| | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ︾ | ᠳᠤ ᠲᠠᠶᠢᠯᠤᠮᠵᠢ ᠬᠢᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ︾ ︵ᠳᠣᠷᠣᠭᠰᠢ ︽ | ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠲᠣᠭᠲᠠᠭᠠᠭᠰᠠᠨ ᠶᠠᠪᠤᠴᠠ᠂ ᠭᠤᠤᠯ ᠠᠭᠤᠯᠭ᠎ᠠ ᠪᠠ ᠬᠠᠮᠢᠶ᠎ᠠ ᠪᠥᠬᠦᠶ | ᠪᠠᠶᠢᠳᠠᠯ ᠢ ᠵᠠᠷᠯᠠᠨ ᠮᠡᠳᠡᠭᠳᠡᠪᠡ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ︾ ᠶᠢ ᠥᠪᠡᠷᠲᠡᠭᠡᠨ ᠵᠠᠰᠠᠬᠤ | ᠣᠷᠣᠨ ᠤ ︽N︾ ᠲᠥᠷᠥᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠤᠰᠬᠠᠶ ᠲᠥᠯᠥᠪᠵᠢᠭᠦᠯᠭᠡ ᠳᠤ ᠵᠢᠭᠰᠠᠭᠠᠵᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠳᠠᠷᠤᠮᠠᠯᠯᠠᠨ ᠲᠠᠷᠬᠠᠭᠠᠪᠠ᠃ | ︽ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ 2020 ᠣᠨ ᠤ 7 ᠳ᠋ᠤᠭᠠᠷ ᠰᠠᠷ᠎ᠠ ᠠᠴᠠ | ᠡᠬᠢᠯᠡᠵᠦ᠂ ᠮᠠᠨ ᠤ ᠣᠷᠣᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠠᠮᠵᠢᠯᠲᠠ ᠶᠢ ᠪᠦᠬᠦ ᠲᠠᠯ᠎ᠠ ᠪᠠᠷ | ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ | ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠤᠷᠢᠳ ᠬᠤᠵᠢᠳ 12 ᠠᠶᠢᠮᠠᠭ ᠬᠤᠲᠠ ᠳᠤ ᠬᠦᠷᠴᠦ 2 ᠡᠭᠡᠯᠵᠢ ᠶᠢᠨ ᠲᠤᠰᠬᠠᠶ | ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠲᠤᠭᠤᠷᠪᠢᠨ ᠪᠢᠴᠢᠬᠦ ᠶᠠᠪᠤᠴᠠ ᠳᠤ 30 ᠭᠠᠷᠤᠶ ᠵᠥᠪᠯᠡᠯ | ᠠᠯᠪᠠᠨ ᠬᠡᠷ ᠲᠢᠩᠬᠢᠮ ᠲᠣᠪᠴᠢᠶ᠎ᠠ ᠪᠣᠯᠤᠨ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠵᠢᠴᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠠᠮᠢᠶ᠎ᠠ ᠪᠥᠬᠦᠶ ᠠᠵᠢᠯ ᠲᠥᠷᠥᠯ ᠤᠨ | ᠨᠡᠶᠢᠭᠡᠮᠯᠢᠭ ᠵᠡᠷᠭᠡ ᠠᠴᠠ ᠥᠷᠭᠡᠨ ᠢᠶᠠᠷ ᠰᠠᠨᠠᠯ ᠬᠤᠷᠢᠶᠠᠵᠤ᠂ ᠨᠢᠮᠪᠠᠶ ᠰᠦᠪᠡᠭᠴᠢᠯᠡᠬᠦ ᠪᠠ ᠰᠢᠨᠵᠢᠯᠡᠬᠦ ᠤᠬᠠᠭᠠᠨᠴᠢ | ᠨᠤᠲᠠᠯᠠᠯᠲᠠ ᠬᠢᠬᠦ ᠪᠠᠷ ᠳᠡᠮᠵᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ | ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠥᠯᠥᠪᠵᠢᠭᠦᠯᠭᠡ︾ ᠶᠢ ᠨᠠᠶᠢᠷᠠᠭᠤᠯᠤᠨ ᠪᠢᠴᠢᠪᠡ᠃ | ︽ᠲᠥᠯᠥᠪᠵᠢᠭᠦᠯᠭᠡ︾ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠶᠡᠷᠦᠩᠬᠡᠶ ᠬᠠᠷᠠᠯᠲᠠ ᠶᠢ | ᠲᠣᠳᠣᠷᠬᠠᠶᠢᠯᠠᠪᠠ᠂ ᠲᠤᠬᠠᠶᠢᠯᠠᠪᠠᠯ ︽ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ᠠᠷᠠᠳ ᠤᠨ | ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠭᠤᠣᠯᠳᠠᠯᠭ᠎ᠠ ᠪᠠᠨ ᠲᠥᠪᠯᠡᠷᠡᠭᠦᠯᠵᠦ᠂ | ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ︾ ᠶᠢᠨ ᠲᠣᠭᠤᠷᠢᠨ ᠳᠤ᠂ 2025 ᠣᠨ ᠪᠣᠯᠬᠤ ᠳᠤ᠂ | ᠨᠢᠭᠡᠳᠦᠯᠲᠡᠢ ᠪᠥᠭᠡᠳ ᠨᠡᠭᠡᠭᠡᠯᠲᠡᠲᠡᠢ᠂ ᠥᠷᠢᠰᠥᠯᠳᠦᠭᠡᠨ ᠲᠠᠢ ᠪᠥᠭᠡᠳ ᠡᠮᠬᠢ ᠵᠢᠷᠤᠮ ᠲᠠᠢ᠂ ᠦᠨᠡᠨᠴᠢ ᠢᠲᠡᠭᠡᠮᠵᠢᠲᠡᠢ | ᠪᠥᠭᠡᠳ ᠬᠠᠤᠯᠢ ᠶᠢ ᠰᠠᠬᠢᠬᠤ᠂ ᠬᠢᠨᠠᠯᠲᠠ ᠬᠠᠮᠢᠶᠠᠷᠤᠯᠲᠠ ᠬᠦᠴᠦᠲᠡᠢ ᠤᠳᠤ ᠦᠶ᠎ᠡ ᠶᠢᠨ ᠵᠠᠬ᠎ᠠ ᠳᠡᠯᠭᠡᠭᠦᠷ ᠤᠨ | ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠤ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠦᠷᠢᠯᠳᠦᠭᠦᠯᠵᠦ᠂ ᠨᠠᠮ ᠤᠨ ᠬᠤᠷᠢᠶ᠎ᠠ ᠪᠠᠷ ᠤᠳᠤᠷᠢᠳᠤᠭᠰᠠᠨ᠂ | ᠵᠠᠰᠠᠭ ᠤᠨ ᠣᠷᠳᠣᠨ ᠭᠤᠣᠯᠴᠢᠯᠠᠨ ᠵᠢᠯᠤᠭᠤᠳᠤᠭᠰᠠᠨ᠂ ᠰᠠᠯᠠᠭ᠎ᠠ ᠮᠥᠴᠢᠷ ᠬᠤᠯᠪᠣᠭᠠᠯᠠᠭᠰᠠᠨ᠂ ᠠᠵᠤ ᠠᠬᠤᠶᠢᠯᠠᠯ | ᠭᠤᠣᠯᠯᠠᠨ ᠬᠠᠷᠢᠭᠤᠴᠠᠭᠰᠠᠨ᠂ ᠨᠡᠶᠢᠭᠡᠮ ᠳᠠᠶᠠᠭᠠᠷ ᠣᠷᠣᠯᠴᠠᠭᠰᠠᠨ ᠶᠡᠭᠡ ᠶᠠᠰᠤ ᠴᠢᠨᠠᠷ ᠤᠨ ᠠᠵᠢᠯ ᠤᠨ ᠪᠠᠶᠢᠷᠢᠰᠢᠯ ᠢ | ᠪᠦᠷᠢᠯᠳᠦᠭᠦᠯᠦᠨ᠎ᠡ᠃ ᠡᠭᠦᠨ ᠤ ᠬᠠᠮᠲᠤ᠂ ︽ᠲᠥᠯᠥᠪᠵᠢᠭᠦᠯᠭᠡ︾ ᠨᠢ ᠬᠡᠮᠵᠢᠶ᠎ᠡ ᠲᠣᠭᠲᠠᠭᠠᠬᠤ ᠠᠷᠭ᠎ᠠ ᠬᠡᠯᠪᠡᠷᠢ ᠪᠠᠷ | ᠲᠦᠮᠡᠨ ᠬᠥᠮᠦᠨ ᠪᠦᠷᠢ ᠳᠤ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠶ ᠠᠰᠢᠭ ᠤᠨ ᠪᠠᠶᠢᠬᠤ ᠬᠡᠮᠵᠢᠶ᠎ᠡ᠂ | ᠬᠡᠷᠡᠭᠯᠡᠭᠡ ᠶᠢᠨ ᠵᠠᠭᠠᠯᠳᠤᠯᠭ᠎ᠠ ᠶᠢ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠬᠤ ᠨᠣᠷᠮ᠎ᠠ᠂ | ᠦᠢᠯᠡᠳᠬᠡᠯ ᠤᠨ ᠦᠢᠯᠡᠰ ᠤᠨ ᠦᠢᠯᠡᠳᠬᠦᠨ ᠤ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ᠂ ᠣᠯᠠᠨ | ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠬᠠᠨᠤᠮᠵᠢ ᠶᠢᠨ ᠬᠡᠮᠵᠢᠶ᠎ᠡ᠂ ᠴᠢᠨᠠᠷᠯᠢᠭ ᠬᠥᠭᠵᠢᠯᠲᠡ ᠶᠢ ᠠᠬᠢᠭᠤᠯᠬᠤ | ᠪᠠᠷᠢᠮᠵᠢᠶ᠎ᠠ ᠲᠣᠭᠲᠠᠯᠴᠠᠭᠠᠨ ᠤ ᠲᠥᠷᠥᠯ ᠵᠦᠢᠯ ᠢ ᠪᠠᠶᠢᠭᠤᠯᠬᠤ ᠵᠡᠷᠭᠡ 5 ᠴᠢᠬᠤᠯᠠ ᠵᠢᠱᠢᠯᠲᠡ ᠶᠢᠨ ᠴᠢᠨᠠᠷᠲᠠᠶ | ᠭᠦᠢᠴᠡᠳᠬᠡᠯ ᠲᠤᠭ᠎ᠠ᠂ ᠵᠢᠴᠢ ᠲᠠᠰᠢᠷᠠᠮ ᠳᠤ ᠨᠢ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠳᠠᠩᠰᠠ ᠶᠢ | ᠬᠠᠮᠤᠷᠤᠭᠤᠯᠬᠤ᠂ ᠢᠯᠡᠴᠢᠯᠡᠨ ᠮᠡᠳᠡᠭᠦᠯᠦᠭᠰᠡᠨ ᠢ ᠲᠣᠭᠲᠠᠭᠰᠠᠨ ᠬᠤᠭᠤᠴᠠᠭᠠᠨ ᠳᠤ ᠬᠠᠷᠭᠤᠭᠤᠯᠤᠨ ᠪᠠᠶᠢᠴᠠᠭᠠᠬᠤ | ᠨᠣᠷᠮ᠎ᠠ᠂ ᠮᠢᠩᠭᠠᠨ ᠬᠥᠮᠦᠨ ᠤ ᠲᠠᠷᠢᠶᠠᠯᠠᠩ ᠤᠨ ᠪᠦᠲᠦᠭᠡᠭᠳᠡᠬᠦᠨ ᠪᠠ ᠢᠳᠡᠭᠡᠨ ᠢ ᠰᠢᠯᠭᠠᠨ ᠪᠠᠶᠢᠴᠠᠭᠠᠬᠤ ᠬᠡᠮᠵᠢᠶ᠎ᠡ᠂ | ᠢᠳᠡᠭᠡᠨ ᠢ ᠰᠤᠭᠤᠴᠢᠨ ᠪᠠᠶᠢᠴᠠᠭᠠᠵᠤ ᠠᠰᠠᠭᠤᠳᠠᠯ ᠢ ᠰᠢᠢᠳᠪᠦᠷᠢᠯᠡᠬᠦ ᠨᠣᠷᠮ᠎ᠠ᠂ ᠦᠨᠳᠦᠰᠦᠨ ᠡᠮ ᠤᠨ ᠵᠦᠢᠯ ᠤᠨ | ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ᠂ ᠲᠦᠮᠡᠨ ᠰᠠᠤᠷᠢ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠠᠳᠡᠯ ᠦᠬᠦᠯᠲᠡ ᠶᠢᠨ ᠨᠣᠷᠮ᠎ᠠ ᠵᠡᠷᠭᠡ 6 ᠬᠢᠵᠠᠭᠠᠷᠯᠠᠬᠤ ᠴᠢᠨᠠᠷᠲᠠᠶ ᠴᠢᠬᠤᠯᠠ ᠭᠦᠢᠴᠡᠳᠬᠡᠯ | ᠲᠤᠭ᠎ᠠ ᠶᠢ ᠳᠤᠷᠠᠳᠤᠨ ᠭᠠᠷᠭᠠᠪᠠ᠃ | ︽ᠲᠥᠯᠥᠪᠵᠢᠭᠦᠯᠭᠡ︾ ᠳᠤ ᠪᠠᠰᠠ ᠰᠢᠨᠡᠴᠢᠯᠡᠯᠲᠡ ᠶᠢᠨ ᠴᠢᠨᠠᠷᠲᠠᠶ ᠪᠠᠷ ︽4+4︾ ᠡᠭᠦᠷᠭᠡ ᠶᠢᠨ | ᠵᠠᠭᠪᠤᠷ ᠢ ᠳᠤᠷᠠᠳᠤᠨ ᠭᠠᠷᠭᠠᠵᠠᠶ᠂ ᠲᠤᠬᠠᠶᠢᠯᠠᠪᠠᠯ᠄ 4 ᠣᠷᠴᠢᠨ ᠨᠥᠬᠦᠴᠡᠯ ᠢ ᠰᠢᠯᠢᠳᠡᠭᠵᠢᠭᠦᠯᠵᠦ᠂ 4 | ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ︵ᠠᠭᠤᠵᠢᠭᠤ ᠪᠥᠭᠡᠳ ᠳᠥᠭᠦᠮ ᠳᠥᠲᠡ ᠵᠠᠬ᠎ᠠ ᠳᠡᠯᠭᠡᠭᠦᠷ ᠲᠤ | ᠵᠥᠪᠰᠢᠶᠡᠷᠡᠨ ᠣᠷᠣᠭᠤᠯᠬᠤ ᠣᠷᠴᠢᠨ ᠨᠥᠬᠦᠴᠡᠯ ᠢ ᠪᠤᠢ ᠪᠣᠯᠭᠠᠬᠤ᠂ ᠲᠥᠪ ᠭᠤᠣᠯᠴᠢ ᠡᠮᠬᠢ ᠵᠢᠷᠤᠮ ᠲᠠᠢ ᠵᠠᠬ᠎ᠠ | ᠳᠡᠯᠭᠡᠭᠦᠷ ᠤᠨ ᠥᠷᠢᠰᠥᠯᠳᠦᠭᠡᠨ ᠤ ᠣᠷᠴᠢᠨ ᠨᠥᠬᠦᠴᠡᠯ ᠢ ᠪᠤᠢ ᠪᠣᠯᠭᠠᠬᠤ᠂ ᠠᠮᠤᠷ ᠲᠦᠪᠰᠢᠨ ᠪᠥᠭᠡᠳ ᠰᠠᠨᠠᠭ᠎ᠠ | ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠤᠢ ᠪᠣᠯᠭᠠᠬᠤ᠂ ᠥᠨᠳᠥᠷ ᠪᠠᠷᠢᠮᠵᠢᠶᠠᠲᠤ ᠶᠠᠰᠤ ᠴᠢᠨᠠᠷ ᠤᠨ | ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠬᠤ᠂ ᠣᠳᠣᠬᠢᠴᠢᠯᠠᠭᠰᠠᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠬᠤ᠂ ᠥᠨᠳᠥᠷ ᠦᠷ᠎ᠡ ᠪᠦᠲᠦᠮᠵᠢᠲᠡᠢ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠬᠤ᠂ ᠤᠯᠠᠨ ᠡᠰᠢᠲᠦ ᠬᠤᠷᠠᠮᠠᠯ ᠬᠠᠮᠵᠢᠯᠴᠠᠨ ᠬᠠᠮᠲᠤ ᠪᠠᠷ ᠵᠠᠰᠠᠬᠤ | ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ | ᠲᠤᠯᠭᠠᠭᠤᠷᠢᠯᠠᠯ ᠤᠨ ᠲᠣᠭᠲᠠᠯᠴᠠᠭ᠎ᠠ ᠶᠢ ᠪᠠᠬᠢᠵᠢᠭᠦᠯᠬᠦ︶᠃ 37 ᠵᠦᠢᠯ ᠤᠨ ᠲᠤᠬᠠᠶᠢᠯᠠᠭᠰᠠᠨ ᠠᠵᠢᠯ ᠢ | ᠶᠡᠷᠦᠩᠬᠡᠶᠢᠯᠡᠨ ᠲᠣᠬᠢᠷᠠᠭᠤᠯᠵᠤ᠂ ᠣᠳᠣᠬᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠩ ᠤᠨ | ᠠᠵᠢᠯ ᠢ ᠬᠠᠮᠤᠷᠤᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ | ᠬᠡᠷᠡᠭᠴᠡᠭᠡ ᠶᠢ ᠬᠠᠮᠲᠤ ᠳᠤ ᠨᠢ ᠬᠠᠷᠠᠭᠠᠯᠵᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭ᠎ᠠ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠳᠤ ︽ᠲᠤᠮᠤ ᠵᠠᠬ᠎ᠠ ᠳᠡᠯᠭᠡᠭᠦᠷ︾ ᠢ ᠪᠠᠶᠢᠭᠤᠯᠬᠤ᠂ ︽ | ᠲᠤᠮᠤ ᠶᠠᠰᠤ ᠴᠢᠨᠠᠷ︾ ᠢ ᠳᠡᠭᠡᠭᠰᠢᠯᠡᠭᠦᠯᠬᠦ᠂ ︽ᠲᠤᠮᠤ ᠬᠢᠨᠠᠯᠲᠠ ᠬᠠᠮᠢᠶᠠᠷᠤᠯᠲᠠ︾ ᠶᠢ ᠪᠣᠳᠠᠲᠠᠶᠢᠵᠢᠭᠤᠯᠬᠤ ᠳᠤ | ᠦᠨᠳᠦᠰᠦ ᠪᠠᠷᠢᠮᠲᠠ ᠬᠠᠩᠭᠠᠬᠤ ᠶᠢᠨ ᠬᠠᠮᠲᠤ ᠭᠦᠢᠴᠡᠳ ᠣᠷᠣᠨ ᠵᠠᠶ ᠦᠯᠡᠳᠡᠭᠡᠪᠡ᠃ ᠡᠭᠦᠨ ᠤ ᠬᠠᠮᠲᠤ᠂ ︽ | ᠲᠥᠯᠥᠪᠵᠢᠭᠦᠯᠭᠡ︾ ᠨᠢ ᠴᠢᠨᠠᠷᠯᠢᠭ ᠬᠥᠭᠵᠢᠯᠲᠡ ᠳᠤ ᠦᠢᠯᠡᠴᠢᠯᠡᠬᠦ᠂ ︽ᠬᠤᠶᠠᠷ ᠰᠠᠭᠤᠷᠢᠨ︾ ᠳᠤ ᠦᠢᠯᠡᠴᠢᠯᠡᠬᠦ᠂ | ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠭᠤᠷᠪᠠᠨ ᠲᠠᠯ᠎ᠠ ᠶᠢᠨ ᠲᠣᠭᠤᠷᠢᠨ ᠳᠤ᠂ 16 ᠴᠢᠬᠤᠯᠠ ᠶᠡᠭᠡ | ᠲᠥᠷᠥᠯ ᠵᠦᠢᠯ ᠢ ᠳᠣᠭᠢᠷᠠᠭᠤᠯᠵᠤ᠂ ᠪᠣᠳᠠᠲᠠᠶ ᠶᠢ ᠡᠷᠬᠢᠮᠯᠡᠬᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ | ᠴᠢᠩᠭᠠᠳᠬᠠᠪᠠ᠃ |