ᠬᠤᠩᠱᠠᠨ ᠲᠣᠭᠤᠷᠢᠭ ᠤᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶᠡᠨ ᠤ ᠦᠵᠡᠭᠳᠡᠮᠡᠯ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠲᠠᠪᠴᠠᠩ ᠰᠦᠯᠵᠢᠶᠡᠨ ᠳᠤ ᠭᠠᠷᠴᠤ ᠠᠰᠢᠭᠯᠠᠯᠲᠠ ᠳᠤ ᠣᠷᠤᠪᠠ
ᠨᠡᠶᠢᠲᠡᠯᠡᠭᠰᠡᠨ ᠴᠠᠭ᠄
2022/1/10
        ᠤᠶᠢᠷ᠎ᠠ ᠳᠤ ᠡᠭᠦᠯᠡᠨ ᠪᠤᠳᠤᠯᠲᠠ ᠶᠢᠨ ᠲᠦᠪ ᠤᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶᠡᠨ ᠤ ᠦᠵᠡᠭᠳᠡᠮᠡᠯ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠲᠠᠪᠴᠠᠩ ᠵᠢᠩᠬᠢᠨᠢ ᠪᠠᠷ ᠰᠦᠯᠵᠢᠶᠡᠨ ᠳᠤ ᠨᠡᠪᠲᠡᠷᠡᠨ ᠠᠰᠢᠭᠯᠠᠯᠲᠠ ᠳᠤ ᠤᠷᠤᠵᠤ᠂ ᠶᠡᠭᠡ ᠳ᠋ᠠᠶᠢᠲ᠋ᠠ᠂ ᠬᠢᠮᠠᠯ ᠤᠶᠤᠨᠴᠢ ᠴᠢᠳᠠᠮᠵᠢ ᠵᠡᠷᠭᠡ ᠮᠡᠷᠭᠡᠵᠢᠯ ᠢ ᠠᠰᠢᠭᠯᠠᠨ᠂ ᠲᠤᠭᠤᠷᠢᠭ ᠤᠨ ᠠᠮᠤᠷ ᠢ ᠬᠠᠮᠠᠭᠠᠯᠠᠬᠤ ᠬᠤᠪᠢᠶᠠᠷᠢ ᠲᠤᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠵᠡᠷᠭᠡ ᠰᠠᠯᠠᠭ᠎ᠠ ᠮᠦᠴᠢᠷ ᠤᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶᠡᠨ ᠤ ᠲᠦᠬᠦᠭᠡᠷᠦᠮᠵᠢ  ᠶᠢᠨ ᠲᠤᠭᠠᠴᠢᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠵᠤ᠂ ᠸᠢᠳᠢᠤ᠋ ᠡᠬᠢ ᠪᠠᠶᠠᠯᠢᠭ ᠤᠨ ᠤᠶᠤᠨᠴᠢ ᠪᠠᠷ ᠠᠵᠢᠯᠯᠠᠭᠤᠯᠵᠤ ᠪᠠᠲᠤᠯᠠᠬᠤ᠂ ᠤᠶᠤᠨᠴᠢ ᠪᠠᠷ ᠵᠠᠳᠠᠯᠬᠤ ᠪᠠ ᠨᠢᠭᠡᠲᠦᠯᠲᠡᠢ ᠲᠦᠯᠦᠪᠵᠢᠭᠦᠯᠦᠨ ᠲᠦᠰᠦᠪᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠤᠲᠠ ᠵᠡᠭᠡᠯᠢ ᠶᠢᠨ ᠳᠡᠰ ᠤᠨ ᠸᠢᠳᠢᠤ᠋ ᠮᠡᠳᠡᠷᠡᠮᠵᠢ ᠶᠢᠨ ᠲᠦᠪ ᠲᠠᠪᠴᠠᠩ ᠢ ᠪᠠᠶᠢᠭᠤᠯᠵᠤ᠂ ᠬᠤᠲᠠ ᠶᠢᠨ ᠤᠶᠤᠨᠴᠢ ᠴᠡᠭᠴᠡᠯᠡᠨ ᠵᠠᠰᠠᠯᠲᠠ ᠶᠢᠨ ᠴᠢᠳᠠᠮᠵᠢ ᠶᠢ ᠪᠠᠶᠠᠯᠢᠭᠵᠢᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号