ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠬᠤᠩᠱᠠᠨ ᠲᠣᠭᠤᠷᠢᠭ  ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠳᠤ ᠢᠷᠡᠵᠦ ᠤᠶᠤᠨᠴᠢ ᠵᠠᠬ᠎ᠠ ᠳᠡᠯᠭᠡᠭᠦᠷ  ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠲᠤᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2022/1/13
        2022 ᠣᠨ ᠤ 1 ᠰᠠᠷ᠎ᠠ ᠶᠢᠨ 12 ᠤᠨ ᠡᠳᠦᠷ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠳᠡᠳ᠋ ᠳᠠᠷᠤᠭ᠎ᠠ ᠰᠦᠨ ᠡᠾᠦ᠋ᠩ ᠶᠠᠨ᠂ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳᠠᠷᠤᠭ᠎ᠠ ᠠ ᠲᠦ᠋᠂ ᠬᠢᠵᠢᠭ ᠢ ᠰᠡᠷᠭᠡᠶᠢᠯᠡᠨ ᠡᠵᠡᠮᠳᠡᠬᠦ ᠲᠦᠪ ᠤᠨ ᠵᠠᠩ ᠯᠢᠨ ᠮᠡᠲᠦ ᠶᠢᠨ 6 ᠬᠦᠮᠦᠨ ᠮᠠᠨ ᠤ ᠲᠤᠭᠤᠷᠢᠭ ᠲᠤ ᠢᠷᠡᠵᠦ᠂ ᠭᠠᠳᠠᠭᠠᠳᠤ  ᠠᠴᠠ ᠤᠷᠤᠭᠤᠯᠬᠤ ᠬᠦᠢᠲᠡᠨ ᠬᠡᠯᠬᠢᠶᠡᠨ ᠤ ᠲᠦᠪᠯᠡᠷᠡᠭᠦᠯᠦᠨ ᠬᠢᠨᠠᠨ ᠬᠠᠮᠢᠶᠠᠷᠬᠤ ᠬᠦᠮᠦᠷᠭᠡ ᠶᠢᠨ ᠡᠵᠡᠩᠨᠡᠯᠲᠡ ᠶᠢᠨ ᠪᠠᠶᠢᠳᠠᠯ ᠢ ᠲᠤᠭᠤᠷᠢᠨ ᠪᠠᠶᠢᠴᠠᠭᠠᠵᠤ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠢᠳᠡᠭᠡᠨ ᠤᠮᠳᠠᠭᠠᠨ ᠤ ᠨᠡᠪᠲᠡᠷᠡᠯᠴᠡᠭᠡᠨ ᠤ ᠰᠠᠯᠠᠭᠠᠨ ᠤ ᠯᠢᠦ ᠶᠦᠨ ᠯᠦᠩ ᠰᠠᠯᠠᠭᠠᠨ ᠳᠠᠷᠤᠭ᠎ᠠ᠂ ᠬᠤᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠡᠦ ᠪᠢᠩ ᠵᠦᠩ ᠲᠤᠪᠴᠢᠶᠠᠨ ᠳᠠᠷᠤᠭ᠎ᠠ᠂ ᠭᠠᠳᠠᠭᠠᠳᠤ ᠠᠴᠠ ᠤᠷᠤᠭᠤᠯᠬᠤ ᠬᠦᠢᠲᠡᠨ ᠬᠡᠯᠬᠢᠶᠡᠨ ᠤ ᠢᠳᠡᠭᠡᠨ ᠤ ᠲᠤᠰᠬᠠᠢ ᠠᠩᠭᠢ ᠶᠢᠨ ᠭᠡᠰᠢᠬᠦᠨ ᠵᠢᠴᠢ ᠬᠠᠮᠢᠶ᠎ᠠ ᠪᠦᠬᠦᠢ ᠠᠵᠢᠯᠲᠠᠨ ᠪᠠᠷ᠎ᠠ ᠪᠤᠯᠤᠯᠴᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号