ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠡᠷᠡᠮᠡᠯᠵᠡᠬᠦ ᠠᠵᠢᠯ ᠢ ᠠᠬᠢᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/9/19
       ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤᠨ ᠲᠤᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠦᠭᠵᠢᠯᠲᠡ ᠳᠤ ᠬᠦᠴᠦᠨ ᠨᠡᠮᠡᠷᠢᠯᠡᠵᠦ᠂ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠦᠭᠵᠢᠯᠲᠡ  ᠶᠢᠨ ᠲᠥᠯᠦᠪᠯᠡᠭᠡ ᠶᠢ ᠴᠠᠭ ᠲᠤᠬᠠᠢ ᠳᠤ ᠨᠢ ᠪᠡᠶᠡᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠬᠢᠵᠦ ᠲᠠᠷᠬᠠᠭᠠᠬᠤ ᠵᠢᠴᠢ ᠬᠡᠷᠡᠭᠯᠡᠬᠦ ᠠᠵᠢᠯ ᠢ ᠠᠬᠢᠭᠤᠯᠬᠤ ᠶᠢᠨ ᠲᠥᠯᠦᠭᠡ᠂ ᠡᠳᠦᠭᠡ ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠠᠮᠢᠶ᠎ᠠ ᠪᠥᠬᠦᠢ ᠤᠴᠢᠷ ᠶᠠᠪᠤᠳᠠᠯ ᠢ ᠳᠤᠤᠷ᠎ᠠ ᠨᠡᠶᠢᠲᠡᠯᠡᠶ᠎ᠡ᠄        ᠨᠢᠭᠡ᠂ ᠡᠷᠡᠮᠡᠯᠵᠡᠬᠦ ᠬᠦᠮᠦᠰ        ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠪᠤᠯ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠡᠯᠧᠺᠲᠷᠤᠨ ᠭᠡᠷᠡᠴᠢ ᠪᠠᠷᠢᠮᠲᠠ ᠪᠠᠶᠢᠵᠤ᠂ ᠨᠢᠭᠡᠨᠲᠡ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠪᠤᠯᠤᠭᠰᠠᠨ ᠬᠦᠮᠦᠰ ᠪᠦᠷ ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠡᠷᠡᠮᠡᠯᠵᠡᠵᠦ ᠪᠤᠯᠤᠨ᠎ᠠ᠃        ᠬᠤᠶᠠᠷ᠂ ᠴᠢᠳᠠᠮᠵᠢ ᠶᠢᠨ ᠲᠠᠨᠢᠯᠴᠠᠭᠤᠯᠭ᠎ᠠ        ︽ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ︾   ᠤᠨ APP ᠪᠠ ︽ᠦᠪᠦᠷ ᠮᠤᠩᠭᠤᠯ ᠤᠨ ᠬᠦᠳᠡᠯᠮᠦᠷᠢ ᠬᠦᠴᠦᠨ ᠨᠡᠶᠢᠭᠡᠮ ᠤᠨ ᠪᠠᠲᠤᠯᠠᠭ᠎ᠠ︾ ᠶᠢᠨ APP   ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠴᠢᠳᠠᠮᠵᠢ ᠶᠢᠨ ᠤᠷᠤᠨ ᠢᠶᠠᠷ ᠳᠠᠮᠵᠢᠨ᠂ ︽ᠬᠤᠪᠢ ᠬᠦᠮᠦᠨ ᠤ ᠨᠡᠶᠢᠭᠡᠮ ᠤᠨ ᠪᠠᠲᠤᠯᠠᠭ᠎ᠠ ᠳᠤ ᠣᠷᠤᠯᠴᠠᠭᠰᠠᠨ ᠭᠡᠷᠡᠴᠢ ᠶᠢ ᠪᠠᠶᠢᠴᠠᠭᠠᠬᠤ︾᠂  ︽ᠠᠵᠢᠯ ᠠᠯᠳᠠᠯᠲᠠ ᠶᠢᠨ ᠳᠠᠩᠰᠠᠯᠠᠯᠲᠠ︾᠂  ︽ᠠᠵᠢᠯ ᠠᠯᠳᠠᠯᠲᠠ ᠶᠢᠨ ᠣᠯᠭᠤᠮᠵᠢ ᠶᠢ ᠭᠠᠷᠭᠠᠨ ᠠᠪᠬᠤ︾᠂  ︽ᠨᠡᠶᠢᠭᠡᠮ ᠤᠨ ᠪᠠᠲᠤᠯᠠᠭ᠎ᠠ ᠶᠢᠨ ᠰᠦᠢᠳᠬᠡᠯ ᠤᠨ ᠰᠤᠷᠠᠭ ᠵᠠᠩᠭᠢ ᠶᠢ ᠪᠠᠶᠢᠴᠠᠭᠠᠬᠤ︾᠂  ︽ᠠᠵᠢᠯ ᠮᠡᠷᠭᠡᠵᠢᠯ ᠤᠨ ᠪᠤᠯᠪᠠᠰᠤᠷᠠᠯ ᠤᠨ ᠲᠡᠮᠳᠡᠭᠲᠦ︾ ᠶᠢ ᠠᠪᠬᠤ᠂  ︽ᠠᠵᠤ ᠠᠬᠤᠶᠢᠯᠠᠯ  ᠤᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠤᠳᠤᠬᠤ︾᠂  ︽ᠪᠠᠶᠢᠭᠤᠯᠭ᠎ᠠ ᠠᠵᠢᠯ ᠦᠢᠯᠡᠰ  ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠤᠳᠤᠬᠤ︾᠂  ︽ᠳᠠᠭᠠᠳᠬᠠᠯ ᠳᠤ ᠤᠷᠤᠯᠴᠠᠬᠤ ᠰᠦᠢᠳᠬᠡᠯ ᠢ ᠪᠤᠳᠤᠬᠤ︾᠂  ︽ᠤᠨᠴᠠᠭᠠᠢ ᠠᠵᠢᠯ ᠲᠦᠷᠦᠯ ᠤᠨ ᠡᠷᠲᠡ ᠠᠵᠢᠯ ᠠᠴᠠ ᠪᠠᠨ ᠠᠮᠠᠷᠠᠬᠤ ᠰᠤᠷᠠᠭ ᠵᠠᠭᠢ  ᠶᠢ ᠪᠠᠶᠢᠴᠠᠭᠠᠬᠤ︾᠂  ︽ᠬᠦᠳᠡᠯᠮᠦᠷᠢ ᠬᠦᠴᠦᠨ ᠤ ᠮᠦᠷᠭᠦᠯᠳᠦᠭᠡᠨ ᠢ ᠵᠤᠬᠢᠴᠠᠭᠤᠯᠬᠤ ᠡᠷᠡᠮᠡᠯᠵᠡᠯ︾᠂  ︽ᠨᠡᠶᠢᠭᠡᠮ  ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠬᠤ︾᠂  ︽ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠦᠨᠡᠮᠯᠡᠯ ᠢ ᠪᠠᠶᠢᠴᠠᠭᠠᠬᠤ︾ ᠵᠡᠷᠭᠡ ᠠᠵᠢᠯ ᠤᠯᠭᠤᠬᠤ᠂ ᠦᠢᠯᠡᠰ ᠪᠦᠲᠦᠭᠡᠬᠦ᠂ ᠨᠡᠶᠢᠭᠡᠮ ᠤᠨ ᠪᠠᠲᠤᠯᠠᠭ᠎ᠠ᠂ ᠬᠦᠳᠡᠯᠮᠦᠷᠢ ᠬᠦᠴᠦᠨ ᠴᠢᠳᠠᠪᠤᠷᠢᠲᠠᠨ᠂  ᠬᠦᠳᠡᠯᠮᠦᠷᠢ ᠶᠢᠨ ᠬᠠᠷᠢᠴᠠᠭ᠎ᠠ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠢᠯᠡᠴᠢᠯᠡᠭᠡ ᠤᠯᠠᠨ ᠲᠠᠯ᠎ᠠ ᠶᠢ ᠬᠠᠮᠤᠷᠴᠤ᠂  ᠬᠤᠵᠢᠮ ᠨᠡᠩ ᠣᠯᠠᠨ ᠴᠢᠳᠠᠮᠵᠢ ᠲᠠᠢ ᠪᠣᠯᠬᠤ ᠨᠢ ᠳᠠᠮᠵᠢᠭ ᠦᠭᠡᠢ᠃        ᠭᠤᠷᠪᠠ᠂ ᠡᠷᠡᠮᠡᠯᠵᠡᠬᠦ ᠠᠷᠭ᠎ᠠ ᠵᠠᠮ        ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠤᠯᠠᠨ ᠲᠦᠷᠦᠯ ᠤᠨ ᠠᠷᠭ᠎ᠠ ᠪᠠᠷᠢᠯ ᠢᠶᠠᠷ ᠡᠷᠡᠮᠡᠯᠵᠡᠵᠦ ᠪᠣᠯᠤᠨ᠎ᠠ᠂ ᠵᠢᠱᠢᠶᠡᠯᠡᠪᠡᠯ ᠤᠯᠠᠨ ᠤ ᠪᠠᠶᠢᠩᠭᠤ ᠬᠡᠷᠡᠭᠯᠡᠳᠡᠭ ᡁᠢ ᠹᠦ᠋ ᠪᠤᠤ᠂ ᠸᠢᠴᠠᠲ᠂ ᠪᠠᠰᠠ ᠬᠦᠳᠡᠯᠮᠦᠷᠢ ᠬᠦᠴᠦᠨ ᠨᠡᠶᠢᠭᠡᠮ ᠤᠨ ᠪᠠᠲᠤᠯᠠᠭ᠎ᠠ ᠶᠢᠨ ᠠᠷᠭ᠎ᠠ ᠵᠠᠮ ᠨᠤᠭᠤᠳ ᠠᠴᠠ ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ APP  ᠂  ᠠᠳᠬᠤᠨ ᠳᠠᠬᠢ 12333  ᠂  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠨᠤᠭᠤᠳ ᠠᠴᠠ ︽ᠮᠧᠩ ᠰᠤ᠋ ᠪᠠᠨ︾ ᠪᠤᠯᠤᠨ ᠡᠯ᠎ᠡ ᠶᠡᠭᠡ ᠪᠠᠩᠬᠢ ᠶᠢᠨ ᠭᠠᠷ ᠤᠲᠠᠰᠤᠨ ᠤ ᠪᠠᠩᠬᠢ ᠶᠢᠨ APP  ᠵᠡᠷᠭᠡ ᠪᠠᠷ ᠪᠦᠷ ᠡᠷᠡᠮᠡᠯᠵᠡᠵᠦ ᠪᠣᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号