4 ᠰᠠᠷ᠎ᠠ ᠶᠢᠨ 3 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠩᠱᠠᠨ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ︽ᠳᠦᠷᠪᠡᠨ ᠦᠭᠡᠢ ᠬᠤᠶᠠᠷ ᠰᠢᠭᠤᠳ︾ ᠠᠷᠭ᠎ᠠ | ᠪᠠᠷ ᠬᠤᠩᠱᠠᠨ ᠲᠣᠭᠤᠷᠢᠭ ᠤᠨ ᠤᠯᠤᠰ ᠤᠨ ᠤᠢ ᠰᠢᠭᠤᠢ ᠶᠢᠨ ᠴᠡᠴᠡᠷᠯᠢᠭ ᠲᠤ ᠤᠢ ᠰᠢᠭᠤᠢ ᠶᠢᠨ ᠭᠠᠯ ᠤᠨ | ᠠᠶᠤᠯ ᠢ ᠰᠡᠷᠭᠡᠶᠢᠯᠡᠨ ᠵᠠᠰᠠᠬᠤ ᠠᠵᠢᠯ ᠢ ᠱᠠᠪᠳᠠᠨ ᠪᠠᠶᠢᠴᠠᠭᠠᠵᠤ ᠵᠢᠭᠠᠨ ᠵᠢᠯᠤᠭᠤᠳᠪᠠ᠂ ᠡᠷᠬᠡᠪᠰᠢ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠳᠠᠷᠤᠯᠲᠠᠲᠤ ᠰᠡᠳᠬᠢᠯᠭᠡ ᠪᠠᠷ᠂ ᠮᠢᠨᠴᠦᠭᠦᠷᠡᠮᠡᠯ ᠦᠵᠡᠯ | ᠰᠠᠨᠠᠭ᠎ᠠ ᠪᠠ ᠠᠵᠠ ᠬᠠᠷᠠᠬᠤ ᠰᠡᠳᠬᠢᠯᠭᠡ ᠶᠢ ᠡᠷᠡᠰ ᠲᠡᠪᠴᠢᠵᠦ᠂ ᠠᠰᠠᠭᠤᠳᠠᠯ ᠢ ᠡᠷᠲᠡᠬᠡᠨ ᠢᠯᠡᠷᠡᠭᠦᠯᠬᠦ ᠶᠢ | ᠪᠠᠷᠢᠮᠲᠠᠯᠠᠨ᠂ ᠰᠡᠷᠭᠡᠶᠢᠯᠡᠯᠲᠡ ᠪᠠᠨ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠬᠦᠳᠡᠯᠦᠯᠴᠡᠵᠦ᠂ ᠤᠢ ᠰᠢᠭᠤᠢ ᠶᠢᠨ | ᠭᠠᠯ ᠤᠨ ᠠᠶᠤᠯ ᠢ ᠰᠡᠷᠭᠡᠶᠢᠯᠡᠬᠦ ᠡᠯ᠎ᠡ ᠲᠦᠷᠦᠯ ᠤᠨ ᠳᠦᠷᠢᠮ ᠲᠤᠭᠲᠠᠭᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠭᠠᠯ ᠤᠨ ᠠᠶᠤᠯ ᠤᠨ ᠭᠡᠮ ᠰᠤᠭᠤᠭ ᠢ ᠴᠢᠩᠭ᠎ᠠ ᠰᠡᠷᠭᠡᠶᠢᠯᠡᠵᠦ᠂ ᠤᠢ | ᠰᠢᠭᠤᠢ ᠶᠢᠨ ᠡᠬᠢ ᠪᠠᠶᠠᠯᠢᠭ ᠪᠠ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠶᠦᠯᠭᠦᠢ ᠶᠢ ᠡᠷᠡᠰ | ᠬᠠᠮᠠᠭᠠᠯᠠᠬᠤ ᠬᠡᠷᠡᠭᠲᠡᠢ ᠭᠡᠪᠡ᠃ | ᠨᠢᠭᠤᠴᠠ ᠰᠤᠷᠪᠤᠯᠵᠢᠯᠠᠭ᠎ᠠ ᠳᠤᠮᠳᠠ ᠴᠧᠨ ᠵᠠᠨ ᠢᠩ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ | ᠵᠢᠵᠢᠭᠦᠷᠯᠡᠵᠦ ᠪᠠᠶᠢᠭ᠎ᠠ ᠪᠠᠶᠢᠳᠠᠯ᠂ ᠭᠠᠯ ᠰᠡᠷᠭᠡᠶᠢᠯᠡᠬᠦ ᠠᠷᠭ᠎ᠠ ᠠᠪᠴᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ | ᠪᠠᠴᠢᠮ ᠢ ᠠᠷᠭᠠᠴᠠᠬᠤ ᠪᠡᠯᠡᠳᠬᠡᠯ ᠵᠡᠷᠭᠡ ᠪᠠᠶᠢᠳᠠᠯ ᠢ ᠨᠠᠷᠢᠯᠢᠭ ᠤᠶᠢᠯᠠᠭᠠᠵᠤ᠂ ᠳᠠᠷᠠᠭᠠᠴᠢ ᠶᠢᠨ ᠠᠯᠬᠤᠮ ᠤᠨ ᠤᠢ | ᠰᠢᠭᠤᠢ ᠶᠢᠨ ᠭᠠᠯ ᠰᠡᠷᠭᠡᠶᠢᠯᠡᠯᠲᠡ ᠶᠢᠨ ᠠᠵᠢᠯ ᠳᠤ ᠳᠤᠳᠤᠷᠬᠠᠢ ᠱᠠᠭᠠᠷᠳᠠᠯᠭ᠎ᠠ ᠳᠤᠷᠠᠳᠪᠠ᠃ | ᠴᠧᠨ ᠵᠠᠨ ᠢᠩ ᠵᠢᠭᠠᠨ ᠭᠠᠷᠭᠠᠭᠰᠠᠨ ᠨᠢ᠂ ᠬᠠᠩᠰᠢ ᠶᠢᠨ ᠠᠮᠠᠷᠠᠯᠲᠠ ᠶᠢᠨ ᠬᠤᠭᠤᠴᠠᠭ᠎ᠠ ᠪᠣᠯ ᠬᠠᠪᠤᠷ ᠤᠨ | ᠤᠯᠠᠷᠢᠯ ᠤᠨ ᠤᠢ ᠰᠢᠭᠤᠢ ᠶᠢᠨ ᠭᠠᠯ ᠰᠡᠷᠭᠡᠶᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠡᠯ᠎ᠡ ᠭᠠᠵᠠᠷ | ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠴᠢᠬᠤᠯᠠ ᠴᠠᠭ ᠬᠤᠭᠤᠴᠠᠭ᠎ᠠ᠂ ᠭᠤᠤᠯᠳᠠᠯᠭ᠎ᠠ ᠲᠠᠢ ᠭᠠᠵᠠᠷ ᠣᠷᠤᠨ ᠢ | ᠴᠢᠩᠭ᠎ᠠ ᠰᠠᠬᠢᠵᠤ᠂ ᠠᠵᠢᠯ ᠤᠨ ᠪᠤᠳᠠᠲᠠᠢ ᠲᠠᠢ ᠪᠠᠨ ᠤᠶᠠᠯᠳᠤᠭᠤᠯᠤᠨ᠂ ᠠᠵᠢᠯ ᠤᠨ ᠬᠠᠨᠳᠤᠰᠢ ᠪᠠᠶᠢᠳᠠᠯ ᠢᠶᠠᠨ | ᠨᠠᠷᠢᠨ ᠬᠢᠨᠠᠮᠠᠭᠠᠢ ᠵᠠᠳᠠᠯᠵᠤ ᠰᠤᠳᠤᠯᠤᠨ᠂ ᠪᠠᠴᠢᠮ ᠢ ᠠᠷᠭᠠᠴᠠᠬᠤ ᠲᠦᠰᠦᠯ ᠢᠶᠠᠨ ᠤᠯᠠᠮ ᠨᠢᠭᠡ ᠠᠯᠬᠤᠮ | ᠪᠦᠷᠢᠨᠰᠢᠭᠦᠯᠵᠦ᠂ ᠪᠠᠴᠢᠮ ᠢ ᠠᠷᠭᠠᠴᠠᠬᠤ ᠡᠩᠨᠡᠭᠡ᠂ ᠲᠦᠬᠦᠭᠡᠷᠦᠮᠵᠢ ᠪᠠᠨ ᠰᠠᠶᠢᠲᠤᠷ ᠬᠠᠮᠢᠶᠠᠷᠴᠤ᠂ ᠡᠳ᠋ ᠪᠤᠳᠠᠰ ᠤᠨ | ᠨᠦᠭᠡᠴᠡ ᠪᠠᠨ ᠨᠡᠮᠡᠭᠳᠡᠭᠦᠯᠦᠨ᠂ ᠭᠡᠨᠡᠳᠲᠡ ᠶᠢᠨ ᠤᠴᠢᠷ ᠭᠠᠷᠪᠠᠯ ᠠᠯᠢ ᠲᠦᠷᠭᠡᠨ ᠢᠶᠠᠷ ᠲᠤᠬᠢᠲᠠᠢ ᠰᠢᠢᠳᠪᠦᠷᠢᠯᠡᠬᠦ ᠶᠢ | ᠪᠠᠲᠤᠯᠠᠬᠤ ᠬᠡᠷᠡᠭᠲᠡᠢ ᠭᠡᠪᠡ᠃ |