︽ᠤᠯᠠᠨ ᠲᠥᠮᠡᠨ ᠳᠤ ᠪᠤᠳᠠᠲᠠᠢ ᠤᠴᠢᠷ ᠬᠢᠬᠦ︾ ᠦᠢᠯᠡᠳᠦᠯᠭᠡ ᠶᠢᠨ ᠠᠵᠢᠯᠯᠠᠭᠠᠨ ᠢ ᠭᠦᠨᠵᠡᠭᠡᠢ | ᠦᠷᠨᠢᠭᠦᠯᠵᠦ᠂ ᠤᠯᠠᠨ ᠲᠥᠮᠡᠨ ᠳᠤ ᠨᠡᠩ ᠰᠢᠯᠢᠳᠡᠭ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ | ᠬᠠᠩᠭᠠᠬᠤ ᠪᠠᠷ ᠴᠢᠷᠮᠠᠶᠢᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠪᠠ | ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠦᠨ᠂ ᠪᠦᠬᠦ ᠠᠷᠠᠳ ᠢᠶᠠᠷ ᠢᠶᠠᠨ ᠬᠠᠤᠯᠢ ᠶᠢ ᠰᠣᠷᠴᠤ ᠬᠠᠤᠯᠢ ᠶᠢ | ᠤᠶᠢᠯᠠᠭᠠᠬᠤ ᠰᠠᠶᠢᠨ ᠰᠠᠶᠢᠬᠠᠨ ᠣᠷᠴᠢᠨ ᠨᠦᠬᠦᠴᠡᠯ ᠢ ᠪᠦᠷᠢᠯᠳᠦᠭᠦᠯᠵᠦ᠂ ᠡᠶ᠎ᠡ ᠵᠤᠬᠢᠴᠠᠯᠲᠤ ᠪᠣᠯᠪᠠᠰᠤᠨ ᠨᠡᠶᠢᠭᠡᠮ | ᠲᠣᠭᠤᠷᠢᠭ ᠤᠨ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠦᠲᠦᠭᠡᠨ ᠪᠠᠶᠢᠭᠤᠯᠵᠤ᠂ ᠠᠷᠠᠳᠴᠢᠯᠠᠯᠲᠤ ᠬᠠᠤᠯᠢ ᠪᠠᠷ | ᠵᠠᠰᠠᠬᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠦᠭᠡ 4 ᠰᠠᠷ᠎ᠠ ᠶᠢᠨ 23 ᠤ ᠡᠳᠦᠷ ᠤᠨ | ᠦᠳᠡ ᠠᠴᠠ ᠬᠤᠶᠢᠨ᠎ᠠ ᠶᠤᠤ ᠵᠢᠶᠠ ᠸᠠ ᠨᠡᠶᠢᠭᠡᠮ ᠲᠣᠭᠤᠷᠢᠭ ︽ᠬᠠᠤᠯᠢ ᠶᠢ ᠨᠡᠶᠢᠭᠡᠮ ᠲᠣᠭᠤᠷᠢᠭ ᠲᠤ ᠬᠦᠷᠭᠡᠬᠦ︾ | ᠬᠠᠤᠯᠢ ᠴᠠᠭᠠᠵᠠ ᠶᠢᠨ ᠤᠬᠠᠭᠤᠯᠭ᠎ᠠ ᠯᠠᠪᠯᠠᠯᠲᠠ ᠶᠢᠨ ᠠᠵᠢᠯᠯᠠᠭᠠᠨ ᠦᠷᠨᠢᠭᠦᠯᠪᠡ᠂ ᠬᠤᠩᠱᠠᠨ ᠲᠣᠭᠤᠷᠢᠭ ᠤᠨ ᠰᠢᠭᠦᠬᠦ | ᠬᠤᠷᠢᠶᠠᠨ ᠤ ᠵᠠᠰᠠᠭ ᠵᠠᠬᠢᠷᠭᠠᠨ ᠤ ᠲᠠᠩᠬᠢᠮ ᠢ ᠤᠷᠢᠵᠤ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ | ᠴᠠᠭᠠᠵᠠ ᠶᠢᠨ ᠮᠡᠳᠡᠯᠭᠡ ᠶᠢ ᠲᠥᠭᠡᠮᠡᠯᠵᠢᠭᠦᠯᠵᠦ᠂ ᠰᠠᠶᠢᠨ ᠰᠠᠶᠢᠬᠠᠨ ᠢᠷᠭᠡᠨ ᠤ ᠬᠠᠤᠯᠢ ᠶᠢᠨ ᠪᠢᠴᠢᠭ ᠢ ᠤᠬᠠᠭᠤᠯᠤᠨ | ᠰᠤᠷᠤᠯᠴᠠᠬᠤ ᠣᠷᠴᠢᠨ ᠨᠦᠬᠦᠴᠡᠯ ᠢ ᠪᠦᠷᠢᠯᠳᠦᠭᠦᠯᠦᠨ᠂ ᠢᠷᠭᠡᠨ ᠤ ᠬᠠᠤᠯᠢ ᠶᠢᠨ ᠪᠢᠴᠢᠭ ᠢ ᠤᠯᠠᠨ ᠲᠥᠮᠡᠨ ᠤ | ᠳᠡᠷᠭᠡᠳᠡ᠂ ᠠᠷᠠᠳ ᠤᠯᠠᠨ ᠤ ᠰᠡᠳᠬᠢᠯ ᠳᠤ ᠦᠨᠡᠨᠬᠦ ᠬᠦᠷᠭᠡᠵᠦ ᠴᠢᠳᠠᠪᠠ᠃ | | | | | | |