ᠶᠡᠷᠦᠩᠬᠡᠢ ᠪᠡᠯᠡ ᠣᠷᠤᠭᠤᠯᠤᠯᠲᠠ ᠨᠢ ᠪᠠᠷᠤᠭ 3 ᠳ᠋ᠦᠩᠰᠢᠭᠤᠷ ᠲᠦᠭᠦᠷᠢᠭ ᠤᠨ ᠬᠤᠩᠱᠠᠨ ᠲᠣᠭᠤᠷᠢᠭ | ᠤᠨ ᠤᠶᠤᠨᠴᠢ ᠶᠡᠭᠡ ᠠᠰᠠᠷ ᠤᠨ ᠲᠦᠷᠦᠯ ᠵᠦᠢᠯ ᠠᠵᠢᠯ ᠡᠬᠢᠯᠡᠪᠡ᠃ ᠰᠢᠷᠠᠮᠦ᠋ᠷᠡᠨ ᠶᠡᠭᠡ ᠵᠡᠭᠡᠯᠢ ᠠᠴᠠ ᠡᠮᠦᠨᠡᠰᠢ᠂ | ᠳᠡᠭᠡᠳᠦ ᠰᠤᠷᠭᠠᠭᠤᠯᠢ ᠶᠢᠨ ᠬᠤᠶᠢᠲᠤ ᠵᠠᠮ ᠠᠴᠠ ᠤᠮᠠᠷᠠᠰᠢ᠂ ᠮᠦᠩᠭᠦᠨ ᠭᠦᠢᠯᠭᠡᠭᠡᠨ ᠤ ᠠᠷᠠᠯᠵᠢᠶᠠᠨ ᠤ ᠶᠠᠪᠤᠳᠠᠯ | ᠤᠨ ᠲᠤᠭᠤᠷᠢᠭ B-18 ᠨᠤᠮᠧᠷᠲᠤ ᠭᠠᠵᠠᠷ ᠲᠤ ᠪᠠᠶᠢᠷᠢᠯᠠᠵᠤ ᠪᠤᠢ᠃ ᠪᠦᠬᠦ ᠬᠤᠲᠠ ᠶᠢᠨ ᠠᠵᠤ ᠠᠬᠤᠶᠢᠯᠠᠯ ᠪᠠ | ᠵᠠᠯᠠᠭᠤᠴᠤᠳ ᠤᠨ ᠦᠢᠯᠡᠰ ᠪᠤᠰᠬᠠᠬᠤ ᠳᠤ ᠪᠦᠬᠦ ᠤᠷᠤᠨ ᠬᠡᠴᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ | ᠦᠭᠴᠦ᠂ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠤ ᠦᠢᠯᠡᠰ ᠵᠡᠷᠭᠡ ᠰᠢᠨ᠎ᠡ ᠠᠵᠤ | ᠦᠢᠯᠡᠰ ᠤᠨ ᠲᠥᠯᠦᠪ ᠤᠨ ᠴᠢᠨᠰᠠᠭ᠎ᠠ ᠰᠠᠶᠢᠲᠠᠢ ᠬᠦᠭᠵᠢᠯᠲᠡ ᠶᠢ ᠠᠬᠢᠭᠤᠯᠤᠨ᠎ᠠ᠃ ᠲᠦᠯᠦᠪᠵᠢᠭᠦᠯᠭᠡ ᠶᠢᠨ ᠲᠠᠯᠠᠪᠠᠢ | 8354 ᠲᠡᠭᠰᠢ ᠳᠦᠷᠪᠡᠯᠵᠢᠨ ᠮᠧᠲᠷ᠂ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 5.3 ᠲᠦᠮᠡᠨ ᠲᠡᠭᠰᠢ | ᠳᠦᠷᠪᠡᠯᠵᠢᠨ ᠮᠧᠲᠷ ᠪᠣᠯᠤᠨ᠎ᠠ᠃ ᠤᠷᠢᠳᠴᠢᠯᠠᠨ ᠵᠢᠱᠢᠯᠲᠡ ᠪᠠᠷ 2023 ᠤᠨ ᠤ ᠡᠴᠦᠰ ᠪᠣᠯᠲᠠᠯ᠎ᠠ ᠠᠵᠢᠯ | ᠳᠠᠭᠤᠰᠬᠠᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠪᠠᠷᠤᠭ 1000 ᠬᠦᠮᠦᠨ ᠠᠯᠪᠠᠯᠠᠵᠤ᠂ ᠦᠢᠯᠡᠰ ᠪᠤᠰᠬᠠᠬᠤ | ᠱᠠᠭᠠᠷᠳᠠᠯᠭ᠎ᠠ ᠶᠢ ᠬᠠᠩᠭᠠᠬᠤ ᠪᠤᠯᠤᠨ᠎ᠠ᠃ | |