ᠤᠯᠤᠰ ᠲᠦᠷᠦ ᠶᠢᠨ ᠵᠦᠪᠯᠡᠯᠭᠡᠨ ᠤ ᠬᠤᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠵᠦᠪᠯᠡᠯ  ᠤᠨ ᠠᠩᠬᠠᠳᠤᠭᠠᠷ ᠬᠤᠷᠠᠯ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2022/1/7
        1 ᠰᠠᠷ᠎ᠠ ᠶᠢᠨ 6 ᠤ ᠦᠳᠡ ᠠᠴᠠ ᠡᠮᠦᠨ᠎ᠡ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠤᠷᠠᠯᠳᠤᠭᠠᠨ ᠤ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ  ᠤ ᠵᠦᠪᠯᠡᠯ ᠤᠨ ᠠᠩᠬᠠᠳᠤᠭᠠᠷ ᠤᠳᠠᠭᠠᠨ ᠤ ᠪᠦᠬᠦ ᠭᠡᠰᠢᠭᠦᠨ ᠤ ᠬᠤᠷᠠᠯ ᠦᠪᠡᠳᠡᠭᠰᠢ ᠶᠡᠬᠡᠪᠡᠷ ᠡᠬᠢᠯᠡᠪᠡ᠃        ᠶᠡᠭᠡ ᠬᠤᠷᠠᠯ ᠳᠤ ᠤᠷᠤᠯᠴᠠᠪᠠᠰᠤ ᠵᠤᠬᠢᠬᠤ ᠵᠦᠪᠯᠡᠯᠭᠡᠨ ᠤ ᠭᠡᠰᠢᠭᠦᠨ 195 ᠨᠡᠷ᠎ᠡ ᠪᠠᠶᠢᠵᠤ᠂ ᠪᠤᠳᠠᠲᠠᠢ ᠣᠷᠤᠯᠴᠠᠭᠰᠠᠨ ᠭᠡᠰᠢᠭᠦᠨ 185 ᠪᠠᠶᠢᠵᠤ᠂ ︽ᠤᠯᠤᠰ ᠲᠦᠷᠦ ᠶᠢᠨ ᠵᠦᠪᠯᠡᠯᠭᠡᠨ ᠤ ᠳᠦᠷᠢᠮ ᠳᠤᠭᠲᠠᠭᠠᠯ︾ ᠤᠨ ᠬᠠᠮᠢᠶ᠎ᠠ ᠪᠦᠬᠦᠢ ᠲᠤᠭᠲᠠᠭᠠᠯ ᠳᠤ ᠨᠡᠶᠢᠴᠡᠪᠡ᠃        ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠱᠢ ᠭᠤᠸᠠᠩ ᠬᠠᠢ᠂ ᠸᠠᠩ ᠯᠢ᠂ ᠯᠢᠦ ᠶᠢᠨ ᠹᠦ᠋᠂ ᠰᠢᠦᠢ ᠴᠦᠨ ᠡᠾᠦ᠋ᠢ᠂ ᠸᠠᠩ ᠡᠾᠦ᠋ᠩ ᠪᠦᠸᠧ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠤᠯᠴᠠᠪᠠ᠃        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ᠵᠢᠴᠢ ᠬᠤᠩᠱᠠᠨ ᠲᠣᠭᠤᠷᠢᠭ ᠤᠨ ᠤᠳᠤᠷᠢᠳᠤᠯᠭ᠎ᠠ ᠶᠠᠩ ᠰᠢᠶᠠᠨ ᠹᠧᠩ᠂ ᠵᠣᠣ ᠯᠠᠨ ᠭᠤᠸᠠᠩ᠂ ᠸᠠᠩ ᠶᠠ ᠵᠢᠶᠦ᠋ᠨ᠂ ᠳ᠋ᠢᠶᠤᠤ ᡁᠢ ᠭᠠᠩ᠂ ᠶᠠᠩ ᠮᠧᠩ᠂ ᠮᠧᠩ ᠹᠠᠨ ᠯᠢᠩ᠂ ᠯᠢ ᠪᠠᠢ ᠴᠣᠸᠠᠨ᠂ ᠵᠠᠩ ᡁᠢ ᠴᠢᠶᠠᠩ᠂ ᠵᠠᠩ ᠵᠢᠢ ᠬᠠᠢ᠂ ᠵᠢᠶᠠ ᠬᠤᠸᠠ ᠴᠦᠨ᠂ ᠯᠢᠶᠠᠩ ᠰᠢᠶᠣᠣ ᠮᠢᠩ᠂ ᠢᠦᠢ ᠴᠦᠨ ᠢᠦᠢ ᠵᠢᠴᠢ ᠬᠤᠩᠱᠠᠨ ᠲᠣᠭᠤᠷᠢᠭ ᠤᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠭᠠᠵᠠᠷ ᠤᠨ ᠳᠡᠰ ᠤᠨ ᠤᠳᠤᠷᠢᠳᠬᠤ ᠨᠦᠬᠦᠳ ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠪᠠ᠃        ᠸᠠᠩ ᠯᠢ ᠶᠡᠭᠡ ᠬᠤᠷᠠᠯ ᠤᠨ ᠡᠬᠢᠯᠡᠯᠲᠡ ᠶᠢᠨ ᠶᠤᠰᠤᠯᠠᠯ ᠢ ᠡᠷᠬᠢᠯᠡᠪᠡ᠃        ᠱᠢ ᠭᠤᠸᠠᠩ ᠬᠠᠢ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠶᠢᠰᠦᠳᠦᠭᠡᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶ᠎ᠠ ᠶᠢ ᠲᠥᠯᠦᠭᠡᠯᠡᠨ ᠠᠵᠢᠯ ᠤᠨ ᠮᠡᠳᠡᠭᠦᠯᠦᠯᠲᠡ ᠬᠢᠪᠡ᠃        ᠬᠡᠰᠡᠭ ᠬᠤᠩᠱᠠᠨ ᠲᠣᠭᠤᠷᠢᠭ ᠲᠤ ᠰᠠᠭᠤᠭ᠎ᠠ ᠤᠯᠠᠭᠠᠨᠬᠠᠳᠠ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠬᠡᠯᠲᠡᠰ ᠵᠦᠪᠯᠡᠯ ᠠᠯᠪᠠᠨ ᠭᠡᠷ ᠲᠤᠪᠴᠢᠶ᠎ᠠ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠮᠢᠶ᠎ᠠ ᠪᠦᠬᠦᠢ ᠤᠳᠤᠷᠢᠳᠬᠤ ᠨᠦᠬᠦᠳ ᠸᠢᠳᠢᠤ᠋ ᠬᠡᠯᠪᠡᠷᠢ ᠪᠠᠷ ᠤᠷᠢᠯᠭ᠎ᠠ ᠪᠠᠷ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号