ᠬᠤᠩᠱᠠᠨ ᠲᠣᠭᠤᠷᠢᠭ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠠᠯᠬᠤᠴᠠ ᠪᠠᠨ | ᠲᠦᠷᠭᠡᠪᠴᠢᠯᠡᠨ ᠠᠬᠢᠭᠤᠯᠪᠠ᠃ | ᠨᠢᠭᠡ ᠳᠤ᠂ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠪᠤᠬᠢᠷᠳᠤᠯ ᠦᠭᠡᠢ ᠬᠡᠯᠪᠡᠷᠢ ᠶᠢ | ᠦᠭᠡᠷᠡᠴᠢᠯᠡᠨ ᠵᠢᠱᠢᠶ᠎ᠡ ᠦᠵᠡᠭᠦᠯᠬᠦ ᠤᠷᠤᠨ ᠢ ᠲᠦᠪᠯᠡᠷᠡᠭᠦᠯᠦᠨ ᠪᠠᠶᠢᠭᠤᠯᠵᠤ᠂ ᠠᠵᠤ ᠦᠢᠯᠡᠰ ᠢᠶᠠᠷ ᠲᠤᠰᠬᠤᠨ ᠢ | ᠮᠠᠨᠳᠤᠭᠤᠯᠬᠤ ᠶᠢ ᠳᠤᠪᠤᠶᠢᠮ᠎ᠠ ᠰᠠᠶᠢᠲᠤᠷ ᠠᠳᠬᠤᠵᠤ᠂ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ | ᠰᠠᠭᠤᠷᠢ ᠮᠦᠩᠭᠦ᠂ ᠬᠦᠳᠡᠭᠡ ᠲᠤᠰᠬᠤᠨ ᠤ ᠦᠮᠴᠢᠯᠡᠯ ᠤᠨ ᠡᠷᠬᠡ ᠶᠢᠨ ᠰᠤᠯᠢᠯᠴᠠᠭᠠᠨ ᠤ ᠲᠠᠪᠴᠠᠩ ᠪᠠ ᠬᠦᠳᠡᠭᠡ | ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ | ᠬᠠᠭᠤᠷᠠᠢ ᠲᠠᠷᠢᠶᠠᠯᠠᠭ᠎ᠠ ᠶᠢᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ 1.5 ᠲᠦᠮᠡᠨ ᠮᠦ᠂ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ 2000 ᠮᠦ ᠬᠡᠷᠡᠭᠵᠢᠭᠦᠯᠵᠦ᠂ ᠤᠳᠤ ᠥᠶ᠎ᠡ ᠶᠢᠨ ᠲᠠᠷᠢᠶᠠᠯᠠᠩ ᠤᠨ ︽ᠬᠤᠶᠠᠷ ᠢ ᠵᠠᠯᠭᠠᠨ | ᠭᠤᠷᠪᠠ ᠶᠢ ᠬᠤᠯᠪᠤᠬᠤ︾ ᠪᠦᠬᠦ ᠬᠡᠯᠬᠢᠶᠡᠰᠦ ᠶᠢᠨ ᠬᠦᠭᠵᠢᠯᠲᠡ ᠶᠢ ᠠᠬᠢᠭᠤᠯᠵᠤ᠂ ᠪᠦᠬᠦ ᠵᠢᠯ ᠤᠨ ᠰᠢᠨ᠎ᠡ ᠪᠠᠷ | ᠨᠡᠮᠡᠭᠳᠡᠭᠰᠡᠨ ︽ᠭᠤᠷᠪᠠᠨ ᠲᠠᠸᠠᠷ ᠨᠢᠭᠡ ᠪᠠᠷᠢᠮᠵᠢᠶ᠎ᠡ︾ 5 ᠪᠠᠶᠢᠵᠤ᠂ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ | ᠠᠬᠤᠶᠢᠯᠠᠯ 5 ᠡᠷᠦᠬᠡ ᠪᠤᠢ᠃ | ᠬᠤᠶᠠᠷ ᠲᠤ᠂ ᠲᠠᠬᠢᠨ ᠶᠠᠳᠠᠭᠤᠷᠠᠯ ᠢ ᠰᠡᠷᠭᠡᠶᠢᠯᠡᠨ ᠪᠠᠶᠢᠴᠠᠭᠠᠬᠤ ᠪᠠ ᠬᠠᠪᠰᠤᠷᠤᠨ ᠳᠡᠳᠬᠦᠬᠦ ᠲᠤᠭᠲᠠᠴᠠ | ᠶᠢ ᠲᠡᠭᠦᠯᠳᠡᠷᠵᠢᠭᠦᠯᠦᠨ᠂ ᠤᠯᠠᠨ ᠲᠦᠮᠡᠨ ᠤ ᠵᠢᠩᠬᠢᠨᠢ ᠪᠠᠷ ᠶᠠᠳᠠᠭᠤ ᠠᠴᠠ ᠠᠩᠭᠢᠵᠢᠷᠠᠵᠤ᠂ ᠲᠠᠬᠢᠨ ᠶᠠᠳᠠᠭᠤᠷᠠᠬᠤ | ᠦᠭᠡᠢ ᠪᠠᠶᠢᠬᠤ ᠶᠢ ᠪᠠᠲᠤᠯᠠᠪᠠ᠃ | ᠭᠤᠷᠪᠠ ᠳᠤ᠂ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠳᠤᠪᠤᠶᠢᠮ᠎ᠠ ᠰᠠᠶᠢᠲᠤᠷ ᠠᠳᠬᠤᠵᠤ᠂ | ᠡᠯ ᠳ᠋ᠤᠤ ᠵᠢᠩᠽᠢ᠂ ᠳ᠋ᠦᠩ ᠨᠠᠨ ᠶᠢᠩᠽᠢ᠂ ᠯᠢᠦ ᠲᠢᠶᠤᠤ ᠭᠧᠦ ᠭᠤᠷᠪᠠᠨ ᠬᠦᠳᠡᠭᠡ ᠲᠤᠰᠬᠤᠨ ᠢ | ᠬᠦᠴᠦᠷᠬᠡᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠤᠰᠬᠤᠨ ᠢ ᠳᠡᠰ ᠳᠡᠪᠰᠢᠭᠦᠯᠦᠨ ᠦᠭᠡᠷᠡᠴᠢᠯᠡᠬᠦ ᠶᠢ | ᠬᠡᠷᠡᠭᠵᠢᠭᠦᠯᠦᠨ᠂ ᠬᠦᠮᠦᠨ ᠰᠠᠭᠤᠭᠠᠯᠢ ᠶᠢᠨ ᠤᠷᠴᠢᠨ ᠲᠣᠭᠤᠷᠢᠨ᠂ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ᠂ | ᠤᠯᠠᠨ ᠨᠡᠶᠢᠲᠡ ᠶᠢᠨ ᠦᠢᠯᠡᠴᠢᠯᠡᠭᠡ᠂ ᠪᠠᠷᠢᠯᠭ᠎ᠠ ᠶᠢᠨ ᠳᠦᠷᠰᠦ ᠪᠠᠶᠢᠳᠠᠯ ᠤᠨ ᠳᠡᠭᠡᠭᠰᠢᠯᠡᠯᠲᠡ ᠶᠢᠨ ᠠᠵᠢᠯᠯᠠᠭ᠎ᠠ ᠶᠢ | ᠠᠬᠢᠭᠤᠯᠤᠨ᠂ ᠨᠠᠨ ᠳ᠋ᠠ ᠶᠢᠩᠽᠢ ᠵᠠᠰᠠᠮᠠᠯ ᠵᠠᠮ ᠤᠨ ᠦᠭᠡᠷᠡᠴᠢᠯᠡᠨ ᠪᠠᠶᠢᠭᠤᠯᠤᠯᠲᠠ ᠂ ᠰᠠᠨ ᠳ᠋ᠤᠤ ᠶᠢᠩᠽᠢ ᠶᠢᠨ | ᠬᠤᠲᠠ ᠶᠢᠨ ᠶᠠᠪᠤᠳᠠᠯ ᠤᠨ ᠲᠤᠤᠷᠵᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠬᠦᠳᠡᠭᠡ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠦᠭᠡᠮᠡᠯᠵᠢᠬᠦ ᠬᠠᠮᠲᠤᠪᠡᠷ ᠡᠳ᠋ᠯᠡᠬᠦ ᠶᠢ ᠠᠬᠢᠭᠤᠯᠪᠠ᠃ | ᠳᠦᠷᠪᠡ ᠳᠤ᠂ ᠬᠦᠳᠡᠭᠡ ᠲᠤᠰᠬᠤᠨ ᠤ ᠬᠦᠮᠦᠨ ᠰᠠᠭᠤᠭᠠᠯᠢ ᠶᠢᠨ ᠣᠷᠴᠢᠨ ᠲᠣᠭᠤᠷᠢᠨ ᠤ ᠴᠡᠭᠴᠡᠯᠡᠨ | ᠵᠠᠰᠠᠯᠲᠠ ᠶᠢ ᠳᠤᠪᠤᠶᠢᠮ᠎ᠠ ᠰᠠᠶᠢᠲᠤᠷ ᠠᠳᠬᠤᠵᠤ᠂ ᠡᠯ ᠳ᠋ᠣᠣ ᠵᠢᠩᠽᠢ ᠶᠢᠨ ᠱᠠᠨ ᠡᠾᠦ᠋ᠩ ᠭᠸᠦ ᠤᠨ ᠤᠷᠤᠰᠬᠠᠯ | ᠤᠷᠤᠨ ᠤ ᠠᠮᠢ ᠠᠬᠤᠢ ᠶᠢ ᠶᠡᠷᠦᠩᠬᠡᠶᠢᠯᠡᠨ ᠴᠡᠭᠴᠡᠯᠡᠨ ᠵᠠᠰᠠᠵᠤ᠂ 7000 ᠮᠦ ᠤᠢ ᠶᠢ ᠦᠭᠡᠷᠡᠴᠢᠯᠡᠨ ᠵᠠᠰᠠᠭᠰᠠᠨ | ᠪᠠ ᠰᠡᠷᠭᠦᠭᠡᠵᠦ᠂ ︽ᠵᠤᠷᠯᠤᠩ ᠤᠨ ᠬᠤᠪᠢᠰᠬᠠᠯ︾ ᠤᠨ ᠦᠷ᠎ᠡ ᠪᠦᠲᠦᠭᠡᠯ ᠢ ᠪᠠᠲᠤᠵᠢᠭᠤᠯᠤᠨ᠂ ᠬᠦᠳᠡᠭᠡ ᠲᠤᠰᠬᠤᠨ | ᠤ ᠠᠮᠢᠳᠤᠷᠠᠯ ᠤᠨ ᠪᠤᠬᠢᠷ ᠤᠰᠤ ᠶᠢ ᠰᠢᠢᠳᠪᠦᠷᠢᠯᠡᠬᠦ ᠨᠣᠷᠮ᠎ᠠ᠂ ᠬᠤᠭ ᠯᠤᠪᠰᠢ ᠶᠢ ᠴᠡᠭᠴᠡᠯᠡᠨ ᠵᠠᠰᠠᠬᠤ ᠨᠣᠷᠮ᠎ᠠ | 70% ᠪᠠ 90% ᠠᠴᠠ ᠳᠡᠭᠡᠭᠰᠢ ᠬᠦᠷᠪᠡ᠃ |