ᠴᠢᠶᠤᠤ ᠪᠸᠢ ᠵᠡᠭᠡᠯᠢ ᠭᠤᠳᠤᠮᠵᠢ ᠶᠢᠨ ᠶᠤᠤ ᠵᠢᠶᠠ ᠸᠠ ᠨᠡᠶᠢᠭᠡᠮ ᠲᠣᠭᠤᠷᠢᠭ ᠤᠯᠠᠨ ᠠᠷᠭ᠎ᠠ ᠠᠪᠴᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/1/13
        ᠨᠡᠶᠢᠭᠡᠮ ᠲᠣᠭᠤᠷᠢᠭ ᠤᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠢᠵᠢᠭ ᠤᠨ ᠨᠡᠪᠲᠡᠷᠡᠨ ᠤᠷᠤᠵᠤ ᠢᠷᠡᠬᠦ  ᠶᠢ ᠴᠢᠩᠭ᠎ᠠ ᠰᠡᠷᠭᠡᠶᠢᠯᠡᠵᠦ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠠᠮᠤᠷ ᠲᠦᠪᠰᠢᠨ ᠡᠶ᠎ᠡ ᠵᠤᠬᠢᠴᠠᠩᠭᠤᠢ ᠴᠠᠭᠠᠨ ᠰᠠᠷ᠎ᠠ ᠪᠠᠨ ᠤᠭᠲᠤᠬᠤ ᠶᠢ ᠪᠠᠲᠤᠯᠠᠬᠤ ᠶᠢᠨ ᠲᠥᠯᠦᠭᠡ᠂ ᠴᠢᠶᠤᠤ ᠪᠸᠢ ᠵᠡᠭᠡᠯᠢ ᠭᠤᠳᠤᠮᠵᠢ  ᠶᠢᠨ ᠶᠤᠤ ᠵᠢᠶᠠ ᠸᠠ ᠨᠡᠶᠢᠭᠡᠮ ᠲᠤᠭᠤᠷᠢᠭ ᠤᠯᠠᠨ ᠠᠷᠭ᠎ᠠ ᠠᠪᠴᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠤᠷᠲᠠᠯᠴᠢᠯᠠᠭ᠎ᠠ ᠤᠬᠠᠭᠤᠯᠭ᠎ᠠ ᠦᠷᠨᠢᠭᠦᠯᠵᠦ᠂ ᠤᠯᠠᠭᠠᠨᠬᠠᠳᠠ ᠬᠤᠲᠠ ᠶᠢᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠲᠠᠷᠬᠠᠭᠠᠭᠰᠠᠨ ︽ᠤᠯᠠᠭᠠᠨᠬᠠᠳᠠ ᠬᠤᠲᠠ ᠶᠢᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠪᠠᠴᠢᠮ ᠮᠡᠳᠡᠭᠳᠡᠯ︾  ︵ᠳᠤᠷᠤᠭᠰᠢ ︽ᠪᠠᠴᠢᠮ ᠮᠡᠳᠡᠭᠳᠡᠯ︾ ᠭᠡᠵᠦ ᠲᠤᠪᠴᠢᠯᠠᠨ᠎ᠠ︶ ᠢ ᠡᠯ᠎ᠡ ᠰᠠᠭᠤᠭᠠᠯᠢ ᠲᠤᠭᠤᠷᠢᠭ ᠤᠨ ᠵᠠᠷᠯᠠᠯ ᠤᠨ ᠰᠠᠮᠪᠠᠷ᠎ᠠ᠂ ᠤᠷᠤᠴᠠ ᠶᠢᠨ ᠡᠭᠦᠳᠡ᠂ ᠴᠠᠬᠢᠯᠭᠠᠨ ᠱᠠᠲᠤ ᠵᠡᠷᠭᠡ ᠢᠯᠡᠷᠬᠡᠢ ᠪᠠᠶᠢᠷᠢᠨ ᠳᠤ ᠨᠠᠭᠠᠵᠤ᠂ ᠰᠠᠭᠤᠭᠠᠯᠢ ᠲᠤᠭᠤᠷᠢᠭ ᠤᠨ ᠡᠭᠦᠳᠡᠨ ᠳᠤ ᠳᠠᠭᠤᠨ ᠲᠤᠮᠤᠷᠠᠭᠤᠯᠤᠭᠴᠢ ᠪᠠᠷ ᠮᠡᠳᠡᠭᠡᠯᠡᠪᠡ᠂ ᠡᠨᠡ ᠤᠳᠠᠭ᠎ᠠ ᠨᠡᠶᠢᠲᠡ ︽ᠪᠠᠴᠢᠮ ᠮᠡᠳᠡᠭᠳᠡᠯ︾ ᠢ300 ᠢᠯᠡᠭᠦᠦ ᠬᠤᠪᠢ ᠲᠠᠷᠬᠠᠭᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号