| ᠬᠤᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠤᠳᠤᠬᠠᠨ ᠳᠤ 10 ᠪᠠᠶᠢᠭᠤᠯᠤᠮᠵᠢ ᠂ | 4 ᠲᠤᠮᠢᠯᠠᠭᠰᠠᠨ ᠪᠠᠶᠢᠭᠤᠯᠤᠮᠵᠢ ᠲᠠᠢ᠂ 1 ᠬᠠᠷᠢᠶᠠᠲᠤ ᠠᠵᠢᠯ ᠦᠢᠯᠡᠰ ᠤᠨ ᠨᠢᠭᠡᠴᠡ ᠲᠠᠢ᠃ ᠤᠳᠤ 222 ᠺᠠᠳ᠋ᠷ | ᠴᠠᠭᠳᠠᠭ᠎ᠠ ᠲᠠᠢ᠂ 106 ᠬᠦᠮᠦᠨ ᠨᠢ ᠤᠷᠤᠨ ᠲᠤᠭ᠎ᠠ ᠲᠠᠢ ᠺᠠᠳ᠋ᠷ ᠴᠠᠭᠳᠠᠭ᠎ᠠ ᠪᠠᠶᠢᠵᠤ᠂ ᠡᠭᠦᠨ ᠳᠤ 48 ᠣᠷᠤᠨ | ᠲᠤᠭ᠎ᠠ ᠪᠦᠬᠦᠢ ᠰᠢᠭᠦᠭᠴᠢ᠂ 36 ᠰᠢᠭᠦᠭᠴᠢ ᠶᠢᠨ ᠲᠤᠰᠠᠯᠠᠭᠴᠢ᠂ 7 ᠠᠵᠢᠯ ᠦᠢᠯᠡᠰ ᠤᠨ ᠨᠢᠭᠡᠴᠡ ᠶᠢᠨ ᠣᠷᠤᠨ | ᠲᠤᠭᠠᠲᠤ ᠠᠵᠢᠯᠲᠠᠨ᠂ 14 ᠵᠠᠰᠠᠭ ᠵᠠᠬᠢᠷᠭᠠᠨ ᠤ ᠣᠷᠤᠨ ᠲᠤᠭ᠎ᠠ ᠪᠦᠬᠦᠢ ᠠᠵᠢᠯᠲᠠᠨ᠂ 116 ᠤᠷᠢᠵᠤ | ᠬᠡᠷᠡᠭᠯᠡᠭᠰᠡᠨ ᠠᠵᠢᠯᠲᠠᠳ ᠪᠤᠢ᠃ 5 ᠰᠠᠷ᠎ᠠ ᠶᠢᠨ 10 ᠪᠤᠯᠲᠠᠯ᠎ᠠ᠂ ᠬᠦᠯᠢᠶᠡᠨ ᠰᠢᠢᠳᠪᠦᠷᠢᠯᠡᠭᠰᠡᠨ ᠡᠯ᠎ᠡ ᠲᠦᠷᠦᠯ ᠤᠨ | ᠬᠡᠷᠡᠭ ᠨᠡᠶᠢᠲᠡ 8502 ᠪᠠᠶᠢᠵᠤ᠂ ᠡᠭᠦᠨ ᠳᠤ 5260 ᠬᠡᠷᠡᠭ ᠢ ᠰᠢᠨ᠎ᠡ ᠪᠠᠷ ᠬᠦᠯᠢᠶᠡᠨ ᠠᠪᠴᠤ᠂ ᠠᠳᠠᠯᠢ | ᠬᠤᠭᠤᠴᠠᠭᠠᠨ ᠤ ᠬᠢ ᠠᠴᠠ 26.63% ᠪᠠᠷ ᠳᠤᠷᠤᠭᠰᠢᠯᠠᠪᠠ︔ 4374 ᠬᠡᠷᠡᠭ ᠢ ᠰᠢᠢᠳᠪᠦᠷᠢᠯᠡᠵᠦ ᠳᠠᠭᠤᠰᠬᠠᠨ | ᠂ ᠠᠳᠠᠯᠢ ᠬᠤᠭᠤᠴᠠᠭᠠᠨ ᠤ ᠬᠢ ᠠᠴᠠ 17.77% ᠪᠠᠷ ᠳᠡᠭᠡᠭᠰᠢᠯᠡᠪᠡ︔ ᠬᠡᠷᠡᠭ ᠢ ᠰᠢᠢᠳᠪᠦᠷᠢᠯᠡᠵᠦ | ᠳᠠᠭᠤᠰᠬᠠᠭᠰᠠᠨ ᠨᠣᠷᠮ᠎ᠠ 51.45%᠂ ᠠᠳᠠᠯᠢ ᠬᠤᠭᠤᠴᠠᠭᠠᠨ ᠤ ᠬᠢ ᠠᠴᠠ 8.37% ᠪᠠᠷ ᠨᠡᠮᠡᠭᠳᠡᠪᠡ᠃ | ᠨᠢᠭᠡ᠂ ᠬᠡᠷᠡᠭ ᠳᠠᠩᠰᠠᠯᠠᠬᠤ ᠶᠡᠭᠡ ᠲᠢᠩᠬᠢᠮ ︽ᠨᠢᠭᠡ ᠦᠷᠲᠡᠭᠡᠴᠢᠯᠡᠭᠰᠡᠨ︾ ᠬᠡᠯᠪᠡᠷᠢ ᠪᠠᠷ ᠵᠠᠷᠭᠤ | ᠵᠠᠭᠠᠯᠳᠤᠭᠠᠨ ᠤ ᠦᠢᠯᠡᠴᠢᠯᠡᠭᠡᠨ ᠤ ᠱᠠᠭᠠᠷᠳᠠᠯᠭ᠎ᠠ ᠶᠢ ᠰᠢᠢᠳᠪᠦᠷᠢᠯᠡᠪᠡ | ᠬᠤᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠬᠡᠷᠡᠭ ᠳᠠᠩᠰᠠᠯᠠᠬᠤ ᠶᠡᠭᠡ ᠲᠢᠩᠬᠢᠮ ︵ | ᠵᠠᠷᠭᠤ ᠵᠠᠭᠠᠯᠳᠤᠭᠠᠨ ᠤ ᠦᠢᠯᠡᠴᠢᠯᠡᠭᠡᠨ ᠤ ᠲᠦᠪ︶ ᠳᠤ ᠤᠳᠤ 24 ᠺᠠᠳ᠋ᠷ ᠴᠠᠭᠳᠠᠭ᠎ᠠ ᠪᠠᠶᠢᠵᠤ᠂ ᠡᠭᠦᠷᠭᠡ | ᠴᠢᠳᠠᠮᠵᠢ ᠶᠢᠨ ᠬᠤᠪᠢ ᠳᠤ ᠭᠤᠣᠯᠳᠠᠭᠤ ᠵᠠᠷᠭᠤ ᠶᠢᠨ ᠬᠦᠲᠦᠴᠢ᠂ ᠬᠡᠷᠡᠭ ᠢ ᠳᠠᠩᠰᠠᠯᠠᠬᠤ᠂ ᠴᠠᠬᠢᠮ ᠢᠶᠠᠷ ᠬᠦᠷᠭᠡᠬᠦ᠂ | ᠵᠠᠷᠭᠤ ᠵᠠᠭᠠᠯᠳᠤᠭᠠᠨ ᠤ ᠰᠦᠢᠳᠬᠡᠯ ᠢ ᠪᠤᠴᠠᠭᠠᠬᠤ᠂ ᠵᠠᠷᠭᠤ ᠠᠴᠠ ᠡᠮᠦᠨ᠎ᠡ ᠵᠤᠬᠢᠴᠠᠭᠤᠯᠬᠤ᠂ ᠵᠠᠷᠭᠤ ᠶᠢᠨ | ᠵᠤᠬᠢᠴᠠᠭᠤᠯᠭ᠎ᠠ ᠶᠢ ᠵᠤᠯᠭᠠᠯᠴᠠᠭᠤᠯᠬᠤ᠂ ᠬᠠᠤᠯᠢ ᠴᠠᠭᠠᠵᠠ ᠶᠢᠨ ᠨᠤᠲᠠᠯᠠᠯᠲᠠ᠂ ᠰᠦᠯᠵᠢᠶᠡᠨ ᠳᠤ ᠬᠡᠷᠡᠭ ᠳᠠᠩᠰᠠᠯᠠᠬᠤ᠂ | ᠤᠷᠤᠨ ᠬᠡᠪᠴᠢᠶ᠎ᠠ ᠠᠯᠤᠰᠯᠠᠨ ᠬᠡᠷᠡᠭ ᠳᠠᠩᠰᠠᠯᠠᠬᠤ᠂ ᠳᠠᠩᠰᠠ ᠡᠪᠬᠡᠮᠡᠯ ᠢ ᠪᠠᠶᠢᠴᠠᠭᠠᠨ ᠤᠩᠰᠢᠬᠤ᠂ ᠮᠠᠲ᠋ᠧᠷᠢᠶᠠᠯ ᠢ | ᠬᠤᠷᠢᠶᠠᠨ ᠳᠠᠮᠵᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠰᠢᠢᠳᠪᠦᠷᠢᠯᠡᠬᠦ᠂ ᠬᠠᠤᠯᠢ ᠴᠠᠭᠠᠵᠠ ᠶᠢᠨ | ᠠᠰᠠᠭᠤᠨ ᠯᠠᠪᠯᠠᠯᠲᠠ᠂12368 ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠣᠯᠠᠨ ᠲᠦᠷᠦᠯ ᠤᠨ ᠵᠠᠷᠭᠤ | ᠵᠠᠭᠠᠯᠳᠤᠭᠠᠨ ᠤ ᠦᠢᠯᠡᠴᠢᠯᠡᠭᠡ ᠶᠢ ᠲᠦᠪᠯᠡᠷᠡᠭᠦᠯᠵᠦ᠂ ᠵᠠᠷᠭᠤ ᠶᠢᠨ ᠶᠠᠪᠤᠳᠠᠯ ᠤᠨ ᠬᠦᠲᠦᠴᠢ ᠲᠠᠪᠴᠠᠩ᠂ ᠠᠦ᠋ᠲ᠋ᠤ᠋ | ᠪᠠᠷ ᠦᠪᠡᠷᠲᠡᠭᠡᠨ ᠬᠡᠷᠡᠭ ᠳᠠᠩᠰᠠᠯᠠᠬᠤ ᠣᠷᠤᠨ ᠵᠢᠴᠢ 12 ᠦᠢᠯᠡᠴᠢᠯᠡᠭᠡᠨ ᠤ ᠴᠤᠩᠬᠤᠪᠴᠢ ᠵᠡᠷᠭᠡ ᠶᠢ ᠬᠤᠪᠢᠶᠠᠨ | ᠲᠤᠬᠢᠷᠠᠭᠤᠯᠵᠤ᠂ ᠵᠠᠷᠭᠤ ᠵᠠᠭᠠᠯᠳᠤᠭᠠᠨ ᠤ ᠦᠢᠯᠡᠴᠢᠯᠡᠭᠡᠨ ᠤ ᠪᠦᠬᠦ ᠶᠠᠪᠤᠴᠠ ᠶᠢ ᠬᠠᠮᠤᠷᠪᠠ᠃ | ︵ᠨᠢᠭᠡ︶ ᠬᠡᠷᠡᠭ ᠳᠠᠩᠰᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠷᠡᠭ | ᠪᠠᠶᠢᠪᠠᠯ ᠵᠠᠪᠠᠯ ᠳᠠᠩᠰᠠᠯᠠᠵᠤ᠂ ᠵᠠᠭᠠᠯᠳᠤᠯᠭ᠎ᠠ ᠪᠠᠶᠢᠪᠠᠯ ᠵᠠᠪᠠᠯ ᠬᠦᠯᠢᠶᠡᠨ ᠰᠢᠢᠳᠪᠦᠷᠢᠯᠡᠵᠦ᠂ ᠲᠤᠬᠠᠢ ᠶᠢᠨ ᠬᠦᠮᠦᠨ ᠤ | ᠵᠠᠭᠠᠯᠳᠤᠯᠭ᠎ᠠ ᠶᠢᠨ ᠡᠷᠬᠡ ᠶᠢ ᠦᠨᠡᠨᠬᠦ ᠪᠠᠲᠤᠯᠠᠵᠤ᠂ ︽ᠬᠡᠷᠡᠭ ᠳᠠᠩᠰᠠᠯᠠᠬᠤ ᠳᠤ ᠬᠦᠴᠢᠷ ᠠᠰᠠᠭᠤᠳᠠᠯ︾ ᠢ | ᠲᠤᠭᠤᠰᠢᠲᠠᠢ ᠡᠷᠡᠰ ᠲᠡᠪᠴᠢᠬᠦ ᠬᠡᠷᠡᠭᠲᠡᠢ᠃ | ︵ᠬᠤᠶᠠᠷ︶ ᠬᠡᠷᠡᠭ ᠳᠠᠩᠰᠠᠯᠠᠬᠤ ᠰᠤᠪᠠᠭ ᠢ ᠤᠯᠠᠮ ᠨᠢᠭᠡ ᠠᠯᠬᠤᠮ ᠢᠯᠭᠤᠮ ᠨᠡᠪᠲᠡᠷᠡᠭᠦᠯᠦᠨ᠂ | ᠦᠢᠯᠡᠴᠢᠯᠡᠭᠡᠨ ᠤ ᠴᠤᠩᠬᠤᠪᠴᠢ ᠳᠤ ᠠᠵᠤ ᠠᠬᠤᠶᠢᠯᠠᠯ ᠤᠨ ᠢᠯᠭᠤᠮ ᠨᠡᠪᠲᠡᠷᠡᠬᠦ ᠴᠤᠩᠬᠤᠪᠴᠢ᠂ ᠲᠠᠷᠢᠶᠠᠴᠢᠨ | ᠠᠵᠢᠯᠲᠠᠨ ᠳᠤ ᠬᠤᠯᠪᠤᠭᠳᠠᠭᠰᠠᠨ ᠬᠡᠷᠡᠭ ᠤᠨ ᠢᠯᠭᠤᠮ ᠨᠡᠪᠲᠡᠷᠡᠬᠦ ᠴᠤᠩᠬᠤᠪᠴᠢ ᠵᠢᠴᠢ ᠬᠤᠤᠰ ᠬᠡᠯᠡᠨ ᠤ | ᠦᠢᠯᠡᠴᠢᠯᠡᠭᠡᠨ ᠤ ᠴᠤᠩᠬᠤᠪᠴᠢ ᠲᠣᠬᠢᠷᠠᠭᠤᠯᠵᠤ᠂ ᠡᠭᠦᠨ ᠤ ᠬᠠᠮᠲᠤ ᠤᠯᠠᠨ ᠡᠰᠢᠲᠦ ᠬᠡᠷᠡᠭ ᠳᠠᠩᠰᠠᠯᠠᠬᠤ ᠰᠤᠪᠠᠭ ᠢ | ᠪᠠᠶᠠᠯᠢᠭᠵᠢᠭᠤᠯᠤᠨ᠂ ᠬᠡᠷᠡᠭ ᠳᠠᠩᠰᠠᠯᠠᠬᠤ ᠶᠢ ᠤᠷᠢᠳᠴᠢᠯᠠᠨ ᠪᠣᠯᠵᠤᠬᠤ᠂ ᠵᠠᠬᠢᠳᠠᠯ ᠢᠶᠠᠷ ᠬᠡᠷᠡᠭ ᠳᠠᠩᠰᠠᠯᠠᠬᠤ᠂ | ᠲᠤᠬᠠᠢ ᠶᠢᠨ ᠪᠠᠶᠢᠳᠠᠯ ᠳᠤ ᠬᠡᠷᠡᠭ ᠳᠠᠩᠰᠠᠯᠠᠬᠤ ᠵᠡᠷᠭᠡ ᠤᠯᠠᠨ ᠲᠦᠷᠦᠯ ᠤᠨ ᠬᠡᠷᠡᠭ ᠳᠠᠩᠰᠠᠯᠠᠬᠤ ᠠᠷᠭ᠎ᠠ ᠠᠪᠴᠠᠯ ᠢ | ᠬᠡᠷᠡᠭᠵᠢᠭᠦᠯᠦᠨ᠂ ᠬᠠᠮᠤᠭ ᠶᠡᠭᠡ ᠬᠡᠮᠵᠢᠶ᠎ᠡ ᠪᠠᠷ ᠲᠤᠬᠠᠢ ᠶᠢᠨ ᠬᠦᠮᠦᠨ ᠳᠤ ᠳᠦᠭᠦᠮ ᠦᠵᠡᠭᠦᠯᠵᠦ᠂ ᠦᠷ᠎ᠡ | ᠪᠦᠲᠦᠮᠵᠢᠲᠦ ᠬᠡᠷᠡᠭ ᠳᠠᠩᠰᠠᠯᠠᠬᠤ ᠦᠢᠯᠡᠴᠢᠯᠡᠭᠡ ᠬᠠᠩᠭᠠᠪᠠ᠃ | ︵ᠭᠤᠷᠪᠠ︶ ᠵᠠᠷᠭᠤ ᠶᠢᠨ ᠵᠤᠬᠢᠴᠠᠭᠤᠯᠭ᠎ᠠ ᠶᠢ ᠬᠤᠯᠪᠤᠭᠠᠯᠠᠨ ᠭᠦᠢᠴᠡᠳᠬᠡᠵᠦ᠂ ᠬᠦᠴᠦᠨ ᠢᠶᠠᠨ | ᠬᠠᠮᠲᠤᠳᠬᠠᠨ ᠵᠦᠷᠢᠴᠡᠯ ᠢ ᠰᠢᠢᠳᠪᠦᠷᠢᠯᠡᠬᠦ ᠶᠢ ᠴᠢᠩᠭᠠᠳᠬᠠᠪᠠ᠃ | ᠬᠤᠶᠠᠷ᠂ ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠨ᠂ ᠬᠡᠷᠡᠭᠵᠢᠭᠦᠯᠬᠦ ᠳᠤ ᠬᠦᠴᠢᠷ ᠠᠰᠠᠭᠤᠳᠠᠯ ᠢ | ᠰᠢᠢᠳᠪᠦᠷᠢᠯᠡᠪᠡ | ᠬᠤᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠬᠡᠷᠡᠭᠵᠢᠭᠦᠯᠬᠦ ᠲᠣᠪᠴᠢᠶ᠎ᠠ | ᠬᠡᠷᠡᠭᠵᠢᠭᠦᠯᠬᠦ ᠶᠢ ᠵᠢᠭᠠᠨ ᠵᠢᠯᠤᠭᠤᠳᠬᠤ ᠲᠦᠪ᠂ ᠢᠯᠭᠤᠮ ᠬᠡᠷᠡᠭᠵᠢᠭᠦᠯᠬᠦ ᠨᠢᠭᠡᠳᠦᠭᠡᠷ ᠪᠦᠯᠬᠦᠮ᠂ ᠬᠤᠶᠠᠳᠤᠭᠠᠷ | ᠪᠦᠯᠬᠦᠮ᠂ ᠠᠩᠬᠠᠨ ᠤ ᠬᠡᠷᠡᠭᠵᠢᠭᠦᠯᠦᠯᠲᠡ ᠶᠢᠨ ᠨᠢᠭᠡᠳᠦᠭᠡᠷ ᠪᠦᠯᠬᠦᠮ᠂ ᠬᠤᠶᠠᠳᠤᠭᠠᠷ ᠪᠦᠯᠬᠦᠮ᠂ ᠰᠢᠢᠳᠪᠦᠷᠢᠯᠡᠭᠰᠡᠨ | ᠬᠡᠷᠡᠭ ᠢ ᠬᠠᠮᠢᠶᠠᠷᠬᠤ ᠪᠦᠯᠬᠦᠮ ᠵᠢᠴᠢ ᠪᠠᠲᠤᠯᠠᠭᠠᠨ ᠤ ᠪᠦᠯᠬᠦᠮ ᠲᠣᠬᠢᠷᠠᠭᠤᠯᠪᠠ᠃ ᠤᠳᠤᠬᠠᠨ ᠳᠤ 44 | ᠬᠡᠷᠡᠭᠵᠢᠭᠦᠯᠦᠭᠴᠢ ᠺᠠᠳ᠋ᠷ ᠴᠠᠭᠳᠠᠭ᠎ᠠ᠂ ᠲᠤᠮᠤ ᠲᠦᠪ ᠪᠠᠭ᠎ᠠ ᠪᠦᠯᠬᠦᠮ ᠤᠨ ᠠᠵᠢᠯ ᠤᠨ ᠬᠡᠯᠪᠡᠷᠢ ᠪᠠᠷ ᠳᠠᠮᠵᠢᠨ | ᠬᠡᠷᠡᠭᠵᠢᠭᠦᠯᠬᠦ ᠶᠢ ᠵᠢᠭᠠᠨ ᠵᠢᠯᠤᠭᠤᠳᠬᠤ ᠲᠦᠪ ᠨᠢᠭᠡᠲᠦᠯᠲᠡᠢ ᠲᠤᠬᠢᠷᠠᠭᠤᠯᠤᠨ ᠬᠠᠮᠢᠶᠠᠷᠴᠤ᠂ ᠡᠯ᠎ᠡ ᠲᠦᠷᠦᠯ ᠤᠨ | ᠬᠡᠷᠡᠭᠵᠢᠭᠦᠯᠬᠦ ᠠᠵᠢᠯ ᠶᠠᠪᠤᠳᠠᠯ ᠤᠳ ᠢ ᠰᠢᠰᠲ᠋ᠧᠮᠴᠢᠯᠡᠨ ᠰᠢᠢᠳᠪᠦᠷᠢᠯᠡᠪᠡ᠃ |