| ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ | ᠵᠢᠷᠤᠭ ᠢᠶᠠᠷ ᠦᠭᠦᠯᠡᠬᠦᠢ | ᠬᠤᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ ᠠᠵᠢᠯ ᠤᠨ | ᠡᠷᠭᠢᠴᠡᠭᠦᠯᠦᠯ | ᠶᠡᠷᠦᠩᠬᠡᠶᠢᠯᠡᠭᠰᠡᠨ ᠪᠤᠳᠠᠲᠤ ᠬᠦᠴᠦᠨ ᠲᠤᠭᠲᠠᠭᠤᠨ ᠢᠶᠠᠷ ᠳᠡᠭᠡᠭᠰᠢᠯᠡᠪᠡ | ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠨᠡᠶᠢᠲᠡ 1429.7 ᠳ᠋ᠦᠩᠰᠢᠭᠤᠷ ᠲᠦᠭᠦᠷᠢᠭ ᠢ | ᠭᠦᠢᠴᠡᠳᠬᠡᠵᠦ᠂ ᠵᠢᠯ ᠤᠨ ᠳᠤᠮᠳᠠᠴᠢ ᠨᠡᠮᠡᠭᠳᠡᠯ 5.6%︔ ᠡᠩ ᠤᠨ ᠤᠯᠠᠨ ᠨᠡᠶᠢᠲᠡ ᠶᠢᠨ ᠲᠦᠰᠦᠪ ᠤᠨ | ᠤᠷᠤᠯᠭ᠎ᠠ ᠠᠴᠠ ᠭᠠᠶᠢᠯᠢ ᠶᠢ ᠬᠠᠰᠤᠵᠤ ᠰᠦᠢᠳᠬᠡᠯ ᠬᠡᠯᠲᠦᠷᠢᠭᠦᠯᠦᠭᠰᠡᠨ ᠡᠯᠧᠮᠧᠨ᠋ᠲ ᠢ ᠬᠠᠰᠤᠪᠠᠯ᠂ ᠬᠠᠷᠢᠴᠠᠭᠤᠯᠵᠤ | ᠪᠣᠯᠬᠤ ᠠᠷᠭ᠎ᠠ ᠮᠠᠶ᠋ᠢᠭ ᠢᠶᠠᠷ ᠵᠢᠯ ᠤᠨ ᠳᠤᠮᠳᠠᠴᠢ ᠨᠡᠮᠡᠭᠳᠡᠯ 5.3%᠂ ᠭᠠᠶᠢᠯᠢ ᠶᠢᠨ ᠪᠤᠰᠤ ᠤᠷᠤᠯᠭ᠎ᠠ ᠶᠢᠨ ᠡᠵᠡᠯᠡᠬᠦ | ᠬᠠᠷᠢᠴᠠᠯ 13% ᠣᠷᠴᠢᠮ ᠢ ᠪᠠᠲᠤᠯᠠᠪᠠ᠃ | ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠦᠷᠦᠯ ᠵᠦᠢᠯ 149 ᠶᠢ ᠬᠡᠷᠡᠭᠵᠢᠭᠦᠯᠵᠦ᠂ ᠲᠤᠭᠲᠠᠮᠠᠯ ᠬᠦᠷᠦᠩᠭᠡ | ᠶᠢᠨ ᠪᠡᠯᠡ ᠣᠷᠤᠭᠤᠯᠤᠯᠲᠠ ᠨᠡᠶᠢᠲᠡ 563.7 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠂ ᠪᠦᠷᠢᠳᠬᠡᠯ ᠤᠨ ᠠᠷᠭ᠎ᠠ | ᠮᠠᠶ᠋ᠢᠭ ᠢ ᠲᠤᠬᠢᠷᠠᠭᠤᠯᠤᠭᠰᠠᠨ ᠤ ᠳᠠᠷᠠᠭ᠎ᠠ᠂ ᠵᠢᠯ ᠤᠨ ᠳᠤᠮᠳᠠᠴᠢ ᠨᠡᠮᠡᠭᠳᠡᠯ 11.5%᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠵᠢᠯ ᠤᠨ ᠳᠤᠮᠳᠠᠴᠢ ᠨᠡᠮᠡᠭᠳᠡᠯ | 12.1%᠃ | ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 796.2 ᠳ᠋ᠦᠩᠰᠢᠭᠤᠷ | ᠲᠦᠭᠦᠷᠢᠭ ᠢ ᠪᠡᠶᠡᠯᠡᠭᠦᠯᠵᠦ᠂ ᠵᠢᠯ ᠤᠨ ᠳᠤᠮᠳᠠᠴᠢ ᠨᠡᠮᠡᠭᠳᠡᠯ 4.2%᠃ | ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ | ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠣᠷᠤᠨ᠂ ᠤᠯᠤᠰ ᠤᠨ ᠬᠢᠯᠢ ᠠᠯᠤᠰᠯᠠᠭᠰᠠᠨ ᠡᠯᠧᠺᠲᠷᠤᠨ | ᠬᠤᠲᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠤᠨ᠂ ᠤᠯᠤᠰ ᠤᠨ ᠬᠢᠯᠢ ᠠᠯᠤᠰᠯᠠᠭᠰᠠᠨ | ᠡᠯᠧᠺᠲᠷᠤᠨ ᠬᠤᠲᠠᠯᠳᠤᠭᠠᠨ ᠤ ᠬᠡᠰᠡᠭᠯᠡᠨ ᠪᠤᠷᠤᠯᠠᠭᠤᠯᠬᠤ ᠭᠠᠳᠠᠭᠠᠳᠤ ᠠᠴᠠ ᠤᠷᠤᠭᠤᠯᠬᠤ ᠲᠤᠷᠰᠢᠯᠲᠠ ᠶᠢᠨ ᠴᠡᠭ | ᠤᠨ ᠬᠤᠲᠠ᠂ ᠤᠯᠤᠰ ᠤᠨ ᠬᠦᠳᠡᠭᠡ ᠲᠤᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠦᠭᠵᠢᠭᠦᠯᠬᠦ ᠵᠢᠱᠢᠶ᠎ᠡ | ᠦᠵᠡᠭᠦᠯᠬᠦ ᠬᠦᠷᠢᠶᠡᠯᠡᠩ᠂ ᠪᠦᠬᠦ ᠤᠯᠤᠰ ᠤᠨ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠬᠦᠷᠢᠶᠡᠯᠡᠩ ᠢ ᠠᠮᠵᠢᠯᠲᠠ ᠲᠠᠢ ᠪᠦᠲᠦᠭᠡᠨ ᠪᠠᠶᠢᠭᠤᠯᠪᠠ᠃ | ᠬᠡᠯᠪᠡᠷᠢ ᠶᠢ ᠬᠤᠪᠢᠷᠠᠭᠠᠨ ᠳᠡᠰ ᠳᠡᠪᠰᠢᠭᠦᠯᠬᠦ ᠠᠯᠬᠤᠴᠠ ᠡᠷᠡᠰ ᠪᠠᠲᠤ | ᠰᠢᠨ᠎ᠡ ᠶᠢ ᠡᠭᠦᠳᠬᠦ ᠶᠢᠨ ᠬᠦᠲᠦᠯᠦᠨ ᠳᠠᠭᠠᠭᠤᠯᠬᠤ ᠦᠢᠯᠡᠳᠦᠯ ᠢᠯᠡᠷᠬᠡᠢ ᠴᠢᠩᠭᠠᠷᠠᠵᠤ᠂ ᠰᠢᠨᠵᠢᠯᠡᠭᠡ ᠮᠡᠷᠭᠡᠵᠢᠯ ᠤᠨ | ᠦᠷ᠎ᠡ ᠪᠦᠲᠦᠭᠡᠯ ᠢ ᠠᠰᠢᠭᠯᠠᠬᠤ ᠨᠣᠷᠮ᠎ᠠ 56% ᠬᠦᠷᠪᠡ᠃ | ᠭᠤᠷᠪᠠᠨ ᠠᠵᠤ ᠦᠢᠯᠡᠰ ᠶᠢᠨ ᠪᠦᠲᠦᠴᠡ ᠶᠢᠨ ᠬᠠᠷᠢᠴᠠᠯ 2.3᠄ 43.3᠄ 54.4 ᠠᠴᠠ 2.7᠄ 37᠄ 60.3 | ᠪᠣᠯᠤᠨ ᠲᠤᠬᠢᠷᠠᠭᠤᠯᠤᠭᠳᠠᠪᠠ | ᠠᠵᠤ ᠦᠢᠯᠡᠳᠪᠦᠷᠢ ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠲᠠᠢ ᠯᠢᠩ ᠬᠠᠢ ᠴᠤᠸᠠᠩ᠂ ᠡᠸ᠋ᠨ ᠸᠥ᠋ | ᠰᠢᠨᠵᠢᠯᠡᠭᠡ ᠵᠡᠷᠭᠡ ︽ᠬᠦᠷᠢᠶᠡᠯᠡᠩ ᠳᠤᠲᠤᠷᠠᠬᠢ ᠬᠦᠷᠢᠶᠡᠯᠡᠩ︾ ᠢ ᠪᠠᠶᠢᠭᠤᠯᠵᠤ ᠠᠰᠢᠭᠯᠠᠨ᠂ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠪᠡᠯᠡ ᠤᠷᠤᠭᠤᠯᠤᠯᠲᠠ᠂ ᠠᠵᠤ ᠦᠢᠯᠡᠳᠪᠦᠷᠢ ᠶᠢᠨ ᠮᠡᠷᠭᠡᠵᠢᠯ ᠤᠨ | ᠦᠭᠡᠷᠡᠴᠢᠯᠡᠯᠲᠡ ᠶᠢᠨ ᠪᠡᠯᠡ ᠤᠷᠤᠭᠤᠯᠤᠯᠲᠠ ᠶᠢᠨ ᠵᠢᠯ ᠤᠨ ᠳᠤᠮᠳᠠᠴᠢ ᠨᠡᠮᠡᠭᠳᠡᠯ 15.4%᠂ ᠳ᠋ᠦᠩ ᠯᠢ | ᠨᠤᠤᠰᠤᠨ ᠨᠡᠬᠡᠮᠡᠯ᠂ ᠲᠦᠸᠧ ᠵᠢᠶᠠ ᠡᠯᠧᠺᠲᠷᠤᠨ ᠤᠯᠤᠰ ᠤᠨ ᠳᠡᠰ ᠤᠨ ᠪᠤᠬᠢᠷᠳᠤᠯ ᠦᠭᠡᠢ ᠠᠵᠤ ᠦᠢᠯᠡᠳᠪᠦᠷᠢ | ᠪᠠ ᠠᠮᠢ ᠠᠬᠤᠢ ᠶᠢᠨ ᠬᠠᠩᠭᠠᠯᠭ᠎ᠠ ᠶᠢᠨ ᠬᠡᠯᠬᠢᠶᠡᠨ ᠤ ᠠᠵᠤ ᠠᠬᠤᠶᠢᠯᠠᠯ ᠢᠶᠠᠷ ᠦᠨᠡᠯᠡᠭᠳᠡᠪᠡ᠃ | ᠲᠡᠮᠦᠷᠯᠢᠭ ᠬᠠᠶᠢᠯᠤᠭᠤᠯᠬᠤ᠂ ᠡᠮ ᠡᠮᠨᠡᠯᠭᠡ᠂ ᠪᠤᠬᠢᠷᠳᠤᠯ ᠦᠭᠡᠢ ᠢᠳᠡᠭᠡᠨ ᠵᠡᠷᠭᠡ ᠳᠠᠪᠠᠭᠤᠯᠢᠭ ᠪᠦᠬᠦᠢ ᠠᠵᠤ | ᠦᠢᠯᠡᠰ ᠲᠤᠭᠲᠠᠭᠤᠨ ᠢᠶᠠᠷ ᠬᠦᠭᠵᠢᠵᠦ᠂ ᠶᠢᠨ ᠲᠦᠩ ᠬᠦᠷᠡᠯ ᠤᠨ ᠦᠢᠯᠡᠰ᠂ ᠤᠯᠠᠭᠠᠨᠬᠠᠳᠠ ᠶᠢᠨ ᠡᠮ ᠤᠨ | ᠦᠢᠯᠡᠰ ︽ᠬᠤᠲᠠ ᠠᠴᠠ ᠤᠬᠤᠷᠢᠨ ᠬᠦᠷᠢᠶᠡᠯᠡᠩ ᠳᠤ ᠤᠷᠤᠵᠤ︾᠂ ᠶᠤᠸᠠᠨ ᠯᠢᠶᠠᠨ ᠪᠤᠯᠤᠳ ᠲᠡᠮᠦᠷ | ᠦᠪᠡᠷᠲᠡᠭᠡᠨ ᠵᠠᠰᠠᠬᠤ ᠣᠷᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠮᠦᠨ᠎ᠡ ᠠᠷᠪᠠᠨ ᠬᠦᠴᠦᠷᠭᠡᠭ | ᠲᠤ ᠳᠡᠰ ᠳᠡᠪᠰᠢᠪᠡ᠃ | ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠲᠦᠷᠭᠡᠪᠴᠢᠯᠡᠨ ᠬᠤᠪᠢᠷᠠᠭᠠᠵᠤ᠂ ᠰᠢᠨᠬᠤᠸᠠ ᠶᠠᠪᠠᠭᠠᠨ | ᠵᠡᠭᠡᠯᠢ ᠶᠢᠨ ᠦᠭᠡᠷᠡᠴᠢᠯᠡᠨ ᠪᠠᠶᠢᠭᠤᠯᠤᠯᠲᠠ ᠶᠢ ᠲᠤᠭᠲᠠᠭᠤᠨ ᠢᠶᠠᠷ ᠠᠬᠢᠭᠤᠯᠵᠤ᠂ ᠸᠧᠢ ᠳ᠋ᠦᠸᠧ ᠯᠢ ᠮᠦᠸᠧ ᠡᠯ | ᠴᠧᠩ᠂ ᠸᠠᠨ ᠶᠤᠸᠠᠢ ᠴᠧᠩ ᠵᠡᠷᠭᠡ ᠬᠤᠲᠠ ᠶᠢᠨ ᠶᠡᠷᠦᠩᠬᠡᠶᠢᠯᠡᠭᠰᠡᠨ ᠴᠤᠭᠴᠠ ᠶᠢ ᠪᠠᠶᠢᠭᠤᠯᠵᠤ ᠡᠵᠡᠩᠨᠡᠪᠡ︔ 3 | ᠲᠤᠰᠬᠠᠶᠢᠵᠢᠭᠰᠠᠨ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠵᠤ᠂ 50 ᠳ᠋ᠦᠩᠰᠢᠭᠤᠷ ᠲᠦᠭᠦᠷᠢᠭ ᠤᠨ ᠰᠤᠯᠢᠯᠴᠠᠭᠠᠨ | ᠤ ᠲᠤᠭ᠎ᠠ ᠶᠢ ᠪᠡᠶᠡᠯᠡᠭᠦᠯᠪᠡ︔ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ 5 ᠵᠢᠯ ᠳᠠᠷᠠᠭᠠᠯᠠᠨ ᠪᠦᠬᠦ ᠤᠯᠤᠰ | ᠤᠨ ᠰᠢᠯᠢᠳᠡᠭ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃ | ᠰᠢᠨ᠎ᠡ ᠠᠵᠤ ᠦᠢᠯᠡᠰ ᠰᠢᠨ᠎ᠡ ᠠᠵᠤ ᠦᠢᠯᠡᠰ ᠤᠨ ᠲᠦᠯᠦᠪ ᠰᠢᠨ᠎ᠡ ᠬᠡᠯᠪᠡᠷᠢ ᠢᠳᠡᠷᠡᠭᠦᠨ ᠢᠶᠠᠷ ᠬᠦᠭᠵᠢᠵᠦ᠂ ᠭᠤᠪᠢ | ᠶᠢᠨ ᠤᠮᠠᠷᠠᠲᠠᠬᠢ ᠮᠦᠩᠭᠦᠨ ᠭᠦᠢᠯᠭᠡᠭᠡᠨ ᠤ ᠨᠢᠭᠡᠳᠦᠭᠡᠷ ᠬᠤᠭᠤᠴᠠᠭ᠎ᠠ ᠶᠢ ᠪᠦᠬᠦ ᠲᠠᠯ᠎ᠠ ᠪᠠᠷ ᠪᠠᠶᠢᠭᠤᠯᠵᠤ᠂ ᠪᠠᠢ ᠯᠢᠦ | ᠂ ᠸᠧᠢ ᠳ᠋ᠦᠸᠧ ᠯᠢ ᠬᠠᠮ ᠳᠡᠯᠭᠡᠭᠦᠷ ᠰᠦᠯᠵᠢᠶᠡᠨ ᠤ ᠡᠵᠡᠩᠨᠡᠯᠲᠡ ᠬᠢᠵᠦ᠂ ᠦᠪᠦᠷ ᠮᠤᠩᠭᠤᠯ ᠤᠨ ᠵᠡᠭᠦᠨ ᠬᠡᠰᠡᠭ | ᠤᠨ ᠰᠦᠯᠵᠢᠶᠡᠨ ᠤᠳᠤ᠂ ᠵᠤᠤ ᠤᠳᠠ ᠨᠤᠤᠰᠤᠨ ᠨᠡᠬᠡᠮᠡᠯ ᠤᠨ ᠰᠢᠭᠤᠳ ᠨᠡᠪᠲᠡᠷᠡᠭᠦᠯᠭᠡ ᠶᠢᠨ ᠰᠠᠭᠤᠷᠢᠨ | ᠠᠰᠢᠭᠯᠠᠯᠲᠠ ᠳᠤ ᠤᠷᠤᠵᠤ ᠡᠵᠡᠩᠨᠡᠨ᠂ ︽ᠭᠤᠷᠪᠠᠨ ᠰᠢᠨ᠎ᠡ︾ ᠠᠵᠤ ᠠᠬᠤᠢ ᠶᠢᠨ ᠨᠡᠮᠡᠭᠳᠡᠯ ᠦᠷᠲᠡᠭ ᠤᠨ ᠭᠠᠵᠠᠷ | ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠤ ᠡᠵᠡᠯᠡᠬᠦ ᠬᠠᠷᠢᠴᠠᠯ 10.3% ᠬᠦᠷᠪᠡ᠃ | ᠰᠤᠶᠤᠯ ᠵᠢᠭᠤᠯᠴᠢᠯᠠᠯ ᠤᠨ ᠠᠵᠤ ᠦᠢᠯᠡᠰ ᠰᠢᠨ᠎ᠡ ᠠᠯᠬᠤᠮ ᠢ ᠠᠯᠬᠤᠨ᠂ ︽ᠡᠷᠲᠡᠨ ᠤ ᠬᠡᠮᠨᠡᠯᠲᠤ ᠬᠤᠩᠱᠠᠨ᠂ | ᠭᠦᠨ ᠰᠠᠭᠤᠭᠳᠠᠯᠲᠤ ᠤᠯᠠᠭᠠᠨᠬᠠᠳᠠ︾ ᠨᠡᠷᠡᠲᠦ ᠲᠡᠮᠳᠡᠭᠲᠦ ᠬᠦᠮᠦᠰ ᠤᠨ ᠰᠡᠳᠬᠢᠯ ᠤᠨ ᠬᠦᠪᠴᠢ ᠶᠢ ᠴᠢᠪᠬᠠᠳᠠᠵᠤ᠂ | 270.8 ᠳ᠋ᠦᠩᠰᠢᠭᠤᠷ ᠲᠦᠭᠦᠷᠢᠭ ᠤᠨ ᠵᠢᠭᠤᠯᠴᠢᠯᠠᠯ ᠤᠨ ᠣᠷᠤᠯᠭ᠎ᠠ ᠶᠢ ᠪᠡᠶᠡᠯᠡᠭᠦᠯᠪᠡ᠃ | ᠬᠤᠲᠠᠴᠢᠯᠠᠭᠰᠠᠨ ᠤᠳᠤ ᠥᠶ᠎ᠡ ᠶᠢᠨ ᠲᠠᠷᠢᠶᠠᠯᠠᠩ ᠡᠷᠡᠭᠦᠯ ᠢᠶᠠᠷ ᠬᠦᠭᠵᠢᠵᠦ᠂ ᠬᠤᠩᠱᠠᠨ ᠦᠵᠡᠮᠦᠷᠢ ᠶᠢᠨ ᠴᠡᠴᠡᠭ | ᠤᠨ ᠵᠠᠬ᠎ᠠ ᠳᠡᠯᠭᠡᠭᠦᠷ ᠠᠰᠢᠭᠯᠠᠯᠲᠠ ᠳᠤ ᠤᠷᠤᠵᠤ ᠡᠵᠡᠩᠨᠡᠨ᠂ 2 ᠲᠦᠮᠡᠨ ᠮᠦ ᠦᠨᠳᠦᠷ ᠦᠷ᠎ᠡ ᠠᠰᠢᠭᠲᠤ ᠤᠰᠤ | ᠠᠷᠪᠢᠯᠠᠬᠤ ᠲᠠᠷᠢᠶᠠᠯᠠᠩ ᠢ ᠪᠠᠶᠢᠭᠤᠯᠵᠤ᠂ ᠦᠪᠡᠷᠲᠡᠭᠡᠨ ᠵᠠᠰᠠᠬᠤ ᠤᠷᠤᠨ ᠤ ᠳᠡᠰ ᠤᠨ ᠬᠦᠳᠡᠭᠡ ᠲᠤᠰᠬᠤᠨ ᠤ | ᠬᠠᠮᠲᠤ ᠶᠢᠨ ᠴᠤᠭᠴᠠ ᠶᠢᠨ ᠲᠤᠷᠰᠢᠯᠲᠠ ᠶᠢᠨ ᠴᠡᠭ ᠢᠶᠠᠷ ᠦᠨᠡᠯᠡᠭᠳᠡᠪᠡ᠃ | ᠭᠤᠷᠪᠠᠨ ᠶᠡᠭᠡ ᠳᠠᠶᠢᠯᠠᠯᠳᠤᠭᠠᠨ ᠤ ᠦᠷ᠎ᠡ ᠪᠦᠲᠦᠮᠵᠢ ᠢᠯᠡᠷᠬᠡᠢ | ᠨᠠᠷᠢᠯᠢᠭ ᠤᠨᠤᠴᠠᠲᠠᠢ ᠪᠠᠷ ᠶᠠᠳᠠᠭᠤ ᠶᠢ ᠳᠡᠳᠬᠦᠪᠡ | 4 ᠶᠠᠳᠠᠭᠤ ᠬᠦᠴᠢᠷᠳᠡᠯᠲᠡᠢ ᠲᠤᠰᠬᠤᠨ ᠬᠤᠭᠤᠴᠠᠭ᠎ᠠ ᠶᠤᠰᠤᠭᠠᠷ ᠶᠠᠳᠠᠭᠤ ᠮᠠᠯᠠᠭᠠᠢ ᠪᠠᠨ ᠲᠠᠶᠠᠭᠳᠠᠵᠤ᠂ 616 | ᠡᠷᠦᠬᠡ ᠶᠢᠨ 1462 ᠬᠦᠮᠦᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠪᠠ᠃ | ᠪᠤᠬᠢᠷᠳᠤᠯ ᠢ ᠰᠡᠷᠭᠡᠶᠢᠯᠡᠨ ᠵᠠᠰᠠᠬᠤ | ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠡᠬᠢ ᠰᠤᠷᠪᠤᠯᠵᠢ ᠶᠢᠨ ᠨᠡᠶᠢᠳᠡᠮ ᠪᠠᠶᠢᠴᠠᠭᠠᠯᠲᠠ ᠶᠢ | ᠪᠡᠶᠡᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠤᠬᠢᠷ ᠢ ᠭᠠᠳᠠᠭᠰᠢᠯᠠᠭᠤᠯᠬᠤ ᠱᠠᠭᠠᠷᠳᠠᠯᠭ᠎ᠠ ᠶᠢ | ᠳᠡᠭᠡᠭᠰᠢᠯᠡᠭᠦᠯᠬᠦ ᠦᠭᠡᠷᠡᠴᠢᠯᠡᠯᠲᠡ ᠶᠢ ᠴᠢᠩᠭᠠᠳᠬᠠᠨ᠂ ᠲᠦᠪ ᠤᠨ ᠣᠷᠴᠢᠨ ᠲᠤᠭᠤᠷᠢᠨ ᠤ ᠱᠠᠪᠳᠠᠨ ᠪᠠᠶᠢᠴᠠᠭᠠᠯᠲᠠ | ᠵᠢᠴᠢ ︽ᠡᠷᠭᠢᠨ ᠬᠠᠷᠠᠬᠤ︾ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠰᠢᠢᠳᠪᠦᠷᠢᠯᠡᠵᠦ᠂ ᠲᠦᠪ ᠬᠤᠲᠠ | ᠲᠤᠭᠤᠷᠢᠭ ᠤᠨ ᠠᠭᠠᠷ ᠮᠠᠨᠳᠠᠯ ᠤᠨ ᠴᠢᠨᠠᠷ ᠴᠢᠨᠰᠠᠭ᠎ᠠ ᠶᠢᠨ ᠰᠢᠯᠢᠳᠡᠭ ᠤᠨ ᠨᠣᠷᠮ᠎ᠠ 90% ᠠᠴᠠ ᠳᠡᠭᠡᠭᠰᠢ ᠪᠠᠶᠢᠬᠤ | ᠶᠢ ᠪᠠᠲᠤᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠦᠷᠦᠰᠦ ᠰᠢᠷᠦᠢ ᠶᠢᠨ ᠤᠷᠴᠢᠨ ᠲᠣᠭᠤᠷᠢᠨ ᠤ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠭᠤᠤᠯ | ᠨᠠᠭᠤᠷ ᠤᠨ ︽ᠳᠦᠷᠪᠡᠨ ᠪᠤᠬᠢᠷ︾ ᠤᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠭᠠᠵᠠᠷ ᠳᠤᠤᠷᠠᠬᠢ | ᠤᠰᠤᠨ ᠤ ᠤᠰᠤᠨ ᠲᠦᠪᠰᠢᠨ ᠳᠤᠷᠤᠭᠰᠢᠯᠠᠬᠤ ᠶᠢ ᠵᠤᠭᠰᠤᠭᠠᠵᠤ ᠤᠰᠤᠨ ᠲᠦᠪᠰᠢᠨ ᠳᠡᠭᠡᠭᠰᠢᠯᠡᠪᠡ᠂ ᠠᠮᠢ ᠠᠬᠤᠢ | ᠶᠢᠨ ᠣᠷᠴᠢᠨ ᠲᠤᠭᠤᠷᠢᠨ ᠤ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠪᠠ᠃ | ᠴᠢᠬᠤᠯᠠ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠬᠠᠳᠬᠠᠪᠠ | ᠤᠯᠤᠰ ᠤᠨ ᠪᠠᠶᠢᠭᠤᠯᠤᠮᠵᠢᠲᠤ ᠰᠢᠶᠠᠨ ︵ᠲᠤᠭᠤᠷᠢᠭ︶ ᠤ ᠵᠠᠰᠠᠭ ᠤᠨ ᠣᠷᠳᠤᠨ ᠤ ᠨᠢᠭᠤᠭᠳᠠᠮᠠᠯ ᠦᠷᠢ ᠦᠭᠴᠡᠭᠡ | ᠶᠢ ᠨᠠᠮᠬᠠᠳᠬᠠᠬᠤ ᠲᠤᠷᠰᠢᠯᠲᠠ ᠶᠢᠨ ᠴᠡᠭ ᠢᠶᠠᠷ ᠠᠮᠵᠢᠯᠲᠠ ᠲᠠᠢ ᠪᠠᠷ ᠦᠨᠡᠯᠡᠭᠳᠡᠪᠡ᠃ | ᠦᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ | ᠠᠷᠠᠯᠵᠢᠶ᠎ᠠ ᠡᠵᠡᠩᠨᠡᠯᠲᠡ ᠶᠢᠨ ᠣᠷᠴᠢᠨ ᠲᠤᠭᠤᠷᠢᠨ | ᠵᠠᠰᠠᠭ ᠵᠠᠬᠢᠷᠭᠠᠨ ᠤ ᠬᠢᠨᠠᠨ ᠵᠦᠪᠯᠡᠬᠦ ᠴᠠᠭ ᠤᠨ ᠬᠢᠵᠠᠭᠠᠷ ᠢ 86.2% ᠢᠶᠠᠷ ᠪᠠᠭᠠᠰᠬᠠᠨ᠂ 1.9 ᠲᠦᠮᠡᠨ ᠡᠷᠦᠬᠡ | ᠵᠠᠬ᠎ᠠ ᠳᠡᠯᠭᠡᠭᠦᠷ ᠤᠨ ᠭᠤᠣᠯ ᠴᠤᠭᠴᠠ ᠴᠡᠪᠡᠷ ᠨᠡᠮᠡᠭᠳᠡᠵᠦ᠂ ᠨᠡᠶᠢᠲᠡ ᠶᠢᠨ ᠦᠮᠴᠢᠯᠡᠯ ᠤᠨ ᠪᠤᠰᠤ ᠠᠵᠣ ᠠᠬᠤᠢ ᠶᠢᠨ | ᠡᠵᠡᠯᠡᠬᠦ ᠬᠠᠷᠢᠴᠠᠯ 97.8% ᠬᠦᠷᠪᠡ᠃ | ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠦᠭᠡᠷᠡᠴᠢᠯᠡᠯᠲᠡ | ᠵᠠᠰᠠᠭ ᠤᠨ ᠣᠷᠳᠤᠨ ᠪᠠ ᠠᠵᠢᠯ ᠦᠢᠯᠡᠰ ᠶᠢᠨ ᠨᠢᠭᠡᠴᠡ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠠᠮᠵᠢᠯᠲᠠ | ᠲᠠᠢ ᠪᠡᠶᠡᠯᠡᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠰᠤᠷᠭᠠᠨ ᠬᠦᠮᠦᠵᠢᠯ᠂ ᠡᠮ ᠡᠮᠨᠡᠯᠭᠡ᠂ ᠨᠡᠶᠢᠭᠡᠮ | ᠤᠨ ᠪᠠᠲᠤᠯᠠᠭ᠎ᠠ ᠵᠡᠷᠭᠡ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢ ᠪᠠᠲᠤᠲᠠᠢ ᠠᠬᠢᠭᠤᠯᠵᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠮᠵᠢ ᠪᠦᠲᠦᠮᠵᠢᠲᠡᠢ ᠳᠡᠭᠡᠭᠰᠢᠯᠡᠪᠡ᠃ | ᠬᠦᠳᠡᠭᠡ ᠲᠤᠰᠬᠤᠨ ᠤ ᠬᠠᠮᠲᠤ ᠶᠢᠨ ᠡᠷᠬᠡ ᠶᠢᠨ ᠦᠮᠴᠢᠯᠡᠯ ᠤᠨ ᠳᠦᠷᠢᠮ ᠤᠨ ᠦᠭᠡᠷᠡᠴᠢᠯᠡᠯᠲᠡ | ᠦᠨᠳᠦᠰᠦᠨ ᠳᠡᠭᠡᠨ ᠪᠡᠶᠡᠯᠡᠭᠦᠯᠪᠡ | ᠭᠠᠳᠠᠭᠰᠢ ᠨᠡᠭᠡᠭᠡᠯᠲᠡ | 5 ᠵᠢᠯ ᠳᠤ 633 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠪᠠ︔ ᠬᠢᠯᠢ ᠠᠯᠤᠰᠯᠠᠭᠰᠠᠨ ᠡᠯᠧᠺᠲᠷᠤᠨ | ᠬᠤᠲᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠰᠦᠯᠵᠢᠶᠡᠨ ᠳᠤ ᠨᠡᠪᠲᠡᠷᠡᠨ ᠡᠵᠡᠩᠨᠡᠵᠦ᠂ | ᠤᠯᠠᠭᠠᠨᠬᠠᠳᠠ ᠮᠠᠨᠵᠤᠤᠷ ᠡᠸᠦ᠋ᠷᠦᠫᠡ ᠶᠢᠨ ᠤᠯᠠᠨ ᠤᠯᠤᠰ ᠤᠨ ᠡᠭᠡᠯᠵᠢ ᠶᠢᠨ ᠭᠠᠯᠲᠤ ᠬᠤᠤᠰ ᠴᠢᠭᠯᠡᠯ ᠢᠶᠠᠷ | ᠨᠡᠪᠲᠡᠷᠡᠨ᠂ 120.8 ᠳ᠋ᠦᠩᠰᠢᠭᠤᠷ ᠲᠦᠭᠦᠷᠢᠭ ᠤᠨ ᠭᠠᠳᠠᠭᠠᠳᠤ ᠠᠷᠠᠯᠵᠢᠶᠠᠨ ᠤ ᠤᠷᠤᠭᠤᠯᠵᠤ ᠭᠠᠷᠭᠠᠭᠰᠠᠨ | ᠶᠡᠷᠦᠩᠬᠡᠢ ᠲᠤᠭ᠎ᠠ ᠶᠢ ᠪᠡᠶᠡᠯᠡᠭᠦᠯᠵᠦ᠂ ᠪᠦᠬᠦ ᠬᠤᠲᠠ ᠶᠢᠨ ᠭᠤᠷᠪᠠᠨ ᠤ ᠬᠤᠶᠠᠷ ᠢ ᠡᠵᠡᠯᠡᠪᠡ᠃ | ᠬᠤᠲᠠ ᠬᠦᠳᠡᠭᠡ ᠶᠢᠨ ᠲᠦᠷᠰᠦ ᠪᠠᠶᠢᠳᠠᠯ ᠪᠦᠬᠦ ᠤᠷᠤᠨ ᠬᠡᠪᠴᠢᠶᠡᠨ ᠳᠤ ᠳᠡᠭᠡᠭᠰᠢᠯᠡᠪᠡ | ᠡᠷᠦᠬᠡ ᠠᠮᠠ ᠪᠦᠬᠦᠢ ᠬᠦᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ 77.1% ᠳᠤ ᠬᠦᠷᠴᠦ᠂ | ᠪᠦᠲᠦᠭᠡᠨ ᠪᠠᠶᠢᠭᠤᠯᠤᠯᠲᠠ ᠶᠢᠨ ᠲᠠᠯᠠᠪᠠᠢ 43.3 ᠲᠡᠭᠰᠢ ᠳᠦᠷᠪᠡᠯᠵᠢᠨ ᠺᠢᠯᠦᠮᠧᠲᠷ ᠠᠴᠠ 73.8 ᠲᠡᠭᠰᠢ | ᠲᠦᠷᠪᠡᠯᠵᠢᠨ ᠺᠢᠯᠦᠮᠧᠲᠷ ᠪᠤᠯᠤᠨ ᠦᠷᠭᠡᠵᠢᠪᠡ᠃ | ᠲᠢᠶᠧ ᠨᠠᠨ ᠤ ᠪᠦᠷᠭᠡᠲᠦ ᠲᠤᠭᠤᠷᠢᠭ ᠤᠨ ᠭᠤᠷᠪᠠᠨ ᠵᠢᠯ ᠤᠨ ᠡᠭᠦᠷᠭᠡ ᠶᠢ ᠬᠤᠭᠤᠴᠠᠭ᠎ᠠ ᠶᠤᠰᠤᠭᠠᠷ ᠭᠦᠢᠴᠡᠳᠬᠡᠵᠦ᠂ | ᠲᠦᠪᠯᠡᠷᠡᠭᠰᠡᠨ ᠪᠦᠷᠭᠡᠲᠦ ᠲᠤᠭᠤᠷᠢᠭ ᠢ ᠦᠨᠳᠦᠰᠦᠨ ᠳᠡᠭᠡᠨ ᠤᠰᠠᠳᠬᠠᠵᠤ᠂ 105 ᠲᠦᠮᠡᠨ ᠲᠡᠭᠰᠢ ᠳᠦᠷᠪᠡᠯᠵᠢᠨ | ᠮᠧᠲᠷ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠪᠠᠶᠢᠭᠤᠯᠵᠤ᠂ ᠤᠴᠢ ᠵᠠᠮ ᠤᠨ ᠶᠡᠭᠡ ᠬᠦᠭᠦᠷᠭᠡ᠂ | ᠬᠤᠲᠠ ᠶᠢᠨ ᠡᠮᠦᠨᠡᠬᠢ ᠪᠤᠰᠤᠭ᠎ᠠ ᠰᠤᠯᠪᠢᠴᠠᠭᠠᠲᠤ ᠬᠦᠭᠦᠷᠭᠡ ᠵᠡᠷᠭᠡ 12 ᠬᠦᠭᠦᠷᠭᠡ ᠶᠢ ᠰᠢᠨ᠎ᠡ ᠪᠠᠷ ᠪᠠᠶᠢᠭᠤᠯᠤᠭᠰᠠᠨ | ᠪᠠ ᠵᠠᠰᠠᠵᠤ᠂ 271 ᠺᠢᠯᠦᠮᠧᠲᠷ ᠵᠠᠮ ᠢ ᠰᠢᠨ᠎ᠡ ᠪᠠᠷ ᠵᠠᠰᠠᠨ᠂ 22 ᠵᠤᠷᠪᠤᠰ ᠵᠡᠭᠡᠯᠢ ᠭᠤᠳᠤᠮᠵᠢ ᠶᠢ ᠦᠭᠡᠷᠡᠴᠢᠯᠡᠨ | ᠪᠠᠶᠢᠭᠤᠯᠵᠤ᠂ 2.1 ᠲᠦᠮᠡᠨ ᠲᠡᠷᠭᠡᠨ ᠵᠤᠭᠰᠤᠭᠠᠯ ᠢ ᠰᠢᠨ᠎ᠡ ᠪᠠᠷ ᠨᠡᠮᠡᠵᠦ᠂ 130 ᠺᠢᠯᠦᠮᠧᠲᠷ ᠪᠤᠷᠤᠭᠠᠨ ᠪᠠ | ᠪᠤᠬᠢᠷ ᠤᠰᠤᠨ ᠤ ᠬᠠᠮᠢᠶᠠᠷᠤᠯᠲᠠ ᠶᠢᠨ ᠬᠤᠭᠤᠯᠠᠢ ᠲᠤᠤᠷᠵᠢᠯ ᠢ ᠰᠢᠨ᠎ᠡ ᠪᠠᠷ ᠪᠠᠶᠢᠭᠤᠯᠤᠭᠰᠠᠨ ᠪᠠ ᠵᠠᠰᠠᠵᠠᠢ᠃ | ᠤᠯᠠᠭᠠᠨ ᠬᠠᠳᠠ᠂ ᠬᠠᠳᠠᠨᠬᠤᠰᠢᠭᠤ ᠴᠡᠴᠡᠷᠯᠢᠭ ᠢ ᠨᠡᠭᠡᠭᠡᠨ ᠠᠰᠢᠭᠯᠠᠵᠤ᠂ ᠬᠤᠩ ᠱᠠᠨ᠂ ᠡᠮᠦᠨ᠎ᠡ ᠠᠭᠤᠯᠠᠨ ᠤ | ᠦᠵᠡᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ 3.5 ᠲᠦᠮᠡᠨ ᠮᠦ ᠤᠶᠢᠵᠢᠭᠤᠯᠤᠯᠲᠠ ᠶᠢᠨ ᠲᠠᠯᠠᠪᠠᠢ ᠶᠢ ᠰᠢᠨ᠎ᠡ | ᠪᠠᠷ ᠪᠠ ᠦᠭᠡᠷᠡᠴᠢᠯᠡᠨ ᠤᠶᠢᠵᠢᠭᠤᠯᠵᠤ᠂ ᠤᠯᠤᠰ ᠤᠨ ᠴᠡᠴᠡᠷᠯᠢᠭᠵᠢᠭᠰᠡᠨ ᠬᠤᠲᠠ ᠶᠢ ᠠᠮᠵᠢᠯᠲᠠ ᠲᠠᠢ ᠪᠠᠶᠢᠭᠤᠯᠪᠠ᠃ | | ᠬᠤᠲᠠ ᠬᠦᠳᠡᠭᠡ ᠶᠢᠨ ᠬᠦᠮᠦᠨ ᠰᠠᠭᠤᠭᠠᠯᠢ ᠶᠢᠨ ᠣᠷᠴᠢᠨ ᠲᠤᠭᠤᠷᠢᠨ ᠤ ᠴᠡᠭᠴᠡᠯᠡᠨ ᠵᠠᠰᠠᠯᠲᠠ ᠶᠢᠨ ᠭᠤᠷᠪᠠᠨ ᠵᠢᠯ | ᠤᠨ ᠠᠵᠢᠯᠯᠠᠭᠠᠨ ᠢ ᠬᠡᠷᠡᠭᠵᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠤᠭᠲᠠᠴᠠ ᠶᠢᠨ | ᠦᠭᠡᠷᠡᠴᠢᠯᠡᠯᠲᠡ ᠶᠢ ᠠᠬᠢᠭᠤᠯᠵᠤ᠂ ︽ᠤᠶᠤᠨᠴᠢ ᠬᠤᠲᠠ ᠶᠢᠨ ᠬᠠᠮᠢᠶᠠᠷᠤᠯᠲᠠ︾ ᠶᠢᠨ ᠲᠠᠪᠴᠠᠩ ᠢ ᠪᠠᠶᠢᠭᠤᠯᠵᠤ᠂ | ᠳᠦᠷᠢᠮ ᠵᠦᠷᠢᠴᠡᠭᠰᠡᠨ ᠪᠠᠷᠢᠯᠭ᠎ᠠ ᠨᠡᠮᠡᠵᠦ ᠪᠠᠷᠢᠬᠤ ᠦᠭᠡᠢ ᠪᠠᠶᠢᠬᠤ ᠶᠢ ᠪᠠᠲᠤᠯᠠᠨ᠂ ᠤᠯᠤᠰ ᠤᠨ ᠡᠷᠡᠭᠦᠯ ᠬᠠᠮᠠᠭᠠᠯᠠᠯ | ᠤᠨ ᠬᠤᠲᠠ ᠶᠢᠨ ᠲᠠᠬᠢᠨ ᠬᠢᠨᠠᠯᠲᠠ ᠶᠢ ᠢᠯᠭᠤᠮ ᠲᠤᠭᠤᠯᠪᠠ᠃ | ᠬᠦᠳᠡᠭᠡ ᠲᠤᠰᠬᠤᠨ ᠤ ᠪᠠᠶᠢᠭᠤᠯᠤᠯᠲᠠ ᠶᠢᠨ ᠠᠵᠢᠯᠯᠠᠭ᠎ᠠ ᠶᠢ ᠪᠠᠲᠤᠲᠠᠢ ᠦᠷᠨᠢᠭᠦᠯᠵᠦ᠂ ᠬᠦᠳᠡᠭᠡ ᠲᠤᠰᠬᠤᠨ ᠤ ︽ | ᠵᠤᠷᠯᠤᠩ ᠤᠨ ᠬᠤᠪᠢᠰᠬᠠᠯ︾ ᠢ ᠭᠦᠨᠵᠡᠭᠡᠢ ᠠᠬᠢᠭᠤᠯᠵᠤ᠂ ᡂᠢ ᠰᠢᠨ ᠵᠢᠭᠤᠯᠴᠢᠯᠠᠯ ᠤᠨ ᠵᠠᠰᠠᠮᠠᠯ ᠵᠠᠮ ᠠᠵᠢᠯ | ᠳᠠᠭᠤᠰᠴᠤ ᠲᠡᠷᠭᠡ ᠨᠡᠪᠲᠡᠷᠡᠨ᠂ ᠬᠤᠲᠠ ᠬᠦᠳᠡᠭᠡ ᠶᠢᠨ ᠮᠧᠬᠠᠨᠢᠭᠵᠢᠭᠰᠠᠨ ᠴᠡᠪᠡᠷᠯᠡᠭᠡ ᠶᠢᠨ ᠨᠣᠷᠮ᠎ᠠ 85.5% | ᠬᠦᠷᠪᠡ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠦᠷᠭᠦᠯᠵᠢᠯᠡᠨ ᠰᠠᠶᠢᠵᠢᠷᠠᠪᠠ | ᠨᠡᠶᠢᠲᠡ 129 ᠳ᠋ᠦᠩᠰᠢᠭᠤᠷ ᠲᠦᠭᠦᠶᠢᠷᠭ ᠤᠨ ᠪᠡᠯᠡ ᠤᠷᠤᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ 75% | ᠶᠢ ᠡᠵᠡᠯᠡᠪᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠡ | ᠣᠷᠤᠯᠭ᠎ᠠ 41686 ᠲᠦᠭᠦᠷᠢᠭ ᠪᠠ 24768 ᠲᠦᠭᠦᠷᠢᠭ ᠬᠦᠷᠴᠦ᠂ ᠲᠤᠰᠪᠤᠷᠢ 11166 ᠲᠦᠭᠦᠷᠢᠭ ᠪᠠ | 8621 ᠲᠦᠭᠦᠷᠢᠭ ᠨᠡᠮᠡᠭᠳᠡᠪᠡ᠃ | ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ | ᠤᠯᠤᠰ ᠤᠨ ᠳᠡᠰ ᠤᠨ ᠲᠦᠭ ᠲᠦᠮᠡᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ 2 ᠨᠡᠮᠡᠭᠳᠡᠪᠡ | ᠰᠢᠨ᠎ᠡ ᠪᠠᠷ ᠨᠡᠮᠡᠭᠳᠡᠭᠰᠡᠨ ᠪᠠ ᠰᠢᠯᠵᠢᠭᠦᠯᠦᠨ ᠠᠵᠢᠯ ᠣᠯᠭᠤᠯᠲᠠ 10.7 ᠲᠦᠮᠡᠨ ᠬᠦᠮᠦᠨ ᠤᠳᠠᠭ᠎ᠠ | ᠬᠤᠲᠠ ᠬᠦᠳᠡᠭᠡ ᠶᠢᠨ ᠳᠤᠤᠷ᠎ᠠ ᠪᠠᠲᠤᠯᠠᠭ᠎ᠠ ᠶᠢᠨ ᠪᠠᠷᠢᠮᠵᠢᠶ᠎ᠠ ᠵᠢᠯ ᠪᠦᠷᠢ 9036 ᠲᠦᠭᠦᠷᠢᠭ ᠪᠠ 5512 | ᠲᠦᠭᠦᠷᠢᠭ ᠪᠤᠯᠤᠨ ᠳᠡᠭᠡᠭᠰᠢᠯᠡᠪᠡ | ᠨᠡᠶᠢᠭᠡᠮ ᠤᠨ ᠠᠵᠢᠯ ᠦᠢᠯᠡᠰ | ᠰᠤᠷᠭᠠᠨ ᠬᠦᠮᠦᠵᠢᠯ | ᠰᠤᠷᠭᠠᠨ ᠬᠦᠮᠦᠵᠢᠯ ᠤᠨ ᠪᠠᠶᠢᠷᠢᠯᠠᠭᠤᠯᠤᠯᠲᠠ ᠪᠠ ᠲᠡᠩᠴᠡᠭᠦᠷᠢᠲᠦ ᠬᠦᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ | ᠬᠡᠷᠡᠭᠵᠢᠭᠦᠯᠵᠦ᠂ 35 ᠳᠤᠮᠳᠠᠳᠤ ᠪᠠᠭ᠎ᠠ ᠰᠤᠷᠭᠠᠭᠤᠯᠢ ᠪᠠ ᠴᠡᠴᠡᠷᠯᠢᠭ ᠢ ᠰᠢᠨ᠎ᠡ ᠪᠠᠷ ᠪᠠ ᠦᠭᠡᠷᠡᠴᠢᠯᠡᠨ ᠪᠠᠶᠢᠭᠤᠯᠵᠤ | ᠂ 2.5 ᠲᠦᠮᠡᠨ ᠰᠤᠷᠤᠭᠴᠢ ᠳᠤ ᠰᠢᠨ᠎ᠡ ᠪᠠᠷ ᠤᠷᠤᠨ ᠪᠠᠶᠢᠷᠢ ᠬᠠᠩᠭᠠᠵᠤ᠂ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠦᠮᠦᠵᠢᠯ ᠠᠯᠪᠠᠨ ᠠᠴᠠ ᠡᠷᠬᠢᠯᠡᠭᠰᠡᠨ ᠨᠤᠷᠮ᠎ᠠ ᠪᠠ ᠠᠰᠢᠭ ᠬᠦᠷᠲᠡᠭᠡᠬᠦ ᠨᠣᠷᠮ᠎ᠠ ᠳᠡᠭᠡᠭᠰᠢᠯᠡᠭᠡᠳ 59% | ᠪᠠ 80% ᠪᠣᠯᠪᠠ᠂ ᠤᠯᠤᠰ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠦᠨᠳᠦᠰᠦᠨ ᠳᠡᠭᠡᠨ | ᠲᠡᠩᠴᠡᠭᠦᠷᠢᠲᠡᠢ ᠬᠦᠭᠵᠢᠭᠦᠯᠬᠦ ᠬᠢᠨᠠᠨ ᠰᠢᠯᠭᠠᠯᠲᠠ ᠶᠢᠨ ᠪᠠᠷᠢᠮᠵᠢᠶ᠎ᠠ ᠶᠢ ᠢᠯᠭᠤᠮ ᠲᠤᠭᠤᠯᠪᠠ᠃ | ᠡᠷᠡᠭᠦᠯ ᠬᠠᠮᠠᠭᠠᠯᠠᠯ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠭᠤᠷᠪᠠᠨ ᠵᠢᠯ | ᠤᠨ ᠠᠵᠢᠯᠯᠠᠭᠠᠨ ᠢ ᠬᠡᠷᠡᠭᠵᠢᠭᠦᠯᠵᠦ᠂ ᠬᠤᠶᠠᠳᠤᠭᠠᠷ ᠡᠮᠨᠡᠯᠭᠡ ᠶᠢᠨ ᠬᠤᠷᠢᠶᠠᠨ ᠤ ᠬᠦᠭᠦᠷᠭᠡᠨ ᠤ ᠬᠤᠶᠢᠳᠦᠬᠢ | ᠬᠤᠪᠢᠶᠠᠷᠢ ᠬᠤᠷᠢᠶᠠᠨ ᠤ ᠭᠤᠤᠯ ᠴᠤᠭᠴᠠ ᠶᠢᠨ ᠢᠨᠵᠧᠨᠧᠷᠢᠩ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠠ | ᠬᠤᠶᠠᠳᠤᠭᠠᠷ ᠬᠢᠲᠠᠳ ᠮᠤᠩᠭᠤᠯ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ | ᠡᠮᠴᠢᠯᠡᠭᠡᠨ ᠤ ᠪᠦᠯᠦᠭᠯᠡᠯ ᠤᠨ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ᠃ | ᠰᠤᠶᠤᠯ ᠲᠠᠮᠢᠷ | ᠡᠯ ᠳ᠋ᠤᠤ ᠵᠢᠩᠽᠢ ᠶᠢᠨ ᠪᠠᠭᠤᠷᠢ ᠶᠢᠨ ᠮᠦᠽᠸᠢ᠂ ᠬᠤᠩᠱᠠᠨ ᠰᠤᠶᠤᠯ ᠤᠨ ᠮᠦᠽᠸᠢ᠂ ᠬᠤᠩᠱᠠᠨ ᠰᠤᠶᠤᠯ ᠤᠨ | ᠲᠦᠪ ᠡᠬᠢᠯᠡᠨ ᠡᠵᠡᠩᠨᠡᠪᠡ᠃ | ᠵᠠᠰᠠᠭ ᠤᠨ ᠣᠷᠳᠤᠨ ᠤ ᠦᠪᠡᠷ ᠪᠡᠶ᠎ᠡ ᠶᠢᠨ ᠪᠠᠶᠢᠭᠤᠯᠤᠯᠲᠠ ᠢᠯᠡᠷᠬᠡᠢ ᠴᠢᠩᠭᠠᠷᠠᠪᠠ | ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠬᠦᠯᠢᠶᠡᠵᠦ᠂ 510 | ᠠᠷᠠᠳ ᠤᠨ ᠲᠦᠯᠦᠭᠡᠯᠡᠭᠴᠢᠳ ᠤᠨ ᠰᠠᠨᠠᠯ᠂ 595 ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ | ᠳᠤᠷᠠᠳᠤᠯᠭ᠎ᠠ ᠶᠢ ᠬᠦᠯᠢᠶᠡᠨ ᠰᠢᠢᠳᠪᠦᠷᠢᠯᠡᠪᠡ᠃ ︽ᠭᠤᠷᠪᠠᠨ ᠠᠯᠪᠠᠨ︾ ᠤ ᠵᠠᠷᠤᠳᠠᠯ 30% ᠪᠠᠷ ᠪᠠᠭᠠᠰᠪᠠ᠃ | | |