ᠬᠤᠩᠱᠠᠨ ᠲᠤᠭᠤᠷᠢᠭ ᠤᠨ ᠤᠳᠤ ᠥᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ | ᠦᠢᠯᠡᠳᠦᠯ ᠲᠠᠰᠤᠷᠠᠯᠲᠠ ᠦᠭᠡᠢ ᠴᠢᠩᠭᠠᠷᠠᠵᠤ᠂ ᠠᠵᠤ ᠦᠢᠯᠡᠰ ᠤᠨ ᠡᠵᠡᠯᠡᠬᠦ ᠬᠠᠷᠢᠴᠠᠯ 60.3% ᠬᠦᠷᠪᠡ᠃ | ᠨᠢᠭᠡ ᠳᠤ᠂ ᠬᠤᠩᠱᠠᠨ ᠲᠣᠭᠤᠷᠢᠭ ᠤᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ | ᠭᠦᠢᠴᠡᠳᠬᠡᠭᠰᠡᠨ ᠪᠠᠷᠠᠭᠠᠨ ᠭᠦᠢᠯᠭᠡᠭᠡᠨ ᠤ ᠶᠡᠷᠦᠩᠬᠡᠢ ᠲᠤᠭ᠎ᠠ 515 ᠳ᠋ᠦᠩᠰᠢᠭᠤᠷ ᠲᠦᠭᠦᠷᠢᠭ ᠬᠦᠷᠴᠦ᠂ ᠭᠠᠶᠢᠯᠢ | 10.6 ᠳ᠋ᠦᠩᠰᠢᠭᠤᠷ ᠲᠦᠭᠦᠷᠢᠭ᠂ ᠨᠡᠶᠢᠲᠡ ᠲᠦᠪᠬᠢᠨᠡᠭᠦᠯᠦᠭᠰᠡᠨ ᠠᠵᠢᠯ ᠣᠯᠭᠤᠯᠲᠠ 4.7 ᠲᠦᠮᠡᠨ ᠬᠦᠮᠦᠨ ᠪᠣᠢ᠃ | | ᠬᠤᠶᠠᠷ ᠲᠤ᠂ ᠤᠯᠠᠭᠠᠨᠬᠠᠳᠠ ᠶᠢᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠶᠡᠷᠦᠩᠬᠡᠶᠢᠯᠡᠭᠰᠡᠨ ᠲᠤᠷᠰᠢᠯᠲᠠ ᠶᠢᠨ ᠣᠷᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠢᠰᠲ᠋ᠧᠮ ᠢ | ᠪᠦᠲᠦᠮᠵᠢᠲᠡᠢ ᠪᠠᠶᠢᠭᠤᠯᠵᠤ᠂ B2B ᠭᠠᠳᠠᠭᠠᠳᠤ ᠳᠤ ᠭᠠᠷᠭᠠᠬᠤ ᠠᠵᠢᠯ ᠤᠨ ᠬᠡᠯᠪᠡᠷᠢ ᠵᠢᠩᠬᠢᠨᠢ ᠪᠠᠷ | ᠨᠠᠶᠢᠳᠠᠪᠤᠷᠢᠵᠢᠪᠠ᠃ ᠤᠯᠠᠨ ᠤᠯᠤᠰ ᠤᠨ ᠲᠦᠷᠭᠡᠨ ᠬᠦᠷᠭᠡᠯᠲᠡ ᠶᠢᠨ ᠬᠢᠨᠠᠨ ᠬᠠᠮᠢᠶᠠᠷᠤᠯᠲᠠ ᠶᠢᠨ ᠲᠥᠪ ᠤᠨ | ᠲᠠᠯᠠᠪᠤᠷ ᠶᠢᠨ ᠦᠭᠡᠷᠡᠴᠢᠯᠡᠨ ᠵᠠᠰᠠᠯᠲᠠ ᠶᠢᠨ ᠢᠨᠵᠧᠨᠧᠷᠢᠩ ᠪᠦᠬᠦᠨ ᠢᠶᠠᠷ ᠢᠶᠠᠨ ᠠᠵᠢᠯ ᠳᠠᠭᠤᠰᠪᠠ᠃ | ᠶᠡᠷᠦᠩᠬᠡᠶᠢᠯᠡᠭᠰᠡᠨ ᠭᠠᠶᠢᠯᠢ ᠶᠢ ᠪᠠᠲᠤᠯᠠᠬᠤ ᠤᠷᠤᠨ ᠢ ᠡᠷᠡᠮᠡᠯᠵᠡᠨ ᠪᠠᠶᠢᠭᠤᠯᠬᠤ ᠠᠵᠢᠯ ᠡᠮᠬᠢ ᠴᠡᠭᠴᠡᠲᠡᠢ ᠦᠷᠨᠢᠪᠡ᠃ | ᠭᠤᠷᠪᠠ ᠳᠤ᠂ ᠲᠤᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ | ᠪᠠᠶᠢᠭᠤᠯᠤᠯᠲᠠ ᠶᠢ ᠡᠬᠢᠯᠡᠭᠦᠯᠵᠦ᠂ ᠦᠪᠦᠷ ᠮᠤᠩᠭᠤᠯ ᠤᠨ ᠵᠡᠭᠦᠨ ᠬᠡᠰᠡᠭ ᠤᠨ ᠰᠦᠯᠵᠢᠶᠡᠨ ᠤᠳᠤᠳ ᠤᠨ ᠰᠢᠭᠤᠳ | ᠨᠡᠪᠲᠡᠷᠡᠭᠦᠯᠭᠡ ᠶᠢᠨ ᠰᠠᠭᠤᠷᠢᠨ ᠭᠠᠳᠠᠭᠰᠢ ᠴᠢᠯᠦᠭᠡᠲᠡᠢ ᠨᠡᠭᠡᠭᠡᠪᠡ᠃ | ᠳᠦᠷᠪᠡ ᠳᠤ᠂ ᠭᠤᠤᠯᠯᠠᠭᠴᠢ ᠠᠷᠠᠯᠵᠢᠶᠠᠨ ᠤ ᠴᠠᠭᠠᠷᠢᠭ ᠢ ᠦᠷᠨᠢᠭᠦᠨ ᠬᠦᠭᠵᠢᠭᠦᠯᠵᠦ᠂ ᠸᠧᠢ ᠳ᠋ᠦᠸᠧ ᠯᠢ | ᠮᠦᠸᠧ ᠡᠯ ᠴᠧᠩ ᠠᠵᠢᠯ ᠳᠠᠭᠤᠰᠤᠨ ᠡᠵᠡᠩᠨᠡᠯᠲᠡ ᠡᠬᠢᠯᠡᠵᠦ᠂ ᠵᠦᠩ ᠯᠢᠶᠠᠨ ᠴᠠᠭ ᠥᠶ᠎ᠡ ᠶᠢᠨ ᠲᠠᠯᠠᠪᠤᠷ ᠭᠤᠤᠯ | ᠴᠤᠭᠴᠠ ᠶᠢᠨ ᠪᠠᠶᠢᠭᠤᠯᠤᠯᠲᠠ ᠪᠠᠨ ᠳᠠᠭᠤᠰᠬᠠᠵᠤ᠂ ᠰᠢᠨᠬᠤᠸᠠ ᠶᠠᠪᠠᠭᠠᠨ ᠵᠡᠭᠡᠯᠢ ᠶᠢᠨ ᠦᠭᠡᠷᠡᠴᠢᠯᠡᠨ ᠪᠠᠶᠢᠭᠤᠯᠬᠤ | ᠢᠨᠵᠧᠨᠧᠷᠢᠩ ᠢ ᠲᠤᠭᠲᠠᠭᠤᠨ ᠠᠬᠢᠭᠤᠯᠪᠠ᠃ ᠲᠢᠶᠠᠨ ᠷᠦᠢ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ | ᠡᠵᠡᠩᠨᠡᠯᠲᠡ ᠡᠬᠢᠯᠡᠪᠡ᠃ | ᠲᠠᠪᠤ ᠳᠤ᠂ ᠵᠢᠭᠤᠯᠴᠢᠯᠠᠯ ᠤᠨ ᠦᠢᠯᠡᠰ ᠤᠨ ᠪᠦᠬᠦ ᠤᠷᠤᠨ ᠬᠡᠪᠴᠢᠶᠡᠨ ᠤ ᠬᠦᠭᠵᠢᠯᠲᠡ ᠶᠢ ᠲᠦᠯᠬᠢᠨ | ᠠᠬᠢᠭᠤᠯᠵᠤ᠂ ᠪᠦᠬᠦ ᠵᠢᠯ ᠤᠨ ᠨᠡᠶᠢᠲᠡ ᠬᠦᠯᠢᠶᠡᠨ ᠵᠣᠴᠢᠯᠠᠭᠰᠠᠨ ᠵᠢᠭᠤᠯᠴᠢᠯᠠᠭᠰᠠᠳ 265 ᠲᠦᠮᠡᠨ ᠬᠦᠮᠦᠨ | ᠤᠳᠠᠭ᠎ᠠ ᠪᠠᠶᠢᠵᠤ᠂ ᠵᠢᠭᠤᠯᠴᠢᠯᠠᠯ ᠤᠨ ᠣᠷᠤᠯᠭ᠎ᠠ 59 ᠳ᠋ᠦᠩᠰᠢᠭᠤᠷ ᠲᠦᠭᠦᠷᠢᠭ ᠢ ᠪᠡᠶᠡᠯᠡᠭᠦᠯᠪᠡ᠃ | | |