ᠺᠠᠳ᠋ᠷ ᠢ ᠳᠡᠪᠰᠢᠭᠦᠯᠦᠨ ᠬᠡᠷᠡᠭᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2022/4/1
        ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠩᠱᠠᠨ ᠲᠣᠭᠤᠷᠢᠭ ᠤᠨ ᠬᠤᠷᠢᠶᠠᠨ ᠤ ᠰᠤᠳᠤᠯᠤᠨ ᠲᠤᠭᠲᠠᠭᠠᠭᠰᠠᠨ ᠢᠶᠠᠷ 4 ᠺᠠᠳ᠋ᠷ ᠢ ᠳᠡᠪᠰᠢᠭᠦᠯᠦᠨ ᠬᠡᠷᠡᠭᠯᠡᠬᠦ ᠪᠠᠷ ᠰᠢᠢᠳᠦᠭᠰᠡᠨ ᠢ ᠢᠯᠡ ᠨᠡᠶᠢᠲᠡᠯᠡᠶ᠎ᠡ᠃        ᠨᠢᠭᠡ᠂ ᠢᠯᠡ ᠨᠡᠶᠢᠲᠡᠯᠡᠬᠦ ᠨᠡᠷᠡᠰ        1. ᠢᠦᠢ ᠯᠸᠢ᠂ ᠡᠷᠡᠭᠲᠡᠢ᠂ ᠮᠤᠩᠭᠤᠯ ᠦᠨᠳᠦᠰᠦᠲᠡᠨ᠂ 1988 ᠣᠨ ᠤ 11 ᠰᠠᠷ᠎ᠠ ᠳᠤ ᠲᠦᠷᠦᠪᠡ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠩᠱᠠᠨ ᠲᠣᠭᠤᠷᠢᠭ ᠤᠨ ᠨᠠᠨ ᠰᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ ᠪᠠᠯᠭᠠᠰᠤ ᠵᠡᠭᠡᠯᠢ ᠶᠢᠨ ᠨᠠᠮ ᠵᠠᠰᠠᠭ ᠤᠨ ᠭᠤᠤᠯ ᠲᠤᠰᠢᠶᠠᠯᠲᠠᠨ ᠢᠶᠠᠷ ᠲᠤᠮᠢᠯᠠᠬᠤ ᠪᠠᠷ ᠪᠠᠶᠢᠨ᠎ᠠ᠃        2. ᠵᠤ᠋ ᠮᠢᠩ ᠳ᠋ᠠ᠂ ᠡᠷᠡᠭᠲᠡᠢ᠂ ᠮᠣᠩᠭᠤᠯ ᠦᠨᠳᠦᠰᠦᠲᠡᠨ᠂ 1986 ᠤᠨ ᠤ 12 ᠰᠠᠷ᠎ᠠ ᠳᠤ ᠲᠦᠷᠦᠪᠡ ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠩᠱᠠᠨ ᠲᠤᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ ᠤᠨ ᠨᠠᠮ ᠤᠨ ᠳᠤᠭᠤᠶᠢᠯᠠᠩ ᠤᠨ ᠭᠡᠰᠢᠭᠦᠨ᠂  ᠭᠤᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠪᠠᠯᠭᠠᠰᠤ ᠵᠡᠭᠡᠯᠢ ᠶᠢᠨ ᠨᠠᠮ ᠵᠠᠰᠠᠭ ᠤᠨ ᠭᠤᠤᠯ ᠲᠤᠰᠢᠶᠠᠯᠲᠠᠨ ᠢᠶᠠᠷ ᠲᠤᠮᠢᠯᠠᠬᠤ ᠪᠠᠷ ᠪᠠᠶᠢᠨ᠎ᠠ᠃        3. ᠯᠢ ᠶᠠᠨ ᠡᠾᠦ᠋ᠢ᠂ ᠡᠷᠡᠭᠲᠡᠢ᠂ ᠬᠢᠲᠠᠳ ᠦᠨᠳᠦᠰᠦᠲᠡᠨ᠂ 1984 ᠤᠨ ᠤ 2 ᠰᠠᠷ᠎ᠠ ᠳᠤ ᠲᠦᠷᠦᠪᠡ ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠩᠱᠠᠨ ᠲᠤᠭᠤᠷᠢᠭ ᠤᠨ ᠨᠠᠮ  ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ ᠬᠠᠷᠢᠭᠤᠴᠠᠵᠤ᠂ ᠲᠤᠭᠤᠷᠢᠭ ᠤᠨ ᠰᠢᠭᠤᠳ ᠬᠠᠷᠢᠶᠠᠲᠤ ᠪᠠᠶᠢᠭᠤᠯᠭ᠎ᠠ ᠶᠢᠨ ᠵᠢᠩᠬᠢᠨᠢ ᠰᠠᠯᠠᠭᠠᠨ ᠳᠡᠰ ᠤᠨ ᠤᠳᠤᠷᠢᠳᠤᠯᠭ᠎ᠠ ᠶᠢᠨ ᠲᠤᠰᠢᠶᠠᠯ ᠳᠤ ᠲᠤᠮᠢᠯᠠᠬᠤ ᠪᠠᠷ ᠪᠤᠢ᠃        4. ᠵᠢᠦᠢ ᠴᠤᠤ᠂ ᠡᠷᠡᠭᠲᠡᠢ᠂ ᠬᠢᠲᠠᠳ ᠦᠨᠳᠦᠰᠦᠲᠡᠨ᠂ 1989 ᠤᠨ ᠤ 2 ᠰᠠᠷ᠎ᠠ ᠳᠤ ᠲᠦᠷᠦᠪᠡ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠳᠤᠮᠳᠠᠳᠤ ᠤᠯᠤᠰ ᠤᠨ ᠵᠠᠯᠠᠭᠤᠴᠤᠳ ᠤᠨ ᠡᠪᠯᠡᠯ ᠤᠨ ᠬᠤᠩᠱᠠᠨ ᠲᠤᠭᠤᠷᠢᠭ ᠤᠨ ᠬᠤᠷᠢᠶᠠᠨ ᠤ ᠳᠡᠳ᠋ ᠱᠦᠵᠢ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠲᠤᠭᠤᠷᠢᠭ ᠤᠨ ᠰᠢᠭᠤᠳ ᠬᠠᠷᠢᠶᠠᠲᠤ ᠪᠠᠶᠢᠭᠤᠯᠭ᠎ᠠ ᠶᠢᠨ ᠵᠢᠩᠬᠢᠨᠢ ᠰᠠᠯᠠᠭᠠᠨ ᠳᠡᠰ ᠤᠨ ᠤᠳᠤᠷᠢᠳᠤᠯᠭ᠎ᠠ ᠶᠢᠨ ᠲᠤᠰᠢᠶᠠᠯ ᠳᠤ ᠲᠤᠮᠢᠯᠠᠬᠤ ᠪᠠᠷ ᠪᠤᠢ᠃        ᠬᠤᠶᠠᠷ᠂ ᠢᠯᠡ ᠨᠡᠶᠢᠲᠡᠯᠡᠬᠦ ᠬᠤᠭᠤᠴᠠᠭ᠎ᠠ        ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ︵2022 ᠤᠨ ᠤ 3 ᠰᠠᠷ᠎ᠠ ᠶᠢᠨ 24 ᠤ ᠡᠳᠦᠷ ᠠᠴᠠ 3 ᠰᠠᠷ᠎ᠠ ᠶᠢᠨ 30 ᠤ ᠡᠳᠦᠷ︶᠃        ᠭᠤᠷᠪᠠ᠂ ᠬᠦᠯᠢᠶᠡᠨ ᠰᠢᠢᠳᠪᠦᠷᠢᠯᠡᠬᠦ ᠠᠷᠭ᠎ᠠ ᠠᠪᠴᠠᠯ        ᠪᠠᠶᠢᠭᠤᠯᠭ᠎ᠠ ᠪᠠ ᠬᠤᠪᠢ ᠬᠦᠮᠦᠨ ᠰᠤᠷᠪᠤᠯᠵᠢᠯᠠᠬᠤ᠂ ᠵᠠᠬᠢᠳᠠᠯ᠂ ᠤᠲᠠᠰᠤ ᠠᠪᠬᠤ ᠵᠡᠷᠭᠡ ᠬᠡᠯᠪᠡᠷᠢ ᠪᠠᠷ ᠳᠡᠭᠡᠷ᠎ᠡ ᠢᠯᠡ ᠨᠡᠶᠢᠲᠡᠯᠡᠭᠰᠡᠨ ᠡᠲᠡᠭᠡᠳ ᠤᠨ ᠬᠠᠮᠢᠶ᠎ᠠ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠤᠯᠤᠨ᠎ᠠ᠃ ᠲᠤᠰᠬᠠᠭᠰᠠᠨ ᠠᠰᠠᠭᠤᠳᠠᠯ ᠳᠤ ᠭᠡᠷᠡᠴᠢ ᠬᠠᠩᠭᠠᠵᠤ ᠳᠡᠶᠢᠯᠬᠦ ᠭᠡᠷᠡᠴᠢ ᠶᠢᠨ ᠬᠦᠮᠦᠨ ᠵᠢᠴᠢ ᠪᠤᠰᠤᠳ ᠬᠠᠮᠢᠶ᠎ᠠ ᠪᠦᠬᠦᠢ ᠰᠦᠪᠡᠭᠴᠢ ᠬᠠᠩᠭᠠᠬᠤ ᠬᠡᠷᠡᠭᠲᠡᠢ᠃ ᠵᠠᠬᠢᠳᠠᠯ ᠳᠤ ᠵᠢᠩᠬᠢᠨᠢ ᠣᠪᠤᠭ ᠨᠡᠷ᠎ᠡ᠂ ᠬᠠᠷᠢᠯᠴᠠᠬᠤ ᠤᠲᠠᠰᠤ ᠪᠠᠨ ᠲᠤᠳᠤᠷᠬᠠᠢ ᠪᠢᠴᠢᠬᠦ ᠬᠡᠷᠡᠭᠲᠡᠢ᠃ ᠪᠢᠳᠡ ᠲᠤᠰᠬᠠᠭᠰᠠᠨ ᠠᠰᠠᠭᠤᠳᠠᠯ ᠪᠠ ᠠᠰᠠᠭᠤᠳᠠᠯ ᠲᠤᠰᠬᠠᠭᠴᠢ ᠶᠢᠨ ᠨᠢᠭᠤᠴᠡ ᠶᠢ ᠡᠷᠡᠰ ᠬᠠᠮᠠᠭᠠᠯᠠᠨ᠎ᠠ᠃        ᠢᠯᠡ ᠨᠡᠶᠢᠲᠡᠯᠡᠬᠦ ᠠᠯᠪᠠᠨ ᠭᠡᠷ ᠢ ᠬᠤᠩᠱᠠᠨ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ  ᠤᠨ 1303 ᠦᠷᠦᠭᠡᠨ ᠳᠤ ᠲᠤᠬᠢᠷᠠᠭᠤᠯᠪᠠ᠃        ᠬᠦᠯᠢᠶᠡᠨ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠠᠴᠠ ᠡᠮᠦᠨᠡᠬᠢ 8᠄ 30 -12᠄ 00        ᠦᠳᠡ ᠠᠴᠠ ᠬᠤᠶᠢᠨᠠᠬᠢ 14᠄ 30 - 17᠄ 30        ᠬᠦᠯᠢᠶᠡᠨ ᠰᠢᠢᠳᠪᠦᠷᠢᠯᠡᠬᠦ ᠤᠲᠠᠰᠤ᠄ ︵0476︶ 12380 ᠤᠨᠴᠠᠭᠠᠶᠢᠯᠠᠨ ᠮᠡᠳᠡᠭᠳᠡᠪᠡ                                                             ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ                                                                                             2022 ᠤᠨ ᠤ 3 ᠰᠠᠷ᠎ᠠ ᠶᠢᠨ 23 ᠤ ᠡᠳᠦᠷ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号