ᠬᠤᠩᠱᠠᠨ ᠲᠣᠭᠤᠷᠢᠭ ᠤᠨ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠤᠰᠬᠤᠨ ︵ᠯᠢᠦ ᠲᠢᠶᠣᠣ ᠭᠧᠦ ᠲᠤᠰᠬᠤᠨ︶ ᠵᠢᠭᠤᠯᠴᠢᠯᠠᠯ ᠤᠨ ᠬᠦᠭᠵᠢᠯᠲᠡ ᠶᠢᠨ ᠲᠦᠷᠦᠯ ᠵᠦᠢᠯ ᠢ ᠡᠷᠴᠢᠮᠲᠡᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2022/5/31
       ᠬᠤᠩᠱᠠᠨ ᠲᠣᠭᠤᠷᠢᠭ ᠤᠨ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠤᠰᠬᠤᠨ ︵ᠯᠢᠦ ᠲᠢᠶᠣᠣ ᠭᠧᠦ ᠲᠤᠰᠬᠤᠨ︶   ᠤ ᠵᠢᠭᠤᠯᠴᠢᠯᠠᠯ ᠤᠨ ᠬᠦᠭᠵᠢᠯᠲᠡ ᠶᠢᠨ ᠲᠦᠷᠦᠯ ᠵᠦᠢᠯ  ᠳᠤ ᠸᠧᠨ ᠵᠦᠩ ᠪᠠᠯᠭᠠᠰᠤ 914 ᠲᠦᠮᠡᠨ ᠲᠦᠭᠦᠷᠢᠭ ᠤᠨ ᠪᠡᠯᠡ ᠣᠷᠤᠭᠤᠯᠵᠤ᠂  ᠢᠩ ᠤᠨ ᠭᠤᠤ ᠶᠢᠨ 10 ᠡᠷᠦᠬᠡ ᠶᠢᠨ ᠬᠠᠭᠤᠴᠢᠨ ᠭᠡᠷ ᠪᠠᠶᠢᠰᠢᠩ ᠢ ᠦᠭᠡᠷᠡᠴᠢᠯᠡᠨ ᠵᠠᠩ ᠦᠢᠯᠡ ᠶᠢᠨ ᠰᠠᠭᠤᠴᠠ ᠪᠣᠯᠭᠠᠨ ᠪᠠᠶᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠪᠡ᠃ ᠪᠦᠲᠦᠭᠡᠨ ᠪᠠᠶᠢᠭᠤᠯᠵᠤ ᠡᠵᠡᠩᠨᠡᠭᠰᠡᠨ ᠤ ᠳᠠᠷᠠᠭ᠎ᠠ 18 ᠠᠵᠢᠯ ᠤᠨ ᠪᠠᠶᠢᠷᠢ ᠬᠠᠩᠭᠠᠵᠤ ᠳᠡᠶᠢᠯᠬᠦ ᠶᠢᠨ ᠬᠠᠮᠲᠤ ᠲᠤᠰ ᠲᠤᠰᠬᠤᠨ ᠤ ᠵᠢᠵᠢᠭ ᠲᠠᠸᠠᠷ ᠵᠢᠴᠢ ᠭᠠᠷ ᠤᠷᠠᠯᠠᠯ ᠤᠨ ᠪᠦᠲᠦᠭᠡᠭᠳᠡᠭᠦᠨ ᠤ ᠠᠵᠤ ᠠᠬᠤᠢ ᠶᠢᠨ ᠬᠦᠭᠵᠢᠯᠲᠡ ᠶᠢ ᠬᠦᠲᠦᠯᠦᠨ ᠳᠠᠭᠠᠭᠤᠯᠵᠤ᠂ ᠠᠰᠢᠭ ᠣᠷᠤᠯᠭ᠎ᠠ ᠪᠠᠨ ᠲᠤᠰ ᠲᠤᠰᠬᠤᠨ ᠤ ᠬᠦᠳᠡᠯᠮᠦᠷᠢᠯᠡᠬᠦ ᠴᠢᠳᠠᠪᠤᠷᠢ ᠦᠭᠡᠢ ᠬᠦᠴᠢᠷᠲᠡᠢ ᠡᠷᠦᠬᠡ ᠵᠢᠴᠢ ᠤᠨᠴᠠ ᠬᠦᠴᠢᠷᠳᠡᠯᠲᠡᠢ ᠬᠦᠮᠦᠰ ᠢ ᠲᠤᠰᠠᠯᠠᠨ᠂ ᠲᠤᠰᠬᠤᠨ ᠤ ᠬᠠᠮᠲᠤ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠡᠯᠪᠢᠨ ᠲᠦᠬᠦᠷᠵᠢᠭᠦᠯᠵᠦ᠂ ᠵᠠᠩ ᠦᠢᠯᠡ ᠶᠢᠨ ᠠᠵᠤ ᠦᠢᠯᠡᠰ ᠢ ᠣᠷᠴᠢᠯᠳᠦᠭᠤᠯᠤᠨ ᠬᠦᠭᠵᠢᠭᠦᠯᠬᠦ ᠵᠡᠷᠭᠡ ᠶᠠᠳᠠᠭᠤ ᠶᠢ ᠳᠡᠳᠬᠦᠬᠦ ᠪᠡᠯᠡ ᠮᠦᠩᠭᠦ ᠶᠢ ᠬᠡᠷᠡᠭᠯᠡᠬᠦ ᠬᠦᠷᠢᠶ᠎ᠡ ᠬᠡᠪᠴᠢᠶᠡᠨ ᠤ ᠲᠦᠷᠦᠯ ᠵᠦᠢᠯ ᠳᠤ ᠬᠡᠷᠡᠭᠯᠡᠨ᠎ᠡ᠃ ᠤᠳᠤᠬᠠᠨ ᠪᠣᠯᠲᠠᠯ᠎ᠠ 10 ᠡᠷᠦᠬᠡ ᠶᠢᠨ ᠪᠠᠶᠢᠷᠢ ᠶᠢ ᠰᠤᠩᠭᠤᠵᠤ᠂ ᠶᠠᠭ ᠲᠤᠬᠠᠢ ᠶᠢᠨ ᠭᠠᠵᠠᠷ ᠤᠨ ᠠᠵᠤ ᠠᠬᠤᠶᠢᠯᠠᠯ ᠲᠠᠢ ᠲᠦᠷᠦᠯ ᠵᠦᠢᠯ ᠤᠨ ᠲᠦᠰᠦᠪᠯᠡᠯ ᠵᠢᠴᠢ ᠡᠵᠡᠩᠨᠡᠯᠲᠡ ᠶᠢᠨ ᠲᠥᠯᠦᠪᠵᠢᠭᠦᠯᠭᠡ ᠶᠢ ᠵᠤᠯᠭᠠᠯᠴᠠᠭᠤᠯᠵᠤ ᠪᠤᠢ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号