠᠭ ᠤᠨ ᠳᠤᠮᠳᠠᠴᠢ ᠠᠭᠠᠷ ᠤᠨ | ᠳᠤᠯᠠᠭᠠᠨ ᠨᠢ — 1.5 ~ 9.1℃ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 0 | ~1℃ ᠥᠨᠳᠥᠷ ᠪᠠᠶᠢᠳᠠᠭ︔ ᠪᠤᠰᠤᠳ ᠭᠠᠵᠠᠷ ᠣᠷᠣᠨ ᠤ ᠳᠤᠮᠳᠠᠴᠢ ᠠᠭᠠᠷ ᠤᠨ ᠳᠤᠯᠠᠭᠠᠨ ᠨᠢ 2.8 ~ 13. | 7℃ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 1 ~ 2℃ ᠥᠨᠳᠥᠷ ᠪᠠᠶᠢᠳᠠᠭ᠃ | ᠪᠥᠬᠦ ᠣᠷᠣᠨ ᠤ ᠬᠠᠪᠤᠷ ᠤᠨ ᠤᠯᠠᠷᠢᠯ ᠤᠨ ᠶᠡᠭᠡ ᠰᠠᠯᠬᠢᠨ ᠤ ᠡᠳᠦᠷ ᠤᠨ ᠲᠤᠭ᠎ᠠ ᠨᠢ 5~25 | ᠡᠳᠦᠷ ᠤᠨ ᠬᠤᠭᠤᠷᠣᠨᠳᠣ ᠪᠠᠶᠢᠵᠤ᠂ ᠶᠡᠬᠡᠩᠬᠢ ᠭᠠᠵᠠᠷ ᠣᠷᠣᠨ ᠨᠢ ᠡᠩ ᠤᠨ ᠵᠢᠯ ᠤᠨ ᠠᠳᠠᠯᠢ | ᠬᠤᠭᠤᠴᠠᠭᠠᠨ ᠤ ᠬᠢ ᠠᠴᠠ ᠪᠠᠭ᠎ᠠ ᠰᠢᠭ᠋ ᠪᠠᠶᠢᠳᠠᠭ᠃ ᠪᠥᠬᠦ ᠣᠷᠣᠨ ᠳᠤ ᠶᠡᠭᠡ ᠬᠡᠪᠴᠢᠶᠡᠨ ᠤ ᠡᠯᠡᠰᠦᠨ ᠰᠢᠭᠤᠷᠭ᠎ᠠ | ᠡᠭᠦᠰᠬᠦ ᠴᠠᠭ ᠠᠭᠤᠷ ᠤᠨ ᠶᠠᠪᠤᠴᠠ ᠨᠢ 3~4 ᠤᠳᠠᠭ᠎ᠠ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ | 7.6 ᠤᠳᠠᠭ᠎ᠠ ᠠᠴᠠ ᠪᠠᠭ᠎ᠠ ᠰᠢᠭ᠋ ᠪᠠᠶᠢᠳᠠᠭ᠃ | ᠵᠢᠱᠢᠯᠲᠡ ᠪᠠᠷ ᠪᠥᠬᠦ ᠣᠷᠣᠨ ᠳᠤ ᠡᠴᠦᠰ ᠤᠨ ᠬᠢᠷᠠᠭᠤ ᠤᠨᠠᠬᠤ ᠴᠠᠭ ᠨᠢ 4 ᠰᠠᠷ᠎ᠠ ᠶᠢᠨ 8 ᠤ | ᠡᠳᠦᠷ ᠠᠴᠠ 5 ᠰᠠᠷ᠎ᠠ ᠶᠢᠨ 29 ᠤ ᠡᠳᠦᠷ ᠤᠨ ᠬᠤᠭᠤᠷᠣᠨᠳᠣ ᠢᠯᠡᠷᠡᠵᠦ᠂ ᠪᠥᠬᠦ ᠣᠷᠣᠨ ᠤ ᠶᠡᠬᠡᠩᠬᠢ ᠭᠠᠵᠠᠷ | ᠣᠷᠣᠨ ᠳᠤ ᠡᠩ ᠤᠨ ᠵᠢᠯ ᠤᠨ ᠬᠢ ᠠᠴᠠ 10 — 15 ᠡᠳᠦᠷ ᠡᠷᠲᠡ ᠰᠢᠭ ᠪᠣᠯᠤᠨ᠎ᠠ᠃ ᠪᠥᠬᠦ ᠣᠷᠣᠨ ᠤ | ᠶᠡᠬᠡᠩᠬᠢ ᠭᠠᠵᠠᠷ ᠣᠷᠣᠨ ᠳᠤ ᠠᠩᠬ᠎ᠠ ᠤᠳᠠᠭ᠎ᠠ ᠪᠣᠷᠣᠭᠠᠨ ᠣᠷᠣᠬᠤ ᠨᠢ ᠡᠷᠲᠡ ᠰᠢᠭ ᠪᠠᠶᠢᠨ᠎ᠠ᠃ ᠡᠭᠦᠨ ᠳᠤ᠂ | ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠨᠢ 4 ᠰᠠᠷ᠎ᠠ ᠶᠢᠨ ᠳᠤᠮᠳᠠᠴᠢ ᠠᠴᠠ ᠰᠡᠭᠦᠯᠴᠢ ᠪᠣᠯᠲᠠᠯ᠎ᠠ᠂ ᠵᠡᠭᠦᠨ | ᠬᠡᠰᠡᠭ ᠤᠨ ᠭᠠᠵᠠᠷ ᠣᠷᠣᠨ ᠨᠢ 5 ᠰᠠᠷ᠎ᠠ ᠶᠢᠨ ᠳᠤᠮᠳᠠᠴᠢ ᠶᠢᠨ ᠣᠷᠴᠢᠮ ᠢᠶᠠᠷ ᠲᠤᠭᠢᠶᠠᠯᠳᠣᠨᠠ᠃ | ᠠᠭᠤᠷ ᠠᠮᠢᠰᠬᠤᠯ ᠤᠨ ᠵᠢᠱᠢᠯᠲᠡ ᠶᠢᠨ ᠴᠠᠭ ᠨᠢ ᠨᠡᠯᠢᠶᠡᠳ ᠣᠷᠳᠣ᠂ ᠪᠠᠰᠠ ᠵᠣᠬᠢᠬᠤ ᠬᠡᠮᠵᠢᠶᠡᠨ ᠤ | ᠲᠣᠭᠲᠠᠪᠤᠷᠢ ᠥᠬᠡᠶ ᠴᠢᠨᠠᠷ ᠲᠠᠢ ᠤᠴᠢᠷ ᠠᠴᠠ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠬᠠᠮᠤᠭ ᠤᠨ ᠰᠢᠨ᠎ᠡ | ᠴᠠᠭ ᠠᠭᠤᠷ ᠤᠨ ᠮᠠᠲ᠋ᠧᠷᠢᠶᠠᠯ ᠢ ᠦᠨᠳᠦᠰᠦᠯᠡᠨ ᠦᠷᠭᠦᠯᠵᠢᠯᠡᠨ ᠵᠠᠰᠠᠵᠤ᠂ ᠣᠯᠠᠨ ᠨᠡᠶᠢᠳᠡ ᠪᠠᠷ ᠢᠶᠠᠨ ᠴᠠᠭ | ᠠᠭᠤᠷ ᠤᠨ ᠰᠠᠯᠠᠭ᠎ᠠ ᠮᠥᠴᠢᠷ ᠤᠨ ᠬᠠᠮᠤᠭ ᠤᠨ ᠰᠢᠨ᠎ᠡ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠠᠩᠬᠠᠷᠬᠤ ᠶᠢ | ᠬᠦᠰᠡᠵᠦ ᠪᠠᠶᠢᠨ᠎ᠠ᠃ | ᠭᠤᠷᠪᠠ᠂ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠲᠤᠬᠠᠶ | ᠰᠠᠨᠠᠭᠤᠯᠭ᠎ᠠ | 1. ᠲᠠᠷᠢᠶᠠᠯᠠᠬᠤ ᠣᠷᠣᠨ ᠬᠠᠪᠤᠷ ᠤᠨ ᠤᠯᠠᠷᠢᠯ ᠤᠨ ᠭᠠᠩ ᠬᠠᠭᠰᠠᠷᠭᠠᠨ᠂ ᠶᠡᠭᠡ ᠰᠠᠯᠬᠢᠨ ᠬᠦᠢᠳᠡᠨ | ᠤᠷᠤᠰᠬᠠᠯ᠂ ᠬᠢᠷᠠᠭᠤ ᠬᠥᠯᠳᠡᠭᠦᠦ ᠵᠡᠷᠭᠡ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠨᠢᠭᠡ ᠳᠤ᠂ | ᠱᠠᠲᠤ ᠦᠶ᠎ᠡ ᠶᠢᠨ ᠴᠢᠨᠠᠷᠲᠠᠶ ᠭᠠᠩ ᠬᠠᠭᠰᠠᠷᠠᠭᠠᠨ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠴᠢᠬᠢᠭ ᠢ ᠬᠠᠮᠠᠭᠠᠯᠠᠬᠤ | ᠂ ᠴᠢᠬᠢᠭ ᠢ ᠨᠡᠮᠡᠭᠳᠡᠭᠦᠯᠬᠦ ᠠᠵᠢᠯ ᠢ ᠡᠷᠲᠡᠬᠡᠨ ᠰᠠᠶᠢᠲᠤᠷ ᠬᠢᠵᠦ᠂ ᠪᠥᠬᠦ ᠴᠢᠬᠢ ᠢᠳᠡᠷᠡᠭᠦᠨ ᠴᠢᠬᠢ ᠶᠢ ᠠᠳᠬᠤᠬᠤ ᠳᠤ | ᠰᠠᠭᠤᠷᠢ ᠲᠠᠯᠪᠢᠬᠤ ᠬᠡᠷᠡᠭᠲᠡᠶ᠃ ᠬᠤᠶᠠᠷ ᠲᠤ᠂ ᠶᠡᠭᠡ ᠰᠠᠯᠬᠢᠨ ᠬᠦᠢᠳᠡᠨ ᠤᠷᠤᠰᠬᠠᠯ ᠢ ᠤᠷᠢᠳᠴᠢᠯᠠᠨ ᠮᠡᠳᠡᠭᠡᠯᠡᠵᠦ | ᠤᠷᠢᠳᠴᠢᠯᠠᠨ ᠰᠡᠷᠡᠮᠵᠢᠯᠡᠭᠦᠯᠬᠦ ᠶᠢ ᠨᠢᠭᠲᠠ ᠠᠩᠬᠠᠷᠬᠤ ᠬᠡᠷᠡᠭᠲᠡᠶ᠃ ᠬᠦᠢᠲᠡᠨ ᠤᠷᠤᠰᠬᠠᠯ ᠤᠨ ᠶᠠᠪᠤᠴᠠ ᠳᠤ | ᠳᠤᠯᠠᠭᠠᠨ ᠤ ᠬᠦᠴᠦᠲᠡᠶ ᠪᠠᠭᠤᠷᠠᠯᠲᠠ ᠪᠠ ᠶᠡᠭᠡ ᠰᠠᠯᠬᠢᠨ ᠤ ᠠᠭᠤᠷ ᠠᠮᠢᠰᠬᠤᠯ ᠢ ᠠᠪᠴᠢᠷᠠᠳᠠᠭ᠃ ᠲᠦᠬᠦᠭᠡᠷᠦᠮᠵᠢᠲᠦ | ᠲᠠᠷᠢᠶᠠᠯᠠᠩ ᠤᠨ ᠲᠤᠤᠷ᠎ᠠ ᠲᠤᠯᠠᠭᠠᠨ ᠬᠦᠢᠳᠡᠨ ᠤ ᠭᠠᠮᠰᠢᠭ ᠪᠠ ᠰᠠᠯᠬᠢᠨ ᠤ ᠭᠠᠮᠰᠢᠭ ᠢ ᠡᠭᠦᠰᠭᠡᠵᠦ ᠮᠡᠳᠡᠨ᠎ᠠ᠂ | ᠲᠤᠤᠷ᠎ᠠ ᠲᠤᠯᠠᠭᠠᠨ ᠬᠦᠢᠳᠡᠨ ᠤ ᠭᠠᠮᠰᠢᠭ ᠨᠢ ᠲᠦᠬᠦᠭᠡᠷᠦᠮᠵᠢᠲᠦ ᠢᠳᠡᠰᠢᠨ ᠨᠣᠭᠤᠭ᠎ᠠ ᠵᠢᠮᠢᠰ ᠤᠨ ᠬᠡᠪ ᠤᠨ | ᠥᠰᠥᠯᠲᠡ ᠳᠤ ᠠᠰᠢᠭ ᠦᠭᠡᠢ ᠨᠥᠯᠥᠭᠡ ᠦᠵᠡᠭᠦᠯᠵᠦ᠂ ᠰᠠᠯᠬᠢᠨ ᠤ ᠭᠠᠮᠰᠢᠭ ᠨᠢ ᠬᠦᠯᠡᠮᠵᠢ ᠶᠢᠨ ᠪᠦᠲᠦᠴᠡ ᠳᠤ | ᠠᠮᠠᠷᠬᠠᠨ ᠬᠤᠬᠢᠷᠠᠯ ᠤᠴᠠᠷᠠᠭᠤᠯᠳᠠᠭ᠂ ᠡᠶᠢᠮᠦ ᠠᠴᠠ ᠲᠠᠷᠢᠶᠠᠴᠢᠨ ᠡᠷᠦᠭᠡ ᠳᠤ ᠰᠥᠨᠢ ᠶᠢᠨ ᠳᠤᠯᠠᠭᠠᠨ ᠢ ᠬᠠᠮᠠᠭᠠᠯᠠᠬᠤ | ᠠᠵᠢᠯ ᠢ ᠤᠷᠢᠳᠴᠢᠯᠠᠨ ᠰᠠᠶᠢᠲᠤᠷ ᠬᠢᠵᠦ᠂ ᠡᠪᠡᠰᠦᠨ ᠪᠦᠷᠬᠦᠪᠴᠢ᠂ ᠬᠥᠪᠥᠩ ᠬᠥᠨᠵᠢᠯᠡ ᠵᠡᠷᠭᠡ ᠳᠤᠯᠠᠭᠠᠨ ᠢ | ᠬᠠᠮᠠᠭᠠᠯᠠᠬᠤ ᠮᠠᠲ᠋ᠧᠷᠢᠶᠠᠯ ᠢ ᠬᠡᠷᠡᠭᠯᠡᠵᠦ᠂ ᠴᠢᠬᠤᠯᠠ ᠲᠠᠢ ᠦᠶ᠎ᠡ ᠳᠤ ᠳᠤᠯᠠᠭᠠᠯᠠᠬᠤ ᠠᠷᠭ᠎ᠠ ᠬᠡᠮᠵᠢᠶ᠎ᠡ ᠠᠪᠴᠤ᠂ | ᠳᠣᠣᠷ᠎ᠠ ᠳᠤᠯᠠᠭᠠᠨ ᠤ ᠲᠠᠷᠢᠮᠠᠯ ᠳᠤ ᠤᠴᠠᠷᠠᠭᠤᠯᠬᠤ ᠬᠤᠬᠢᠷᠠᠯ ᠢ ᠰᠡᠷᠭᠡᠶᠢᠯᠡᠬᠦ ᠶᠢ ᠰᠠᠨᠠᠭᠤᠯᠤᠶ᠎ᠠ︔ ᠶᠡᠭᠡ ᠰᠠᠯᠬᠢ | ᠭᠠᠷᠤᠭᠰᠠᠨ ᠣᠷᠣᠨ ᠪᠦᠰᠡ ᠳᠤ ᠪᠡᠯᠡᠳᠬᠡᠮᠵᠢ ᠶᠢᠨ ᠪᠦᠲᠦᠴᠡ ᠪᠠᠨ ᠴᠠᠭ ᠲᠤᠬᠠᠶ ᠳᠤᠨᠢ ᠪᠠᠬᠢᠵᠢᠭᠦᠯᠵᠦ᠂ ᠬᠥᠰᠢᠭᠡ | ᠰᠡᠬᠦᠬᠦ ᠴᠠᠭ ᠬᠤᠭᠤᠴᠠᠭ᠎ᠠ ᠪᠠᠨ ᠵᠦᠶ ᠵᠣᠬᠢᠰᠲᠠᠶ ᠳᠣᠭᠢᠷᠠᠭᠤᠯᠤᠨ᠂ ᠬᠦᠢᠳᠡᠨ ᠰᠠᠯᠬᠢ ᠣᠷᠣᠵᠤ᠂ ᠬᠦᠯᠦᠮᠵᠢ ᠶᠢᠨ | ᠳᠣᠲᠣᠷᠠᠬᠢ ᠢᠳᠡᠰᠢᠨ ᠨᠣᠭᠤᠭ᠎ᠠ ᠵᠢᠮᠢᠰ ᠤᠨ ᠬᠡᠪ ᠤᠨ ᠥᠰᠥᠯᠲᠡ ᠪᠤᠶᠢᠵᠢᠯᠲᠠ ᠶᠢ ᠨᠥᠯᠥᠭᠡᠯᠡᠬᠦ ᠶᠢ ᠰᠡᠷᠭᠡᠶᠢᠯᠡᠬᠦ | ᠬᠡᠷᠡᠭᠲᠡᠶ᠃ ᠲᠠᠷᠢᠶᠠᠨ ᠭᠠᠵᠠᠷ ᠤᠨ ᠲᠠᠷᠢᠮᠠᠯ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ᠂ ᠬᠦᠢᠲᠡᠨ | ᠤᠷᠤᠰᠬᠠᠯ ᠤᠨ ᠠᠭᠤᠷ ᠠᠮᠢᠰᠬᠤᠯ ᠠᠴᠠ ᠪᠣᠯᠤᠭᠰᠠᠨ ᠬᠦᠢᠲᠡᠨ ᠠᠭᠤᠷ ᠠᠮᠢᠰᠬᠤᠯ ᠪᠠ ᠶᠡᠭᠡ ᠰᠠᠯᠬᠢ ᠨᠢ ᠬᠠᠪᠤᠷ ᠤᠨ | ᠲᠠᠷᠢᠶᠠᠯᠠᠭ᠎ᠠ ᠶᠢᠨ ᠠᠵᠢᠯ ᠤᠨ ᠬᠦᠴᠢᠷᠳᠡᠯ ᠢ ᠨᠡᠮᠡᠭᠳᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠠᠬᠢᠴᠠ ᠶᠢ | ᠤᠳᠠᠭᠠᠰᠢᠷᠠᠭᠤᠯᠵᠤ᠂ ᠨᠢᠭᠡᠨᠲᠡ ᠲᠠᠷᠢᠭᠰᠠᠨ ᠲᠠᠷᠢᠮᠠᠯ ᠤᠨ ᠴᠢᠬᠢ ᠶᠢᠨ ᠤᠷᠭᠤᠯᠲᠠ ᠳᠤ ᠠᠰᠢᠭ ᠦᠭᠡᠶ ᠪᠣᠯᠬᠤᠷ | ᠥᠷᠭᠡᠨ ᠣᠯᠠᠨ ᠲᠠᠷᠢᠶᠠᠴᠢᠨ ᠡᠷᠦᠬᠡ ᠳᠤ ᠰᠠᠨᠠᠭᠤᠯᠬᠤ ᠨᠢ᠂ ᠬᠦᠢᠲᠡᠨ ᠤᠷᠤᠰᠬᠠᠯ ᠤᠨ ᠰᠡᠷᠡᠮᠵᠢ ᠶᠢᠨ ᠮᠡᠳᠡᠭᠡ | ᠵᠠᠩᠭᠢ ᠶᠢ ᠨᠢᠭᠲᠠ ᠠᠩᠬᠠᠷᠴᠤ᠂ ᠬᠦᠢᠲᠡᠨ ᠤᠷᠤᠰᠬᠠᠯ ᠬᠦᠢᠲᠡᠨ ᠠᠭᠤᠷ ᠠᠮᠢᠰᠬᠤᠯ ᠡᠭᠦᠰᠬᠦ ᠦᠶ᠎ᠡ ᠳᠤ ᠬᠠᠪᠤᠷ ᠤᠨ | ᠲᠠᠷᠢᠶᠠᠯᠠᠭ᠎ᠠ ᠶᠢᠨ ᠠᠵᠢᠯ ᠤᠨ ᠴᠠᠭ ᠢᠶᠠᠨ ᠵᠣᠬᠢᠰᠲᠠᠶ ᠬᠤᠶᠢᠰᠢᠯᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ᠂ ᠬᠠᠪᠤᠷ ᠤᠨ | ᠤᠯᠠᠷᠢᠯ ᠤᠨ ᠬᠢᠷᠠᠭᠤ ᠶᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠠᠩᠬᠠᠷᠴᠤ᠂ ᠰᠡᠷᠭᠡᠶᠢᠯᠡᠬᠦ | ᠠᠵᠢᠯ ᠢ ᠰᠠᠶᠢᠲᠤᠷ ᠬᠢᠬᠦ ᠬᠡᠷᠡᠭᠲᠡᠶ᠃ ᠬᠠᠪᠤᠷ ᠤᠨ ᠬᠢᠷᠠᠭᠤ ᠬᠥᠯᠳᠡᠭᠦᠤ ᠠᠴᠠ ᠪᠣᠯᠵᠣ ᠨᠢᠭᠡᠨᠲᠡ ᠨᠠᠬᠢᠶᠠᠯᠠᠭᠰᠠᠨ | ᠲᠠᠷᠢᠮᠠᠯ ᠤᠨ ᠨᠠᠪᠴᠢ ᠪᠠ ᠤᠷᠭᠤᠮᠠᠯ ᠤᠨ ᠡᠰᠢ ᠠᠳᠠᠯᠢ ᠪᠤᠰᠤ ᠬᠡᠮᠵᠢᠶ᠎ᠡ ᠪᠠᠷ ᠬᠥᠯᠳᠡᠳᠡᠭ᠃ ᠨᠢᠯᠬ᠎ᠠ ᠴᠢᠬᠢ ᠶᠢᠨ | ᠬᠡᠪ ᠤᠨ ᠥᠰᠥᠯᠲᠡ ᠳᠤ ᠠᠰᠢᠭ ᠥᠬᠡᠶ ᠪᠣᠯᠬᠤᠷ ᠡᠯ᠎ᠡ ᠭᠠᠵᠠᠷ ᠤᠨ ᠬᠢᠨ ᠠᠭᠠᠷ ᠤᠨ ᠳᠤᠯᠠᠭᠠᠨ ᠤ ᠬᠤᠪᠢᠷᠠᠯᠲᠠ ᠪᠠ | ᠬᠢᠷᠠᠭᠤ ᠶᠢᠨ ᠰᠡᠷᠡᠮᠵᠢ ᠶᠢᠨ ᠳᠣᠬᠢᠶ᠎ᠠ ᠶᠢ ᠨᠢᠭᠲᠠ ᠠᠩᠬᠠᠷᠴᠤ᠂ ᠳᠣᠤᠷ᠎ᠠ ᠳᠤᠯᠠᠭᠠᠨ ᠪᠣᠯᠬᠤ ᠠᠴᠠ ᠡᠮᠦᠨ᠎ᠡ | ᠤᠰᠤᠯᠠᠬᠤ᠂ ᠤᠳᠤᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠭᠠᠵᠠᠷ ᠤᠨ ᠳᠤᠯᠠᠭᠠᠨ ᠢ ᠳᠡᠭᠡᠭᠰᠢᠯᠡᠭᠦᠯᠵᠦ᠂ | ᠬᠥᠯᠳᠡᠬᠦ ᠬᠥᠨᠥᠭᠡᠯ ᠢ ᠪᠠᠭᠠᠰᠬᠠᠨ᠂ ᠠᠭᠠᠷ ᠤᠨ ᠳᠤᠯᠠᠭᠠᠨ ᠲᠣᠭᠲᠠᠭᠤᠨ ᠪᠣᠯᠤᠭᠰᠠᠨ ᠤ ᠳᠠᠷᠠᠭ᠎ᠠ ᠲᠠᠷᠢᠶᠠᠨ | ᠭᠠᠵᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠵᠣᠬᠢᠬᠤ ᠬᠡᠮᠵᠢᠶᠡᠨ ᠤ ᠴᠢᠬᠢ ᠶᠢ ᠬᠠᠮᠠᠭᠠᠯᠠᠨ ᠴᠢᠬᠢ ᠶᠢ | ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠪᠤᠶᠤ ᠨᠠᠪᠴᠢᠨ ᠤ ᠭᠠᠳᠠᠷᠭᠤ ᠳᠤ ᠤᠷᠭᠤᠯᠲᠠ ᠶᠢ ᠲᠣᠬᠢᠷᠠᠭᠤᠯᠬᠤ ᠡᠳ᠋ | ᠰᠦᠷᠴᠢᠵᠦ᠂ ᠨᠢᠯᠬ᠎ᠠ ᠴᠢᠬᠢ ᠶᠢᠨ ᠲᠡᠩᠴᠡᠭᠦᠷᠢᠲᠡᠶ ᠤᠷᠭᠤᠯᠲᠠ ᠶᠢ ᠠᠬᠢᠭᠤᠯᠬᠤ ᠶᠢ ᠰᠠᠨᠠᠭᠤᠯᠵᠤ ᠪᠠᠶᠢᠨ᠎ᠠ᠃ | 2. ᠮᠠᠯᠵᠢᠬᠤ ᠣᠷᠣᠨ ᠶᠡᠭᠡ ᠰᠠᠯᠬᠢ ᠬᠦᠢᠲᠡᠨ ᠤᠷᠤᠰᠬᠠᠯ᠂ ᠰᠢᠷᠦᠭᠦᠨ ᠴᠠᠰᠤ᠂ ᠬᠥᠢᠳᠡᠨ ᠪᠣᠷᠣᠭᠠᠨ | ᠴᠢᠭᠢᠭᠯᠢᠭ ᠴᠠᠰᠤ ᠶᠢ ᠰᠡᠷᠭᠡᠶᠢᠯᠡᠨ ᠬᠤᠷᠢᠭᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠳᠡᠢ᠃ | ᠬᠠᠪᠤᠷ ᠤᠨ ᠤᠯᠠᠷᠢᠯ ᠪᠣᠯ ᠮᠠᠯ ᠤᠨ ᠬᠢᠵᠢᠭ ᠡᠪᠡᠳᠴᠢᠨ ᠪᠠ ᠰᠢᠮᠡᠭᠦᠷ ᠬᠤᠷᠣᠬᠠᠶ ᠶᠢᠨ ᠡᠪᠡᠳᠴᠢᠨ ᠣᠯᠠᠨ ᠡᠭᠦᠰᠳᠡᠭ | ᠬᠤᠭᠤᠴᠠᠭ᠎ᠠ ᠪᠣᠯᠬᠤᠷ ︽ᠰᠡᠷᠭᠡᠶᠢᠯᠡᠬᠦ ᠪᠠᠷ ᠭᠤᠤᠯ ᠪᠣᠯᠭᠠᠬᠤ︾ ︽ᠰᠡᠷᠭᠡᠶᠢᠯᠡᠬᠦ ᠶᠢ ᠵᠠᠰᠠᠬᠤ ᠠᠴᠠ ᠴᠢᠬᠤᠯᠠ | ᠪᠣᠯᠭᠠᠬᠤ︾ ᠪᠠ ︽ᠰᠡᠷᠭᠡᠶᠢᠯᠡᠬᠦ ᠵᠠᠰᠠᠬᠤ ᠶᠢ ᠤᠶᠠᠯᠳᠤᠭᠤᠯᠬᠤ︾ ᠴᠢᠭᠯᠡᠯᠲᠡ ᠶᠢ ᠠᠪᠴᠤ᠂ ᠡᠪᠡᠰᠦ ᠪᠣᠷᠳᠤᠭ᠎ᠠ ᠶᠢ | ᠨᠥᠭᠡᠴᠡᠯᠡᠬᠦ᠂ ᠬᠠᠰᠢᠶ᠎ᠠ ᠰᠠᠷᠠᠪᠴᠢ ᠶᠢ ᠳᠤᠯᠠᠭᠠᠯᠠᠨ ᠠᠷᠢᠭᠤᠳᠬᠠᠬᠤ ᠵᠡᠷᠭᠡ ᠲᠥᠯ ᠲᠤᠰᠴᠤ ᠪᠤᠶᠢᠵᠢᠭᠤᠯᠬᠤ ᠪᠠ | ᠮᠠᠯ ᠤᠨ ᠬᠢᠵᠢᠭ ᠢ ᠰᠡᠷᠭᠡᠶᠢᠯᠡᠬᠦ ᠵᠡᠷᠭᠡ ᠮᠠᠯ ᠠᠵᠤ ᠠᠬᠤᠶ ᠶᠢᠨ ᠡᠯ᠎ᠡ ᠵᠦᠢᠯ ᠤᠨ ᠠᠵᠢᠯ ᠢ ᠤᠷᠢᠳᠴᠢᠯᠠᠨ ᠰᠠᠶᠢᠲᠤᠷ | ᠳᠣᠭᠢᠷᠠᠭᠤᠯᠵᠤ᠂ ᠡᠬᠡ ᠮᠠᠯ ᠤᠨ ᠡᠪᠡᠳᠴᠢᠨ ᠡᠰᠡᠷᠭᠦᠴᠡᠬᠦ ᠴᠢᠳᠠᠪᠤᠷᠢ ᠪᠠ ᠲᠥᠯ ᠮᠠᠯ ᠤᠨ ᠡᠳᠡᠭᠡᠷᠡᠯᠲᠡ ᠶᠢᠨ | ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠣᠳᠣᠬᠠᠨ ᠳᠤ ᠶᠠᠭ ᠰᠠᠶᠢᠬᠠᠨ ᠮᠠᠯᠵᠢᠬᠤ ᠣᠷᠣᠨ ᠳᠤ ᠬᠠᠪᠤᠷ ᠤᠨ ᠬᠤᠷᠠᠭ᠎ᠠ | ᠲᠤᠰᠴᠤ ᠪᠠᠶᠢᠭ᠎ᠠ ᠴᠠᠭ ᠦᠶ᠎ᠡ ᠮᠥᠨ᠂ ᠶᠡᠭᠡ ᠰᠠᠯᠬᠢ ᠬᠦᠢᠳᠡᠨ ᠤᠷᠤᠰᠬᠠᠯ ᠪᠠ ᠬᠦᠢᠳᠡᠨ ᠪᠣᠷᠣᠭᠠᠨ ᠴᠢᠭᠢᠭᠯᠢᠭ | ᠴᠠᠰᠤ ᠵᠢᠴᠢ ᠰᠢᠷᠦᠭᠦᠨ ᠴᠠᠰᠤ ᠵᠡᠷᠭᠡ ᠭᠠᠮᠰᠢᠭᠲᠤ ᠴᠠᠭ ᠠᠭᠤᠷ ᠨᠢ ᠮᠠᠯ ᠠᠵᠤ ᠠᠬᠤᠶ ᠶᠢᠨ ᠦᠢᠯᠡᠳᠪᠦᠷᠢᠯᠡᠯ ᠳᠤ | ᠨᠡᠯᠢᠶᠡᠳ ᠶᠡᠭᠡ ᠨᠥᠯᠥᠭᠡ ᠦᠵᠡᠭᠦᠯᠵᠦ ᠪᠠᠶᠢᠨ᠎ᠠ᠂ ᠮᠠᠯᠴᠢᠨ ᠨᠥᠬᠦᠳ ᠴᠠᠭ ᠠᠭᠤᠷ ᠤᠨ ᠰᠠᠯᠠᠭ᠎ᠠ ᠮᠥᠴᠢᠷ ᠤᠨ | ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠠᠩᠬᠠᠷᠴᠤ᠂ ᠴᠠᠭ ᠲᠤᠬᠠᠶ ᠳᠤᠨᠢ ᠰᠡᠷᠭᠡᠶᠢᠯᠡᠬᠦ | ᠠᠷᠭ᠎ᠠ ᠬᠡᠮᠵᠢᠶ᠎ᠡ ᠠᠪᠴᠤ᠂ ᠴᠠᠭ ᠠᠭᠤᠷ ᠤᠨ ᠭᠠᠮᠰᠢᠭ ᠤᠨ ᠤᠴᠠᠷᠠᠭᠤᠯᠵᠤ ᠮᠡᠳᠡᠬᠦ ᠠᠵᠤ ᠠᠬᠤᠶ ᠶᠢᠨ ᠬᠤᠬᠢᠷᠠᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢ ᠬᠦᠰᠡᠵᠦ ᠪᠠᠶᠢᠨ᠎ᠠ᠃ | 3. ᠰᠢᠭᠤᠶᠢᠲᠤ ᠣᠷᠣᠨ ᠨᠢ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ | ᠬᠤᠷᠢᠭᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ ᠬᠠᠮᠤᠭ ᠤᠨ ᠰᠢᠨ᠎ᠡ ᠴᠠᠭ ᠠᠭᠤᠷ ᠤᠨ | ᠮᠠᠲ᠋ᠧᠷᠢᠶᠠᠯ ᠤᠨ ᠵᠠᠳᠠᠯᠤᠯᠲᠠ ᠶᠢ ᠦᠨᠳᠦᠰᠦᠯᠡᠪᠡᠯ᠂ ᠪᠦᠬᠦ ᠣᠷᠣᠨ ᠤ 2021 ᠣᠨ ᠤ ᠬᠠᠪᠤᠷ ᠤᠨ ᠤᠯᠠᠷᠢᠯ ᠤᠨ | ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠬᠦᠨᠳᠦ ᠨᠣᠴᠢᠲᠠᠢ ᠪᠠᠶᠢᠵᠤ᠂ ᠲᠦᠢᠮᠡᠷ ᠢ ᠰᠡᠷᠭᠡᠶᠢᠯᠡᠬᠦ | ᠠᠵᠢᠯ ᠤᠨ ᠳᠠᠷᠤᠯᠲᠠ ᠨᠡᠯᠢᠶᠡᠳ ᠶᠡᠭᠡ ᠪᠠᠶᠢᠨ᠎ᠠ᠃ ᠵᠢᠱᠢᠯᠲᠡ ᠪᠠᠷ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ᠂ | ᠬᠢᠩᠭᠠᠨ ᠠᠶᠢᠮᠠᠭ ᠤᠨ ᠳᠤᠮᠳᠠ ᠪᠠᠷᠠᠭᠤᠨ ᠬᠡᠰᠡᠭ᠂ ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ ᠬᠡᠰᠡᠭ᠂ | ᠲᠦᠩᠯᠢᠶᠣᠤ ᠬᠤᠲᠠ ᠶᠢᠨ ᠬᠤᠶᠢᠲᠤ ᠬᠡᠰᠡᠭ᠂ ᠤᠯᠠᠭᠠᠨᠬᠠᠳᠠ ᠶᠢᠨ ᠬᠤᠶᠢᠲᠤ ᠬᠡᠰᠡᠭ ᠵᠢᠴᠢ ᠡᠮᠦᠨ᠎ᠡ ᠬᠡᠰᠡᠭ᠂ | ᠤᠯᠠᠭᠠᠨᠴᠠᠪ ᠬᠤᠲᠠ ᠶᠢᠨ ᠡᠮᠦᠨ᠎ᠡ ᠬᠡᠰᠡᠭ ᠤᠨ ᠬᠡᠰᠡᠭ ᠭᠠᠵᠠᠷ ᠣᠷᠣᠨ᠂ ᠬᠥᠬᠡᠬᠤᠲᠠ ᠶᠢᠨ ᠳᠤᠮᠳᠠ ᠬᠡᠰᠡᠭ ᠵᠢᠴᠢ | ᠪᠤᠭᠤᠲᠤ ᠬᠤᠲᠠ ᠶᠢᠨ ᠡᠮᠦᠨ᠎ᠡ ᠬᠡᠰᠡᠭ ᠤᠨ ᠠᠭᠤᠯᠠᠷᠬᠠᠭ ᠣᠷᠣᠨ ᠤ ᠣᠶᠢᠲᠤ ᠣᠷᠣᠨ᠂ ᠠᠯᠠᠱᠠᠨ ᠠᠭᠤᠯᠠ ᠶᠢᠨ | ᠣᠶᠢᠲᠤ ᠣᠷᠣᠨ᠂ ᠬᠠᠷ᠎ᠠ ᠭᠤᠤᠯ ᠤᠨ ᠰᠠᠪᠠ ᠭᠠᠵᠠᠷ ᠤᠨ ᠣᠶᠢᠲᠤ ᠣᠷᠣᠨ ᠤ ᠭᠠᠯ ᠤᠨ ᠠᠶᠤᠯ ᠤᠨ ᠲᠠᠰ ᠢ | ᠳᠥᠷᠪᠡᠳᠦᠭᠡᠷ ᠳᠡᠰ ᠪᠤᠶᠤ ᠳᠥᠷᠪᠡᠳᠦᠭᠡᠷ ᠳᠡᠰ ᠠᠴᠠ ᠳᠡᠭᠡᠭᠰᠢ ᠪᠠᠶᠢᠯᠭᠠᠬᠤ ᠬᠡᠷᠡᠭᠳᠡᠢ᠃ ᠢᠯᠠᠩᠭᠤᠶ᠎ᠠ ᠬᠥᠯᠥᠨ | ᠪᠤᠶᠢᠷ ᠬᠤᠲᠠ ᠶᠢᠨ ᠬᠤᠶᠢᠲᠤ ᠬᠡᠰᠡᠭ ᠵᠢᠴᠢ ᠪᠠᠷᠠᠭᠤᠨ ᠬᠡᠰᠡᠭ ᠤᠨ ᠬᠢᠯᠢ ᠬᠢᠵᠠᠭᠠᠷ᠂ ᠬᠢᠩᠭᠠᠨ ᠠᠶᠢᠮᠠᠭ ᠤᠨ | ᠪᠠᠷᠠᠭᠤᠨ ᠬᠤᠶᠢᠲᠤ ᠬᠡᠰᠡᠭ᠂ ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ ᠬᠡᠰᠡᠭ᠂ ᠤᠯᠠᠭᠠᠨᠬᠠᠳᠠ | ᠬᠤᠲᠠ ᠶᠢᠨ ᠡᠮᠦᠨ᠎ᠡ ᠪᠡᠶ᠎ᠡ᠂ ᠠᠯᠠᠱᠠᠨ ᠠᠭᠤᠯᠠ ᠵᠡᠷᠭᠡ ᠭᠠᠵᠠᠷ ᠤᠨ ᠭᠠᠯ ᠤᠨ ᠠᠶᠤᠯ ᠤᠨ ᠲᠠᠰ ᠲᠠᠪᠤᠳᠤᠭᠠᠷ | ᠳᠡᠰ ᠲᠤ ᠬᠥᠷᠪᠡ᠃ ᠬᠠᠪᠤᠷ ᠤᠨ ᠰᠡᠷᠭᠡᠶᠢᠯᠡᠯᠲᠡ ᠶᠢᠨ ᠡᠮᠦᠨᠡᠬᠢ ᠬᠤᠭᠤᠴᠠᠭᠠᠨ ᠤ ᠭᠠᠯ ᠤᠨ ᠠᠶᠤᠯ ᠤᠨ ᠲᠠᠰ ᠢᠶᠠᠷ | ᠨᠡᠯᠢᠶᠡᠳ ᠥᠨᠳᠥᠷ ᠣᠷᠣᠨ ᠪᠦᠰᠡ ᠳᠤ ᠭᠤᠤᠯᠳᠠᠭᠤ ᠬᠥᠮᠦᠨ ᠤ ᠬᠦᠴᠦᠨ ᠤ ᠭᠠᠯ ᠤᠨ ᠢᠷᠡᠯᠲᠡ ᠶᠢ ᠡᠵᠡᠮᠳᠡᠬᠦ ᠪᠠᠷ | ᠭᠤᠤᠯ ᠪᠣᠯᠭᠠᠵᠤ᠂ ᠢᠯᠠᠩᠭᠤᠶ᠎ᠠ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠰᠣᠯᠪᠢᠴᠠᠭᠰᠠᠨ ᠣᠷᠣᠨ ᠳᠤ | ᠬᠠᠩᠰᠢ ᠶᠢᠨ ᠡᠳᠦᠷ ᠪᠤᠯᠠᠰᠢᠨ ᠳᠤ ᠴᠠᠭᠠᠰᠤ ᠰᠢᠲᠠᠭᠠᠬᠤ᠂ ᠡᠰᠢ ᠰᠦᠷᠡᠯ ᠢ ᠰᠢᠲᠠᠭᠠᠭᠰᠠᠨ ᠠᠴᠠ ᠪᠣᠯᠤᠭᠰᠠᠨ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠬᠦ ᠬᠡᠷᠡᠭᠲᠡᠶ᠃ ᠬᠠᠪᠤᠷ ᠤᠨ | ᠰᠡᠷᠭᠡᠶᠢᠯᠡᠯᠲᠡ ᠶᠢᠨ ᠰᠡᠭᠦᠯᠴᠢ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠳᠡᠭᠡᠭᠰᠢᠯᠡᠬᠦ᠂ ᠬᠤᠷᠠᠭᠰᠠᠨ | ᠴᠠᠰᠤᠨ ᠳᠤ ᠬᠤᠴᠢᠭᠳᠠᠨ ᠬᠠᠶᠢᠯᠬᠤ ᠶᠢ ᠳᠠᠭᠠᠯᠳᠤᠨ᠂ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠤ ᠭᠠᠯ ᠤᠨ | ᠠᠶᠤᠯ ᠤᠨ ᠲᠠᠰ ᠳᠡᠭᠡᠭᠰᠢᠯᠡᠬᠦ ᠪᠣᠯᠬᠤᠷ ᠬᠠᠮᠢᠶᠠᠷᠤᠨ ᠬᠠᠮᠠᠭᠠᠯᠠᠬᠤ ᠪᠠ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ | ᠂ ᠭᠠᠯ ᠰᠡᠷᠭᠡᠶᠢᠯᠡᠬᠦ ᠣᠷᠣᠨ ᠤ ᠲᠡᠷᠭᠡ ᠬᠥᠰᠬᠡ ᠶᠢ ᠬᠠᠮᠢᠶᠠᠷᠤᠨ ᠬᠠᠮᠠᠭᠠᠯᠠᠬᠤ ᠵᠢᠴᠢ ᠭᠠᠯ ᠰᠡᠷᠭᠡᠶᠢᠯᠡᠬᠦ ᠦᠵᠡᠯ | ᠤᠬᠠᠮᠰᠠᠷ ᠤᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠭᠠᠯ ᠤᠨ ᠠᠶᠤᠯ ᠤᠨ ᠲᠠᠰ ᠢᠶᠠᠷ ᠨᠡᠯᠢᠶᠡᠳ ᠥᠨᠳᠥᠷ | ᠣᠷᠣᠨ ᠪᠦᠰᠡ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠡᠭᠦᠨ ᠠᠴᠠ ᠭᠠᠳᠠᠨ᠎ᠠ᠂ | ᠥᠩᠭᠡᠷᠡᠭᠰᠡᠨ ᠵᠢᠯ ᠤᠳ ᠲᠤ ᠮᠠᠨ ᠤ ᠣᠷᠣᠨ ᠤ ᠵᠡᠭᠦᠨ ᠬᠤᠶᠢᠲᠤ ᠶᠢᠨ ᠬᠢᠯᠢ ᠬᠢᠵᠠᠭᠠᠷ ᠤᠨ ᠣᠶ ᠰᠢᠭᠤᠶ ᠶᠢᠨ | ᠭᠠᠯ ᠤᠨ ᠠᠶᠤᠯ ᠪᠠᠶᠢᠨ ᠳᠠᠬᠢᠨ ᠭᠠᠷᠴᠤ ᠪᠠᠶᠢᠭ᠎ᠠ ᠪᠣᠯᠬᠤᠷ ᠬᠢᠯᠢ ᠶᠢᠨ ᠭᠠᠳᠠᠨ᠎ᠠ ᠣᠷᠣᠵᠤ ᠢᠷᠡᠬᠦ ᠣᠶ ᠰᠢᠭᠤᠶ ᠶᠢᠨ | ᠭᠠᠯ ᠤᠨ ᠠᠶᠤᠯ ᠢ ᠬᠢᠨᠠᠨ ᠬᠡᠮᠵᠢᠬᠦ᠂ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠬᠤ ᠴᠢᠬᠤᠯᠠᠲᠠᠶ ᠪᠠᠶᠢᠨ᠎ᠠ᠃ | 2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠴᠠᠭ ᠠᠭᠤᠷ ᠤᠨ ᠨᠥᠬᠦᠴᠡᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠤᠨ | ᠰᠣᠷᠪᠣᠯᠵᠢᠯᠠᠭᠴᠢ ᠶᠢᠨ ᠠᠰᠠᠭᠤᠯᠳᠠ ᠶᠢ ᠬᠠᠷᠢᠭᠤᠯᠬᠤ ᠨᠢ | ︽ᠬᠡᠷᠡᠭᠯᠡᠭᠡᠨ ᠤ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠡᠨᠡ ᠵᠢᠯ ᠤᠨ ᠲᠥᠪ ᠤᠨ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠳᠤ ︽ᠲᠠᠷᠢᠶᠠᠯᠠᠩ ᠤᠨ ᠴᠠᠭ ᠠᠭᠤᠷ ᠤᠨ ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢᠨ | ᠲᠤᠤᠷ ᠰᠦᠯᠵᠢᠶ᠎ᠡ ᠪᠠᠨ ᠲᠡᠭᠦᠯᠳᠡᠷᠵᠢᠭᠦᠯᠵᠦ᠂ ᠲᠠᠷᠢᠶᠠᠯᠠᠩ ᠤᠨ ᠴᠠᠭ ᠠᠭᠤᠷ ᠤᠨ ᠭᠠᠶ ᠭᠠᠮᠰᠢᠭ ᠢ ᠰᠡᠷᠭᠡᠶᠢᠯᠡᠬᠦ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ︾ ᠭᠡᠵᠦ ᠳᠤᠷᠠᠳᠴᠠᠶ᠂ ᠲᠡᠭᠡᠪᠡᠯ ᠴᠠᠭ ᠠᠭᠤᠷ ᠤᠨ ᠲᠠᠯ᠎ᠠ ᠪᠠᠷ ᠲᠠᠷᠢᠶᠠᠯᠠᠩ | ᠮᠠᠯ ᠠᠵᠤ ᠠᠬᠤᠶ ᠳᠤ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠠᠵᠢᠯ ᠥᠷᠨᠢᠭᠦᠯᠬᠦ ᠪᠣᠶ︖ | ᠨᠢᠦ ᠪᠦᠦ ᠯᠢᠶᠠᠩ᠄ ᠡᠨᠡ ᠵᠢᠯ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠳᠤ ᠴᠥᠮ ︽ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ | ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢᠨ ᠲᠣᠤᠷ ᠰᠦᠯᠵᠢᠶ᠎ᠡ ᠪᠠᠨ ᠲᠡᠭᠦᠯᠳᠡᠷᠵᠢᠭᠦᠯᠵᠦ᠂ ᠲᠠᠷᠢᠶᠠᠯᠠᠩ ᠤᠨ ᠴᠠᠭ | ᠠᠭᠤᠷ ᠤᠨ ᠭᠠᠶ ᠭᠠᠮᠰᠢᠭ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ︾ ᠭᠡᠵᠦ ᠳᠤᠷᠠᠳᠤᠨ ᠭᠠᠷᠭᠠᠵᠠᠶ᠂ | ᠡᠨᠡ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠱᠠᠭᠠᠷᠳᠠᠯᠭ᠎ᠠ ᠮᠥᠨ ᠪᠥᠭᠡᠳ ᠪᠠᠰᠠ ᠴᠤ | ᠴᠠᠭ ᠠᠭᠤᠷ ᠤᠨ ᠰᠠᠯᠠᠭ᠎ᠠ ᠮᠥᠴᠢᠷ ᠤᠨ ᠬᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠮᠥᠨ᠃ | ᠥᠪᠥᠷ ᠮᠣᠩᠭᠤᠯ ᠤᠨ ᠴᠠᠭ ᠠᠭᠤᠷ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠲᠥᠪ | ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠢᠯ ᠤᠨ ᠬᠡᠯᠪᠡᠷᠢ ᠪᠠᠷ | ᠳᠠᠮᠵᠢᠭᠤᠯᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠣᠶᠢᠯᠠᠭᠠᠵᠤ᠂ ᠥᠪᠥᠷ ᠮᠣᠩᠭᠤᠯ ᠤᠨ ᠴᠠᠭ ᠠᠭᠤᠷ ᠤᠨ ᠲᠤᠪᠴᠢᠶᠠᠨ ᠤ ᠲᠥᠪ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠲᠥᠰᠦᠯ ᠲᠣᠭᠲᠠᠭᠠᠵᠤ᠂ ᠠᠵᠢᠯ ᠤᠨ ᠡᠭᠦᠷᠭᠡ ᠪᠠ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠳᠣᠤᠷᠠᠬᠢ ᠲᠠᠪᠤᠨ ᠲᠠᠯ᠎ᠠ ᠶᠢᠨ ᠠᠵᠢᠯ ᠢ ᠰᠠᠶᠢᠲᠤᠷ ᠬᠢᠬᠦ ᠪᠠᠷ | ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠪᠠ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠬᠦ ᠳᠤ ᠴᠠᠭ ᠠᠭᠤᠷ ᠤᠨ | ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠨ᠎ᠡ᠃ | ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ | ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠳᠤᠷᠠᠳᠤᠭᠰᠠᠨ ᠡᠷᠳᠡᠨᠢ ᠰᠢᠰᠢ᠂ ᠪᠤᠭᠤᠳᠠᠢ᠂ ᠲᠥᠮᠥᠰᠥ᠂ | ᠠᠯᠠᠰᠢᠨ ᠬᠤᠨᠢ᠂ ᠠᠯᠠᠰᠢᠨ ᠦᠬᠡᠷ ᠵᠡᠷᠭᠡ 15 ᠳᠠᠪᠠᠭᠤᠯᠢᠭ ᠤᠨᠴᠠᠯᠢᠬᠳᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠶᠢ ᠪᠠᠶᠢᠭᠤᠯᠵᠤ᠂ ᠪᠦᠬᠦ ᠣᠷᠣᠨ ᠳᠤ 20 ᠣᠷᠣᠨ | ᠪᠦᠰᠡ ᠶᠢᠨ ᠠᠦ᠋ᠲ᠋ᠣ᠋ ᠴᠠᠭ ᠠᠭᠤᠷ ᠤᠨ ᠠᠵᠢᠭᠯᠠᠯᠲᠠ ᠶᠢᠨ ᠦᠷᠳᠡᠭᠡ ᠶᠢ ᠰᠢᠨ᠎ᠡ ᠪᠠᠷ ᠪᠠᠶᠢᠭᠤᠯᠵᠤ᠂ 69 ᠬᠥᠯᠳᠡᠭᠦᠦ | ᠬᠥᠷᠥᠰᠥᠨ ᠤ ᠠᠵᠢᠭᠯᠠᠯᠲᠠ ᠶᠢᠨ ᠬᠡᠮᠵᠢᠭᠦᠷᠯᠢᠭ ᠪᠣᠯᠤᠨ 82 ᠢᠵᠢ ᠬᠦᠨᠳᠦ ᠵᠢᠩᠨᠡᠬᠦ ᠮᠠᠶ᠋ᠢᠭ ᠤᠨ ᠬᠤᠷ᠎ᠠ | ᠲᠤᠨᠳᠠᠰᠣ ᠶᠢᠨ ᠰᠡᠷᠡᠯ ᠳᠠᠮᠵᠢᠭᠤᠯᠤᠭᠴᠢ ᠶᠢᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠷᠠᠰᠢᠶᠠᠨ ᠤ ᠰᠢᠨ᠎ᠡ | ᠨᠢᠭᠡ ᠦᠶ᠎ᠡ ᠶᠢᠨ ᠴᠠᠭ ᠠᠭᠤᠷ ᠤᠨ ᠷᠠᠳᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠪᠠᠭᠠᠷᠢᠨ ᠵᠡᠭᠦᠨ ᠬᠤᠰᠢᠭᠤᠨ ᠤ ᠰᠢᠨ᠎ᠡ ᠨᠢᠭᠡ ᠦᠶ᠎ᠡ ᠶᠢᠨ ᠴᠠᠭ ᠠᠭᠤᠷ ᠤᠨ ᠷᠠᠳᠠᠷ ᠤᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠦᠨ᠂ ᠷᠠᠳᠠᠷ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠮᠠᠯᠵᠢᠬᠤ | ᠲᠠᠷᠢᠶᠠᠯᠠᠬᠤ ᠣᠷᠣᠨ ᠤ ᠪᠤᠶᠢᠳᠠ ᠪᠥᠭᠯᠡᠭᠦᠤ ᠭᠠᠵᠠᠷ ᠣᠷᠣᠨ ᠤ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ | ᠰᠡᠷᠡᠮᠵᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠥᠬᠦ ᠣᠷᠣᠨ ᠳᠤ ᠪᠠᠰᠠ ᠬᠥᠷᠥᠰᠥ ᠰᠢᠷᠣᠶ ᠶᠢᠨ ᠤᠰᠤ ᠶᠢ | ᠠᠵᠢᠭᠯᠠᠨ ᠬᠡᠮᠵᠢᠬᠦ ᠠᠦ᠋ᠲ᠋ᠣ᠋ ᠥᠷᠲᠡᠭᠡ 31᠂ ᠲᠠᠷᠢᠶᠠᠨ ᠭᠠᠵᠠᠷ ᠤᠨ ᠪᠠᠭ᠎ᠠ ᠠᠭᠤᠷ ᠠᠮᠢᠰᠬᠤᠯ ᠢ ᠠᠵᠢᠭᠯᠠᠨ ᠬᠡᠮᠵᠢᠬᠦ | ᠰᠢᠰᠲ᠋ᠧᠮ 13 ᠢᠵᠢ ᠰᠢᠨ᠎ᠡ ᠪᠠᠷ ᠪᠠᠶᠢᠭᠤᠯᠬᠤ ᠪᠣᠯᠤᠨ᠎ᠠ᠃ ᠲᠠᠷᠢᠶᠠᠯᠠᠩ ᠤᠨ ᠠᠦ᠋ᠲ᠋ᠣ᠋ ᠠᠵᠢᠭᠯᠠᠯᠲᠠ ᠶᠢᠨ | ᠲᠤᠷᠰᠢᠯᠲᠠ ᠶᠢᠨ ᠰᠤᠳᠤᠯᠭᠠᠨ ᠢ ᠠᠬᠢᠭᠤᠯᠵᠤ᠂ ᠴᠠᠭ ᠠᠭᠤᠷ ᠤᠨ ᠶᠡᠷᠦᠩᠬᠡᠶᠢᠯᠡᠭᠰᠡᠨ ᠬᠢᠨᠠᠨ ᠬᠡᠮᠵᠢᠬᠦ ᠴᠢᠳᠠᠪᠤᠷᠢ ᠪᠠᠨ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤ ᠰᠠᠭᠤᠷᠢ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠨ᠎ᠠ᠃ | ᠬᠤᠶᠠᠷ ᠲᠤ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠤᠬᠠᠢ | ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ᠂ ᠰᠢᠨ᠎ᠡ ᠠᠷᠭ᠎ᠠ ᠶᠢᠨ ᠬᠡᠷᠡᠭᠯᠡᠯᠲᠡ ᠶᠢ ᠴᠢᠩᠭᠠᠷᠠᠭᠤᠯᠵᠤ᠂ ᠭᠠᠩ ᠬᠠᠭᠤᠷᠠᠶ᠂ | ᠰᠢᠷᠦᠭᠦᠨ ᠪᠣᠷᠣᠭᠠᠨ ᠦᠶᠡᠷ ᠤᠰᠤᠲᠤᠯ᠂ ᠶᠡᠭᠡ ᠰᠠᠯᠬᠢᠨ ᠬᠦᠶ᠋ᠲᠡᠨ ᠤᠷᠤᠰᠬᠠᠯ᠂ ᠬᠢᠷᠠᠭᠤ ᠬᠦᠯᠳᠡᠬᠦᠦ᠂ ᠬᠦᠢᠳᠡᠨ | ᠠᠭᠤᠷ ᠠᠮᠢᠰᠬᠤᠯ ᠤᠨ ᠭᠠᠮᠰᠢᠭ᠂ ᠮᠥᠨᠳᠥᠷ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ | ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠴᠠᠭ | ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢᠨ ᠨᠠᠷᠢᠯᠢᠬᠵᠢᠭᠤᠯᠬᠤ ᠬᠢᠷᠢ ᠬᠡᠮᠵᠢᠶ᠎ᠡ᠂ | ᠣᠨᠣᠪᠴᠢ ᠶᠢᠨ ᠬᠡᠮᠵᠢᠶ᠎ᠡ ᠪᠠ ᠤᠷᠢᠳᠴᠢᠯᠠᠭᠰᠠᠨ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠤᠨ᠎ᠠ᠃ ᠡᠭᠦᠨ ᠤ | ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠵᠡᠷᠭᠡ ᠨᠡᠶᠢᠭᠡᠮ ᠤᠨ ᠡᠬᠢ | ᠪᠠᠶᠠᠯᠢᠭ ᠪᠣᠯᠤᠨ ᠸᠢᠴᠠᠲ᠂ ᠪᠢᠴᠢᠯ ᠪᠦᠷᠭᠡ᠂ ᠲᠢᠺ ᠲᠤᠺ᠂ ᠬᠤᠷᠲᠤᠨ ᠰᠢᠭᠤᠳ ᠨᠡᠪᠲᠡᠷᠡᠭᠦᠯᠬᠡ ᠵᠡᠷᠭᠡ ᠰᠢᠨ᠎ᠡ | ᠵᠠᠭᠤᠴᠢᠯᠠᠭᠤᠷ ᠢ ᠭᠦᠢᠴᠡᠳ ᠠᠰᠢᠭᠯᠠᠵᠤ᠂ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠰᠢᠰᠲ᠋ᠧᠮ ᠲᠠᠢ ᠵᠠᠪᠰᠠᠷ ᠦᠭᠡᠶ ᠵᠣᠯᠭᠠᠭᠤᠯᠬᠤ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠰᠡᠷᠡᠮᠵᠢᠯᠡᠭᠦᠯᠦᠯ ᠤᠨ ᠮᠡᠳᠡᠭᠡ ᠵᠠᠩᠭᠢ ᠶᠢ ᠨᠡᠶᠢᠲᠡᠯᠡᠬᠦ ᠪᠦᠷᠬᠦᠴᠡ ᠶᠢᠨ ᠬᠡᠪᠴᠢᠶ᠎ᠡ ᠪᠠ ᠬᠤᠭᠤᠴᠠᠭᠠᠲᠤ ᠴᠢᠨᠠᠷ ᠢ | ᠳᠡᠭᠡᠭᠰᠢᠯᠡᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨ᠎ᠡ ᠬᠡᠯᠪᠡᠷᠢ ᠶᠢᠨ ᠲᠠᠷᠢᠶᠠᠯᠠᠩ ᠮᠠᠯ | ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ᠂ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ᠂ ᠲᠤᠰᠬᠠᠶ | ᠮᠡᠷᠭᠡᠵᠢᠯ ᠤᠨ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠪᠠ ᠣᠯᠠᠨ ᠨᠡᠶᠢᠲᠡ ᠶᠢᠨ ᠭᠠᠷ ᠲᠤ ᠤᠯᠠᠮᠵᠢᠯᠠᠨ | ᠳᠠᠮᠵᠢᠭᠤᠯᠬᠤ ᠶᠢ ᠠᠬᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠴᠠ | ᠪᠣᠯᠤᠭᠰᠠᠨ ᠬᠤᠬᠢᠷᠠᠯ ᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠠᠪᠤᠨ ᠱᠠᠲᠤᠨ ᠤ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠣᠬᠢᠶᠠᠨ | ᠪᠠᠶᠢᠭᠤᠯᠤᠯᠲᠠ ᠶᠢᠨ ᠰᠢᠰᠲ᠋ᠧᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠳᠡᠭᠡᠳᠦ ᠳᠣᠤᠷᠠᠳᠤ ᠱᠠᠲᠤᠨ ᠤ | ᠬᠠᠮᠲᠤᠷᠠᠨ ᠬᠥᠳᠡᠯᠦᠯᠴᠡᠬᠦ᠂ ᠵᠡᠭᠦᠨᠰᠢ ᠪᠠᠷᠠᠭᠤᠨᠰᠢ ᠬᠠᠮᠵᠢᠯᠴᠠᠬᠤ ᠶᠢ ᠴᠢᠩᠭᠠᠳᠬᠠᠨ᠂ ᠪᠦᠲᠦᠮᠵᠢᠲᠡᠶ ᠠᠷᠭᠠᠴᠠᠭᠠᠬᠤ | ᠠᠷᠭ᠎ᠠ ᠬᠡᠮᠵᠢᠶ᠎ᠡ ᠠᠪᠴᠤ᠂ ᠬᠦᠨᠳᠦ ᠶᠡᠭᠡ ᠴᠠᠭ ᠠᠭᠤᠷ ᠤᠨ ᠭᠠᠮᠰᠢᠭ ᠢ ᠮᠡᠳᠡᠭᠦᠯᠬᠦ ᠶᠢ ᠵᠥᠪᠰᠢᠶᠡᠷᠡᠬᠦ᠂ | ᠰᠡᠷᠡᠮᠵᠢᠯᠡᠭᠦᠯᠬᠦ ᠮᠡᠳᠡᠭᠡ ᠵᠠᠩᠭᠢ ᠶᠢ ᠲᠠᠷᠬᠠᠭᠠᠬᠤ᠂ ᠣᠯᠠᠨ ᠨᠡᠶᠢᠲᠡ ᠪᠠᠷ ᠢᠶᠠᠨ ᠬᠤᠷᠢᠶᠠᠨ ᠤᠯᠬᠤ᠂ ᠰᠠᠶᠢᠲᠤᠷ | ᠬᠡᠷᠡᠭᠯᠡᠬᠦ ᠶᠢ ᠴᠢᠷᠮᠠᠶᠢᠨ ᠪᠡᠶᠡᠯᠡᠭᠦᠯᠵᠦ᠂ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠦᠨ᠎ᠡ᠃ | ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠤᠶᠤᠨᠲᠤ ᠲᠠᠷᠢᠶᠠᠯᠠᠩ ᠮᠠᠯ ᠠᠵᠤ ᠠᠬᠤᠶ ᠶᠢᠨ ᠴᠠᠭ | ᠠᠭᠤᠷ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠭᠤᠷᠪᠠᠳᠤᠭᠠᠷ ᠳᠡᠰ ᠤᠨ ᠴᠠᠭ | ᠠᠭᠤᠷ ᠤᠨ ᠰᠠᠯᠠᠭ᠎ᠠ ᠮᠥᠴᠢᠷ ᠲᠤ ᠲᠤᠬᠠᠶᠢᠯᠠᠭᠰᠠᠨ ᠠᠵᠢᠯ ᠤᠨ ᠬᠡᠷᠡᠭᠯᠡᠭᠡ ᠶᠢ ᠠᠬᠢᠭᠤᠯᠵᠤ᠂ ᠲᠠᠷᠢᠶᠠᠯᠠᠩ ᠮᠠᠯ ᠠᠵᠤ | ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠤ ᠪᠦᠲᠦᠭᠡᠭᠳᠡᠬᠦᠨ ᠢ ᠠᠦ᠋ᠲ᠋ᠣᠴᠢᠯᠠᠬᠤ᠂ ᠤᠶᠤᠨᠴᠢᠯᠠᠨ ᠦᠢᠯᠡᠳᠬᠦ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠠᠪᠤᠷ ᠤᠨ ᠲᠠᠷᠢᠶᠠᠯᠠᠭ᠎ᠠ᠂ ᠵᠣᠨ ᠤ ᠬᠠᠮᠢᠶᠠᠷᠤᠯᠲᠠ ᠨᠠᠮᠤᠷ ᠤᠨ ᠬᠤᠷᠢᠶᠠᠯᠲᠠ᠂ | ᠪᠣᠷᠲᠣᠭᠤᠷ ᠣᠷᠣᠭᠤᠯᠵᠤ ᠡᠮ ᠨᠠᠶᠢᠷᠠᠭᠤᠯᠬᠤ᠂ ᠤᠰᠤᠯᠠᠯᠲᠠ᠂ ᠮᠠᠯᠵᠢᠬᠤ ᠣᠷᠣᠨ ᠤ ᠲᠥᠯ ᠲᠤᠰᠴᠤ ᠪᠤᠶᠢᠵᠢᠭᠤᠯᠬᠤ | ᠂ ᠨᠠᠮᠤᠷ ᠤᠨ ᠤᠯᠠᠷᠢᠯ ᠤᠨ ᠡᠪᠡᠰᠦ ᠬᠠᠳᠤᠬᠤ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠠᠵᠢᠯᠯᠠᠭ᠎ᠠ ᠶᠢᠨ | ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠴᠠᠭ ᠠᠭᠤᠷ ᠤᠨ ᠤᠷᠢᠳᠴᠢᠯᠠᠭᠰᠠᠨ ᠮᠡᠳᠡᠭᠡ ᠵᠢᠴᠢ | ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠭᠠᠮᠰᠢᠭ᠂ ᠭᠤᠤᠯ ᠪᠣᠯᠬᠤ ᠲᠠᠷᠢᠮᠠᠯ ᠤᠨ ᠡᠪᠡᠳᠴᠢᠨ | ᠬᠤᠷᠣᠬᠠᠶ ᠶᠢᠨ ᠬᠥᠨᠥᠭᠡᠯ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠤᠷᠢᠳᠴᠢᠯᠠᠨ ᠮᠡᠳᠡᠭᠡᠯᠡᠬᠦ ᠪᠠ | ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠦᠢᠯᠡᠴᠢᠯᠡᠭᠡ ᠶᠢ ᠦᠢᠯᠡᠳᠴᠦ ᠨᠡᠶᠢᠲᠡᠯᠡᠨ᠎ᠡ᠃ ᠣᠳᠣᠬᠠᠨ ᠳᠤ᠂ ᠪᠢᠳᠡ | ᠨᠢᠭᠡᠨᠲᠡ ︽ᠲᠠᠷᠢᠶᠠᠯᠠᠩ ᠤᠨ ᠴᠠᠭ ᠠᠭᠤᠷ ᠤᠨ ᠮᠡᠳᠡᠭᠡ︾ ᠶᠢᠨ ᠭᠠᠷ ᠤᠲᠠᠰᠤᠨ ᠤ APP ᠪᠠᠷ ᠳᠠᠮᠵᠢᠭᠤᠯᠤᠨ 5. | 2 ᠲᠦᠮᠡᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠳᠠᠩᠰᠠᠯᠠᠭᠤᠯᠤᠭᠰᠠᠨ | ᠬᠡᠷᠡᠭᠯᠡᠭᠴᠢ ᠳᠤ ᠣᠷᠣᠨ ᠪᠠᠶᠢᠷᠢ ᠳᠤ ᠰᠠᠭᠤᠷᠢᠯᠠᠭᠰᠠᠨ᠂ ᠣᠶᠤᠨᠴᠢ᠂ ᠥᠪᠡᠷᠮᠢᠴᠡ ︽ᠰᠢᠭᠤᠳ ᠨᠡᠪᠲᠡᠷᠡᠬᠦ ᠮᠠᠶ᠋ᠢᠭ︾ | ᠤᠨ ᠦᠢᠯᠡᠴᠢᠯᠡᠭᠡ ᠬᠠᠩᠭᠠᠵᠤ ᠪᠠᠶᠢᠨ᠎ᠠ᠂ ᠵᠠᠯᠭᠠᠭᠠᠳ ᠪᠢᠳᠡ ︽ᠲᠠᠷᠢᠶᠠᠯᠠᠩ ᠤᠨ ᠴᠠᠭ ᠠᠭᠤᠷ ᠤᠨ ᠮᠡᠳᠡᠭᠡ︾ ᠶᠢᠨ | ᠭᠠᠷ ᠤᠲᠠᠰᠤᠨ ᠤ APP ᠶᠢ ᠦᠷᠭᠦᠯᠵᠢᠯᠡᠨ ᠳᠡᠯᠭᠡᠷᠡᠭᠦᠯᠵᠦ᠂ ᠪᠥᠬᠦ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠴᠠᠭ ᠠᠭᠤᠷ ᠤᠨ ᠪᠠᠲᠤᠯᠠᠭ᠎ᠠ ᠶᠢᠨ | ᠦᠢᠯᠡᠴᠢᠯᠡᠭᠡ ᠬᠠᠩᠭᠠᠨ᠎ᠠ᠃ | ᠲᠦᠷᠪᠡ ᠳᠤ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠠᠭᠤᠷ | ᠠᠮᠢᠰᠬᠤᠯ ᠰᠠᠶᠢᠨ ᠪᠦᠲᠦᠭᠡᠭᠳᠡᠬᠦᠨ︾ ᠢ ᠭᠡᠷᠡᠴᠢᠯᠡᠵᠦ ᠦᠨᠡᠯᠡᠬᠦ ᠠᠵᠢᠯ ᠢ ᠢᠳᠡᠪᠬᠢᠲᠡᠢ ᠠᠬᠢᠭᠤᠯᠵᠤ᠂ ᠣᠳᠣᠬᠠᠨ ᠳᠤ | ᠲᠦᠴᠢᠦᠸᠠᠨ ᠰᠢᠶᠠᠨ ᠤ ᠨᠠᠷᠢᠮᠤ ᠪᠤᠳᠠᠭ᠎ᠠ᠂ ᠨᠣᠭᠤᠭᠠᠨ ᠪᠤᠷᠴᠠᠭ ᠪᠣᠯᠤᠨ ᠪᠣᠷᠣ ᠬᠠᠯᠢᠰᠤᠲᠤ ᠰᠠᠷᠢᠮᠰᠠᠭ᠂ ᠠᠤᠬᠠᠨ | ᠬᠤᠰᠢᠭᠤᠨ ᠤ ᠨᠠᠷᠢᠮᠤ ᠪᠤᠳᠠᠭ᠎ᠠ᠂ ᠦᠶᠤᠸᠠᠨ ᠰᠢᠶᠠᠨ ᠤ ᠨᠡᠷᠡᠨ ᠬᠤᠸᠠᠷ᠂ ᠰᠥᠨᠢᠳ ᠬᠤᠨᠢ ᠵᠡᠷᠭᠡ ᠲᠠᠷᠢᠶᠠᠯᠠᠩ ᠤᠨ | ᠣᠨᠴᠠ ᠭᠠᠷᠤᠯᠲᠠ ᠶᠢ ︽ᠠᠭᠤᠷ ᠠᠮᠢᠰᠬᠤᠯ ᠤᠨ ᠰᠠᠶᠢᠨ ᠪᠦᠲᠦᠭᠡᠭᠳᠡᠬᠦᠨ︾ ᠢᠶᠠᠷ ᠦᠨᠡᠯᠡᠬᠦ ᠠᠵᠢᠯ ᠢ ᠥᠷᠨᠢᠭᠦᠯᠵᠦ᠂ | ᠲᠠᠷᠢᠶᠠᠯᠠᠩ ᠤᠨ ᠪᠦᠲᠦᠭᠡᠭᠳᠡᠬᠦᠨ ᠤ ᠠᠭᠤᠷ ᠠᠮᠢᠰᠬᠤᠯ ᠤᠨ ᠨᠡᠮᠡᠯᠲᠡ ᠦᠷᠳᠡᠭ ᠢ ᠨᠡᠮᠡᠭᠳᠡᠭᠦᠯᠵᠡᠢ᠃ ᠡᠨᠡ ᠵᠢᠯ᠂ | ᠪᠢᠳᠡ ᠡᠯ᠎ᠡ ᠭᠠᠵᠠᠷ ᠤᠨ ᠳᠠᠪᠠᠭᠤᠯᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ | ᠲᠥᠷᠥᠯ ᠲᠡᠮᠳᠡᠭᠲᠦ ᠶᠢ ᠬᠥᠭᠵᠢᠭᠦᠯᠬᠦ ᠬᠡᠷᠡᠭᠴᠡᠭᠡ ᠶᠢ ᠦᠨᠳᠦᠰᠦᠯᠡᠨ᠂ ︽ᠠᠭᠤᠷ ᠠᠮᠢᠰᠬᠤᠯ ᠤᠨ ᠰᠠᠶᠢᠨ | ᠪᠦᠲᠦᠭᠡᠭᠳᠡᠬᠦᠨ︾ ᠢ ᠭᠡᠷᠡᠴᠢᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ | ᠳᠠᠪᠠᠭᠤᠯᠢᠭ ᠤᠨᠴᠠᠯᠢᠭᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ | ᠲᠡᠮᠳᠡᠭᠲᠦ ᠶᠢᠨ ᠦᠢᠯᠡᠳᠦᠯ ᠢ ᠳᠡᠭᠡᠭᠰᠢᠯᠡᠭᠦᠯᠦᠨ᠎ᠡ᠃ | ᠲᠠᠪᠤ ᠳᠤ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠵᠢᠭᠯᠠᠵᠤ᠂ ᠠᠯᠢᠪᠠ ᠠᠰᠢᠭᠲᠠᠶ ᠴᠠᠭ | ᠠᠭᠤᠷ ᠤᠨ ᠨᠥᠬᠦᠴᠡᠯ ᠢ ᠠᠳᠬᠤᠵᠤ᠂ ᠨᠢᠰᠬᠡᠯ᠂ ᠲᠡᠶᠢᠷᠦᠯᠲᠦ ᠰᠤᠮᠤ ᠪᠣᠯᠤᠨ ᠤᠲᠤᠭ᠎ᠠ ᠵᠤᠤᠬ᠎ᠠ ᠵᠡᠷᠭᠡ | ᠬᠤᠭᠤᠰᠣᠨ ᠭᠠᠵᠠᠷ ᠢ ᠨᠢᠭᠡ ᠴᠤᠭᠴᠠᠵᠢᠭᠤᠯᠤᠭᠰᠠᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ | ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠭᠠᠩ | ᠬᠠᠭᠰᠠᠷᠠᠭᠠᠨ ᠤ ᠪᠠᠶᠢᠳᠠᠯ ᠢ ᠨᠠᠮᠳᠠᠭᠤᠯᠤᠨ᠂ ᠡᠪᠡᠰᠦ ᠪᠡᠯᠴᠢᠭᠡᠷ ᠤᠨ ᠨᠣᠭᠤᠭᠠᠷᠠᠬᠤ ᠶᠢ ᠠᠬᠢᠭᠤᠯᠵᠤ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠠᠰ ᠢ ᠪᠠᠭᠤᠷᠠᠭᠤᠯᠤᠨ᠎ᠠ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠤᠪᠠᠭ ᠤᠨ | ᠰᠤᠷᠪᠤᠯᠵᠢᠯᠠᠭᠴᠢ᠄ ᠪᠢ ᠦᠪᠦᠷ ᠮᠣᠩᠭᠤᠯ ᠤᠨ ᠲᠥᠮᠥᠰᠥ ᠶᠢᠨ ᠤᠨᠴᠠᠯᠢᠬᠳᠤ ᠲᠠᠷᠢᠶᠠᠯᠠᠩ ᠤᠨ ᠴᠠᠭ ᠠᠭᠤᠷ ᠤᠨ | ᠦᠢᠯᠡᠴᠢᠯᠡᠭᠡᠨ ᠤ ᠲᠥᠪ ᠤᠨ ᠦᠢᠯᠡᠳᠦᠯ ᠢᠶᠠᠨ ᠬᠡᠷᠬᠢᠨ ᠪᠠᠳᠠᠷᠠᠭᠤᠯᠵᠤ ᠪᠠᠶᠢᠬᠤ ᠶᠢ ᠣᠶᠢᠯᠠᠭᠠᠶ᠎ᠠ | ᠦ᠋ ᠿᠦᠩ ᠱᠧᠩ᠄ 2020 ᠣᠨ ᠤ 10 ᠰᠠᠷ᠎ᠠ ᠳᠤ᠂ ᠳᠤᠮᠳᠠᠳᠤ ᠤᠯᠤᠰ ᠤᠨ ᠴᠠᠭ ᠠᠭᠤᠷ ᠤᠨ | ᠲᠣᠪᠴᠢᠶ᠎ᠠ ᠪᠣᠯᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ | ᠪᠣᠯᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠠᠮᠲᠤᠷᠠᠨ ᠮᠡᠳᠡᠭᠦᠯᠦᠭᠰᠡᠨ | ᠲᠥᠮᠥᠰᠥ ᠶᠢᠨ ᠴᠠᠭ ᠠᠭᠤᠷ ᠤᠨ ᠦᠢᠯᠡᠴᠢᠯᠡᠭᠡᠨ ᠤ ᠲᠥᠪ ᠢ ᠤᠨᠴᠠᠯᠢᠬᠳᠤ ᠲᠠᠷᠢᠶᠠᠯᠠᠩ ᠤᠨ ᠴᠠᠭ ᠠᠭᠤᠷ ᠤᠨ | ᠦᠢᠯᠡᠴᠢᠯᠡᠭᠡᠨ ᠤ ᠲᠥᠪ ᠢᠶᠠᠷ ᠲᠤᠲᠤᠯᠠᠪᠡ᠂ ᠪᠥᠬᠦ ᠤᠯᠤᠰ ᠤᠨ ᠲᠥᠮᠥᠰᠥ ᠶᠢᠨ 5 ᠲᠣᠮᠣ ᠭᠤᠤᠯ ᠭᠠᠷᠤᠯᠲᠠ ᠶᠢᠨ | ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ᠂ ᠲᠥᠮᠥᠰᠥ ᠶᠢᠨ ᠠᠵᠤ ᠦᠢᠯᠡᠰ ᠪᠣᠯ ᠥᠪᠥᠷ ᠮᠣᠩᠭᠤᠯ ᠤᠨ | ᠲᠤᠯᠭᠠᠭᠤᠷᠢ ᠠᠵᠤ ᠦᠢᠯᠡᠰ ᠤᠨ ᠨᠢᠭᠡ ᠮᠥᠨ᠂ ᠲᠥᠮᠥᠰᠥ ᠶᠢᠨ ᠴᠠᠭ ᠠᠭᠤᠷ ᠤᠨ ᠦᠢᠯᠡᠴᠢᠯᠡᠭᠡᠨ ᠤ ᠲᠥᠪ ᠢ | ᠡᠭᠦᠳᠦᠨ ᠪᠠᠶᠢᠭᠤᠯᠬᠤ ᠶᠢᠨ ᠵᠣᠷᠢᠯᠭ᠎ᠠ ᠨᠢ ᠲᠥᠪ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠶᠡᠷᠦᠩᠬᠡᠶ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠤᠱᠯᠠᠭᠤᠯᠵᠤ᠂ ᠥᠪᠥᠷ | ᠮᠣᠩᠭᠤᠯ ᠴᠢᠨᠠᠭᠰᠢᠯᠠᠪᠠᠯ ᠪᠥᠬᠦ ᠤᠯᠤᠰ ᠤᠨ ᠲᠥᠮᠥᠰᠥ ᠶᠢᠨ ᠠᠵᠤ ᠦᠢᠯᠡᠰ ᠤᠨ ᠦᠢᠯᠡᠳᠪᠦᠷᠢᠯᠡᠯ ᠤᠨ ᠴᠠᠭ | ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠶᠤᠮ᠃ | 2021 ᠣᠨ ᠳᠤ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠬᠢᠭᠡᠳ ᠥᠪᠥᠷ ᠮᠣᠩᠭᠤᠯ ᠤᠨ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠣᠰ ᠲᠥᠪ ᠤᠨ ᠲᠥᠮᠥᠰᠥ ᠶᠢᠨ ᠴᠠᠭ ᠠᠭᠤᠷ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠤᠳᠤᠯᠭᠠᠨ ᠬᠢᠭᠡᠳ ᠦᠢᠯᠡᠴᠢᠯᠡᠭᠡᠨ ᠤ ᠲᠠᠯ᠎ᠠ ᠪᠠᠷ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠠᠵᠢᠯ ᠢ ᠭᠠᠷ ᠬᠤᠯᠪᠣᠨ ᠠᠬᠢᠭᠤᠯᠵᠤ᠂ ᠳᠣᠤᠷᠠᠬᠢ ᠬᠡᠳᠦᠨ ᠲᠠᠯ᠎ᠠ ᠪᠠᠷ ᠪᠣᠳᠠᠲᠠᠶ ᠪᠠᠷ ᠠᠵᠢᠯ | ᠥᠷᠨᠢᠭᠦᠯᠦᠨ᠎ᠡ᠄ | ᠨᠢᠭᠡ ᠳᠤ᠂ ᠶᠡᠭᠡ ᠳ᠋ᠠᠶᠢᠲ᠋ᠠ ᠪᠠᠷ ᠭᠤᠣᠯ ᠪᠣᠯᠭᠠᠭᠰᠠᠨ᠂ ᠬᠡᠷᠡᠭᠯᠡᠭᠡ ᠪᠠᠷ ᠤᠳᠤᠷᠢᠳᠤᠮᠵᠢ ᠪᠣᠯᠭᠠᠭᠰᠠᠨ᠂ | ᠬᠤᠷᠠᠭᠤᠯᠤᠨ ᠠᠭᠤᠰᠤᠯᠴᠠᠭᠤᠯᠵᠤ ᠰᠢᠨ᠎ᠡ ᠶᠢ ᠡᠭᠦᠳᠦᠭᠰᠡᠨ᠂ ᠨᠡᠭᠡᠭᠡᠯᠲᠡᠲᠡᠢ ᠬᠠᠮᠲᠤᠪᠠᠷ ᠡᠳ᠋ᠯᠡᠭᠰᠡᠨ ᠲᠥᠮᠥᠰᠥ ᠶᠢᠨ | ᠤᠨᠴᠠᠯᠢᠭᠳᠤ ᠲᠠᠷᠢᠮᠠᠯ ᠤᠨ ᠴᠠᠭ ᠠᠭᠤᠷ ᠤᠨ ᠶᠡᠭᠡ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ᠎ᠠ︔ ᠲᠥᠮᠥᠰᠥᠨ ᠤ | ᠭᠤᠤᠯ ᠭᠠᠷᠤᠯᠲᠠ ᠶᠢᠨ ᠣᠷᠣᠨ ᠢ ᠬᠠᠮᠤᠷᠤᠭᠰᠠᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠳᠤ | ᠰᠠᠭᠤᠷᠢᠯᠠᠭᠰᠠᠨ ᠪᠤᠶᠢᠵᠢᠯᠲᠠ ᠶᠢᠨ ᠬᠤᠭᠤᠴᠠᠭ᠎ᠠ᠂ ᠤᠷᠭᠤᠴᠠ ᠶᠢᠨ ᠪᠠᠶᠢᠳᠠᠯ᠂ ᠴᠠᠭ ᠠᠭᠤᠷ ᠤᠨ ᠭᠠᠮᠰᠢᠭ᠂ | ᠡᠪᠡᠳᠴᠢᠨ ᠬᠤᠷᠣᠬᠠᠶ ᠶᠢᠨ ᠬᠥᠨᠥᠭᠡᠯ ᠵᠡᠷᠭᠡ ᠶᠢ ᠴᠠᠭ ᠲᠤᠬᠠᠶ ᠳᠤᠨᠢ ᠬᠢᠨᠠᠨ ᠬᠡᠮᠵᠢᠬᠦ ᠣᠶᠤᠨᠴᠢᠯᠠᠭᠰᠠᠨ ᠬᠡᠷᠡᠭᠯᠡᠭᠡᠨ ᠤ | ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ︔ ᠲᠤᠭ᠎ᠠ ᠪᠠᠷᠢᠮᠲᠠ ᠶᠢ ᠬᠢᠨᠠᠨ ᠬᠡᠮᠵᠢᠬᠦ᠂ ᠵᠠᠳᠠᠯᠬᠤ᠂ ᠨᠡᠶᠢᠲᠡᠯᠡᠬᠦ ᠪᠠ | ᠬᠡᠷᠡᠭᠯᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠲᠥᠮᠥᠰᠥ ᠶᠢᠨ ᠤᠨᠴᠠᠯᠢᠭᠳᠤ ᠲᠠᠷᠢᠶᠠᠯᠠᠩ ᠤᠨ ᠴᠠᠭ | ᠠᠭᠤᠷ ᠤᠨ ᠦᠢᠯᠡᠴᠢᠯᠡᠭᠡᠨ ᠤ ᠲᠥᠪ ᠤᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠠᠰᠢᠭ ᠪᠠ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠬᠤᠶᠠᠷ ᠲᠤ᠂ ᠲᠥᠮᠥᠰᠥ ᠶᠢᠨ ᠤᠨᠴᠠᠯᠢᠭᠳᠤ ᠲᠠᠷᠢᠮᠠᠯ ᠤᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ ᠢ ᠴᠢᠩᠭᠠᠳᠬᠠᠵᠤ᠂ ᠲᠥᠮᠥᠰᠥ ᠶᠢᠨ | ᠲᠠᠷᠢᠶᠠᠯᠠᠩ ᠤᠨ ᠴᠠᠭ ᠠᠭᠤᠷ ᠤᠨ ᠬᠦᠢᠴᠡᠳᠭᠡᠯ ᠲᠤᠭᠠᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ︔ | ᠳᠠᠭᠠᠭᠤᠯᠢ ᠣᠳᠣᠨ ᠤ ᠠᠯᠤᠰ ᠰᠡᠷᠡᠯ᠂ ᠵᠢᠷᠤᠭ ᠳᠦᠷᠰᠦ ᠶᠢ ᠢᠯᠭᠠᠨ ᠲᠠᠨᠢᠬᠤ᠂ ᠣᠯᠠᠨ ᠡᠬᠢᠲᠦ ᠲᠤᠭ᠎ᠠ | ᠪᠠᠷᠢᠮᠲᠠ ᠶᠢ ᠠᠭᠤᠰᠤᠯᠴᠠᠭᠤᠯᠬᠤ ᠵᠡᠷᠭᠡ ᠰᠢᠨ᠎ᠡ ᠮᠡᠷᠭᠡᠵᠢᠯ᠂ ᠰᠢᠨ᠎ᠡ ᠠᠷᠭ᠎ᠠ ᠶᠢᠨ ᠳᠠᠪᠠᠭᠤᠯᠢᠭ ᠢ ᠪᠠᠳᠠᠷᠠᠭᠤᠯᠵᠤ᠂ | ᠨᠠᠩ ᠲᠤᠰᠬᠠᠶ ᠮᠡᠷᠭᠡᠵᠢᠯ ᠤᠨ᠂ ᠨᠠᠩ ᠨᠠᠷᠢᠯᠢᠭ ᠣᠨᠣᠴᠠᠲᠠᠶ ᠥᠪᠡᠷᠮᠢᠴᠡ ᠦᠢᠯᠡᠴᠢᠯᠡᠭᠡᠨ ᠤ ᠦᠢᠯᠡᠳᠬᠦᠨ ᠢ ᠪᠣᠶ | ᠪᠣᠯᠭᠠᠨ᠎ᠠ᠃ | ᠭᠤᠷᠪᠠ ᠳᠤ᠂ ᠤᠯᠤᠰ ᠤᠨ ᠳᠡᠰ᠂ ᠮᠤᠵᠢ ︵ᠶᠠᠮᠤᠨ︶ ᠶᠢᠨ ᠳᠡᠰ ᠵᠡᠷᠭᠡ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠷᠥᠯ ᠵᠦᠢᠯ ᠤᠨ ᠳᠡᠮᠵᠢᠯᠭᠡ ᠳᠤ ᠲᠦᠰᠢᠭᠯᠡᠵᠦ᠂ ᠴᠠᠭ ᠠᠭᠤᠷ ᠠᠭᠤᠷ ᠠᠮᠢᠰᠬᠤᠯ ᠤᠨ | ᠨᠥᠬᠦᠴᠡᠯ ᠤᠨ ᠲᠥᠮᠥᠰᠥ ᠶᠢᠨ ᠥᠰᠥᠯᠲᠡ ᠪᠤᠶᠢᠵᠢᠯᠲᠠ ᠪᠠ ᠴᠢᠬᠤᠯᠠ ᠲᠠᠷᠢᠶᠠᠯᠠᠩ ᠤᠨ ᠠᠵᠢᠯᠯᠠᠭ᠎ᠠ ᠳᠤ ᠦᠵᠡᠭᠦᠯᠬᠦ | ᠨᠥᠯᠥᠭᠡ ᠬᠢᠭᠡᠳ ᠲᠣᠭᠲᠠᠭᠰᠠᠨ ᠬᠡᠮᠵᠢᠶᠡᠨ ᠤ ᠦᠨᠡᠯᠡᠯᠲᠡ᠂ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ | ᠲᠦᠭᠰᠢᠭᠦᠷᠢ ᠶᠢ ᠢᠯᠭᠠᠨ ᠲᠠᠨᠢᠬᠤ ᠬᠢᠭᠡᠳ ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠭᠠᠷᠤᠯᠲᠠ ᠬᠢᠭᠡᠳ ᠶᠠᠰᠤ | ᠴᠢᠨᠠᠷ ᠤᠨ ᠨᠥᠯᠥᠭᠡ ᠶᠢ ᠦᠨᠡᠯᠡᠬᠦ ᠵᠡᠷᠭᠡ ᠲᠤᠷᠰᠢᠯᠲᠠ ᠶᠢᠨ ᠰᠤᠳᠤᠯᠭᠠᠨ ᠢ ᠴᠢᠩᠭᠠᠳᠬᠠᠵᠤ᠂ ᠲᠥᠮᠥᠰᠥ ᠶᠢᠨ | ᠤᠨᠴᠠᠯᠢᠭᠳᠤ ᠲᠠᠷᠢᠮᠠᠯ ᠤᠨ ᠴᠠᠭ ᠠᠭᠤᠷ ᠤᠨ ᠲᠤᠷᠰᠢᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠥᠷᠭᠡᠴᠡ ᠪᠠ | ᠭᠦᠨᠴᠡ ᠶᠢ ᠤᠯᠠᠮ ᠨᠢᠭᠡ ᠠᠯᠬᠤᠮ ᠥᠷᠭᠡᠳᠬᠡᠨ᠎ᠡ᠃ | ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠴᠢᠭᠯᠡᠭᠦᠯᠦᠨ᠂ | ᠲᠥᠮᠥᠰᠥ ᠵᠡᠷᠭᠡ ᠤᠨᠴᠠᠯᠢᠭᠳᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠣᠯᠠᠨ ᠵᠦᠢᠯ ᠤᠨ | ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢᠶᠠᠨ | ᠰᠠᠶᠢᠲᠤᠷ ᠬᠢᠨ᠎ᠡ᠃ ᠨᠢᠭᠡ ᠳᠤ᠂ ᠬᠠᠮᠲᠤᠷᠠᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠲᠠᠷᠢᠶᠠᠯᠠᠩ ᠤᠨ ᠪᠠᠶᠢᠴᠠᠭᠠᠯᠲᠠ ᠶᠢᠨ ᠠᠩᠭᠢ | ᠵᠡᠷᠭᠡ ᠲᠠᠷᠢᠶᠠᠯᠠᠩ ᠳᠤ ᠬᠤᠯᠪᠣᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠵᠥᠪᠳᠡᠯᠴᠡᠵᠦ᠂ ᠳᠠᠷᠢᠬᠤ ᠠᠬᠢᠴᠠ᠂ | ᠴᠢᠬᠢ ᠶᠢᠨ ᠪᠠᠶᠢᠳᠠᠯ᠂ ᠬᠠᠪᠤᠷ ᠤᠨ ᠤᠯᠠᠷᠢᠯ ᠤᠨ ᠴᠠᠭ ᠠᠭᠤᠷ ᠤᠨ ᠭᠠᠮᠰᠢᠭ ᠤᠨ ᠬᠠᠮᠤᠭ ᠤᠨ ᠰᠢᠨ᠎ᠡ ᠪᠠᠶᠢᠳᠠᠯ ᠢ | ᠴᠠᠭ ᠲᠤᠬᠠᠶ ᠳᠤᠨᠢ ᠨᠡᠪᠲᠡᠷᠡᠯᠴᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠦᠵᠡᠭᠦᠯᠬᠦ ᠴᠠᠭ | ᠠᠭᠤᠷ ᠤᠨ ᠨᠥᠬᠦᠴᠡᠯ ᠤᠨ ᠠᠰᠢᠭ ᠬᠤᠤᠷ ᠤᠨ ᠨᠥᠯᠥᠭᠡ ᠶᠢ ᠬᠠᠮᠲᠤ ᠪᠠᠷ ᠰᠤᠳᠤᠯᠤᠨ ᠮᠠᠭᠠᠳᠯᠠᠨ᠎ᠠ᠃ ᠬᠤᠶᠠᠷ ᠲᠤ | ᠂ ᠲᠠᠷᠢᠶᠠᠯᠠᠩ ᠤᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠠᠵᠢᠯᠲᠠᠨ ᠢ ᠲᠣᠮᠢᠯᠠᠨ ᠲᠠᠷᠢᠶᠠᠨ ᠳᠤ | ᠣᠴᠢᠭᠤᠯᠵᠤ ᠪᠠᠶᠢᠴᠠᠭᠠᠨ ᠰᠤᠳᠤᠯᠤᠯᠲᠠ ᠪᠠ ᠵᠢᠯᠣᠭᠤᠳᠣᠯᠭ᠎ᠠ ᠬᠢᠯᠭᠡᠵᠦ᠂ ᠬᠥᠷᠥᠰᠥ ᠰᠢᠷᠣᠶ ᠶᠢᠨ ᠴᠢᠭᠢᠭ ᠤᠨ | ᠪᠠᠶᠢᠳᠠᠯ᠂ ᠬᠠᠪᠤᠷ ᠤᠨ ᠲᠠᠷᠢᠶᠠᠯᠠᠭ᠎ᠠ ᠶᠢᠨ ᠠᠵᠢᠯ ᠪᠠ ᠲᠠᠷᠢᠮᠠᠯ ᠤᠨ ᠤᠷᠭᠤᠯᠲᠠ ᠶᠢᠨ ᠪᠠᠶᠢᠳᠠᠯ ᠢ ᠴᠠᠭ ᠲᠤᠬᠠᠶ ᠳᠤᠨᠢ | ᠡᠵᠡᠮᠰᠢᠬᠦ ᠶᠢᠨ ᠬᠠᠮᠲᠤ᠂ ᠡᠨᠡ ᠵᠢᠯ ᠤᠨ ᠬᠠᠪᠤᠷ ᠤᠨ ᠤᠯᠠᠷᠢᠯ ᠤᠨ ᠴᠠᠭ ᠠᠭᠤᠷ ᠪᠠ ᠠᠭᠤᠷ ᠠᠮᠢᠰᠬᠤᠯ ᠤᠨ | ᠨᠥᠬᠦᠴᠡᠯ ᠳᠤ ᠴᠢᠭᠯᠡᠭᠦᠯᠦᠨ᠂ ᠲᠠᠷᠢᠶᠠᠯᠠᠩ ᠤᠨ ᠦᠢᠯᠡᠳᠪᠦᠷᠢᠯᠡᠯ ᠳᠤ ᠵᠢᠯᠣᠭᠤᠳᠬᠤ ᠰᠠᠨᠠᠭᠤᠯᠭ᠎ᠠ ᠳᠤᠷᠠᠳᠴᠤ᠂ | ᠴᠠᠭ ᠠᠭᠤᠷ ᠤᠨ ᠬᠤᠪᠢᠷᠠᠯᠲᠠ ᠪᠠ ᠲᠠᠷᠢᠶᠠᠨ ᠭᠠᠵᠠᠷ ᠤᠨ ᠴᠢᠭᠢᠭ ᠤᠨ ᠪᠠᠶᠢᠳᠠᠯ ᠤᠨ ᠬᠤᠪᠢᠷᠠᠯᠲᠠ ᠶᠢ ᠨᠢᠭᠲᠠ | ᠠᠩᠬᠠᠷᠴᠤ᠂ ᠭᠠᠩ ᠲᠠᠢ ᠲᠡᠮᠡᠴᠡᠵᠦ ᠴᠢᠬᠢᠭ ᠢ ᠬᠠᠮᠠᠭᠠᠯᠠᠬᠤ ᠠᠵᠢᠯ ᠪᠠ ᠲᠠᠷᠢᠶᠠᠨ ᠭᠠᠵᠠᠷ ᠤᠨ ᠴᠢᠬᠢ ᠶᠢᠨ | ᠪᠠᠶᠢᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠠ ᠳᠤ᠂ ᠤᠶᠤᠨᠲᠤ ᠲᠠᠷᠢᠶᠠᠯᠠᠩ ᠤᠨ ᠴᠠᠭ ᠠᠭᠤᠷ ᠤᠨ | ᠲᠤᠭ᠎ᠠ ᠪᠠᠷᠢᠮᠲᠠ ᠶᠢᠨ ᠲᠠᠪᠴᠠᠩ ᠪᠣᠯᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠠᠰᠢᠭᠯᠠᠵᠤ᠂ ᠲᠥᠮᠥᠰᠥ ᠵᠡᠷᠭᠡ | ᠲᠠᠷᠢᠮᠠᠯ ᠤᠨ ᠵᠠᠩᠭᠢᠯᠠᠭ᠎ᠠ ᠶᠢᠨ ᠪᠤᠶᠢᠵᠢᠯᠲᠠ ᠶᠢᠨ ᠬᠤᠭᠤᠴᠠᠭᠠᠨ ᠤ ᠤᠷᠢᠳᠴᠢᠯᠠᠭᠰᠠᠨ ᠮᠡᠳᠡᠭᠡ᠂ ᠬᠠᠪᠤᠷ ᠤᠨ | ᠲᠠᠷᠢᠶᠠᠯᠠᠭ᠎ᠠ ᠶᠢᠨ ᠴᠠᠭ ᠠᠭᠤᠷ ᠤᠨ ᠳᠤᠬᠢᠷᠠᠮᠵᠢ ᠶᠢᠨ ᠬᠡᠮᠵᠢᠶᠡᠨ ᠤ ᠤᠷᠢᠳᠴᠢᠯᠠᠭᠰᠠᠨ ᠮᠡᠳᠡᠭᠡ᠂ ᠥᠰᠥᠯᠲᠡ | ᠪᠤᠶᠢᠵᠢᠯᠲᠠ ᠶᠢᠨ ᠬᠢᠨᠠᠨ ᠬᠡᠮᠵᠢᠯᠲᠡ᠂ ᠬᠢᠷᠠᠭᠤ ᠬᠦᠯᠳᠡᠬᠦᠦ ᠪᠠ ᠭᠠᠩ ᠬᠠᠭᠰᠠᠷᠠᠭᠠᠨ ᠤ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠵᠡᠷᠭᠡ ᠰᠢᠷᠢᠰ ᠦᠢᠯᠡᠴᠢᠯᠡᠭᠡᠨ ᠤ ᠪᠦᠲᠦᠭᠡᠭᠳᠡᠬᠦᠨ ᠢ ᠵᠠᠳᠠᠯᠤᠨ ᠦᠢᠯᠡᠳᠦᠨ᠎ᠡ᠃ | ᠥᠪᠥᠷ ᠮᠣᠩᠭᠤᠯ ᠤᠨ ᠬᠤᠳᠠᠯᠳᠤᠭᠠᠨ ᠤ ᠰᠣᠨᠢᠨ ᠤ ᠰᠤᠷᠪᠤᠯᠵᠢᠯᠠᠭᠴᠢ᠄ ᠣᠶᠢᠯᠠᠭᠠᠭᠰᠠᠨ ᠢᠶᠠᠷ᠂ | ᠣᠶᠢᠷ᠎ᠠ ᠶᠢᠨ ᠬᠤᠭᠤᠴᠠᠭᠠᠨ ᠳᠤ ᠰᠥᠨᠢᠳ ᠤᠨ ᠬᠤᠨᠢᠨ ᠮᠢᠬ᠎ᠠ ᠶᠢ ᠥᠪᠥᠷ ᠮᠣᠩᠭᠤᠯ ᠤᠨ ᠣᠨᠴᠠ ᠰᠢᠯᠢᠳᠡᠭ | ᠲᠠᠰ ᠤᠨ ᠠᠭᠤᠷ ᠠᠮᠢᠰᠬᠤᠯ ᠤᠨ ᠰᠠᠶᠢᠨ ᠪᠦᠲᠦᠭᠡᠭᠳᠡᠬᠦᠨ ᠢᠶᠠᠷ ᠮᠠᠭᠠᠳᠯᠠᠨ ᠲᠣᠭᠲᠠᠭᠠᠭᠰᠠᠨ ᠪᠠᠶᠢᠨ᠎ᠠ᠂ ᠠᠭᠤᠷ | ᠠᠮᠢᠰᠬᠤᠯ ᠤᠨ ᠴᠢᠨᠠᠷ ᠴᠢᠨᠰᠠᠭ᠎ᠠ ᠶᠢ ᠭᠡᠷᠡᠴᠢᠯᠡᠬᠦ ᠶᠢᠨ ᠠᠴᠢ ᠬᠤᠯᠪᠣᠭᠳᠠᠯ ᠪᠠ ᠪᠣᠳᠠᠲᠠᠶ ᠪᠠᠶᠢᠳᠠᠯ ᠢᠶᠠᠨ | ᠲᠠᠨᠢᠯᠴᠠᠭᠤᠯᠤᠭᠠᠷᠠᠶ᠃ | ᠶᠠᠩ ᠵᠢᠩ᠄ ᠣᠯᠠᠨ ᠤ ᠮᠡᠳᠡᠭᠡᠵᠢ ᠪᠠᠷ᠂ ᠬᠠᠮᠤᠭ ᠤᠨ ᠰᠠᠶᠢᠨ ᠺᠤᠹᠧ ᠨᠢ ᠡᠮᠦᠨᠡᠲᠦ ᠠᠮᠧᠷᠢᠺᠠ ᠠᠴᠠ | ᠭᠠᠷᠤᠯᠲᠠ ᠲᠠᠢ᠂ ᠬᠠᠮᠤᠭ ᠤᠨ ᠰᠠᠶᠢᠨ ᠴᠠᠶ ᠨᠢ ᠳᠤᠮᠳᠠᠳᠤ ᠤᠯᠤᠰ ᠠᠴᠠ ᠭᠠᠷᠤᠯᠲᠠ ᠲᠠᠢ᠂ ᠬᠠᠮᠤᠭ ᠤᠨ ᠰᠠᠶᠢᠨ | ᠦᠵᠦᠮ ᠤᠨ ᠠᠷᠢᠬᠢ ᠨᠢ ᠧᠦ᠋ᠷᠣᠫᠠ ᠠᠴᠠ ᠢᠷᠡᠯᠲᠡᠶ᠃ ᠹᠷᠠᠨᠼᠢ ᠶᠢᠨ ᠨᠡᠷᠡᠲᠡᠶ ᠤᠯᠠᠭᠠᠨ ᠠᠷᠢᠬᠢ ︽ᠯᠠᠹᠢᠲᠧ︾ | ᠭᠡᠳᠡᠭ ᠨᠢ ᠪᠦᠷᠦ᠋ᠳ᠋ᠸᠦ᠋ᠰ ᠤᠨ ᠨᠡᠷᠡᠨ ᠤ ᠭᠡᠷᠡᠯ ᠭᠦᠢᠴᠡᠳ᠂ ᠬᠤᠷ᠎ᠠ ᠪᠣᠷᠣᠭᠠᠨ ᠲᠣᠬᠢᠷᠠᠮᠵᠢᠲᠠᠶ᠂ ᠠᠭᠠᠷ ᠤᠨ | ᠳᠤᠯᠠᠭᠠᠨ ᠤ ᠡᠳᠦᠷ ᠤᠨ ᠵᠥᠷᠢᠶ᠎ᠡ ᠶᠡᠭᠡ ᠵᠡᠷᠭᠡ ᠣᠨᠴᠠᠭᠠᠶ ᠠᠭᠤᠷ ᠠᠮᠢᠰᠬᠤᠯ ᠤᠨ ᠣᠨᠴᠠᠯᠢᠭ ᠠᠴᠠ ᠪᠣᠯᠵᠤ᠂ | ᠰᠢᠯᠢᠳᠡᠭ ᠣᠯᠠᠭᠠᠨ ᠠᠷᠢᠬᠢ ᠨᠡᠷᠡᠬᠦ ᠦᠵᠦᠮ ᠢ ᠲᠠᠷᠢᠬᠤ ᠳᠤ ᠲᠣᠬᠢᠷᠠᠮᠵᠢᠲᠠᠶ ᠪᠠᠶᠢᠳᠠᠭ᠂ 1982 ᠣᠨ ᠳᠤ | ᠹᠷᠠᠨᠼᠢ ᠶᠢᠨ ᠪᠦᠷᠦ᠋ᠳ᠋ᠸᠦ᠋ᠰ ᠤᠨ ᠯᠠᠹᠢᠲᠧ ᠡᠳ᠋ᠯᠡᠩ ᠤᠨ ᠬᠡᠰᠡᠭ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠨᠢ | ᠰᠢᠯᠢᠳᠡᠭ ᠦᠵᠦᠮ ᠤᠨ ᠥᠰᠥᠯᠲᠡ ᠳᠤ ᠨᠡᠩ ᠲᠣᠬᠢᠷᠠᠮᠵᠢᠲᠠᠶ ᠪᠠᠶᠢᠵᠤ᠂ ︽82 ᠯᠠᠹᠢᠲᠧ︾ ᠤᠯᠠᠭᠠᠨ ᠠᠷᠢᠬᠢᠨ ᠤ | ᠴᠢᠨᠠᠷ ᠨᠢ ᠬᠠᠮᠤᠭ ᠤᠨ ᠰᠠᠶᠢᠨ᠂ ᠦᠨ᠎ᠡ ᠨᠢ ᠴᠦ ᠬᠠᠮᠤᠭ ᠤᠨ ᠦᠨᠡᠲᠡᠶ ᠪᠠᠶᠢᠳᠠᠭ᠃ ᠡᠭᠦᠨ ᠠᠴᠠ ᠦᠵᠡᠬᠦ ᠳᠤ᠂ | ᠠᠭᠤᠷ ᠠᠮᠢᠰᠬᠤᠯ ᠤᠨ ᠨᠥᠬᠦᠴᠡᠯ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠪᠦᠷᠢᠯᠳᠦᠯ ᠳᠤ ᠮᠠᠰᠢ ᠶᠡᠭᠡ ᠨᠥᠯᠥᠭᠡ ᠦᠵᠡᠬᠦᠯᠳᠡᠭ᠃ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢᠨ | ᠭᠡᠷᠡᠴᠢᠯᠡᠯ ᠪᠣᠯ ᠳᠠᠷᠤᠶ ᠰᠢᠨᠵᠢᠯᠡᠬᠦ ᠤᠬᠠᠭᠠᠨᠴᠢ ᠠᠷᠭ᠎ᠠ ᠪᠠᠷ ᠴᠠᠭ ᠠᠭᠤᠷ ᠠᠭᠤᠷ ᠠᠮᠢᠰᠬᠤᠯ ᠤᠨ ᠨᠥᠬᠦᠴᠡᠯ ᠤᠨ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠴᠢᠨᠰᠠᠭ᠎ᠠ ᠳᠤ ᠦᠵᠡᠭᠦᠯᠬᠦ ᠨᠥᠯᠥᠭᠡ ᠶᠢᠨ | ᠰᠠᠶᠢᠨ ᠮᠠᠭᠤ ᠵᠡᠷᠭᠡ ᠳᠡᠰ ᠢ ᠦᠨᠡᠯᠡᠨ ᠲᠣᠭᠲᠠᠭᠠᠬᠤ ᠶᠠᠪᠤᠳᠠᠯ ᠪᠣᠯᠤᠨ᠎ᠠ᠃ | ᠣᠶᠢᠷ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷ | ᠠᠮᠢᠰᠬᠤᠯ ᠤᠨ ᠲᠥᠪ ᠤᠨ ᠬᠢᠨ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠥᠨᠢᠳ ᠬᠤᠨᠢᠨ ᠤ ᠠᠭᠤᠷ ᠠᠮᠢᠰᠬᠤᠯ ᠤᠨ | ᠴᠢᠨᠠᠷ ᠴᠢᠨᠰᠠᠭ᠎ᠠ ᠶᠢ ᠵᠠᠳᠠᠯᠤᠨ ᠦᠨᠡᠯᠡᠬᠦ ᠠᠵᠢᠯ ᠦᠷᠨᠢᠬᠦᠯᠪᠡ᠃ ᠪᠢᠳᠡ ᠰᠥᠨᠢᠳ ᠬᠤᠨᠢᠨ ᠤ ᠭᠤᠤᠯ | ᠭᠠᠷᠤᠯᠲᠠ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠵᠢᠴᠢ ᠠᠭᠤᠷ ᠠᠮᠢᠰᠬᠤᠯ ᠤᠨ ᠣᠨᠴᠠᠯᠢᠭ ᠲᠤ | ᠰᠠᠭᠤᠷᠢᠯᠠᠨ᠂ ᠰᠥᠨᠢᠳ ᠬᠤᠨᠢᠨ ᠤ ᠮᠢᠬᠠᠨ ᠤ ᠶᠠᠰᠤ ᠴᠢᠨᠠᠷ ᠤᠨ ᠪᠦᠷᠢᠯᠳᠦᠯ ᠳᠤ ᠳᠣᠭᠢᠷᠠᠬᠤ ᠠᠭᠤᠷ ᠠᠮᠢᠰᠬᠤᠯ ᠤᠨ | ᠨᠥᠬᠦᠴᠡᠯ ᠢ ᠵᠠᠳᠠᠯᠵᠤ᠂ ᠰᠥᠨᠢᠳ ᠬᠤᠨᠢᠨ ᠤ ᠠᠭᠤᠷ ᠠᠮᠢᠰᠬᠤᠯ ᠤᠨ ᠵᠣᠬᠢᠴᠠᠬᠤ ᠴᠢᠨᠠᠷ ᠤᠨ ᠬᠦᠢᠴᠡᠳᠬᠡᠯ ᠲᠤᠭ᠎ᠠ | ᠵᠢᠴᠢ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠥᠯᠥᠭᠡ ᠪᠠᠷ ᠨᠡᠯᠢᠶᠡᠳ ᠶᠡᠭᠡ ᠴᠠᠭ ᠠᠭᠤᠷ ᠤᠨ ᠭᠠᠶ | ᠭᠠᠮᠰᠢᠭ ᠤᠨ ᠬᠦᠢᠴᠡᠳᠬᠡᠯ ᠲᠤᠭ᠎ᠠ ᠶᠢ ᠪᠠᠶᠢᠭᠤᠯᠵᠤ᠂ ᠰᠥᠨᠢᠳ ᠬᠤᠨᠢᠨ ᠤ ᠦᠰᠦᠯᠳᠡ ᠳᠤ ᠲᠤᠬᠢᠷᠠᠬᠤ | ᠲᠠᠷᠬᠠᠯᠲᠠ ᠶᠢᠨ ᠣᠷᠣᠨ ᠢ ᠲᠤᠲᠤᠯᠠᠵᠤ ᠦᠭᠪᠡ᠃ ᠡᠭᠦᠨ ᠤ ᠬᠠᠮᠲᠤ᠂ 2019 ᠣᠨ ᠳᠤ ᠰᠥᠨᠢᠳ ᠤᠨ ᠲᠠᠯ᠎ᠠ | ᠨᠤᠲᠤᠭ ᠲᠤ ᠬᠢᠭᠰᠡᠨ ᠲᠤᠷᠰᠢᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠨ᠂ ᠰᠥᠨᠢᠳ ᠤᠨ ᠬᠤᠨᠢᠨ ᠮᠢᠬ᠎ᠠ ᠶᠢ | ᠨᠥᠯᠥᠭᠡᠯᠡᠬᠦ ᠭᠤᠤᠯ ᠪᠣᠯᠬᠤ ᠠᠭᠤᠷ ᠠᠮᠢᠰᠬᠤᠯ ᠢ ᠨᠥᠯᠥᠭᠡᠯᠡᠬᠦ ᠡᠯᠧᠮᠧᠨ᠋ᠲ ᠲᠤ ᠵᠠᠳᠠᠯᠤᠯᠲᠠ ᠬᠢᠵᠦ᠂ ᠰᠥᠨᠢᠳ ᠤᠨ | ᠬᠤᠨᠢᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢᠨ ᠣᠨᠴᠠᠯᠢᠭ ᠢ ᠶᠡᠷᠦᠩᠬᠡᠶᠢᠯᠡᠨ ᠦᠨᠡᠯᠡᠪᠡ᠃ ᠡᠭᠦᠨ ᠠᠴᠠ᠄ | ᠰᠥᠨᠢᠳ ᠣᠷᠣᠨ ᠤ ᠣᠨᠴᠠᠭᠠᠶ ᠢᠯᠴᠢ ᠶᠢᠨ ᠬᠡᠮᠵᠢᠶ᠎ᠡ ᠪᠠ ᠤᠰᠤᠨ ᠤ ᠨᠥᠬᠦᠴᠡᠯ ᠳᠣᠣᠷ᠎ᠠ᠂ ᠰᠥᠨᠢᠳ ᠬᠤᠨᠢᠨ ᠤ | ᠮᠢᠬ᠎ᠠ ᠨᠢ ᠦᠨᠦᠷ ᠠᠩᠬᠢᠯᠤᠮ᠎ᠠ᠂ ᠰᠢᠩᠬᠡᠭ ᠦᠨᠦᠷ ᠪᠠᠭ᠎ᠠ᠂ ᠤᠭᠤᠷᠠᠭ ᠤᠨ ᠴᠢᠨᠠᠷ ᠰᠠᠶᠢᠨ᠂ ᠰᠢᠪᠲᠦᠷᠲᠦ ᠬᠦᠴᠢᠯ | ᠪᠠ ᠺᠠᠯᠼ ᠤᠨ ᠠᠭᠤᠯᠤᠭᠳᠠᠴᠠ ᠥᠨᠳᠥᠷ ᠵᠡᠷᠭᠡ ᠣᠨᠴᠠᠯᠢᠭ ᠲᠠᠢ ᠭᠡᠬᠦ ᠳ᠋ᠦᠩᠨᠡᠯᠲᠡ ᠶᠢ ᠣᠯᠵᠠᠶ᠃ | ᠰᠥᠨᠢᠳ ᠤᠨ ᠬᠤᠨᠢᠨ ᠮᠢᠬᠠᠨ ᠤ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢ ᠵᠠᠳᠠᠯᠤᠨ ᠦᠨᠡᠯᠡᠬᠦ ᠪᠠᠷ | ᠳᠡᠮᠵᠢᠨ᠂ ᠰᠥᠨᠢᠳ ᠤᠨ ᠬᠤᠨᠢᠨ ᠮᠢᠬᠠᠨ ᠤ ᠴᠢᠨᠠᠷ ᠴᠢᠨᠰᠠᠭ᠎ᠠ ᠶᠢ ᠨᠥᠯᠥᠭᠡᠯᠡᠬᠦ ᠠᠭᠤᠷ ᠠᠮᠢᠰᠬᠤᠯ ᠤᠨ ᠨᠥᠬᠦᠴᠡᠯ | ᠵᠢᠴᠢ ᠲᠣᠬᠢᠷᠠᠮᠵᠢᠲᠠᠶ ᠣᠷᠣᠨ ᠪᠦᠰᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠷᠠᠴᠢᠯᠠᠵᠤ ᠲᠡᠵᠢᠭᠡᠬᠦ | ᠶᠠᠪᠤᠴᠠ ᠳᠤ ᠠᠰᠢᠭ ᠬᠠᠷᠠᠨ ᠬᠤᠤᠷ ᠠᠴᠠ ᠵᠠᠶᠢᠯᠠᠵᠤ᠂ ᠠᠭᠤᠷ ᠠᠮᠢᠰᠬᠤᠯ ᠤᠨ ᠡᠬᠢ ᠪᠠᠶᠠᠯᠢᠭ ᠢ ᠬᠦᠢᠴᠡᠳ | ᠠᠰᠢᠭᠯᠠᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠦᠨ᠎ᠡ︔ ᠨᠥᠭᠦᠭᠡ ᠲᠠᠯ᠎ᠠ ᠪᠠᠷ᠂ ᠦᠨᠡᠯᠡᠨ ᠲᠣᠭᠲᠠᠭᠠᠭᠰᠠᠨ ᠦᠷ᠎ᠡ | ᠳ᠋ᠦᠩ ᠢ ᠠᠰᠢᠭᠯᠠᠨ ᠰᠥᠨᠢᠳ ᠤᠨ ᠬᠤᠨᠢᠨ ᠮᠢᠬᠠᠨ ᠤ ᠴᠢᠨᠠᠷ ᠴᠢᠨᠰᠠᠭ᠎ᠠ ᠪᠠ ᠭᠠᠷᠤᠯᠲᠠ ᠶᠢᠨ ᠣᠷᠣᠨ ᠳᠤ ᠲᠡᠮᠳᠡᠭ | ᠲᠠᠯᠪᠢᠵᠤ᠂ ᠲᠡᠳᠡᠨ ᠤ ᠨᠡᠷ᠎ᠡ ᠠᠯᠳᠠᠷ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ | ᠲᠡᠳᠡᠨ ᠳᠤ ᠥᠪᠡᠷ ᠤᠨ ᠠᠭᠤᠷ ᠠᠮᠢᠰᠬᠤᠯ ᠤᠨ ᠴᠢᠨᠠᠷ ᠴᠢᠨᠰᠠᠭ᠎ᠠ ᠶᠢᠨ ︽ᠪᠡᠶ᠎ᠡ ᠶᠢᠨ ᠦᠨᠡᠮᠯᠡᠯ︾ ᠲᠠᠢ ᠪᠣᠯᠭᠠᠵᠤ᠂ | ᠮᠠᠯᠴᠢᠳ ᠵᠢᠴᠢ ᠬᠤᠯᠪᠤᠭᠳᠠᠯ ᠪᠥᠬᠦᠶ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠦᠨ᠎ᠡ᠃ | | ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷ | ᠠᠮᠢᠰᠬᠤᠯ ᠤᠨ ᠲᠥᠪ ᠤᠨ ᠬᠢᠨ ᠰᠥᠨᠢᠳ ᠤᠨ ᠬᠤᠨᠢᠨ ᠮᠢᠬ᠎ᠠ᠂ ᠨᠠᠷᠠᠨ ᠬᠤᠸᠠᠷ᠂ ᠨᠣᠭᠤᠭᠠᠨ ᠪᠤᠷᠴᠠᠭ᠂ ᠨᠠᠷᠢᠮᠤ | ᠵᠡᠷᠭᠡ ᠴᠢᠨᠠᠷ ᠰᠠᠶᠢᠲᠠᠶ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠠᠭᠤᠷ ᠠᠮᠢᠰᠬᠤᠯ ᠤᠨ ᠴᠢᠨᠠᠷ | ᠴᠢᠨᠰᠠᠭ᠎ᠠ ᠶᠢ ᠭᠡᠷᠡᠴᠢᠯᠡᠬᠦ ᠠᠵᠢᠯ ᠢ ᠥᠷᠨᠢᠭᠦᠯᠵᠦ᠂ ᠮᠠᠨ ᠤ ᠣᠷᠣᠨ ᠤ ᠤᠨᠴᠠᠯᠢᠬᠳᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠦᠷ᠎ᠡ | ᠠᠰᠢᠭ ᠢ ᠳᠡᠭᠡᠭᠰᠢᠯᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠢᠳᠡᠪᠬᠢᠲᠡᠶ ᠦᠢᠯᠡᠳᠦᠯ | ᠦᠵᠡᠬᠦᠯᠦᠨ᠎ᠡ᠃ |