| | ᠡᠳᠦᠭᠡ ︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ 2023 ᠤᠨ ᠤ ᠨᠠᠮᠤᠷ ᠡᠪᠦᠯ ᠤᠨ | ᠤᠯᠠᠷᠢᠯ ᠤᠨ ᠠᠭᠠᠷ ᠤᠨ ᠪᠤᠵᠠᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠤᠯᠲᠠ ᠶᠢᠨ ᠠᠵᠢᠯᠯᠠᠭᠠᠨ ᠤ | ᠲᠥᠰᠦᠯ︾ ᠢ ᠬᠡᠪᠯᠡᠨ ᠲᠠᠷᠬᠠᠭᠠᠪᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠯᠪᠠᠤ︖ | 2023 ᠤᠨ ᠤ 9 ᠰᠠᠷ᠎ᠠ ᠶᠢᠨ 27 ᠤ ᠡᠳᠦᠷ | ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ 2023 ᠤᠨ ᠤ ᠨᠠᠮᠤᠷ ᠡᠪᠦᠯ ᠤᠨ ᠤᠯᠠᠷᠢᠯ ᠤᠨ ᠠᠭᠠᠷ | ᠤᠨ ᠪᠤᠵᠠᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭᠠᠨ ᠤ ᠲᠥᠰᠦᠯ | ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ᠂ ᠬᠤᠩᠱᠠᠨ ᠲᠣᠭᠤᠷᠢᠭ ᠤᠨ ᠨᠠᠮ ᠤᠨ ᠬᠤᠷᠢᠶ᠎ᠠ᠂ | ᠵᠠᠰᠠᠭ ᠤᠨ ᠣᠷᠳᠤᠨ ᠤ ᠰᠢᠢᠳᠪᠦᠷᠢ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ | ᠤᠨ 2023 ᠤᠨ ᠤ ᠨᠠᠮᠤᠷ ᠡᠪᠦᠯ ᠤᠨ ᠤᠯᠠᠷᠢᠯ ᠤᠨ ᠠᠭᠠᠷ ᠤᠨ ᠪᠤᠵᠠᠷᠳᠤᠯ ᠢ ᠰᠡᠷᠭᠡᠶᠢᠯᠡᠨ ᠵᠠᠰᠠᠬᠤ | ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢᠨ ᠪᠤᠭᠤᠮᠲᠠ ᠰᠢᠪᠲᠤᠯᠤᠯᠲᠠ ᠶᠢᠨ ᠠᠵᠢᠯᠯᠠᠭᠠᠨ ᠢ ᠪᠠᠲᠤᠲᠠᠢ ᠠᠬᠢᠭᠤᠯᠵᠤ᠂ | ᠠᠭᠠᠷ ᠤᠨ ᠪᠤᠵᠠᠷᠳᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠲᠤᠵᠢᠭᠤᠯᠵᠤ᠂ | ᠨᠠᠮᠤᠷ ᠡᠪᠦᠯ ᠤᠨ ᠣᠷᠴᠢᠨ ᠲᠤᠭᠤᠷᠢᠨ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠬᠤ | ᠶᠢᠨ ᠲᠥᠯᠦᠭᠡ᠂ ᠤᠨᠴᠠᠭᠠᠶᠢᠯᠠᠨ ᠲᠤᠰ ᠲᠦᠰᠦᠯ ᠢ ᠲᠤᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ | ᠵᠢᠷᠦᠮᠲᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠳᠤ | ᠲᠤᠭᠤᠷᠢᠨ ᠪᠠᠶᠢᠴᠠᠭᠠᠬᠤ ᠳᠤ ᠪᠠᠨ ᠬᠢᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠭᠤᠤᠯ | ᠪᠣᠯᠭᠠᠨ᠂ ᠨᠠᠷᠢᠯᠢᠭ ᠤᠨᠤᠪᠴᠢᠲᠠᠢ ᠪᠠᠷ ᠪᠤᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠤᠬᠢᠷᠳᠤᠯ ᠢ | ᠵᠠᠰᠠᠬᠤ᠂ ᠬᠠᠤᠯᠢ ᠶᠤᠰᠤᠭᠠᠷ ᠪᠤᠬᠢᠷᠳᠤᠯ ᠢ ᠵᠠᠰᠠᠬᠤ ᠶᠢ ᠪᠠᠷᠢᠮᠲᠠᠯᠠᠵᠤ᠂ 2023 ᠤᠨ ᠤ ᠨᠠᠮᠤᠷ ᠡᠪᠦᠯ ᠤᠨ | ᠤᠯᠠᠷᠢᠯ ᠤᠨ ᠠᠭᠠᠷ ᠤᠨ ᠪᠤᠵᠠᠷᠳᠤᠯ ᠤᠨ ᠶᠡᠷᠦᠩᠬᠡᠶᠢᠯᠡᠨ ᠴᠡᠭᠴᠡᠯᠡᠨ ᠵᠠᠰᠠᠯᠲᠠ ᠶᠢᠨ ᠪᠤᠭᠤᠮᠲᠠ ᠰᠢᠪᠲᠤᠯᠤᠯᠲᠠ ᠶᠢᠨ | ᠠᠵᠢᠯᠯᠠᠭᠠᠨ ᠢ ᠨᠢᠭᠡᠲᠦᠯᠲᠡᠢ ᠲᠥᠯᠦᠪᠵᠢᠭᠦᠯᠦᠨ ᠠᠬᠢᠭᠤᠯᠵᠤ᠂ ᠤᠷᠤᠨ ᠬᠡᠪᠴᠢᠶᠡᠨ ᠤ ᠬᠤᠯᠪᠤᠭᠠᠯᠠᠨ ᠰᠡᠷᠭᠡᠶᠢᠯᠡᠵᠦ | ᠬᠤᠯᠪᠤᠭᠠᠯᠠᠨ ᠡᠵᠡᠮᠳᠡᠬᠦ ᠶᠢ ᠴᠢᠩᠭᠠᠳᠬᠠᠨ᠂ ᠤᠨᠴᠠ ᠪᠤᠬᠢᠷᠳᠤᠯ ᠲᠠᠢ ᠠᠭᠤᠷ ᠠᠮᠢᠰᠬᠤᠯ ᠢ ᠢᠳᠡᠪᠬᠢᠲᠡᠢ | ᠠᠷᠭᠠᠴᠠᠬᠤ ᠬᠡᠷᠡᠭᠲᠡᠢ᠃ ᠠᠰᠠᠭᠤᠳᠠᠯ ᠢᠶᠠᠷ ᠬᠦᠲᠦᠴᠢ ᠪᠣᠯᠭᠠᠬᠤ ᠶᠢ ᠡᠷᠡᠰ ᠪᠠᠷᠢᠮᠲᠠᠯᠠᠵᠤ᠂ ᠠᠮᠢ ᠠᠬᠤᠢ ᠣᠷᠴᠢᠨ | ᠲᠤᠭᠤᠷᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠨ ᠯᠠᠪᠰᠢᠷᠠᠭᠤᠯᠵᠤ᠂ ᠪᠦᠬᠦ | ᠲᠤᠭᠤᠷᠢᠭ ᠤᠨ ᠬᠦᠴᠦᠨ ᠢ ᠳᠠᠶᠢᠴᠢᠯᠠᠨ᠂ ᠤᠯᠠᠨ ᠤ ᠤᠬᠠᠭᠠᠨ ᠤᠯᠠᠨ ᠤ ᠬᠦᠴᠦ ᠪᠠᠷ᠂ ᠬᠠᠮᠲᠤ ᠳᠤ ᠨᠢ | ᠠᠳᠬᠤᠵᠤ ᠬᠠᠮᠲᠤᠪᠡᠷ ᠬᠠᠮᠢᠶᠠᠷᠤᠨ᠂ ᠨᠢᠭᠡ ᠰᠡᠳᠬᠢᠯ ᠨᠡᠶᠢᠲᠡ ᠶᠢᠨ ᠬᠦᠴᠦᠨ ᠢᠶᠠᠷ ᠠᠭᠠᠷ ᠮᠠᠨᠳᠠᠯ ᠤᠨ ᠪᠤᠵᠠᠷᠳᠤᠯ | ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ᠃ | ᠬᠤᠶᠠᠷ᠂ ᠠᠵᠢᠯ ᠤᠨ ᠬᠠᠷᠠᠯᠲᠠ | ᠤᠯᠠᠭᠠᠨᠬᠠᠳᠠ ᠬᠤᠲᠠ ᠶᠢᠨ ᠲᠤᠭᠲᠠᠭᠠᠭᠰᠠᠨ ᠠᠭᠠᠷ ᠮᠠᠨᠳᠠᠯ ᠤᠨ ᠪᠤᠵᠠᠷᠳᠤᠯ ᠤᠨ ᠴᠢᠨᠠᠷ ᠴᠢᠨᠰᠠᠭ᠎ᠠ ᠶᠢ | ᠰᠠᠶᠢᠵᠢᠷᠠᠭᠤᠯᠬᠤ ᠬᠢᠵᠠᠭᠠᠷᠯᠠᠬᠤ ᠴᠢᠨᠠᠷᠲᠠᠢ ᠵᠢᠭᠠᠯᠲᠠ ᠲᠤᠭ᠎ᠠ ᠶᠢ ᠡᠷᠡᠰ ᠪᠡᠶᠡᠯᠡᠭᠦᠯᠵᠦ᠂ ᠬᠦᠨᠳᠦ ᠶᠡᠭᠡ ᠪᠤᠵᠠᠷᠳᠤᠯ | ᠲᠠᠢ ᠠᠭᠤᠷ ᠠᠮᠢᠰᠬᠤᠯ ᠢ ᠠᠷᠢᠯᠭᠠᠬᠤ ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ᠂ ᠣᠽᠤᠨ ᠤ ᠪᠤᠬᠢᠷᠳᠤᠯ ᠢ | ᠰᠡᠷᠭᠡᠶᠢᠯᠡᠨ ᠵᠠᠰᠠᠬᠤ ᠪᠠᠬᠢᠯᠡᠯᠲᠡ ᠶᠢᠨ ᠳᠠᠶᠢᠯᠠᠯᠳᠤᠭᠠᠨ ᠢ ᠪᠠᠲᠤᠲᠠᠢ ᠠᠬᠢᠭᠤᠯᠵᠤ᠂ ᠤᠯᠠᠭᠠᠨᠬᠠᠳᠠ ᠬᠤᠲᠠ ᠶᠢᠨ | ᠲᠤᠭᠲᠠᠭᠠᠭᠰᠠᠨ PM 2.5 ᠶᠢᠨ ᠦᠳᠬᠡᠴᠡ᠂ ᠠᠭᠠᠷ ᠮᠠᠨᠳᠠᠯ ᠴᠢᠨᠠᠷ ᠴᠢᠨᠰᠠᠭ᠎ᠠ ᠰᠠᠶᠢᠨ ᠡᠳᠦᠷ ᠤᠨ ᠨᠣᠷᠮ᠎ᠠ᠂ | ᠤᠨᠴᠠ ᠶᠡᠭᠡ ᠪᠤᠬᠢᠷᠳᠤᠯ ᠲᠠᠢ ᠡᠳᠦᠷ ᠤᠨ ᠲᠤᠭ᠎ᠠ ᠶᠢᠨ ᠨᠤᠷᠮ᠎ᠠ ᠶᠢᠨ ᠤᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ | ᠶᠢ ᠪᠠᠲᠤᠯᠠᠪᠠ᠃ | ᠭᠤᠷᠪᠠ᠂ ᠭᠤᠤᠯᠳᠠᠯᠭ᠎ᠠ ᠲᠠᠢ ᠠᠵᠢᠯ | ︵ᠨᠢᠭᠡ︶ ︽ᠬᠤᠶᠠᠷ ᠦᠨᠳᠦᠷ ᠨᠢᠭᠡ ᠳᠤᠤᠷ᠎ᠠ︾ ᠲᠦᠷᠦᠯ ᠵᠦᠢᠯ ᠢ ᠰᠤᠬᠤᠷ ᠪᠠᠯᠠᠢ ᠪᠠᠷ ᠬᠦᠭᠵᠢᠭᠦᠯᠬᠦ | ᠶᠢ ᠴᠢᠩᠭ᠎ᠠ ᠡᠵᠡᠮᠳᠡᠵᠦ᠂ ᠪᠤᠬᠢᠷᠳᠤᠯ ᠢ ᠡᠬᠢ ᠡᠬᠦᠰᠦᠯ ᠠᠴᠠ ᠪᠠᠨ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ | | ︵ᠬᠤᠶᠠᠷ︶ ᠬᠤᠴᠤᠷᠤᠭᠳᠠᠭᠰᠠᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠰᠤᠯᠢᠨ᠎ᠠ᠃ | ︵ᠭᠤᠷᠪᠠ︶ ᠭᠤᠤᠯᠳᠠᠯᠭ᠎ᠠ ᠲᠠᠢ ᠠᠵᠤ ᠦᠢᠯᠡᠰ ᠤᠨ ᠪᠤᠬᠢᠷᠳᠤᠯ ᠤᠨ ᠴᠡᠭᠴᠡᠯᠡᠨ ᠵᠠᠰᠠᠯᠲᠠ ᠶᠢ | ᠭᠦᠨᠵᠡᠭᠡᠶᠢᠷᠡᠭᠦᠯᠦᠨ᠎ᠡ᠃ | ︵ᠳᠦᠷᠪᠡ︶ ᠠᠵᠤ ᠦᠢᠯᠡᠳᠪᠦᠷᠢ ᠶᠢᠨ ᠨᠡᠭᠦᠷᠡᠰᠦᠨ ᠵᠤᠤᠬ᠎ᠠ ᠶᠢᠨ ᠶᠡᠷᠦᠩᠬᠡᠶᠢᠯᠡᠭᠰᠡᠨ ᠴᠡᠭᠴᠡᠯᠡᠨ | ᠵᠠᠰᠠᠯᠲᠠ ᠶᠢ ᠬᠡᠷᠡᠭᠵᠢᠭᠦᠯᠦᠨ᠎ᠡ᠃ | ︵ᠲᠠᠪᠤ︶ VOCs ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠠᠬᠢᠭᠤᠯᠤᠨ᠎ᠠ᠃ | ︵ᠵᠢᠷᠭᠤᠭ᠎ᠠ︶ ᠵᠤᠨ ᠨᠠᠮᠤᠷ ᠤᠨ ᠤᠯᠠᠷᠢᠯ ᠤᠨ ᠤᠽᠤᠨ ᠤ ᠪᠤᠬᠢᠷᠳᠤᠯ ᠢ ᠰᠡᠷᠭᠡᠶᠢᠯᠡᠨ ᠵᠠᠰᠠᠬᠤ | ᠪᠤᠭᠤᠮᠲᠠ ᠰᠢᠪᠲᠤᠯᠤᠯᠲᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ | ︵ᠳᠤᠯᠤᠭ᠎ᠠ︶ ᠨᠡᠭᠦᠷᠡᠰᠦᠨ ᠤ ᠪᠤᠬᠢᠷᠳᠤᠯ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ | ᠠᠬᠢᠭᠤᠯᠤᠨ᠎ᠠ᠃ | ︵ᠨᠠᠢᠮᠠ︶ ᠬᠤᠭ ᠲᠤᠭᠤᠰᠤᠨ ᠤ ᠪᠤᠬᠢᠷᠳᠤᠯ ᠤᠨ ᠶᠡᠷᠦᠩᠬᠡᠶᠢᠯᠡᠭᠰᠡᠨ ᠴᠡᠭᠴᠡᠯᠡᠨ ᠬᠠᠮᠢᠶᠠᠷᠤᠯᠲᠠ ᠶᠢ | ᠴᠢᠩᠭᠠᠳᠬᠠᠨ᠎ᠠ᠃ | ︵ᠶᠢᠰᠦ︶ ᠴᠠᠶᠢᠶ᠋ᠢᠦ ᠲᠤᠰᠤᠨ ᠤ ᠪᠠᠷᠠᠭᠠᠨ ᠲᠡᠷᠭᠡᠨ ᠤ ᠪᠤᠬᠢᠷᠳᠤᠯ ᠢ ᠴᠡᠭᠴᠡᠯᠡᠨ ᠵᠠᠰᠠᠬᠤ ᠶᠢ | ᠴᠢᠩᠭᠠᠳᠬᠠᠨ᠎ᠠ᠃ | ︵ᠠᠷᠪᠠ︶ ᠲᠤᠰᠤᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠪᠠᠲᠤᠯᠠᠨ᠎ᠠ᠃ | ︵ᠠᠷᠪᠠᠨ ᠨᠢᠭᠡ︶ ᠵᠠᠮ ᠱᠤᠭᠤᠮ ᠤᠨ ᠪᠤᠰᠤ ᠰᠢᠯᠵᠢᠯᠲᠡ ᠪᠦᠬᠦᠢ ᠰᠤᠷᠪᠤᠯᠵᠢ ᠶᠢᠨ ᠶᠡᠷᠦᠩᠬᠡᠶᠢᠯᠡᠭᠰᠡᠨ | ᠵᠠᠰᠠᠯᠲᠠ ᠶᠢ ᠴᠢᠩᠭᠠᠳᠬᠠᠨ᠎ᠠ᠃ | ︵ᠠᠷᠪᠠᠨ ᠬᠤᠶᠠᠷ︶ ︽ᠲᠠᠷᠬᠠᠢ ᠡᠷᠦᠢ ᠬᠤᠷᠤᠢ ᠦᠭᠡᠢ ᠪᠤᠬᠢᠷᠳᠤᠯ ᠪᠦᠬᠦᠢ︾ ᠠᠵᠤ ᠠᠬᠤᠶᠢᠯᠠᠯ ᠢ | ᠦᠷᠭᠦᠯᠵᠢᠯᠡᠨ ᠰᠢᠭᠰᠢᠨ ᠪᠠᠶᠢᠴᠠᠭᠠᠵᠤ ᠴᠡᠭᠴᠡᠯᠡᠨ ᠵᠠᠰᠠᠨ᠎ᠠ᠃ | ︵ᠠᠷᠪᠠᠨ ᠭᠤᠷᠪᠠ︶ ᠡᠰᠢ ᠰᠦᠷᠡᠯ ᠢ ᠵᠠᠳᠠᠭᠠᠢ ᠰᠢᠲᠠᠭᠠᠬᠤ ᠬᠠᠮᠢᠶᠠᠷᠤᠨ ᠡᠵᠡᠮᠳᠡᠯᠲᠡ ᠶᠢ ᠴᠢᠩᠭᠠᠳᠬᠠᠨ᠎ᠠ | ᠃ | | |