ᠯᠢ ᠸᠧᠨ ᠽᠧᠩ ᠬᠤᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠳᠤ ᠬᠦᠷᠴᠦ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠶᠢᠨ ᠠᠵᠢᠯᠯᠠᠭᠠᠨ ᠢ ᠵᠢᠯᠤᠭᠤᠳᠪᠠ
ᠨᠡᠶᠢᠲᠡᠯᠡᠭᠰᠡᠨ ᠴᠠᠭ᠄
2021/4/23
        4 ᠰᠠᠷ᠎ᠠ ᠶᠢᠨ 20 ᠤ ᠡᠳᠦᠷ ᠤᠨ ᠦᠳᠡ ᠠᠴᠠ ᠡᠮᠦᠨ᠎ᠡ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠱᠦᠵᠢ ᠯᠢ ᠸᠧᠨ ᠽᠧᠩ ᠱᠠᠪᠳᠠᠨ ᠪᠠᠶᠢᠴᠠᠭᠠᠬᠤ ᠳᠣᠭᠤᠶᠢᠯᠠᠩ ᠳᠠᠭᠠᠭᠤᠯᠤᠨ ᠬᠤᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠳᠤ ᠬᠦᠷᠴᠦ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠶᠢᠨ ᠠᠵᠢᠯ ᠢ ᠵᠢᠭᠠᠨ ᠵᠢᠯᠤᠭᠤᠳᠪᠠ᠃ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠳᠡᠳ᠋ ᠱᠦᠵᠢ ᠸᠠᠩ ᠴᠢᠩ ᠵᠢᠶᠦ᠋ᠨ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠵᠤᠤ ᠫᠢᠩ᠂ ᠳᠡᠳ᠋ ᠳᠠᠷᠤᠭ᠎ᠠ ᠰᠦᠩ ᠭᠦᠸᠧ ᠵᠢᠶᠦ᠋ᠨ ᠪᠠᠷ᠎ᠠ ᠪᠣᠯᠤᠯᠴᠠᠪᠠ᠃        ᠯᠢ ᠸᠧᠨ ᠽᠧᠩ ᠵᠢᠭᠠᠵᠤ ᠭᠠᠷᠭᠠᠭᠰᠠᠨ ᠨᠢ᠄ ᠬᠠᠤᠯᠢ ᠴᠠᠭᠠᠵᠠ ᠵᠠᠰᠠᠭ ᠵᠠᠬᠢᠷᠭᠠᠨ ᠤ ᠰᠢᠰᠲ᠋ᠧᠮ ᠡᠷᠬᠡᠪᠰᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠦᠨᠳᠦᠷᠵᠢᠭᠦᠯᠵᠦ᠂ ᠢᠳᠡᠪᠬᠢᠲᠡᠢ ᠠᠵᠢᠯᠯᠠᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠲᠠᠢ ᠠᠵᠢᠯ ᠤᠨ ᠵᠣᠯᠭᠠᠯᠴᠠᠭ᠎ᠠ ᠪᠠᠨ ᠰᠠᠶᠢᠲᠤᠷ ᠴᠢᠩᠭᠠᠳᠬᠠᠵᠤ᠂ ᠡᠯ᠎ᠡ ᠲᠦᠷᠦᠯ ᠤᠨ ᠡᠭᠦᠷᠭᠡ ᠶᠢᠨ ᠴᠢᠨᠠᠷ ᠬᠡᠮᠵᠢᠶ᠎ᠡ ᠶᠢ ᠰᠠᠶᠢᠲᠤᠷ ᠪᠠᠲᠤᠯᠠᠨ ᠭᠦᠢᠴᠡᠳᠬᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢᠶᠠᠨ ᠤᠷᠢᠳᠴᠢᠯᠠᠨ ᠲᠥᠯᠦᠪᠯᠡᠬᠦ ᠬᠡᠷᠡᠭᠲᠡᠢ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号