ᠬᠤᠩᠱᠠᠨ ᠲᠤᠭᠤᠷᠢᠭ 24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠪᠡᠷᠲᠡᠭᠡᠨ ᠭᠦᠢᠴᠡᠳᠬᠡᠬᠦ ᠲᠤᠰᠬᠠᠢ ᠣᠷᠤᠨ ᠢ ᠬᠦᠴᠦᠯᠡᠨ ᠪᠠᠶᠢᠭᠤᠯᠪᠠ
ᠨᠡᠶᠢᠲᠡᠯᠡᠭᠰᠡᠨ ᠴᠠᠭ᠄
2023/1/14
 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠢᠳᠪᠦᠷᠢᠯᠡᠬᠦ ᠴᠠᠭ᠂ ᠣᠷᠤᠨ ᠵᠠᠢ ᠶᠢᠨ ᠬᠢᠵᠠᠭᠠᠷᠯᠠᠯ ᠢ ᠢᠯᠠᠨ ᠳᠠᠪᠠᠵᠤ᠂ ᠣᠯᠠᠨ ᠲᠥᠮᠡᠨ ᠤ ᠤᠯᠠᠨ ᠶᠠᠩᠵᠤᠴᠢᠯᠠᠭᠰᠠᠨ ᠤᠴᠢᠷ ᠰᠢᠢᠳᠪᠦᠷᠢᠯᠡᠬᠦ ᠱᠠᠭᠠᠷᠳᠠᠯᠭ᠎ᠠ ᠶᠢ ᠦᠨᠡᠨᠬᠦ ᠬᠠᠩᠭᠠᠬᠤ ᠶᠢᠨ ᠲᠥᠯᠦᠭᠡ ᠬᠤᠩᠱᠠᠨ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠪᠡᠷᠲᠡᠭᠡᠨ ᠭᠦᠢᠴᠡᠳᠬᠡᠬᠦ ᠲᠤᠰᠬᠠᠢ ᠣᠷᠤᠨ ᠢ ᠬᠦᠴᠦᠯᠡᠨ ᠪᠠᠶᠢᠭᠤᠯᠵᠤ᠂ ᠣᠯᠠᠨ ᠲᠥᠮᠡᠨ ᠤ ︽ᠪᠠᠷᠢᠨ ᠳᠤᠤᠷ᠎ᠠ ᠨᠢ ᠭᠦᠢᠴᠡᠳᠬᠡᠬᠦ︾᠂ ︽ᠤᠶᠢᠷ᠎ᠠ ᠣᠷᠴᠢᠮ ᠳᠤ ᠪᠠᠨ ᠭᠦᠢᠴᠡᠳᠬᠡᠬᠦ︾ ᠶᠢ ᠪᠡᠶᠡᠯᠡᠭᠦᠯᠬᠦ ᠪᠤᠯᠭᠠᠪᠠ᠃        ᠨᠢᠭᠡ ᠳᠤ ᠬᠠᠮᠢᠶᠠᠷᠤᠯᠲᠠ ᠶᠢᠨ ᠲᠤᠭᠲᠠᠴᠠ ᠶᠢ ᠪᠦᠷᠢᠨᠰᠢᠭᠦᠯᠵᠦ᠂ ᠤᠴᠢᠷ ᠰᠢᠢᠳᠪᠦᠷᠢᠯᠡᠬᠦ ᠪᠦᠲᠦᠮᠵᠢ ᠶᠢ ᠳᠡᠭᠡᠭᠰᠢᠯᠡᠭᠦᠯᠪᠡ᠃ 2022 ᠤᠨ ᠤ 12 ᠰᠠᠷ᠎ᠠ ᠠᠴᠠ ᠨᠠᠰᠢ ︽ᠦᠪᠡᠷᠲᠡᠭᠡᠨ ᠭᠦᠢᠴᠡᠳᠬᠡᠬᠦ︾ ᠦᠢᠯᠡᠴᠢᠯᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ︽ᠴᠤᠩᠬᠤᠪᠴᠢ ᠶᠢᠨ ᠦᠢᠯᠡᠴᠢᠯᠡᠭᠡ︾ ᠪᠠ ︽ᠦᠪᠡᠷᠲᠡᠭᠡᠨ ᠭᠦᠢᠴᠡᠳᠬᠡᠬᠦ︾ ᠶᠢ ᠪᠦᠲᠦᠮᠵᠢᠲᠡᠢ ᠠᠭᠤᠰᠤᠯᠴᠠᠭᠤᠯᠵᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠲᠤᠭᠲᠠᠭᠠᠨ᠂ ᠦᠪᠡᠷᠲᠡᠭᠡᠨ ᠭᠦᠢᠴᠡᠳᠬᠡᠬᠦ ᠦᠢᠯᠡᠴᠢᠯᠡᠭᠡᠨ ᠤ ᠲᠤᠰᠬᠠᠢ ᠣᠷᠤᠨ ᠤ ᠠᠶᠦᠯᠭᠦᠢ ᠠᠵᠢᠯᠯᠠᠭᠤᠯᠬᠤ ᠬᠠᠮᠢᠶᠠᠷᠤᠯᠲᠠ ᠶᠢ ᠴᠢᠩᠭᠠᠳᠬᠠᠵᠤ᠂ 24 ᠴᠠᠭ ᠤᠨ ᠦᠪᠡᠷᠲᠡᠭᠡᠨ ᠦᠢᠯᠡᠴᠢᠯᠡᠬᠦ ᠲᠤᠰᠬᠠᠢ ᠣᠷᠤᠨ ᠢ ᠲᠤᠭᠲᠠᠭᠤᠨ ᠨᠠᠶᠢᠳᠠᠪᠤᠷᠢᠲᠠᠢ ᠠᠵᠢᠯᠯᠠᠭᠤᠯᠬᠤ ᠶᠢ ᠪᠠᠲᠤᠯᠠᠪᠠ᠃ ᠡᠭᠦᠨ ᠤ ᠬᠠᠮᠲᠤ ᠤᠴᠢᠷ ᠰᠢᠢᠳᠪᠦᠷᠢᠯᠡᠬᠦ ᠲᠤᠰᠬᠠᠢ ᠬᠦᠲᠦᠴᠢ ᠲᠤᠬᠢᠷᠠᠭᠤᠯᠵᠤ᠂ ᠤᠯᠠᠨ ᠲᠥᠮᠡᠨ ᠤ ᠤᠶᠤᠨᠴᠢᠯᠠᠭᠰᠠᠨ ᠦᠪᠡᠷᠲᠡᠭᠡᠨ ᠭᠦᠢᠴᠡᠳᠬᠡᠬᠦ ᠲᠦᠬᠦᠭᠡᠷᠦᠮᠵᠢ ᠪᠠᠷ ᠠᠵᠢᠯ ᠶᠠᠪᠤᠳᠠᠯ ᠭᠦᠢᠴᠡᠳᠬᠡᠬᠦ ᠶᠢ ᠬᠠᠪᠰᠤᠷᠤᠨ ᠵᠢᠯᠤᠭᠤᠳᠴᠤ᠂ ᠦᠪᠡᠷᠲᠡᠭᠡᠨ ᠭᠦᠢᠴᠡᠳᠬᠡᠬᠦ ᠦᠢᠯᠡᠴᠢᠯᠡᠭᠡᠨ ᠤ ᠣᠷᠤᠨ ᠤ ᠤᠴᠢᠷ ᠭᠦᠢᠴᠡᠳᠬᠡᠬᠦ ᠪᠦᠲᠦᠮᠵᠢ ᠶᠢ ᠳᠡᠭᠡᠭᠰᠢᠯᠡᠭᠦᠯᠦᠨ᠂ 24 ᠴᠠᠭ ᠤᠨ ᠦᠪᠡᠷᠲᠡᠭᠡᠨ ᠭᠦᠢᠴᠡᠳᠬᠡᠬᠦ ᠦᠢᠯᠡᠴᠢᠯᠡᠭᠡᠨ ᠤ ᠲᠤᠰᠬᠠᠢ ᠣᠷᠤᠨ ᠢ ᠠᠵᠤ ᠠᠬᠤᠶᠢᠯᠠᠯ ᠪᠠ ᠤᠯᠠᠨ ᠲᠥᠮᠡᠨ ᠤ ᠡᠳᠦᠷ ᠲᠤᠲᠤᠮ ᠤᠨ ᠦᠨᠳᠦᠷ ᠳᠠᠪᠳᠠᠮᠵᠢᠲᠤ ᠦᠢᠯᠡᠴᠢᠯᠡᠭᠡᠨ ᠤ ᠤᠴᠢᠷ ᠶᠠᠪᠤᠳᠠᠯ ᠢ ᠰᠢᠢᠳᠪᠦᠷᠢᠯᠡᠬᠦ ᠭᠤᠤᠯ ᠰᠠᠭᠤᠷᠢᠨ ᠭᠠᠵᠠᠷ ᠪᠤᠯᠭᠠᠪᠠ᠃        ᠬᠤᠶᠠᠷ ᠲᠤ ᠤᠶᠤᠨᠴᠢᠯᠠᠭᠰᠠᠨ ᠲᠦᠬᠦᠭᠡᠷᠦᠮᠵᠢ ᠤᠭᠰᠠᠷᠠᠵᠤ᠂ ᠤᠶᠤᠨᠴᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠤᠭᠴᠠᠯᠠᠪᠠ᠃ 24 ᠴᠠᠭ ᠤᠨ ᠦᠪᠡᠷᠲᠡᠭᠡᠨ ᠭᠦᠢᠴᠡᠳᠬᠡᠬᠦ ᠦᠢᠯᠡᠴᠢᠯᠡᠭᠡᠨ ᠤ ᠲᠤᠰᠬᠠᠢ ᠣᠷᠤᠨ ᠳᠤ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠬᠦᠳᠡᠯᠮᠦᠷᠢ ᠬᠦᠴᠦᠨ ᠤ ᠲᠤᠪᠴᠢᠶ᠎ᠠ᠂ ᠠᠮᠤᠷ ᠢ ᠬᠠᠮᠠᠭᠠᠯᠠᠬᠤ ᠲᠤᠪᠴᠢᠶ᠎ᠠ᠂ ᠡᠮ ᠡᠮᠨᠡᠯᠭᠡ ᠶᠢᠨ ᠲᠤᠪᠴᠢᠶ᠎ᠠ ᠨᠡᠶᠢᠲᠡ 4 ᠰᠠᠯᠠᠭ᠎ᠠ ᠮᠦᠴᠢᠷ ᠢ ᠤᠷᠤᠵᠤ ᠰᠠᠭᠤᠷᠢᠰᠢᠭᠤᠯᠤᠨ᠂ ᠠᠮᠤᠷ ᠢ ᠬᠠᠮᠠᠭᠠᠯᠠᠬᠤ ᠪᠡᠶ᠎ᠡ ᠶᠢᠨ ᠪᠠᠶᠢᠴᠠᠭᠠᠯᠲᠠ ᠰᠡᠭᠦᠳᠡᠷᠯᠡᠬᠦ ᠶᠢ ᠨᠢᠭᠡ ᠴᠤᠭᠴᠠᠵᠢᠭᠤᠯᠤᠭᠰᠠᠨ ᠮᠠᠰᠢᠨ᠂  ᠭᠠᠶᠢᠯᠢ ᠶᠢᠨ ᠶᠠᠪᠤᠳᠠᠯ ᠤᠨ ᠪᠠᠷᠢᠮᠲᠠ ᠠᠪᠬᠤ ᠮᠠᠰᠢᠨ᠂ ᠬᠦᠳᠡᠯᠮᠦᠷᠢ ᠬᠦᠴᠦᠨ ᠤ ᠦᠪᠡᠷᠲᠡᠭᠡᠨ ᠭᠦᠢᠴᠡᠳᠬᠡᠬᠦ‍ ᠨᠢᠭᠡ ᠴᠤᠭᠴᠠᠵᠢᠭᠤᠯᠤᠭᠰᠠᠨ ᠮᠠᠰᠢᠨ᠂ ᠡᠮᠨᠡᠯᠭᠡ ᠶᠢᠨ ᠪᠠᠲᠤᠯᠠᠭ᠎ᠠ ᠶᠢᠨ ᠦᠪᠡᠷᠲᠡᠭᠡᠨ ᠬᠦᠢᠴᠡᠳᠬᠡᠬᠦ ᠦᠵᠦᠭᠦᠷᠯᠢᠭ᠂  ᠨᠡᠶᠢᠭᠡᠮ ᠤᠨ ᠪᠠᠲᠤᠯᠠᠭ᠎ᠠ ᠶᠢᠨ  ᠭᠡᠷᠡᠴᠢᠯᠡᠯᠲᠡ ᠶᠢᠨ ᠰᠢᠰᠲ᠋ᠧᠮ ᠲᠤᠬᠢᠷᠠᠭᠤᠯᠵᠤ᠂ ᠵᠢᠯᠤᠭᠤᠴᠢ ᠶᠢᠨ ᠪᠡᠶ᠎ᠡ ᠶᠢᠨ ᠪᠠᠶᠢᠴᠠᠭᠠᠯᠲᠠ᠂ ᠪᠠᠷᠢᠮᠲᠠ ᠠᠪᠬᠤ᠂ ᠭᠠᠶᠢᠯᠢ ᠭᠦᠢᠴᠡᠳᠬᠡᠯ ᠤᠨ ᠭᠠᠷᠳᠠᠮ ᠭᠡᠷᠡᠴᠢ᠂ ᠭᠠᠶᠢᠯᠢ ᠲᠤᠰᠢᠶᠠᠭᠰᠠᠨ ᠤᠯᠠ ᠮᠦᠷ᠂ ᠲᠡᠷᠭᠡ ᠬᠤᠳᠠᠯᠳᠤᠨ ᠠᠪᠬᠤ ᠳᠤ ᠲᠤᠰᠢᠶᠠᠭᠰᠠᠨ ᠭᠠᠶᠢᠯᠢ᠂ ᠨᠠᠰᠤᠵᠢᠯ ᠤᠨ ᠳᠠᠭᠠᠳᠬᠠᠯ ᠤᠨ ᠤᠨ ᠤ ᠬᠢᠨᠠᠯᠲᠠ ᠂ ᠡᠮᠨᠡᠯᠭᠡ ᠶᠢᠨ ᠪᠠᠲᠤᠯᠠᠭ᠎ᠠ ᠵᠡᠷᠭᠡ ᠦᠢᠯᠡᠴᠢᠯᠡᠭᠡᠨ ᠤ ᠠᠭᠤᠯᠭ᠎ᠠ ᠶᠢ ᠪᠠᠶᠢᠴᠠᠭᠠᠨ ᠦᠵᠡᠵᠦ ᠪᠣᠯᠤᠨ᠎ᠠ᠂ ᠣᠯᠠᠨ ᠲᠥᠮᠡᠨ ᠤᠴᠢᠷ ᠰᠢᠢᠳᠪᠦᠷᠢᠯᠡᠬᠦ ᠳᠤ ︽ᠲᠤᠲᠠᠭᠤ ᠭᠦᠶᠦᠬᠦ ᠪᠤᠯᠵᠤ᠂ ᠦᠪᠡᠷ ᠤᠨ ᠦᠷᠲᠡᠭ ᠢ ᠪᠠᠭᠠᠰᠬᠠᠪᠠ︾᠃        ᠭᠤᠷᠪᠠ ᠳᠤ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠤᠴᠢᠷ ᠭᠦᠢᠴᠡᠳᠬᠡᠬᠦ ᠶᠠᠪᠤᠴᠠ ᠶᠢ ᠲᠤᠪᠴᠢᠯᠠᠪᠠ᠃ ᠦᠪᠡᠷᠲᠡᠭᠡᠨ ᠭᠦᠢᠴᠡᠳᠬᠡᠬᠦ ᠲᠠᠪᠴᠠᠩ ᠤᠨ ᠰᠢᠰᠲ᠋ᠧᠮ ᠢ ᠠᠰᠢᠭᠯᠠᠨ᠂ ᠰᠦᠯᠵᠢᠶᠡᠨ ᠳᠤ ᠬᠢᠨᠠᠨ ᠵᠦᠪᠰᠢᠶᠡᠷᠡᠯ ᠬᠢᠬᠦ᠂ ᠦᠪᠡᠷᠲᠡᠭᠡᠨ ᠭᠦᠢᠴᠡᠳᠬᠡᠬᠦ᠂ ᠲᠦᠷᠭᠡᠨ ᠬᠤᠷᠳᠤᠴᠠ ᠪᠠᠷ ᠡᠷᠭᠢᠯᠳᠦᠭᠦᠯᠬᠦ᠂ ᠨᠠᠷᠠᠯᠠᠭ ᠠᠵᠢᠯᠯᠠᠭᠤᠯᠬᠤ ᠶᠢ ᠬᠡᠷᠡᠭᠵᠢᠭᠦᠯᠦᠨ᠂ ᠬᠢᠨᠠᠨ ᠵᠦᠪᠰᠢᠶᠡᠷᠡᠯ ᠤᠨ ᠠᠵᠢᠯᠯᠠᠭᠤᠯᠬᠤ ᠠᠬᠢᠴᠠ ᠶᠢ ᠳᠦᠷᠢᠮᠵᠢᠭᠦᠯᠵᠦ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠠᠬᠢᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠴᠤᠩᠬᠤᠪᠴᠢ ᠪᠠᠷ ᠭᠦᠢᠴᠡᠳᠬᠡᠬᠦ︾ ᠠᠴᠠ ︽ᠦᠪᠡᠷᠲᠡᠭᠡᠨ ᠭᠦᠢᠴᠡᠳᠬᠡᠬᠦ︾ ᠳᠠᠪᠠᠯᠲᠠ ᠶᠢ ᠪᠡᠶᠡᠯᠡᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号