ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠬᠤᠩᠱᠠᠨ ᠲᠣᠭᠤᠷᠢᠭ ᠤᠨ ︽ᠬᠤᠶᠠᠷ ᠬᠤᠷᠠᠯ︾ ᠤᠨ ᠢᠳᠡᠭᠡᠨ ᠤᠮᠳᠠᠭᠠᠨ ᠤ ᠠᠶᠦᠯᠭᠦᠢ ᠶᠢ ᠬᠦᠴᠦᠯᠡᠨ ᠪᠠᠲᠤᠯᠠᠪᠠ
ᠨᠡᠶᠢᠲᠡᠯᠡᠭᠰᠡᠨ ᠴᠠᠭ᠄
2022/1/10
        ᠬᠤᠩᠱᠠᠨ ᠲᠤᠭᠤᠷᠢᠭ ᠤᠨ ᠠᠷᠠᠳ ᠤᠨ ᠲᠥᠯᠦᠭᠡᠯᠡᠭᠴᠢᠳ ᠤᠨ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠪᠠ ᠬᠤᠩᠱᠠᠨ ᠲᠣᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ 1 ᠰᠠᠷ᠎ᠠ ᠶᠢᠨ 5 ᠤ ᠡᠳᠦᠷ ᠠᠴᠠ 1 ᠰᠠᠷ᠎ᠠ ᠶᠢᠨ 9 ᠤ ᠡᠳᠦᠷ ᠪᠤᠯᠲᠠᠯ᠎ᠠ ᠶᠠᠪᠤᠭᠳᠠᠬᠤ ᠪᠠᠷ ᠪᠤᠯᠤᠯ᠎ᠠ᠂ ᠬᠤᠩᠱᠠᠨ ᠲᠣᠭᠤᠷᠢᠭ ᠤᠨ ︽ᠬᠤᠶᠠᠷ ᠬᠤᠷᠠᠯ︾ ᠤᠨ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠦᠭᠡ᠂ ᠬᠤᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠬᠤᠩᠱᠠᠨ ᠲᠤᠭᠤᠷᠢᠭ ᠤᠨ ︽ᠬᠤᠶᠠᠷ ᠬᠤᠷᠠᠯ︾ ᠤᠨ ᠢᠳᠡᠭᠡᠨ ᠤ ᠠᠶᠦᠯᠭᠦᠢ ᠶᠢ ᠪᠠᠲᠤᠯᠠᠬᠤ ᠲᠦᠰᠦᠯ  ᠢ ᠲᠤᠭᠲᠠᠭᠠᠨ᠂ ᠢᠳᠡᠭᠡᠨ ᠤ ᠠᠶᠦᠯᠭᠦᠢ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯᠲᠠᠨ ᠲᠤᠮᠢᠯᠠᠨ ᠤᠷᠢᠳᠴᠢᠯᠠᠨ ᠬᠤᠭᠤᠯᠠ ᠬᠤᠨᠤᠭ ᠤᠨ ᠪᠠᠶᠢᠳᠠᠯ ᠢ ᠤᠶᠢᠯᠠᠭᠠᠨ ᠠᠶᠦᠯᠭᠦᠢ ᠶᠢ ᠪᠠᠲᠤᠯᠠᠵᠤ᠂ ᠪᠦᠬᠦ ᠶᠠᠪᠤᠴᠠ ᠳᠤ ᠬᠤᠷᠠᠯ ᠢ ᠳᠠᠭᠠᠭᠠᠴᠢᠯᠠᠨ ᠡᠷᠬᠢᠯᠡᠵᠦ ᠪᠠᠶᠢᠭ᠎ᠠ ᠪᠠᠭᠤᠳᠠᠯ ᠤᠨ ᠢᠳᠡᠭᠡᠨ ᠤ ᠠᠶᠦᠯᠭᠦᠢ ᠶᠢ ᠬᠢᠨᠠᠨ ᠪᠠᠶᠢᠴᠠᠭᠠᠵᠤ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠲᠠᠢ ᠪᠦᠬᠦ ᠬᠦᠴᠦᠨ ᠢᠶᠠᠷ ᠬᠠᠮᠵᠢᠯᠴᠠᠨ ᠬᠤᠷᠠᠯ ᠤᠨ ᠬᠤᠭᠤᠴᠠᠭᠠᠨ ᠤ ᠢᠳᠡᠭᠡᠨ ᠤ ᠠᠶᠦᠯᠭᠦᠢ ᠶᠢ ᠪᠠᠲᠤᠯᠠᠬᠤ ᠠᠵᠢᠯ ᠢ ᠰᠠᠶᠢᠲᠤᠷ ᠬᠢᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号