| ᠤᠯᠠᠨ ᠲᠥᠮᠡᠨ ᠤ ᠴᠠᠭᠠᠨ ᠰᠠᠷ᠎ᠠ ᠶᠢᠨ ᠬᠤᠭᠤᠴᠠᠭᠠᠨ ᠤ ᠤᠶᠤᠨ ᠰᠠᠨᠠᠭ᠎ᠠ ᠰᠤᠶᠤᠯ ᠤᠨ ᠱᠠᠭᠠᠷᠳᠠᠯᠭ᠎ᠠ ᠶᠢ | ᠨᠡᠩ ᠰᠠᠶᠢᠨ ᠬᠠᠩᠭᠠᠬᠤ ᠶᠢᠨ ᠲᠥᠯᠦᠭᠡ ᠲᠤᠭᠤᠷᠢᠭ ᠤᠨ ᠤᠨᠴᠠᠯᠢᠭ ᠪᠠᠶᠢᠳᠠᠯ ᠪᠠ ᠤᠯᠠᠨ ᠲᠥᠮᠡᠨ ᠤ ᠳᠤᠷ᠎ᠠ | ᠰᠤᠨᠢᠷᠬᠠᠯ ᠲᠠᠢ ᠤᠶᠠᠯᠳᠤᠭᠤᠯᠤᠨ᠂ ᠬᠤᠩᠱᠠᠨ ᠲᠣᠭᠤᠷᠢᠭ ᠴᠠᠭᠠᠨ ᠰᠠᠷ᠎ᠠ ᠶᠢᠨ ᠬᠤᠭᠤᠴᠠᠭᠠᠨ ᠳᠤ ᠤᠷᠠᠨ | ᠪᠢᠴᠢᠯᠭᠡᠲᠡᠳ ᠬᠤᠤᠰ ᠤᠶᠠᠩᠭ᠎ᠠ ᠬᠦᠷᠭᠡᠬᠦ᠂ ᠲᠠᠤᠯᠠᠢ ᠵᠢᠯ ᠤᠨ ᠴᠠᠭᠠᠨ ᠰᠠᠷ᠎ᠠ ᠶᠢᠨ ᠲᠤᠰᠤᠨ ᠵᠢᠷᠤᠭ ᠤᠨ ᠪᠦᠲᠦᠭᠡᠯ | ᠤᠨ ᠦᠵᠡᠭᠦᠯᠭᠡ᠂ 2023 ᠤᠨ ᠤ ᠴᠠᠰᠤ ᠮᠦᠰᠦᠨ ᠤ ᠦᠵᠡᠭᠦᠯᠭᠡ ᠵᠡᠷᠭᠡ 21 ᠲᠠᠯᠠᠪᠠᠢ ᠡᠯ᠎ᠡ ᠲᠦᠷᠦᠯ ᠤᠨ | ᠠᠬᠤᠢ ᠲᠠᠯᠠᠪᠠᠢ ᠪᠠ ᠰᠦᠯᠵᠢᠶᠡᠨ ᠳᠠᠬᠢ ᠰᠤᠶᠤᠯ ᠵᠢᠭᠤᠯᠴᠢᠯᠠᠯ ᠲᠠᠮᠢᠷ ᠤᠨ ᠠᠵᠢᠯᠯᠠᠭᠠᠨ ᠢ ᠦᠷᠨᠢᠭᠦᠯᠵᠦ᠂ ᠤᠷᠤᠨ | ᠨᠤᠲᠤᠭ ᠤᠨ ᠤᠷᠠᠨ ᠪᠢᠴᠢᠯᠭᠡᠲᠡᠨ ᠢ ᠤᠷᠢᠬᠤ᠂ ᠰᠦᠯᠵᠢᠶᠡᠨ ᠳᠤ ᠰᠢᠯᠢᠳᠡᠭ ᠪᠦᠲᠦᠭᠡᠯ ᠤᠷᠢᠵᠤ ᠴᠤᠭᠯᠠᠭᠤᠯᠬᠤ᠂ | ᠬᠠᠮᠢᠶ᠎ᠠ ᠪᠦᠬᠦᠢ ᠠᠵᠤ ᠠᠬᠤᠶᠢᠯᠠᠯ ᠲᠠᠢ ᠬᠤᠯᠪᠤᠭᠠᠯᠠᠬᠤ ᠵᠡᠷᠭᠡ ᠠᠷᠭ᠎ᠠ ᠪᠠᠷᠢᠯ ᠢᠶᠠᠷ ᠠᠵᠢᠯᠯᠠᠭᠠᠨ ᠤ ᠬᠡᠯᠪᠡᠷᠢ ᠶᠢ | ᠪᠠᠶᠠᠯᠢᠭᠵᠢᠭᠤᠯᠤᠨ᠂ ᠬᠡᠰᠡᠭ ᠪᠦᠯᠦᠭ ᠵᠢᠭᠤᠯᠴᠢᠯᠠᠯ ᠤᠨ ᠠᠵᠢᠯᠯᠠᠭᠠᠨ ᠢ ᠲᠢᠭ ᠲᠤᠭ᠂ ᠮᠸᠢ ᠲᠤᠸᠠᠨ ᠵᠡᠷᠭᠡ | ᠰᠦᠯᠵᠢᠶᠡᠨ ᠲᠠᠪᠴᠠᠩ ᠲᠠᠢ ᠬᠠᠮᠲᠤᠷᠠᠨ ᠠᠵᠢᠯᠯᠠᠭᠤᠯᠵᠤ᠂ ᠤᠯᠠᠨ ᠲᠥᠮᠡᠨ ᠳᠤ ᠬᠢᠮᠲᠠᠷᠠᠯ ᠲᠠᠢ ᠪᠢᠯᠧᠲ ᠬᠠᠩᠭᠠᠵᠤ | ᠂ ᠰᠤᠶᠤᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠶᠢ ᠪᠤᠲᠠᠲᠠᠢ ᠲᠤᠭᠤᠰᠢᠯᠠᠭᠤᠯᠪᠠ᠃ ᠤᠷᠤᠯᠴᠠᠭᠰᠠᠳ | 27 ᠲᠥᠮᠡᠨ ᠬᠦᠮᠦᠨ ᠤᠳᠠᠭ᠎ᠠ ᠳᠤ ᠬᠦᠷᠴᠦ᠂ ᠡᠭᠦᠨ ᠳᠤ ᠰᠦᠯᠵᠢᠶᠡᠨ ᠤ ᠠᠵᠢᠯᠯᠠᠭᠠᠨ ︽ ᠬᠤᠩᠱᠠᠨ ᠦᠯᠢᠭᠡᠷ | ᠤᠨ ᠬᠤᠷᠢᠶᠠᠬᠤᠢ — ᠬᠤᠩᠱᠠᠨ ᠠᠭᠤᠯᠠ ᠶᠢᠨ ᠬᠤᠷᠮᠤᠢ ᠳᠤ ᠳᠡᠯᠡᠬᠡᠢ ᠳ᠋ᠠᠬᠢᠨ ᠢ ᠤᠩᠰᠢᠬᠤᠢ︾ ᠶᠢᠨ ᠳᠠᠷᠤᠮ | ᠤᠨ ᠲᠤᠭ᠎ᠠ 20 ᠲᠥᠮᠡ ᠤᠳᠠᠭ᠎ᠠ ᠶᠢ ᠳᠠᠪᠠᠵᠤ᠂ ︽ᠲᠠᠤᠯᠠᠢ ᠵᠢᠯ ᠳᠤ ᠬᠦᠰᠡᠯ ᠢᠶᠠᠨ ᠲᠡᠷᠭᠡᠯᠰᠢᠭᠦᠯᠵᠦ᠂ ᠪᠢᠷ | ᠪᠡᠬᠡᠰ ᠢᠶᠠᠷ ᠵᠦᠩᠨᠡᠯ ᠢᠶᠠᠨ ᠳᠡᠪᠰᠢᠭᠦᠯᠬᠦ︾ ᠴᠠᠭᠠᠨ ᠰᠠᠷ᠎ᠠ ᠶᠢᠨ ᠬᠤᠤᠰ ᠤᠶᠠᠩᠭ᠎ᠠ ᠬᠦᠷᠭᠡᠬᠦ ᠠᠵᠢᠯᠯᠠᠭᠠᠨ ᠳᠤ | 1600 ᠬᠤᠪᠢ ᠬᠤᠤᠰ ᠤᠶᠠᠩᠭ᠎ᠠ ᠪᠠ ︽ᠪᠠᠶᠠᠷ ᠵᠢᠷᠭᠠᠯ ᠠᠵᠠ ᠪᠤᠶᠠᠨ︾ ᠢ ᠬᠦᠷᠭᠡᠪᠡ᠃ |