| ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ | ᠪᠣᠯᠬᠤ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠤᠨ᠎ᠠ᠂ ᠡᠨᠡ ᠬᠦ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠵᠠᠩᠭᠢᠯᠠᠭ᠎ᠠ ᠶᠢᠨ ᠦᠶ᠎ᠡ ᠳᠤ᠂ ᠥᠪᠥᠷ ᠮᠣᠩᠭᠤᠯ | ᠦᠷᠭᠦᠯᠵᠢᠯᠡᠨ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠡᠷᠲᠡᠭᠡᠨ ᠵᠠᠰᠠᠬᠤ | ᠣᠷᠣᠨ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ | ᠶᠣᠰᠣᠭᠠᠷ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠨ᠎ᠠ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠵᠤ | ᠦᠢᠯᠡᠰ ᠤᠨ ᠰᠠᠭᠤᠷᠢ ᠶᠢᠨ ᠳᠡᠭᠡᠳᠦ ᠳᠡᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠢ ᠪᠦᠲᠦᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠴᠣᠭᠴᠠᠯᠠᠨ᠎ᠠ᠃ | ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠴᠢᠬᠤᠯᠠ᠂ ᠬᠥᠭᠵᠢᠯᠲᠡ ᠶᠢᠨ | ᠳᠠᠯᠳᠠ ᠬᠦᠴᠦᠨ ᠯᠤᠲᠤ ᠶᠡᠭᠡ ᠪᠠᠶᠢᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠢ ᠡᠬᠢᠯᠡᠭᠦᠯᠵᠦ᠂ ᠰᠢᠨ᠎ᠡ | ᠠᠶᠠᠨ ᠢᠶᠠᠨ ᠡᠬᠢᠯᠡᠭᠦᠯᠬᠦ ᠳᠤ ᠭᠡᠷᠬᠢᠨ ᠠᠵᠠ ᠲᠣᠬᠢᠶᠠᠯ ᠢ ᠠᠮᠵᠢᠵᠤ᠂ ᠥᠷᠢᠰᠥᠯᠳᠦᠭᠡᠨ ᠢ ᠠᠷᠭᠠᠴᠡᠭᠠᠬᠤ ᠳᠤᠮᠳᠠ | ᠨᠠᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠪᠣᠶ︖ ᠤᠢᠢᠷ᠎ᠠ ᠳᠤ᠂ ᠰᠤᠷᠪᠤᠯᠵᠢᠯᠠᠭᠴᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠢ ᠰᠤᠷᠪᠤᠯᠵᠢᠯᠠᠪᠠ᠃ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠨ᠎ᠠ | ᠰᠤᠷᠪᠤᠯᠵᠢᠯᠠᠭᠴᠢ᠄ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠤ ᠳᠠᠷᠠᠭ᠎ᠠ᠂ ᠥᠪᠥᠷ | ᠮᠣᠩᠭᠤᠯ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠨ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠰᠡᠳᠬᠢᠴᠡ ᠠᠷᠭ᠎ᠠ ᠬᠡᠮᠵᠢᠶ᠎ᠡ ᠪᠠᠶᠢᠬᠤ ᠪᠤᠢ︖ | | ᠱᠢ ᠲᠠᠢ ᠹᠧᠩ᠄ ᠥᠪᠥᠷ ᠮᠣᠩᠭᠤᠯ ᠤᠨ ᠬᠢᠨ ︽ᠭᠤᠷᠪᠠᠨ ᠰᠢᠨ᠎ᠡ︾ ᠶᠢᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠬᠠᠮᠤᠭ ᠤᠨ ᠦᠨᠳᠦᠰᠦᠨ ᠵᠦᠢᠯ ᠪᠣᠯ ᠶᠡᠷᠦᠩᠬᠡᠶ ᠱᠦᠵᠢ ᠰᠢ ᠶᠢᠨ | ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠳᠤ ᠲᠣᠭᠲᠠᠭᠠᠵᠦ ᠦᠭᠬᠦᠭᠰᠡᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠣᠰᠣᠭᠠᠷ᠂ ᠠᠮᠢ | ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ | ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠶᠠᠪᠤᠳᠠᠯ ᠪᠣᠯᠤᠨ᠎ᠠ᠃ | ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ | ᠪᠤᠯᠭᠠᠬᠤ ᠶᠢ ᠳᠣᠪᠤᠶᠢᠯᠭᠠᠵᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠶᠢ ᠳᠡᠶᠢᠯᠦᠩᠭᠦᠶ ᠪᠠᠶᠢᠷᠢᠨ ᠳᠤ | ᠲᠠᠯᠪᠢᠵᠤ᠂ ︽ᠶᠡᠭᠡ ᠪᠠᠷ ᠬᠠᠮᠠᠭᠠᠯᠠᠬᠤ ᠶᠢ ᠬᠠᠮᠳᠤ ᠪᠠᠷ ᠠᠳᠬᠤᠵᠦ᠂ ᠶᠡᠭᠡ ᠪᠠᠷ ᠨᠡᠬᠡᠭᠡᠨ ᠬᠦᠭᠵᠢᠭᠦᠯᠬᠦ ᠶᠢ ᠲᠡᠪᠴᠢᠬᠦ | ︾ ᠶᠢ ᠲᠡᠮᠦᠷ ᠮᠡᠲᠦ ᠬᠠᠳᠠᠭᠤ ᠶᠣᠰᠣ ᠲᠦᠷᠢᠮ ᠪᠣᠯᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ | ᠪᠥᠬᠦ ᠲᠠᠯ᠎ᠠ ᠪᠠᠷ ᠪᠥᠬᠦ ᠣᠷᠣᠨ ᠪᠦᠰᠡ ᠪᠠᠷ ᠴᠢᠩᠭᠠᠳᠬᠠᠵᠤ᠂ ᠬᠥᠭᠵᠢᠯᠲᠡ ᠶᠢ ᠪᠣᠬᠢᠷᠲᠤᠯ ᠥᠬᠡᠶ ᠲᠡᠶᠢᠰᠢ | ᠬᠤᠪᠢᠷᠠᠭᠤᠯᠬᠤ ᠶᠢ ᠪᠥᠬᠦ ᠠᠵᠢᠯ ᠲᠥᠷᠥᠯ ᠪᠥᠬᠦ ᠬᠦᠷᠢᠶᠡᠨ ᠳᠤ ᠠᠬᠢᠭᠤᠯᠤᠨ᠎ᠠ᠃ ᠢᠯᠠᠩᠭᠤᠶ᠎ᠠ ᠬᠥᠮᠦᠨ ᠠᠮᠠ ᠪᠠ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠳᠠ ᠶᠢᠨ ᠡᠨᠡ ᠬᠦ ᠵᠠᠩᠭᠢᠯᠠᠭ᠎ᠠ ᠶᠢ ᠠᠳᠬᠤᠵᠤ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ᠂ ᠠᠵᠤ ᠦᠢᠯᠡᠰ ᠤᠨ ᠰᠠᠭᠤᠷᠢᠨ᠂ ᠣᠷᠣᠨ ᠪᠦᠰᠡ ᠶᠢᠨ ᠠᠵᠤ ᠠᠬᠤᠢ᠂ | ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠳᠠ ᠶᠢ ᠲᠤᠬᠢᠷᠠᠭᠤᠯᠤᠨ ᠰᠢᠯᠢᠳᠡᠭᠵᠢᠭᠦᠯᠵᠦ᠂ | ᠡᠯ᠎ᠡ ᠭᠠᠵᠠᠷ ᠤᠨ ᠶᠠᠭᠤ ᠶᠢ ᠡᠷᠬᠡᠪᠰᠢ ᠬᠢᠬᠦ᠂ ᠶᠠᠭᠤ ᠶᠢ ᠤᠷᠢᠳ ᠢᠶᠠᠷ ᠬᠢᠬᠦ᠂ ᠶᠠᠭᠤ ᠶᠢ ᠬᠢᠵᠦ ᠪᠤᠯᠬᠤ ᠦᠭᠡᠢ ᠪᠠ | ᠬᠠᠮᠲᠤ ᠪᠠᠷ ᠶᠠᠭᠤ ᠬᠢᠬᠦ᠂ ᠭᠤᠣᠯᠳᠠᠭᠤ ᠶᠠᠭᠤ ᠬᠢᠬᠦ ᠶᠢ ᠳᠤᠳᠤᠷᠬᠠᠢᠢᠯᠠᠵᠦ᠂ ᠵᠡᠭᠦᠨ ᠳᠤᠮᠳᠠ ᠪᠠᠷᠠᠭᠤᠨ ᠬᠡᠰᠡᠭ ᠤᠨ | ᠡᠯ᠎ᠡ ᠠᠶᠢᠮᠠᠭ ᠬᠤᠳᠠ ᠶᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠪᠤᠢ ᠪᠦᠬᠦᠢ ᠣᠷᠣᠨ | ᠪᠦᠰᠡ᠂ ᠪᠤᠢ ᠪᠦᠬᠦᠢ ᠬᠦᠷᠢᠶ᠎ᠡ᠂ ᠪᠤᠢ ᠪᠦᠬᠦᠢ ᠠᠵᠤ ᠦᠢᠯᠡᠰ᠂ ᠪᠤᠢ ᠪᠦᠬᠦᠢ ᠠᠵᠢᠯ ᠲᠦᠷᠦᠯ ᠤᠨ ᠬᠥᠭᠵᠢᠯᠲᠡ ᠶᠢ | ᠴᠥᠮ ᠠᠮᠢ ᠠᠬᠤᠢ ᠤᠷᠴᠢᠨ ᠲᠤᠭᠤᠷᠢᠨ ᠢ ᠪᠦᠲᠦᠮᠵᠢᠲᠡᠢ ᠬᠠᠮᠠᠭᠠᠯᠠᠬᠤ ᠪᠠ ᠡᠨᠧᠷᠭᠢ ᠡᠬᠢ ᠪᠠᠶᠠᠯᠢᠭ ᠢ ᠥᠨᠳᠥᠷ | ᠪᠦᠲᠦᠮᠵᠢᠲᠡᠢ ᠠᠰᠢᠬᠯᠠᠬᠤ ᠲᠠᠯ᠎ᠠ ᠳᠤ ᠪᠡᠶᠡᠯᠡᠬᠦᠯᠬᠦ ᠬᠡᠷᠡᠭᠲᠡᠢ᠃ | ᠴᠢᠨᠠᠷ ᠰᠠᠶᠢᠲᠠᠶ ᠬᠥᠭᠵᠢᠯᠲᠡ᠂ ᠥᠨᠳᠥᠷ ᠪᠦᠲᠦᠮᠵᠢᠲᠡᠶ ᠵᠠᠰᠠᠯᠲᠠ᠂ ᠥᠨᠳᠥᠷ ᠲᠦᠪᠰᠢᠨ ᠪᠥᠬᠦᠶ | ᠨᠡᠭᠡᠭᠡᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠤᠯᠤᠰ ᠤᠨ ᠳᠣᠲᠣᠭᠠᠳᠤ ᠯᠤᠭ᠎ᠠ ᠶᠢᠨ ᠶᠡᠭᠡ ᠣᠷᠴᠢᠯ | ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠲᠦᠭᠵᠢᠷᠡᠯ ᠲᠠᠰᠤᠯᠳᠠᠯ ᠢ ᠨᠡᠪᠲᠡᠷᠡᠭᠦᠯᠵᠦ᠂ | ᠬᠠᠩᠭᠠᠯᠭ᠎ᠠ ᠶᠢᠨ ᠬᠡᠷᠡᠭᠴᠡᠭᠡ ᠳᠤ ᠵᠣᠬᠢᠴᠠᠬᠤ ᠴᠢᠨᠠᠷ ᠢ ᠳᠡᠭᠡᠭᠰᠢᠯᠡᠭᠦᠯᠬᠦ ᠭᠡᠷᠡᠭᠲᠡᠢ᠃ ︽ᠬᠤᠶᠠᠷ ᠬᠠᠯᠬᠠᠪᠴᠢ︾ ᠶᠢ | ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ | ᠰᠢᠢᠳᠪᠦᠷᠢᠯᠡᠬᠦ ᠪᠠᠷ ᠵᠢᠯᠣᠭᠤᠳᠤᠮᠵᠢ ᠪᠣᠯᠭᠠᠨ ᠪᠥᠬᠦ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠤ | ᠪᠠᠶᠢᠷᠢᠰᠢᠯ ᠢ ᠪᠠᠶᠢᠭᠤᠯᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠬᠤ ᠪᠠᠷ | ᠤᠳᠤᠷᠢᠳᠤᠮᠵᠢ ᠪᠣᠯᠭᠠᠨ ᠠᠮᠤᠭᠤᠯᠠᠩᠳᠦ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠤᠯᠤᠰ ᠤᠨ ᠠᠮᠢ ᠠᠬᠤᠶ ᠶᠢᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠤᠯᠤᠰ | ᠲᠥᠷᠥ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠭᠡᠷᠡᠭᠲᠡᠢ᠃ ︽ᠬᠤᠶᠠᠷ ᠰᠠᠭᠤᠷᠢᠨ︾ ᠢ ᠪᠦᠲᠦᠭᠡᠨ | ᠪᠠᠶᠢᠭᠤᠯᠬᠤ ᠲᠠᠢ ᠤᠶᠠᠯᠳᠤᠭᠤᠯᠤᠨ᠂ ᠥᠪᠡᠷᠮᠢᠴᠡ ᠣᠨᠴᠠᠯᠢᠭ ᠲᠠᠢ᠂ ᠳᠠᠪᠠᠭᠤᠯᠢᠭ ᠲᠠᠢ ᠣᠷᠣᠨ ᠪᠦᠰᠡ ᠶᠢᠨ | ᠰᠢᠨ᠎ᠡ ᠶᠢ ᠡᠭᠦᠳᠬᠦ ᠰᠢᠰᠲ᠋ᠧᠮ ᠪᠠ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠣᠳᠣ ᠦᠶ᠎ᠡ ᠶᠢᠨ ᠠᠵᠤ | ᠦᠢᠯᠡᠰ ᠤᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠤᠯᠤᠰ ᠠᠴᠠ ᠡᠨᠧᠷᠭᠢ ᠶᠢᠨ ᠠᠮᠤᠷ ᠲᠦᠪᠰᠢᠨ᠂ ᠠᠮᠤ | ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠ ᠠᠵᠤ ᠦᠢᠯᠡᠰ ᠤᠨ | ᠬᠥᠭᠵᠢᠯᠲᠡ ᠶᠢᠨ ᠳᠡᠰ ᠳᠠᠪᠬᠤᠷᠭ᠎ᠠ ᠪᠠ ᠲᠦᠪᠰᠢᠨ ᠢ ᠳᠡᠭᠡᠭᠰᠢᠯᠡᠭᠦᠯᠬᠦ ᠭᠡᠷᠡᠭᠲᠡᠢ᠃ ︽ᠨᠢᠭᠡ ᠪᠠᠬᠢᠯᠡᠯᠲᠡ︾ ᠶᠢ | ᠴᠣᠭᠴᠠᠯᠠᠨ ᠪᠠᠶᠢᠭᠤᠯᠬᠤ ᠶᠢᠨ ᠲᠣᠭᠤᠷᠢᠨ ᠳᠤ ᠪᠣᠭᠤᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠳᠭᠡᠵᠦ | ᠲᠣᠬᠢᠷᠠᠭᠤᠯᠬᠤ ᠶᠢ ᠰᠢᠯᠢᠳᠡᠭᠵᠢᠭᠦᠯᠵᠦ᠂ ᠬᠠᠭᠤᠷᠠᠶ ᠳᠠᠯᠠᠶ ᠠᠭᠠᠷ ᠤᠨ ᠲᠣᠣᠷ ᠰᠦᠯᠵᠢᠶ᠎ᠡ ᠶᠢᠨ ᠬᠤᠯᠪᠣᠭᠠᠯᠠᠨ | ᠲᠡᠭᠡᠭᠡᠪᠦᠷᠢᠯᠡᠬᠦ ᠭᠤᠣᠯ ᠵᠠᠮ ᠢ ᠨᠡᠪᠲᠡᠷᠡᠭᠦᠯᠦᠨ᠂ ᠴᠢᠬᠤᠯᠠ ᠬᠦᠢᠰᠦ ᠬᠤᠯᠪᠤᠭᠠᠰᠤ ᠪᠣᠯᠬᠤ ᠬᠤᠲᠠ᠂ ᠡᠳ᠋ ᠪᠠᠷᠠᠭ᠎ᠠ ᠶᠢ | ᠲᠥᠪᠯᠡᠷᠡᠭᠦᠯᠦᠨ ᠲᠠᠷᠬᠠᠭᠠᠬᠤ ᠲᠥᠪ ᠪᠠ ᠡᠬᠢ ᠪᠠᠶᠠᠯᠢᠭ ᠢ ᠤᠨᠳᠤᠤᠰᠢᠭᠤᠯᠬᠤ ᠬᠦᠷᠢᠶᠡᠯᠡᠩ ᠲᠣᠭᠤᠷᠢᠭ ᠢ ᠪᠦᠲᠦᠭᠡᠨ | ᠪᠠᠶᠢᠭᠤᠯᠵᠤ᠂ ᠳᠣᠲᠣᠷ ᠭᠠᠵᠠᠷ ᠤᠨ ᠲᠤᠯᠭᠠᠭᠤᠷᠢᠯᠠᠯ ᠢ ᠴᠢᠩᠭᠠᠷᠠᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ᠪᠦᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠠᠶᠢᠭᠤᠯᠬᠤ ᠭᠡᠷᠡᠭᠲᠡᠢ᠃ | | ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ | ᠰᠤᠷᠪᠤᠯᠵᠢᠯᠠᠭᠴᠢ᠄ ᠥᠪᠥᠷ ᠮᠣᠩᠭᠤᠯ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ | ᠪᠠᠶᠢᠭᠤᠯᠤᠭᠠᠳ ᠶᠠᠮᠠᠷ ᠶᠠᠮᠠᠷ ᠦᠷ᠎ᠡ ᠪᠦᠲᠦᠮᠵᠢ ᠤᠯᠤᠭᠰᠠᠨ ᠪᠣᠶ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠨᠢ | ᠶᠠᠭᠤ ᠪᠤᠢ︖ | ᠱᠢ ᠲᠠᠢ ᠹᠧᠩ᠄ ᠣᠶᠢᠷ᠎ᠠ ᠶᠢᠨ ᠬᠤᠶᠠᠷ ᠵᠢᠯ ᠳᠤ ᠪᠢᠳᠡ ᠪᠣᠬᠢᠷᠲᠤᠯ ᠥᠬᠡᠶ ᠬᠥᠭᠵᠢᠯᠲᠡ᠂ ᠴᠢᠨᠠᠷ ᠰᠠᠶᠢᠲᠠᠶ | ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠶᠡᠭᠡ ᠬᠦᠴᠦ ᠣᠷᠣᠭᠤᠯᠵᠤ ᠪᠠᠶᠢᠭᠠᠳ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠪᠥᠬᠦ ᠣᠷᠣᠨ ᠤ ᠳᠠᠬᠢᠯᠳᠠ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ | 36% ᠳᠤ ᠬᠦᠷᠴᠦ᠂ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ ᠤᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ 63.6% ᠳᠤ ᠬᠦᠷᠴᠦ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠣᠨᠳᠣᠣᠰᠢᠭᠤᠯᠬᠤ ᠨᠣᠷᠮ᠎ᠠ 65% ᠳᠤ ᠬᠦᠷᠴᠦ᠂ | ᠲᠣᠭᠠᠴᠢᠯᠠᠭᠰᠠᠨ ᠠᠵᠤ ᠠᠬᠤᠶ ᠶᠢᠨ ᠬᠤᠪᠢ ᠶᠢᠨ ᠵᠢᠩ 22.8% ᠳᠤ ᠬᠦᠷᠴᠡᠶ᠃ ᠲᠠᠷᠠᠭᠠᠴᠢ ᠶᠢᠨ ᠠᠯᠬᠤᠮ ᠳᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ | ᠪᠣᠯᠭᠠᠵᠤ᠂ ︽ᠬᠤᠶᠠᠷ ᠰᠠᠭᠤᠷᠢᠨ︾ ᠢ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠪᠠᠷ ᠭᠤᠤᠯᠳᠠᠯᠭ᠎ᠠ ᠪᠣᠯᠭᠠᠵᠤ᠂ | ᠪᠠᠶᠢᠷᠢᠰᠢᠭᠤᠯᠤᠯᠲᠠ ᠶᠢ ᠲᠣᠬᠢᠷᠠᠭᠤᠯᠬᠤ᠂ ᠪᠦᠲᠦᠴᠡ ᠶᠢ ᠰᠢᠯᠢᠳᠡᠭᠵᠢᠭᠦᠯᠬᠦ ᠪᠠ ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠬᠦ ᠶᠢ ᠨᠠᠩ ᠶᠡᠭᠡ ᠡᠷᠴᠢᠮ ᠢᠶᠠᠷ ᠠᠬᠢᠭᠤᠯᠵᠤ᠂ ᠠᠵᠤ ᠦᠢᠯᠡᠰ ᠤᠨ ᠰᠠᠭᠤᠷᠢ ᠶᠢ ᠳᠡᠭᠡᠳᠦ ᠲᠠᠰᠵᠢᠭᠦᠯᠬᠦ᠂ | ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠨᠢᠭᠡ ᠳᠤ᠂ ᠬᠥᠭᠵᠢᠯᠲᠡ ᠶᠢᠨ ᠤᠳᠤᠷᠢᠳᠤᠮᠵᠢ ᠶᠢᠨ ᠲᠠᠯ᠎ᠠ ᠪᠠᠷ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠰᠠᠭᠤᠷᠢᠨ ᠤ ᠪᠥᠲᠥᠭᠡᠨ | ᠪᠠᠶᠢᠭᠤᠯᠤᠯᠲᠠ ᠨᠢ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢ | ᠳᠠᠭᠠᠬᠤ ᠶᠢᠨ ᠬᠠᠮᠲᠤ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠲᠠᠢ ᠬᠠᠷᠰᠢᠯᠳᠤᠬᠤ᠂ ᠠᠮᠢ ᠠᠬᠤᠶ ᠣᠷᠴᠢᠨ ᠲᠣᠭᠤᠷᠢᠨ ᠢ ᠡᠪᠳᠡᠬᠦ ᠠᠵᠤ ᠦᠢᠯᠡᠰ ᠤᠨ ᠲᠥᠷᠥᠯ | ᠵᠦᠢᠯ ᠪᠦᠬᠦᠨ ᠢ᠂ ᠳᠡᠭᠡᠳᠦ ᠲᠠᠰ ᠤᠨ ᠴᠤ ᠲᠡᠷᠡ ᠳᠤᠤᠷᠠᠳᠤ ᠲᠠᠰ ᠤᠨ ᠴᠤ ᠲᠡᠷᠡ᠂ ᠤᠯᠠᠮᠵᠢᠯᠠᠯᠲᠤ ᠠᠵᠤ ᠦᠢᠯᠡᠰ | ᠴᠦ ᠲᠡᠷᠡ᠂ ᠰᠢᠨ᠎ᠡ ᠪᠠᠷ ᠮᠠᠨᠳᠤᠭᠰᠠᠨ ᠠᠵᠤ ᠦᠢᠯᠡᠰ ᠴᠦ ᠲᠡᠷᠡ᠂ ᠴᠥᠮ ᠡᠷᠡᠰ ᠬᠤᠷᠢᠬᠯᠠᠵᠤ᠂ ᠤᠳᠤ ᠪᠠᠶᠢᠭ᠎ᠠ | ᠦᠢᠯᠡᠳᠪᠦᠷᠢᠯᠡᠯ ᠤᠨ ᠴᠢᠳᠠᠪᠤᠷᠢ ᠶᠢ ᠨᠢᠭᠡ ᠪᠣᠯ ᠲᠦᠷᠭᠡᠨ ᠥᠭᠡᠷᠡᠴᠢᠯᠡᠨ ᠪᠠᠶᠢᠭᠤᠯᠦᠨ᠎ᠠ᠂ ᠡᠰᠡᠬᠦᠯ᠎ᠡ ᠲᠦᠢᠯᠪᠤᠷᠢᠲᠠᠶ | ᠬᠠᠰᠤᠨ᠎ᠠ᠃ | ᠬᠤᠶᠠᠷ ᠲᠤ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ᠂ ᠭᠤᠤᠯ ᠴᠣᠭᠴᠠ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠪᠣᠯᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ | ᠴᠢᠩᠭ᠎ᠠ ᠵᠢᠷᠤᠮᠯᠠᠨ᠂ ᠳᠠᠪᠠᠭᠤᠯᠢᠭ ᠠᠵᠤ ᠦᠢᠯᠡᠰ ᠢ ᠳᠠᠪᠠᠭᠤᠯᠢᠭ ᠭᠠᠵᠠᠷ ᠣᠷᠣᠨ ᠲᠡᠶᠢᠰᠢ ᠲᠥᠪᠯᠡᠷᠡᠭᠦᠯᠬᠦ ᠶᠢ | ᠠᠬᠢᠭᠤᠯᠵᠤ᠂ ᠪᠤᠭᠤᠲᠤ᠂ ᠣᠷᠳᠣᠰ ᠢᠶᠠᠷ ᠭᠤᠤᠯᠳᠠᠯᠭ᠎ᠠ ᠪᠣᠯᠭᠠᠨ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ | ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠵᠤ᠂ ᠵᠡᠭᠦᠨ ᠬᠡᠰᠡᠭ ᠤᠨ 5 ᠠᠶᠢᠮᠠᠭ ᠬᠤᠲᠠ ᠪᠣᠯᠤᠨ | ᠪᠣᠷᠣᠲᠣᠬᠤᠶ ᠶᠢᠨ ᠤᠰᠤᠯᠠᠯᠲᠠ ᠶᠢᠨ ᠣᠷᠣᠨ ᠢᠶᠠᠷ ᠭᠤᠤᠯᠳᠠᠯᠭ᠎ᠠ ᠪᠣᠯᠭᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠵᠤ᠂ ᠭᠠᠵᠠᠷ ᠪᠣᠯᠭᠠᠨ ᠳᠤ ᠨᠡᠭᠡᠭᠡᠨ | ᠬᠦᠭᠵᠢᠬᠦᠯᠦᠯᠳᠠ ᠬᠢᠬᠦ᠂ ᠨᠡᠶᠢᠳᠡᠮ ᠦᠷᠨᠢᠭᠦᠯᠬᠦ ᠠᠴᠠ ᠵᠠᠶᠢᠯᠠᠰᠬᠢᠵᠦ᠂ ᠰᠣᠬᠤᠷ ᠪᠠᠯᠠᠶ ᠪᠠᠷ ᠡᠮᠬᠢ ᠵᠠᠮᠪᠠᠷᠠᠭ᠎ᠠ | ᠦᠭᠡᠶ ᠪᠠᠷ ᠥᠷᠭᠡᠳᠬᠡᠬᠦ᠂ ᠳᠤᠤᠷᠠᠳᠤ ᠲᠦᠪᠰᠢᠨ ᠢᠶᠠᠷ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠶᠢ ᠰᠡᠷᠭᠡᠶᠢᠯᠡᠨ᠎ᠡ | ᠃ | ᠭᠤᠷᠪᠠ ᠳᠤ ᠠᠵᠢᠯ ᠤᠨ ᠠᠷᠭ᠎ᠠ ᠬᠡᠮᠵᠢᠶ᠎ᠡ ᠶᠢᠨ ᠲᠠᠯ᠎ᠠ ᠪᠠᠷ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ | ᠳᠤᠲᠠᠭᠳᠠᠯ ᠲᠠᠢ ᠲᠠᠯ᠎ᠠ ᠪᠠᠨ ᠲᠡᠪᠴᠢᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ | ᠪᠠᠷᠢᠮᠲᠠᠯᠠᠵᠤ᠂ ᠳᠡᠭᠡᠳᠦ ᠲᠡᠰ ᠤᠨ ᠣᠶᠤᠨᠴᠢᠯᠠᠭᠰᠠᠨ ᠪᠣᠬᠢᠷᠲᠤᠯ ᠥᠬᠡᠶ ᠪᠣᠯᠭᠠᠬᠤ ᠴᠢᠭᠯᠡᠯ ᠢ ᠪᠠᠷᠢᠮᠲᠠᠯᠠᠵᠤ᠂ ᠡᠬᠢ | ᠪᠠᠶᠠᠯᠢᠭ ᠢ ᠣᠨᠳᠤᠤᠰᠢᠭᠤᠯᠬᠤ ᠨᠣᠷᠮ᠎ᠠ ᠪᠠ ᠨᠠᠷᠢᠯᠢᠭ ᠡᠳ᠋ᠰᠢᠭᠦᠯᠬᠦ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ | ᠨᠡᠭᠦᠷᠡᠰᠦ ᠪᠠᠷ ᠰᠠᠭᠤᠷᠢᠯᠠᠭᠰᠠᠨ ᠪᠥᠬᠦ ᠠᠵᠤ ᠦᠢᠯᠡᠰ ᠤᠨ ᠬᠡᠯᠬᠢᠶ᠎ᠡ᠂ ᠬᠤᠪᠣᠷ ᠰᠢᠷᠣᠶ ᠵᠡᠷᠭᠡ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠪᠦᠯᠦᠭᠵᠢᠯ ᠢ ᠭᠤᠤᠯᠳᠠᠯᠭ᠎ᠠ ᠲᠠᠢ ᠴᠤᠬᠴᠠᠯᠠᠵᠦ᠂ ᠤᠨᠴᠠᠯᠢᠭᠲᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠤ ᠠᠵᠤ ᠦᠢᠯᠡᠰ ᠤᠨ ᠪᠦᠰᠡ ᠪᠠ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠶᠢᠨ ᠬᠠᠮᠲᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ | ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠰᠣᠶᠣᠯ ᠵᠢᠭᠤᠯᠴᠢᠯᠠᠯ ᠵᠡᠷᠭᠡ ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠳᠠᠪᠠᠭᠤᠯᠢᠭ ᠬᠦᠷᠢᠶᠡᠨ ᠳᠤ ᠨᠠᠷᠢᠯᠢᠭ ᠳᠠᠷᠢᠵᠤ ᠨᠢᠮᠪᠠᠢ ᠠᠷᠠᠴᠢᠯᠠᠵᠦ᠂ ᠰᠢᠨ᠎ᠡ | ᠲᠤᠯᠭᠠᠭᠤᠷᠢ ᠠᠵᠤ ᠦᠢᠯᠡᠰ ᠢ ᠢᠳᠡᠪᠬᠢᠲᠡᠶ ᠪᠤᠶᠢᠵᠢᠭᠤᠯᠤᠨ᠎ᠠ᠃ | ᠰᠤᠷᠪᠤᠯᠵᠢᠯᠠᠭᠴᠢ᠄ ᠮᠠᠨ ᠤ ᠤᠯᠤᠰ ᠤᠨ ᠤᠮᠠᠷᠠᠲᠤ ᠶᠢᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ | ᠵᠦᠢᠯ ᠢᠶᠠᠷ ᠬᠠᠮᠤᠭ ᠤᠨ ᠪᠦᠷᠢᠨ ᠠᠮᠢ ᠠᠬᠤᠶ ᠶᠢᠨ ᠴᠢᠳᠠᠮᠵᠢᠲᠤ ᠣᠷᠣᠨ ᠪᠣᠯᠤᠭᠰᠠᠨ ᠤ ᠬᠤᠪᠢ ᠳᠤ᠂ ᠥᠪᠥᠷ | ᠮᠣᠩᠭᠤᠯ ᠤᠨ ᠬᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ | ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠭᠠᠷᠭᠠᠵᠤ ᠰᠢᠨ᠎ᠡ ᠦᠷ᠎ᠡ ᠪᠦᠲᠦᠮᠵᠢ ᠣᠯᠤᠭᠰᠠᠨ ᠪᠤᠢ︖ | ᠱᠢ ᠲᠠᠢ ᠹᠧᠩ᠄ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠬᠤᠶᠠᠷ ᠲᠠᠯᠠᠲᠤ ᠴᠢᠨᠠᠷᠲᠠᠢ᠂ | ᠬᠡᠳᠦ᠋ᠢᠪᠡᠷ ᠠᠮᠢ ᠠᠬᠤᠢ ᠶᠢᠨ ᠰᠢᠰᠲ᠋ᠧᠮ ᠤᠨ ᠰᠠᠭᠤᠷᠢ ᠶᠡᠷᠦᠩᠬᠡᠢ ᠳᠡᠭᠡᠨ ᠵᠦᠭᠡᠷ ᠪᠣᠯᠪᠠᠴᠤ ᠠᠮᠢ ᠠᠬᠤᠢ ᠣᠷᠴᠢᠨ | ᠲᠣᠭᠤᠷᠢᠨ ᠤ ᠰᠠᠭᠤᠷᠢ ᠮᠠᠰᠢ ᠪᠠᠭᠤᠷᠠᠢ᠂ ᠴᠦᠯᠯᠡᠷᠬᠡᠭᠵᠢᠵᠦ ᠡᠯᠡᠰᠦᠷᠭᠡᠭᠵᠢᠭᠰᠡᠡ ᠭᠠᠵᠠᠷ ᠰᠢᠷᠣᠢ ᠶᠢᠨ ᠲᠠᠯᠠᠪᠠᠢ ᠲᠤᠰ | ᠲᠤᠰ ᠪᠦᠬᠦ ᠤᠯᠤᠰ ᠤᠨ 23.3% ᠪᠠ 23.7% ᠶᠢ ᠡᠵᠡᠯᠡᠵᠦ ᠪᠠᠶᠢᠨ᠎ᠠ᠃ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ | ᠰᠡᠷᠭᠦᠭᠡᠨ ᠵᠠᠰᠠᠬᠤ ᠶᠢ ᠴᠢᠩᠭᠠᠳᠬᠠᠬᠤ ᠶᠢᠨ ᠲᠣᠭᠤᠷᠢᠨ ᠳᠤ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ | ᠬᠡᠷᠡᠭᠵᠢᠭᠦᠯᠵᠦ᠂ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠬᠢᠵᠦ᠂ ︽ᠨᠤᠲᠤᠭ ᠪᠡᠯᠴᠢᠭᠡᠷ ᠳᠡᠭᠡᠷ᠎ᠡ | ᠳᠤᠷ᠎ᠠ ᠪᠠᠷ ᠢᠶᠠᠨ ᠠᠭᠤᠳᠠᠯᠵᠦ ᠮᠠᠯᠲᠠᠬᠤ᠂ ᠰᠢᠨ᠎ᠡ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ | ᠬᠦᠭᠵᠢᠬᠦᠯᠬᠦ ᠵᠡᠷᠭᠡ ᠠᠵᠤ ᠦᠢᠯᠡᠳᠪᠦᠷᠢ ᠶᠢᠨ ᠲᠥᠷᠥᠯ ᠵᠦᠢᠯ ᠢ ᠴᠢᠩᠭ᠎ᠠ ᠴᠠᠭᠠᠵᠠᠯᠠᠵᠦ᠂ ᠪᠠᠶᠢᠭᠤᠯᠵᠤ ᠡᠵᠡᠩᠨᠡᠬᠦ ᠶᠢ | ᠨᠢᠭᠡᠨᠲᠡ ᠵᠥᠪᠰᠢᠶᠡᠷᠡᠭᠰᠡᠨ ᠠᠭᠤᠷᠬᠠᠶ᠂ ᠰᠠᠯᠬᠢᠨ ᠬᠦᠴᠤᠨ ᠤ ᠴᠠᠬᠢᠯᠭᠠᠨ᠂ ᠬᠡᠷᠡᠯ ᠴᠡᠨᠡᠭ ᠵᠡᠷᠭᠡ ᠲᠥᠷᠥᠯ ᠵᠦᠢᠯ ᠤᠨ | ᠬᠤᠭᠤᠴᠠᠭ᠎ᠠ ᠨᠢ ᠲᠤᠯᠪᠠᠯ ᠤᠬᠤᠷᠢᠨ ᠭᠠᠷᠭᠠᠬᠤ︾ ᠵᠡᠷᠭᠡ ᠰᠢᠢᠳᠪᠦᠷᠢᠲᠦ ᠪᠣᠳᠣᠯᠭ᠎ᠠ ᠲᠤᠭᠳᠠᠭᠠᠵᠦ᠂ ᠨᠤᠲᠤᠭ | ᠪᠡᠯᠴᠢᠭᠡᠷ᠂ ᠣᠶ ᠰᠢᠭᠤᠶ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠪᠣᠯᠤᠨ ᠡᠯᠡᠰᠦᠷᠬᠡᠭᠵᠢᠭᠰᠡᠨ ᠭᠠᠵᠠᠷ | ᠰᠢᠷᠣᠶ ᠶᠢ ᠵᠠᠰᠠᠬᠰᠠᠨ ᠲᠠᠯᠠᠪᠠᠶ ᠪᠦᠬᠦ ᠤᠯᠤᠰ ᠤᠨ ᠲᠡᠷᠢᠭᠦᠨ ᠳᠤ ᠣᠷᠣᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ᠂ ᠤᠳᠤᠷᠢᠳᠬᠤ ᠺᠠᠳ᠋ᠷ ᠤᠨ | ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠣᠳᠣᠯᠲᠠ᠂ | ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠵᠡᠷᠭᠡ ᠠᠵᠢᠯ ᠢᠯᠡᠳᠲᠡ ᠦᠷ᠎ᠡ ᠪᠦᠲᠦᠮᠵᠢ | ᠤᠯᠵᠦ᠂ ᠬᠦᠭᠡ ᠣᠭᠲᠠᠷᠭᠤᠶ᠂ ᠬᠦᠭᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ | ᠱᠠᠲᠤᠴᠢ ᠴᠢᠨᠠᠷᠲᠠᠶ ᠡᠭᠦᠷᠭᠡ ᠶᠢ ᠤᠷᠤᠭᠰᠢᠲᠠᠶ ᠪᠡᠶᠡᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠴᠢᠨᠠᠷ | ᠴᠢᠨᠰᠠᠭ᠎ᠠ ᠦᠷᠭᠦᠯᠵᠢᠯᠡᠨ ᠰᠠᠶᠢᠵᠢᠷᠠᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ | ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃ | ᠣᠲᠣ ᠥᠪᠥᠷ ᠮᠣᠩᠭᠤᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ | ᠪᠠᠶᠢᠭᠤᠯᠤᠯᠲᠠ ᠴᠢᠪ ᠬᠡᠮᠡᠨ ︽ᠤᠷᠤᠭᠰᠢᠯᠠᠪᠠᠯ ᠢᠯᠠᠵᠦ᠂ ᠤᠷᠤᠭᠰᠢᠯᠠᠬᠤ ᠥᠬᠡᠶ ᠪᠣᠯ ᠤᠬᠤᠷᠢᠬᠤ︾ ᠲᠡᠦᠬᠡ ᠶᠢᠨ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠪᠢᠳᠡ ᠦᠷᠭᠦᠯᠵᠢᠯᠡᠨ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠪᠠᠲᠤᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ | ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠳᠤᠲᠠᠭᠤᠳᠠᠯ ᠪᠠᠭᠤᠷᠠᠶ ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠦᠷᠭᠦᠯᠵᠢᠯᠡᠨ ᠪᠣᠭᠤᠮᠲᠠ ᠰᠢᠪᠲᠤᠯᠤᠨ᠎ᠠ᠃ | ᠨᠢᠭᠡ ᠳᠤ᠂ ︽ᠵᠠᠰᠠᠬᠤ︾ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠶᠡᠷᠦᠩᠬᠡᠶᠢᠯᠡᠨ ᠵᠠᠰᠠᠬᠤ᠂ | ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠰᠡᠳᠬᠢᠬᠦᠢ ᠶᠢ ᠪᠤᠢ ᠪᠣᠯᠭᠠᠵᠤ᠂ ᠨᠤᠲᠤᠭ ᠪᠡᠯᠴᠢᠭᠡᠷ ᠪᠠ | ᠤᠢ ᠰᠢᠭᠤᠢ ᠶᠢ ᠬᠠᠮᠠᠭᠠᠯᠠᠬᠤ ᠶᠢ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ | ᠪᠣᠯᠭᠠᠵᠤ᠂ ᠠᠭᠤᠯᠠ ᠶᠢ ᠵᠠᠰᠠᠬᠤ᠂ ᠤᠰᠤ ᠶᠢ ᠵᠠᠰᠠᠬᠤ᠂ ᠤᠢ ᠰᠢᠭᠤᠢ ᠶᠢ ᠵᠠᠰᠠᠬᠤ᠂ ᠲᠠᠷᠢᠶᠠᠨ ᠭᠠᠵᠠᠷ ᠢ ᠵᠠᠰᠠᠬᠤ᠂ | ᠨᠠᠭᠤᠷ ᠴᠥᠭᠦᠷᠥᠮ ᠢ ᠵᠠᠰᠠᠬᠤ᠂ ᠨᠤᠳᠤᠬ ᠪᠡᠯᠴᠢᠭᠡᠷ ᠢ ᠵᠠᠰᠠᠬᠤ᠂ ᠡᠯᠡᠰᠦ ᠶᠢ ᠵᠠᠰᠠᠬᠤ ᠶᠢ ᠪᠦᠬᠦᠯᠢ ᠴᠣᠭᠴᠠ ᠪᠠᠷ ᠨᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠮᠠᠭᠤᠳᠠᠯ ᠤᠨ ᠴᠡᠭ᠂ ᠬᠡᠰᠡᠭ ᠪᠦᠯᠦᠭ᠂ ᠱᠤᠭᠤᠮ | ᠪᠦᠰᠡ ᠪᠠ ︽ᠬᠤᠭ ᠨᠣᠪᠰᠢ ᠬᠤᠳᠠ ᠶᠢ ᠬᠦᠷᠢᠶᠡᠯᠡᠬᠦ︾᠂ ︽ᠬᠦᠨᠳᠦ ᠬᠢᠮᠢ ᠶᠢᠨ ᠠᠵᠤ ᠦᠢᠯᠡᠳᠪᠤᠷᠢ ᠬᠤᠳᠠ ᠶᠢ | ᠬᠦᠷᠢᠶᠡᠯᠡᠬᠦ︾ ᠵᠡᠷᠭᠡ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠦᠴᠦᠬᠡᠨ | ᠴᠦ ᠦᠯᠡᠳᠡᠭᠡᠯ ᠦᠭᠡᠢ ᠵᠠᠰᠠᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ ︽ᠲᠣᠬᠢᠷᠠᠭᠤᠯᠬᠤ︾ ᠲᠠᠯ᠎ᠠ ᠪᠠᠷ ᠦᠨᠡᠨ | ᠪᠣᠳᠠᠲᠠᠶ ᠬᠢᠨ᠎ᠠ᠃ ᠡᠨᠧᠷᠭᠢ ᠠᠷᠪᠢᠯᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ︽ᠬᠠᠲᠠᠭᠤ | ᠪᠠᠷᠢᠮᠵᠢᠶ᠎ᠠ︾ ᠪᠣᠯᠭᠠᠵᠤ᠂ ᠤᠯᠠᠭᠠᠨ ᠱᠤᠭᠤᠮ ᠵᠢᠷᠤᠵᠤ᠂ ᠵᠠᠭᠠᠭ ᠱᠤᠭᠤᠮ ᠢ ᠲᠣᠳᠣᠷᠬᠠᠶᠢᠯᠠᠨ᠂ ᠬᠤᠷᠢᠭ᠎ᠠ | ᠱᠤᠭᠤᠮ ᠢ ᠲᠣᠳᠣᠷᠬᠠᠢ ᠪᠣᠯᠭᠠᠵᠤ᠂ ᠠᠭᠤᠷᠬᠠᠢ ᠶᠢᠨ ᠡᠬᠢ ᠪᠠᠶᠠᠯᠢᠭ ᠪᠤᠯᠭᠠᠨ ᠢ ᠴᠥᠮ ᠮᠠᠯᠲᠠᠵᠤ ᠤᠬᠳᠦ ᠪᠣᠯᠬᠤ | ᠦᠭᠡᠢ᠂ ᠠᠭᠤᠷᠬᠠᠢ ᠶᠢᠨ ᠡᠬᠢ ᠪᠠᠶᠠᠯᠢᠭ ᠲᠠᠢ ᠭᠠᠵᠠᠷ ᠣᠷᠣᠨ ᠳᠤ ᠡᠨᠧᠷᠭᠢ ᠡᠬᠢ ᠪᠠᠶᠠᠯᠢᠭ ᠤᠨ ᠬᠡᠯᠪᠡᠷᠢ ᠶᠢᠨ ᠠᠵᠤ | ᠦᠢᠯᠡᠰ ᠢ ᠪᠠᠶᠢᠭᠤᠯᠵᠤ ᠤᠬᠳᠦ ᠪᠣᠯᠬᠤ ᠦᠭᠡᠢ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠬᠤᠪᠢᠷᠠᠭᠤᠯᠬᠤ ᠶᠢ | ᠪᠦᠳᠦᠭᠦᠯᠢᠭ ᠢᠶᠠᠷ᠂ ᠳᠣᠣᠷᠠᠳᠤ ᠲᠦᠪᠰᠢᠨ ᠢᠶᠠᠷ ᠬᠢᠵᠦ ᠤᠬᠳᠦ ᠪᠣᠯᠬᠤ ᠦᠭᠡᠢ᠂ ᠪᠡᠶᠡᠴᠢ ᠴᠣᠭᠴᠠ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠬᠠᠶᠢᠬᠤᠷᠤᠯ ᠦᠭᠡᠢ ᠪᠠᠷ ᠶᠠᠮᠠᠷ ᠠᠵᠤ ᠦᠢᠯᠡᠰ ᠢ ᠴᠦ ᠭᠡᠳ ᠪᠦᠷ | ᠬᠦᠭᠵᠢᠭᠦᠯᠵᠦ ᠤᠬᠳᠦ ᠪᠣᠯᠬᠤ ᠦᠭᠡᠢ᠃ ᠭᠤᠷᠪᠠ ᠳᠤ ︽ᠴᠠᠭᠠᠵᠠᠯᠠᠬᠤ︾ ᠲᠠᠯ᠎ᠠ ᠪᠠᠷ ᠴᠢᠩᠭ᠎ᠠ ᠠᠷᠭ᠎ᠠ ᠬᠡᠮᠵᠢᠶ᠎ᠠ ᠶᠢ | ᠭᠡᠷᠡᠭᠵᠢᠭᠦᠯᠦᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ | ᠨᠠᠶᠢᠳᠠᠪᠤᠷᠢᠵᠢᠭᠤᠯᠵᠤ᠂ ᠬᠤᠬᠢᠷᠠᠯ ᠢ ᠳᠥᠯᠥᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠱᠠᠭᠠᠷᠳᠠᠯᠭ᠎ᠠ ᠶᠢ ᠦᠨᠡᠨ ᠬᠦ | ᠴᠢᠩᠭᠠᠳᠬᠠᠵᠦ᠂ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠤᠬᠳᠤ ᠠᠭᠤᠴᠢᠯᠠᠬᠤ ᠦᠭᠡᠢ | ᠪᠠᠶᠢᠵᠤ᠂ ᠨᠢᠭᠡ ᠶᠢ ᠢᠯᠡᠷᠡᠭᠦᠯᠪᠡᠯ ᠨᠢᠭᠡ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠶᠠᠮᠠᠷᠪᠠ ᠬᠥᠮᠦᠨ ᠶᠠᠮᠠᠷᠪᠠ ᠭᠠᠵᠠᠷ | ᠣᠷᠣᠨ ᠳᠤ ᠪᠦᠷ ᠠᠳᠠᠯᠢᠬᠠᠨ ᠭᠡᠷᠡᠭᠵᠢᠭᠦᠯᠦᠨ᠎ᠠ᠃ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠶᠢ ᠪᠤᠲᠠᠲᠠᠢ | ᠪᠦᠭᠡᠳ ᠭᠦᠨᠵᠡᠭᠡᠢ ᠬᠢᠨ᠎ᠠ | ᠰᠤᠷᠪᠤᠯᠵᠢᠯᠠᠭᠴᠢ᠄ ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ | ᠬᠥᠳᠡᠯᠭᠡᠬᠦ ᠬᠦᠴᠦᠨ ᠮᠥᠨ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠪᠦᠷ ᠮᠣᠩᠭᠤᠯ ᠢᠶᠠᠨ | ᠮᠠᠨᠳᠤᠭᠤᠯᠬᠤ︾ ᠶᠢ ᠬᠡᠷᠬᠢᠨ ᠪᠤᠲᠠᠲᠠᠢ ᠪᠦᠭᠡᠳ ᠭᠦᠨᠵᠡᠭᠡᠢ ᠬᠢᠬᠦ ᠪᠤᠢ︖ | ᠱᠢ ᠲᠠᠢ ᠹᠧᠩ᠄ ᠥᠪᠥᠷ ᠮᠣᠩᠭᠤᠯ ᠤᠨ ᠰᠢᠨ᠎ᠡ ᠶᠢ ᠡᠭᠦᠳᠬᠦ ᠰᠠᠭᠤᠷᠢ ᠪᠠᠭᠤᠷᠠᠶ᠂ ᠴᠢᠳᠠᠪᠤᠷᠢ ᠬᠦᠷᠦᠯᠴᠡᠬᠦ | ᠥᠬᠡᠶ᠂ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠨ᠎ᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠤᠳᠤᠯᠭᠠᠨ ᠪᠠ ᠲᠤᠷᠰᠢᠯᠲᠠ ᠬᠥᠭᠵᠢᠯᠲᠡ ᠶᠢᠨ ᠵᠠᠷᠤᠳᠠᠯ ᠤᠨ ᠦᠢᠯᠡᠳᠪᠦᠷᠢᠯᠡᠯ ᠤᠨ | ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠪᠰᠢᠯᠲᠠ ᠶᠢᠨ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠢ ᠪᠥᠬᠦ ᠤᠯᠤᠰ ᠤᠨ | ᠳᠤᠮᠳᠠᠴᠢ ᠲᠦᠪᠰᠢᠨ ᠠᠴᠠ ᠳᠤᠤᠷ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠭᠠᠠ ᠬᠢᠵᠦ | ᠨᠡᠭᠡᠭᠡᠠ ᠬᠦᠭᠵᠢᠭᠦᠯᠬᠦ ᠠᠵᠢᠯᠯᠠᠭ᠎ᠠ ᠬᠢᠵᠦ ᠪᠠᠶᠢᠭ᠎ᠠ ᠨᠢ 10% ᠳᠤ ᠬᠥᠷᠬᠦ ᠥᠬᠡᠶ ᠪᠠᠶᠢᠨ᠎ᠠ᠃ ᠪᠢᠳᠡ ︽ᠰᠢᠨ᠎ᠡ ᠶᠢ | ᠡᠭᠦᠳᠬᠦ ᠶᠢ ᠠᠳᠬᠤᠬᠤ ᠪᠣᠯ ᠬᠥᠭᠵᠢᠯᠲᠡ ᠶᠢ ᠠᠳᠬᠤᠬᠤ ᠶᠠᠪᠤᠳᠠᠯ ᠮᠥᠨ᠂ ᠰᠢᠨ᠎ᠡ ᠶᠢ ᠡᠭᠦᠳᠬᠦ ᠶᠢ ᠰᠦᠪᠡᠭᠴᠢᠯᠡᠬᠦ | ᠪᠣᠯ ᠢᠷᠡᠭᠡᠳᠦᠶ ᠶᠢ ᠲᠥᠯᠥᠪᠵᠢᠭᠦᠯᠬᠦ ᠶᠠᠪᠤᠳᠠᠯ ᠮᠥᠨ︾ ᠭᠡᠬᠦ ᠪᠠ ︽ᠬᠥᠭᠵᠢᠭᠡᠳᠦᠶ ᠭᠠᠵᠠᠷ ᠣᠷᠣᠨ ᠳᠤ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠨᠡᠩ ᠢᠯᠡᠬᠦᠦ ᠬᠡᠷᠡᠭᠵᠢᠭᠦᠯᠬᠦ | ᠴᠢᠬᠤᠯᠠᠲᠠᠶ︾ ᠭᠡᠬᠦ ᠤᠬᠠᠮᠰᠠᠷ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠳᠡ ᠪᠠᠷ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠯ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ | ᠲᠡᠷᠢᠭᠦᠨ ᠴᠢᠬᠤᠯᠠ ᠡᠭᠦᠷᠭᠡ ᠪᠣᠯᠭᠠᠵᠤ᠂ ᠵᠤᠬᠢᠰᠳᠠᠢ ᠶᠢ ᠨᠢ ᠬᠢᠵᠦ ᠵᠤᠬᠢᠰ ᠦᠭᠡᠢ ᠶᠢ ᠨᠢ ᠦᠯᠦ ᠬᠢᠬᠦ ᠶᠢ | ᠪᠠᠷᠢᠮᠲᠠᠯᠠᠵᠤ᠂ ᠴᠢᠬᠤᠯᠠ ᠶᠡᠭᠡ ᠠᠵᠢᠯᠯᠠᠭ᠎ᠠ ᠪᠠᠷ ᠪᠣᠭᠤᠮᠲᠠ ᠰᠢᠪᠲᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠥᠪᠥᠷ | ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠨᠡ ᠬᠦ ᠬᠠᠮᠤᠭ ᠤᠨ ᠶᠡᠭᠡ ᠪᠣᠭᠤᠮᠢ ᠶᠢ | ᠰᠢᠢᠳᠪᠦᠷᠢᠯᠡᠬᠦ ᠲᠠᠯ᠎ᠠ ᠪᠠᠷ ᠠᠯᠢ ᠲᠦᠷᠭᠡᠨ ᠢᠶᠠᠷ ᠪᠤᠳᠠᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ | ᠨᠢᠭᠡ ᠳᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠤᠭᠤᠮᠳᠠ ᠰᠢᠪᠳᠤᠯᠬᠤ ᠠᠵᠢᠯᠯᠠᠭ᠎ᠠ ᠶᠢ | ᠬᠡᠷᠡᠭᠵᠢᠭᠦᠯᠦᠨ᠎ᠡ᠃ ᠰᠤᠳᠤᠯᠭᠠᠨ ᠪᠠ ᠲᠤᠷᠰᠢᠯᠲᠠ ᠬᠢᠵᠦ ᠨᠡᠭᠡᠭᠡᠨ ᠬᠥᠭᠵᠢᠭᠦᠯᠬᠦ ᠣᠷᠣᠭᠤᠯᠤᠯᠲᠠ ᠶᠢᠨ ᠡᠷᠴᠢᠮ ᠢ | ᠬᠢᠨᠠᠨ ᠰᠢᠯᠭᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠣᠷᠣᠭᠤᠯᠤᠯᠲᠠ ᠶᠢᠨ ᠵᠠᠶᠢᠯᠠᠰᠢ ᠦᠭᠡᠢ ᠨᠡᠮᠡᠭᠳᠡᠯ ᠤᠨ | ᠲᠣᠭᠲᠡᠴᠡ ᠪᠠ ᠨᠡᠶᠢᠭᠡᠮ ᠤᠨ ᠣᠯᠠᠨ ᠠᠷᠭ᠎ᠠ ᠵᠠᠮ ᠤᠨ ᠣᠷᠣᠭᠤᠯᠤᠯᠲᠠ ᠶᠢ ᠤᠷᠮᠠᠰᠢᠭᠤᠯᠬᠤ ᠲᠣᠭᠲᠡᠴᠡ ᠶᠢ | ᠪᠠᠶᠢᠭᠤᠯᠵᠤ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠦᠷᠭᠦᠯᠵᠢᠯᠡᠨ ᠶᠡᠭᠡ ᠪᠠᠷ | ᠨᠡᠮᠡᠭᠳᠡᠭᠦᠯᠬᠦ ᠶᠢ ᠪᠠᠲᠤᠯᠠᠵᠤ᠂ ᠪᠥᠬᠦ ᠤᠯᠤᠰ ᠤᠨ ᠳᠤᠮᠳᠠᠴᠢ ᠲᠦᠪᠰᠢᠨ ᠯᠦᠭᠡ ᠶᠢᠨ ᠵᠥᠷᠢᠶ᠎ᠡ ᠶᠢ ᠠᠯᠬᠤᠮ | ᠠᠯᠬᠤᠮ ᠢᠶᠠᠷ ᠪᠠᠭᠠᠰᠬᠠᠨ᠎ᠠ᠃ | ᠬᠤᠶᠠᠷ ᠲᠤ᠂ ᠥᠪᠡᠷᠮᠢᠴᠡ ᠣᠨᠴᠠᠯᠢᠭ ᠲᠠᠢ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ | ᠪᠠᠶᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢ ᠬᠠᠩᠭᠠᠯᠭ᠎ᠠ ᠶᠢᠨ ᠬᠡᠯᠬᠢᠶ᠎ᠡ ᠲᠠᠢ ᠨᠢᠭᠲᠠ ᠤᠶᠠᠯᠳᠤᠭᠤᠯᠤᠨ | ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠴᠢᠨᠠᠷ ᠰᠠᠶᠢᠲᠠᠢ ᠡᠨᠧᠷᠭᠢ ᠡᠬᠢ ᠪᠠᠶᠠᠯᠢᠭ᠂ ᠠᠮᠢ ᠠᠬᠤᠢ | ᠣᠷᠴᠢᠨ ᠲᠤᠭᠤᠷᠢᠨ ᠤ ᠬᠠᠮᠠᠭᠠᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠦᠢᠯᠡᠳᠪᠦᠷᠢ ᠵᠡᠷᠭᠡ ᠳᠠᠪᠠᠭᠤᠯᠢᠭ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ | ᠪᠦᠯᠦᠭ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠪᠠᠶᠢᠷᠢᠰᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠤᠭᠤᠮᠲᠠ | ᠰᠢᠪᠲᠤᠯᠤᠯᠲᠠ ᠶᠢᠨ ᠠᠵᠢᠯᠯᠠᠭ᠎ᠠ ᠶᠢ ᠭᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠦᠷᠲᠡᠭ ᠤᠨ ᠬᠡᠯᠬᠢᠶ᠎ᠡ ᠶᠢᠨ | ᠵᠠᠩᠭᠢᠯᠠᠭ᠎ᠠ ᠶᠢᠨ ᠭᠤᠭᠴᠤᠭ᠎ᠠ ᠨᠤᠭᠤᠳ ᠢ ᠴᠢᠷᠮᠠᠶᠢᠨ ᠪᠤᠢ ᠪᠣᠯᠭᠠᠨ᠎ᠠ᠃ | ᠭᠤᠷᠪᠠ ᠳᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠳᠬᠠᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾᠂ | ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ︽ᠴᠢᠨᠠᠷ ᠪᠠ ᠲᠠᠰ ᠢ ᠳᠡᠭᠡᠭᠰᠢᠯᠡᠭᠦᠯᠬᠦ︾ | ᠵᠢᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ︽ᠰᠢᠯᠢᠳᠡᠭ ᠢ ᠨᠢ | ᠲᠡᠳᠭᠦᠨ ᠪᠤᠶᠢᠵᠢᠭᠤᠯᠬᠤ︾ ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ ᠡᠯ᠎ᠡ ᠲᠥᠷᠥᠯ ᠤᠨ ᠰᠢᠨ᠎ᠡ ᠶᠢ ᠡᠭᠦᠳᠬᠦ | ᠬᠦᠴᠦᠨ ᠵᠦᠢᠯ ᠤᠨ ᠠᠵᠤ ᠠᠬᠤᠶᠢᠯᠠᠯ ᠳᠤ ᠲᠥᠪᠯᠡᠷᠡᠬᠦ ᠶᠢ ᠠᠬᠢᠭᠤᠯᠤᠨ᠂ ᠨᠢᠭᠡ ᠪᠦᠯᠦᠭ ᠰᠢᠨ᠎ᠡ ᠶᠢ ᠡᠭᠦᠳᠬᠦ | ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ | ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠦᠯᠦᠭᠵᠢᠯ ᠢ ᠲᠦᠷᠬᠡᠨ ᠪᠤᠶᠢᠵᠢᠭᠤᠯᠤᠨ᠎ᠠ᠃ | ᠲᠦᠷᠪᠡ ᠳᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠤᠯᠤᠰ ᠤᠨ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠲᠠᠢ ᠵᠣᠯᠭᠠᠭᠤᠯᠵᠤ᠂ ︽ᠨᠢᠭᠡ ᠲᠥᠪ ᠤᠯᠠᠨ ᠴᠡᠭ︾ | ᠤᠨ ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ ᠪᠠᠶᠢᠭᠤᠯᠬᠤ ᠪᠠᠷ ᠭᠠᠷᠳᠡᠴᠡ ᠪᠣᠯᠭᠠᠨ ᠤᠷᠤᠭᠤᠯᠵᠦ ᠠᠪᠴᠢᠷᠠᠬᠤ᠂ | ᠬᠦᠮᠦᠵᠢᠬᠦᠯᠬᠦ᠂ ᠬᠡᠷᠡᠭᠯᠡᠬᠦ᠂ ᠦᠯᠡᠳᠡᠭᠡᠬᠦ ᠵᠡᠷᠭᠡ ᠡᠯ᠎ᠡ ᠭᠤᠭᠴᠣᠭᠠᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠣᠭᠲᠡᠴᠡ ᠶᠢ | ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠶᠢ ᠤᠷᠮᠠᠰᠢᠭᠤᠯᠬᠤ ᠪᠠ ᠪᠠᠲᠤᠯᠠᠬᠤ ᠲᠣᠭᠲᠡᠴᠡ ᠶᠢ ᠪᠦᠷᠢᠨᠰᠢᠬᠦᠯᠵᠤ᠂ | ᠥᠷᠨᠢᠭᠦᠨ ᠬᠥᠭᠵᠢᠩᠭᠦᠢ ᠰᠠᠶᠢᠨ ᠰᠠᠶᠢᠬᠠᠨ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠨ᠎ᠠ᠃ |