ᠭᠤᠷᠪᠠᠳᠤᠭᠠᠷ ᠳᠤᠮᠳᠠᠳᠤ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶ᠎ᠠ ᠲᠣᠭᠤᠷᠢᠭ  ᠤᠨ ᠠᠷᠠᠯᠵᠢᠶᠠᠴᠢᠨ ᠡᠷᠦᠬᠡ ᠲᠠᠢ ᠬᠤᠯᠪᠤᠭᠠᠯᠠᠨ ᠭᠠᠯ ᠤᠨᠲᠠᠷᠠᠭᠠᠬᠤ ᠪᠠᠴᠢᠮ ᠢ ᠠᠷᠭᠠᠴᠠᠬᠤ ᠰᠤᠷᠢᠯᠲᠠ ᠬᠢᠵᠦ᠂ ᠠᠶᠦᠯᠭᠦᠢ ︽ᠭᠠᠯ ᠰᠡᠷᠭᠡᠶᠢᠯᠡᠬᠦ ᠬᠠᠯᠬᠠᠪᠴᠢ︾ ᠶᠢ ᠪᠠᠲᠤᠵᠢᠭᠤᠯᠪᠠ
ᠨᠡᠶᠢᠲᠡᠯᠡᠭᠰᠡᠨ ᠴᠠᠭ᠄
2022/4/22
        ᠬᠠᠷᠢᠶ᠎ᠠ ᠣᠷᠤᠨ ᠤ ᠠᠷᠠᠯᠵᠢᠶᠠᠴᠢᠨ ᠡᠷᠦᠬᠡ ᠶᠢᠨ ᠠᠶᠦᠯᠭᠦᠢ ᠦᠢᠯᠡᠳᠪᠦᠷᠢᠯᠡᠯ ᠤᠨ ᠤᠬᠠᠮᠰᠠᠷ ᠢ ᠨᠡᠮᠡᠭᠳᠡᠭᠦᠯᠦᠨ᠂ ᠭᠡᠨᠡᠳᠲᠡ ᠶᠢᠨ ᠬᠡᠷᠡᠭ ᠶᠠᠪᠤᠳᠠᠯ ᠢ ᠪᠠᠴᠢᠮ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠦᠭᠡ 4 ᠰᠠᠷ᠎ᠠ ᠶᠢᠨ 19   ᠤ ᠡᠳᠦᠷ ᠤᠨ ᠦᠳᠡ ᠠᠴᠠ ᠡᠮᠦᠨ᠎ᠡ ᠭᠤᠷᠪᠠᠳᠤᠭᠠᠷ ᠳᠤᠮᠳᠠᠳᠤ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠤᠷᠪᠠᠳᠤᠭᠠᠷ ᠳᠤᠮᠳᠠᠳᠤ ᠵᠡᠭᠡᠯᠢ ᠶᠢᠨ ᠵᠡᠭᠡᠯᠢ ᠭᠤᠳᠤᠮᠵᠢ ᠶᠢᠨ ᠲᠤᠮᠢᠯᠠᠭᠰᠠᠨ ᠰᠠᠯᠪᠤᠷᠢ ᠬᠠᠷᠢᠶ᠎ᠠ ᠣᠷᠤᠨ ᠤ ᠠᠷᠠᠯᠵᠢᠶᠠᠴᠢᠨ ᠡᠷᠦᠬᠡ ᠲᠠᠢ ᠬᠤᠯᠪᠤᠭᠠᠯᠠᠨ ᠬᠠᠮᠲᠤᠪᠡᠷ ᠭᠠᠯ ᠤᠨᠲᠠᠷᠠᠭᠠᠬᠤ ᠰᠤᠷᠢᠯᠲᠠ ᠦᠷᠨᠢᠭᠦᠯᠪᠡ᠃ ᠡᠨᠡ ᠤᠳᠠᠭᠠᠨ ᠤ ᠭᠠᠯ ᠤᠨᠲᠠᠷᠠᠭᠠᠬᠤ ᠪᠠᠴᠢᠮ ᠢ ᠠᠷᠭᠠᠴᠠᠬᠤ ᠰᠤᠷᠢᠯᠲᠠ  ᠳᠤ ᠨᠡᠶᠢᠲᠡ 70 ᠭᠠᠷᠤᠢ ᠬᠦᠮᠦᠨ ᠣᠷᠤᠯᠴᠠᠪᠠ᠃        ᠠᠵᠢᠯᠯᠠᠭᠠᠨ ᠨᠢ ᠭᠠᠯ ᠤᠨᠲᠠᠷᠠᠭᠠᠬᠤ ᠠᠶᠦᠯᠭᠦᠢ ᠶᠢᠨ ᠪᠠᠴᠢᠮ ᠢ ᠠᠷᠭᠠᠴᠠᠬᠤ ᠮᠡᠳᠡᠯᠭᠡ ᠶᠢᠨ ᠤᠬᠠᠭᠤᠯᠤᠨ ᠲᠠᠶᠢᠯᠪᠤᠷᠢᠯᠠᠯᠲᠠ᠂ ᠭᠠᠯ ᠤᠨᠲᠠᠷᠠᠭᠠᠬᠤ ᠪᠠᠭᠠᠵᠢ ᠶᠢ ᠠᠵᠢᠯᠯᠠᠭᠤᠯᠬᠤ ᠰᠤᠷᠢᠯᠲᠠ ᠬᠤᠶᠠᠷ ᠭᠤᠭᠴᠤᠭ᠎ᠠ ᠬᠤᠪᠢᠶᠠᠨ ᠶᠠᠪᠤᠭᠳᠠᠪᠠ᠃ ᠰᠤᠷᠢᠯᠲᠠ ᠠᠴᠠ ᠡᠮᠦᠨ᠎ᠡ ᠲᠤᠮᠢᠯᠠᠭᠰᠨ ᠰᠠᠯᠪᠤᠷᠢ ᠶᠢᠨ ᠴᠠᠭᠳᠠᠭ᠎ᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠲᠠᠶᠢᠯᠪᠤᠷᠢᠯᠠᠬᠤ ᠶᠢᠨ ᠬᠠᠮᠲᠤ ᠭᠠᠯ ᠠᠯᠳᠠᠭᠰᠠᠨ ᠤ ᠳᠠᠷᠤᠶᠢᠬᠠᠨ ᠤ ᠠᠶᠤᠯ ᠢ ᠰᠡᠷᠭᠡᠶᠢᠯᠡᠨ ᠰᠢᠢᠳᠪᠦᠷᠢᠯᠡᠬᠦ ᠠᠷᠭ᠎ᠠ ᠵᠡᠷᠭᠡ ᠭᠠᠯ ᠤᠨᠲᠠᠷᠠᠭᠠᠬᠤ ᠠᠶᠦᠯᠭᠦᠢ ᠶᠢᠨ ᠮᠡᠳᠡᠯᠭᠡ ᠶᠢ ᠲᠠᠶᠢᠯᠪᠤᠷᠢᠯᠠᠪᠠ᠃        ᠡᠨᠡ ᠤᠳᠠᠭᠠᠨ ᠤ ᠭᠠᠯ ᠤᠨᠲᠠᠷᠠᠭᠠᠬᠤ ᠪᠠᠴᠢᠮ ᠢ ᠠᠷᠭᠠᠴᠠᠬᠤ ᠰᠤᠷᠢᠯᠲᠠ ᠶᠢᠨ ᠠᠵᠢᠯᠯᠠᠭᠠᠨ ᠢᠶᠠᠷ ᠳᠠᠮᠵᠢᠭᠠᠳ ᠠᠷᠠᠯᠵᠢᠶᠠᠴᠢᠨ ᠡᠷᠦᠬᠡ ᠶᠢ ᠬᠠᠪᠰᠤᠷᠴᠤ ︽ᠭᠠᠯ ᠰᠡᠷᠭᠡᠶᠢᠯᠡᠯᠲᠡ ᠳᠤ ᠡᠷᠬᠡᠪᠰᠢ ᠤᠷᠢᠳᠴᠢᠯᠠᠨ ᠰᠡᠷᠭᠡᠶᠢᠯᠡᠬᠦ︾ ᠠᠶᠦᠯᠭᠦᠢ ᠶᠢᠨ ᠤᠶᠢᠯᠠᠭᠠᠭᠳᠠᠬᠤᠨ ᠢ ᠪᠤᠢ ᠪᠣᠯᠭᠠᠵᠤ᠂ ᠠᠷᠠᠯᠵᠢᠶᠠᠴᠢᠨ ᠡᠷᠦᠬᠡ ᠶᠢᠨ ᠭᠠᠯ ᠰᠡᠷᠭᠡᠶᠢᠯᠡᠬᠦ ᠴᠢᠳᠠᠪᠤᠷᠢ ᠪᠠ ᠦᠪᠡᠷ ᠢ ᠪᠠᠨ ᠠᠪᠤᠷᠠᠨ ᠬᠠᠮᠠᠭᠠᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂  ᠭᠠᠯ ᠰᠡᠷᠭᠡᠶᠢᠯᠡᠯᠲᠡ ᠶᠢᠨ ᠠᠶᠦᠯᠭᠦᠢ ᠶᠢᠨ ᠤᠬᠠᠮᠰᠠᠷ ᠢ ᠳᠡᠭᠡᠭᠰᠢᠯᠡᠭᠦᠯᠦᠨ᠂ ᠭᠠᠯ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号